-
35806
2025-06-13 22:43
0
0
ᠪᠣᠷᠣ ᠳᠠᠩᠰᠠ
ᠲᠤᠰ ᠡᠮ ᠪᠣᠯ ᠪᠤᠷᠴᠠᠭ ᠤ᠋ᠨ ᠢᠵᠠᠭᠤᠷ ᠤ᠋ᠨ ᠤᠷᠭᠤᠮᠠᠯ ᠪᠣᠯᠬᠤ ᠪᠣᠷᠣ ᠳᠠᠩᠰᠠ ᠶ᠋ᠢᠨ ᠪᠣᠯᠪᠠᠰᠤᠷᠠᠭᠰᠠᠨ ᠦᠷ᠎ᠡ ᠮᠥᠨ᠃ ᠮᠠᠷᠦ᠋ᠽᠧ ᠪᠡᠷ ᠬᠡᠷᠡᠭᠯᠡᠳᠡᠭ᠃
[ ᠤᠤᠯ ᠤᠷᠭᠤᠮᠠᠯ] ᠨᠠᠪᠴᠢ ᠵᠤᠯᠭᠠᠷᠠᠬᠤ ᠠᠪᠠᠷᠢᠵᠤ ᠤᠷᠭᠤᠬᠤ ᠪᠤᠲᠠ ᠮᠣᠳᠣ᠃10m ᠥᠨᠳᠥᠷ᠂ ᠡᠰᠢ ᠨᠢ ᠲᠤᠷᠤᠭ ᠪᠦᠳᠦᠭᠦᠨ᠂ ᠣᠯᠠᠨ ᠰᠠᠯᠠᠭᠠᠯᠠᠨ᠎ᠠ᠂ ᠡᠰᠢᠨ ᠦ᠌ ᠬᠣᠯᠲᠣᠰᠣ ᠨᠢ ᠴᠠᠢᠪᠤᠷ ᠰᠢᠷ᠎ᠠ ᠬᠦᠷᠡᠩ ᠥᠩᠭᠡ ᠲᠡᠢ᠃ ᠰᠣᠨᠳᠣᠭᠣᠢ ᠥᠳᠥᠯᠢᠭ ᠨᠡᠢᠯᠡᠮᠡᠯ ᠨᠠᠪᠴᠢ ᠲᠠᠢ᠂ ᠴᠤᠪᠤᠷᠠᠨ ᠤᠷᠭᠤᠨ᠎ᠠ᠂ ᠤᠷᠲᠤ ᠪᠠᠷᠢᠭᠤᠯ ᠲᠠᠢ᠂ ᠨᠠᠪᠴᠢᠨ ᠲᠡᠩᠭᠡᠯᠢᠭ ᠳᠡᠭᠡᠷ᠎ᠡ ᠨᠢ ᠲᠠᠷᠠᠮᠠᠭ ᠦᠰᠦ ᠲᠡᠢ᠃ ᠵᠢᠵᠢᠭ ᠨᠠᠪᠴᠢ ᠨᠢ7 ~ 13᠂ ᠨᠠᠪᠴᠢᠨ ᠢᠯᠲᠠᠰᠤ ᠨᠢ ᠥᠨᠳᠡᠭᠡᠯᠵᠢᠨ ᠪᠤᠶᠤ ᠥᠨᠳᠡᠭᠡᠯᠵᠢᠨ ᠬᠠᠪᠲᠠᠭᠠᠢ ᠲᠡᠪᠡᠨᠡ ᠬᠡᠯᠪᠡᠷᠢ ᠲᠡᠢ᠂4 ~ 11cm ᠤᠷᠲᠤ᠂2.5cm ᠥᠷᠭᠡᠨ᠂ ᠱᠣᠪᠲᠤᠭᠤᠷ ᠦᠵᠦᠭᠦᠷ ᠲᠡᠢ᠂ ᠲᠣᠭᠣᠷᠢᠭ ᠪᠤᠶᠤ ᠥᠷᠭᠡᠨ ᠱᠠᠭᠠᠨᠲᠠᠭ ᠤᠭ ᠲᠠᠢ᠂ ᠪᠦᠲᠦᠨ ᠬᠥᠪᠡᠭᠡ ᠲᠡᠢ᠂ ᠨᠢᠯᠬ᠎ᠠ ᠦᠶᠡᠰ ᠬᠣᠶᠠᠷ ᠲᠠᠯ᠎ᠠ ᠳ᠋ᠤᠨᠢ ᠲᠠᠷᠠᠮᠠᠭ ᠵᠥᠭᠡᠯᠡᠨ ᠦᠰᠦ ᠲᠡᠢ᠃ ᠵᠢᠵᠢᠭ ᠨᠠᠪᠴᠢᠨ ᠪᠠᠷᠢᠭᠤᠯ ᠳᠡᠭᠡᠷ᠎ᠡ ᠨᠢ ᠣᠬᠣᠷ ᠵᠥᠭᠡᠯᠡᠨ ᠦᠰᠦ ᠲᠡᠢ᠃ ᠴᠠᠴᠤᠭ ᠬᠡᠯᠪᠡᠷᠢᠲᠦ ᠪᠠᠭ ᠴᠡᠴᠡᠭ ᠬᠠᠵᠠᠭᠤ ᠠ᠋ᠴᠠ ᠨᠢ ᠤᠨᠵᠢᠢᠵᠤ ᠳᠡᠯᠭᠡᠷᠡᠨ᠎ᠡ᠂15 ~ 30cm ᠤᠷᠲᠤ᠂ ᠴᠡᠴᠡᠭ ᠨᠢ ᠲᠣᠮᠣ᠂2.5 ~ 4cm ᠤᠷᠲᠤ᠃ ᠴᠡᠴᠡᠭ ᠦ᠋ᠨ ᠲᠣᠭᠳᠣᠢ ᠨᠢ ᠬᠤᠩᠬ᠎ᠠ ᠬᠡᠯᠪᠡᠷᠢ ᠲᠡᠢ᠂ ᠦᠵᠦᠭᠦᠷ ᠲᠤᠨᠢ ᠭᠦᠢᠬᠡᠨ ᠣᠨᠢ ᠲᠠᠢ᠂ ᠰᠡᠵᠢᠭᠦᠷ ᠨᠢ5 ᠠᠷᠠᠭ᠎ᠠ ᠲᠠᠢ᠂ ᠳᠡᠭᠡᠷ᠎ᠡ ᠬᠡᠰᠡᠭ ᠦ᠋ᠨ ᠰᠡᠵᠢᠭᠦᠷ ᠦ᠋ᠨ ᠠᠷᠠᠭ᠎ᠠ ᠨᠢ ᠲᠣᠳᠣ ᠪᠤᠰᠤ᠂ ᠲᠠᠷᠠᠮᠠᠭ ᠵᠥᠭᠡᠯᠡᠨ ᠦᠰᠦ ᠲᠡᠢ᠃ ᠴᠡᠴᠡᠭ ᠦ᠋ᠨ ᠳᠡᠯᠪᠢ ᠨᠢ ᠡᠷᠪᠡᠬᠡᠢ ᠬᠡᠯᠪᠡᠷᠢ ᠲᠡᠢ᠂ ᠪᠣᠷᠣ ᠪᠤᠶᠤ ᠭᠦᠨ ᠪᠣᠷᠣ ᠥᠩᠭᠡ ᠲᠡᠢ᠂ ᠳᠠᠯᠪᠠᠭ᠎ᠠ ᠬᠡᠯᠲᠡᠰ ᠨᠢ ᠲᠣᠮᠣ᠂ ᠮᠠᠲᠠᠭᠠᠷ᠂ ᠤᠭ ᠲᠤᠨᠢ2 ᠳᠠᠭᠠᠯᠳᠤᠪᠤᠷᠢ ᠪᠡᠶ᠎ᠡ ᠲᠡᠢ᠂ ᠰᠡᠯᠢᠭᠦᠷ ᠬᠡᠯᠲᠡᠰ ᠦ᠋ᠨ ᠤᠭ ᠲᠤᠨᠢ ᠴᠢᠬᠢ ᠲᠡᠢ᠂ ᠵᠠᠪᠢ ᠬᠡᠯᠲᠡᠰ ᠨᠢ ᠮᠤᠬᠤᠷ᠂ ᠬᠠᠳᠤᠭᠤᠷ ᠬᠡᠯᠪᠡᠷᠢ ᠲᠡᠢ᠂ ᠦᠵᠦᠭᠦᠷ ᠨᠢ ᠵᠢᠭᠠᠬᠠᠨ ᠮᠤᠷᠤᠢ᠃ ᠬᠣᠶᠠᠷ ᠪᠡᠶᠡᠲᠦ10 ᠡᠷ᠎ᠡ ᠲᠣᠭᠣᠷᠴᠣᠭ ᠲᠠᠢ᠃ ᠴᠡᠴᠡᠭ ᠦ᠋ᠨ ᠪᠠᠭᠠᠨ᠎ᠠ ᠨᠢ ᠳᠣᠲᠣᠭᠰᠢ ᠮᠤᠷᠤᠢ᠂ ᠪᠠᠭᠠᠨ᠎ᠠ ᠶ᠋ᠢᠨ ᠠᠮᠠᠰᠠᠷ ᠨᠢ ᠲᠠᠯ᠎ᠠ ᠪᠥᠮᠪᠦᠭᠡᠨ ᠬᠡᠯᠪᠡᠷᠢ ᠲᠡᠢ᠃ ᠪᠤᠷᠴᠠᠭ ᠵᠢᠮᠢᠰ ᠨᠢ ᠤᠷᠲᠤᠯᠵᠢᠨ ᠪᠦᠰᠡ ᠬᠡᠯᠪᠡᠷᠢ ᠲᠡᠢ᠂ ᠬᠠᠪᠲᠠᠭᠠᠢ᠂10 ~ 20cm ᠤᠷᠲᠤ᠂ ᠰᠢᠷ᠎ᠠ ᠥᠩᠭᠡ ᠲᠡᠢ ᠨᠣᠣᠯᠣᠭᠤᠷ ᠦᠰᠦ ᠢᠬᠴᠤ ᠪᠦᠷᠬᠦᠵᠦ ᠪᠣᠢ᠃ ᠦᠷ᠎ᠡ ᠨᠢ ᠬᠠᠪᠲᠠᠭᠠᠢ ᠲᠣᠭᠣᠷᠢᠭ ᠬᠡᠯᠪᠡᠷᠢ ᠲᠡᠢ᠂1 ~ 3 ᠮᠥᠬᠥᠯᠢᠭ ᠪᠣᠢ᠃4 ~ 5 ᠳ᠋ᠤᠭᠠᠷ ᠰᠠᠷ᠎ᠠ ᠳ᠋ᠤ᠌ ᠴᠡᠴᠡᠭᠯᠡᠵᠦ᠂9 ~ 11 ᠳ᠋ᠦ᠍ᠭᠡᠷ ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠠᠭᠤᠯᠠᠨ ᠬᠠᠵᠠᠭᠤ᠂ ᠭᠣᠣᠯ ᠭᠣᠷᠣᠬ᠎ᠠ ᠶ᠋ᠢᠨ ᠬᠥᠪᠡᠭᠡ᠂ ᠰᠡᠢᠷᠡᠭ ᠣᠢ ᠶ᠋ᠢᠨ ᠬᠥᠪᠡᠭᠡ ᠪᠡᠷ ᠤᠷᠭᠤᠳᠠᠭ᠃ ᠤᠮᠠᠷᠠᠲᠤ ᠣᠷᠣᠨ ᠳ᠋ᠤ᠌ ᠠᠷᠠᠴᠢᠯᠠᠨ ᠲᠠᠷᠢᠵᠤ᠂ ᠬᠥᠬᠡᠮᠦ᠋ᠷᠡᠨ ᠡᠴᠡ ᠡᠮᠦᠨᠡᠰᠢ ᠣᠷᠣᠨ ᠳ᠋ᠤ᠌ ᠵᠡᠷᠯᠢᠭ ᠤᠷᠭᠤᠳᠠᠭ᠃
[ ᠲᠡᠭᠦᠵᠦ ᠪᠣᠯᠪᠠᠰᠤᠷᠠᠭᠤᠯᠬᠤ] ᠵᠢᠮᠢᠰ ᠨᠢ ᠪᠣᠯᠪᠠᠰᠤᠷᠠᠬᠤ ᠳ᠋ᠤᠨᠢ ᠲᠡᠭᠦᠵᠦ ᠦᠷ᠎ᠡ ᠶ᠋ᠢ ᠨᠢ ᠠᠪᠤᠭᠠᠳ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠠᠮᠲᠠᠯᠢᠭ ᠠᠮᠲᠠ ᠲᠠᠢ᠂ ᠪᠦᠯᠢᠶᠡᠨ ᠴᠢᠨᠠᠷ ᠲᠠᠢ᠃
[ ᠴᠢᠳᠠᠯ ᠪᠠ ᠭᠣᠣᠯᠳᠠᠭᠤ ᠵᠠᠰᠠᠬᠤ] ᠬᠣᠷᠣᠬᠠᠢ ᠶ᠋ᠢ ᠠᠷᠢᠯᠭᠠᠬᠤ᠂ ᠡᠪᠡᠳᠬᠦ ᠶ᠋ᠢ ᠵᠣᠭᠰᠣᠭᠠᠬᠤ ᠴᠢᠳᠠᠯ ᠲᠠᠢ᠃ ᠭᠣᠣᠯᠳᠠᠭᠤ ᠶᠠᠮᠠ ᠬᠣᠷᠣᠬᠠᠢ᠂ ᠭᠡᠳᠡᠰᠦᠨ ᠦ᠌ ᠬᠣᠷᠣᠬᠠᠢ᠂ ᠬᠣᠷᠣᠬᠠᠢ ᠪᠠᠷ ᠰᠢᠳᠦ ᠡᠪᠡᠳᠬᠦ᠂ ᠨᠢᠶᠠᠨ ᠴᠠᠩᠬ᠎ᠠ ᠶ᠋ᠢ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄紫藤子
ᠠᠩᠭ᠌ᠯᠢ ᠨᠡᠷ᠎ᠡ᠄Wisteria sinensis Sweet