

ᠲᠣᠭᠲᠠᠭᠠᠯ ᠢ ᠵᠠᠷᠯᠠᠨ ᠮᠡᠳᠡᠭᠳᠡᠪᠡ

2019-12-06 21:06
  30
  0
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠠᠴᠠ ᠶᠦᠨ ᠭᠤᠸᠠᠩ ᠵᠦᠩ ᠳᠤ ᠨᠠᠮ ᠠᠴᠠ ᠬᠦᠭᠡᠭᠡᠬᠦ ᠠᠯᠪᠡᠨ ᠲᠤᠰᠢᠶᠠᠯ ᠠᠴᠠ ᠨᠢ ᠬᠦᠭᠡᠭᠡᠬᠦ ᠰᠢᠢᠳᠬᠡᠯ ᠦᠭᠬᠦ ᠲᠤᠬᠠᠶ ᠲᠣᠭᠲᠠᠭᠠᠯ ᠢ ᠵᠠᠷᠯᠠᠨ ᠮᠡᠳᠡᠭᠳᠡᠪᠡ

  12 ᠰᠠᠷ᠎ᠠ ᠶᠢᠨ 5 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠠᠴᠠ ᠶᠦᠨ ᠭᠤᠸᠠᠩ ᠵᠦᠩ ᠳᠤ ᠨᠠᠮ ᠠᠴᠠ ᠬᠦᠭᠡᠭᠡᠬᠦ ᠠᠯᠪᠡᠨ ᠲᠤᠰᠢᠶᠠᠯ ᠠᠴᠠ ᠨᠢ ᠬᠦᠭᠡᠭᠡᠬᠦ ᠰᠢᠢᠳᠬᠡᠯ ᠦᠭᠬᠦ ᠲᠤᠬᠠᠶ ᠲᠣᠭᠲᠠᠭᠠᠯ ᠢ ᠵᠠᠷᠯᠠᠨ ᠮᠡᠳᠡᠭᠳᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠱᠢ ᠲᠠᠢ ᠹᠧᠩ ᠬᠤᠷᠠᠯ ᠢ ᠡᠷᠬᠢᠯᠡᠪᠡ᠃
  ᠬᠤᠷᠠᠯ ᠳᠤ ᠤᠷᠤᠯᠴᠠᠭᠰᠠᠨ ᠨᠦᠬᠦᠳ ᠨᠢᠭᠡᠳ ᠨᠢᠭᠡ ᠪᠠᠷ ᠤᠪᠤᠷ ᠢᠶᠠᠨ ᠢᠯᠡᠳᠭᠡᠬᠦ ᠶᠠᠷᠢᠶ᠎ᠠ ᠲᠠᠯᠪᠢᠪᠠ᠃ ᠣᠯᠠᠨ ᠢᠶᠠᠷ ᠢᠶᠠᠨ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠠᠴᠠ ᠶᠦᠨ ᠭᠤᠸᠠᠩ ᠵᠦᠩ ᠳᠤ ᠨᠠᠮ ᠠᠴᠠ ᠬᠦᠭᠡᠭᠡᠬᠦ ᠠᠯᠪᠡᠨ ᠲᠤᠰᠢᠶᠠᠯ ᠠᠴᠠ ᠨᠢ ᠬᠦᠭᠡᠭᠡᠬᠦ ᠰᠢᠢᠳᠬᠡᠯ ᠦᠭᠬᠦ ᠲᠤᠬᠠᠶ ᠲᠣᠭᠲᠠᠭᠠᠯ ᠢ ᠪᠦᠷᠢᠮᠦᠰᠦᠨ ᠵᠥᠪᠰᠢᠶᠡᠷᠡᠵᠦ᠂ ᠡᠷᠡᠰ ᠬᠦᠷᠢᠶᠡᠯᠡᠨ᠎ᠡ᠃ ᠶᠦᠨ ᠭᠤᠸᠠᠩ ᠵᠦᠩ ᠤᠨ ᠰᠠᠬᠢᠯᠭ᠎ᠠ ᠪᠠᠲᠤ ᠬᠠᠤᠯᠢ ᠴᠠᠭᠠᠵᠠ ᠶᠢ ᠬᠦᠨᠳᠦ ᠨᠣᠴᠢᠲᠠᠶ ᠵᠥᠷᠢᠴᠡᠭᠰᠡᠨ ᠬᠡᠷᠡᠭ ᠢ ᠲᠦᠪ ᠴᠢᠩᠭ᠎ᠠ ᠪᠠᠷ ᠪᠠᠶᠢᠴᠠᠭᠠᠨ ᠰᠢᠢᠳᠪᠦᠷᠢᠯᠡᠭᠰᠡᠨ ᠨᠢ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠬᠤ᠂ ᠢᠯᠵᠠᠷᠠᠯ ᠢ ᠡᠷᠡᠰ ᠬᠦᠴᠦᠳᠠᠢ ᠵᠠᠯᠬᠠᠭᠠᠬᠤ ᠢᠯᠠ ᠲᠣᠳᠣ ᠣᠪᠣᠷ ᠪᠣᠯᠤᠨ ᠡᠷᠡᠰ ᠪᠠᠲᠤ ᠰᠠᠨᠠᠭ᠎ᠠ ᠵᠣᠷᠢᠭ ᠢ ᠭᠦᠢᠴᠡᠳ ᠢᠯᠡᠷᠡᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠶᠠᠪᠤᠬᠤ ᠳᠣᠳᠥᠮ ᠤᠯᠠᠮ ᠴᠢᠩᠭᠠᠷᠠᠬᠤ ᠴᠢᠩᠭ᠎ᠠ ᠳᠣᠬᠢᠶ᠎ᠠ ᠶᠢ ᠳᠠᠮᠵᠢᠭᠤᠯᠵᠠᠢ ᠭᠡᠵᠦ ᠰᠠᠨᠠᠯ ᠨᠢᠭᠡᠲᠡᠢ ᠢᠯᠡᠳᠭᠡᠵᠡᠭᠡᠪᠡ᠃
  ᠬᠤᠷᠠᠯ ᠠᠴᠠ᠂ ᠪᠦᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠺᠠᠳ᠋ᠷ ᠢᠯᠠᠩᠭᠤᠶ᠎ᠠ ᠤᠳᠤᠷᠢᠳᠬᠤ ᠺᠠᠳ᠋ᠷ ᠨᠠᠷ ᠶᠦᠨ ᠭᠤᠸᠠᠩ ᠵᠦᠩ ᠤᠨ ᠬᠡᠷᠡᠭ ᠠᠴᠠ ᠭᠦᠨᠵᠡᠭᠡᠶ ᠰᠤᠷᠭᠠᠮᠵᠢ ᠠᠪᠴᠤ᠂ ᠨᠠᠮ ᠤᠨ ᠰᠠᠬᠢᠯᠭ᠎ᠠ ᠪᠠᠲᠤ ᠪᠣᠯᠤᠨ ᠤᠯᠤᠰ ᠤᠨ ᠬᠠᠤᠯᠢ ᠴᠠᠭᠠᠵᠠ ᠶᠢ ᠲᠦᠷᠦᠭᠦᠯᠡᠨ ᠵᠢᠷᠤᠮᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠬᠦᠴᠦᠲᠡᠶ ᠠᠬᠢᠭᠤᠯᠵᠤ᠂ ᠰᠤᠷᠳᠠᠯ ᠴᠢᠭᠡᠴᠢ ᠤᠪᠤᠷ ᠲᠦᠪ ᠤᠯᠤᠰ ᠲᠥᠷᠦ ᠶᠢᠨ ᠠᠮᠢ ᠠᠬᠤᠶ ᠶᠢ ᠴᠢᠷᠮᠠᠶᠢᠨ ᠪᠣᠶ ᠪᠣᠯᠭᠠᠬᠤ ᠬᠡᠷᠡᠭᠲᠡᠶ᠃ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠵᠦ᠂ ︽ᠬᠤᠶᠠᠷ ᠢ ᠬᠠᠮᠠᠭᠠᠯᠠᠬᠤ︾ ᠶᠢ ᠬᠠᠮᠤᠭ ᠤᠨ ᠳᠡᠭᠡᠳᠦ ᠤᠯᠤᠰ ᠲᠥᠷᠦ ᠶᠢᠨ ᠵᠠᠷᠴᠢᠮ ᠪᠣᠯᠭᠠᠵᠤ᠂ ᠵᠥᠪ ᠪᠤᠷᠤᠭᠤ ᠶᠢᠨ ᠡᠮᠦᠨ᠎ᠡ ᠵᠣᠭᠰᠣᠯᠲᠠ ᠢᠯᠠ ᠲᠣᠳᠣ ᠪᠠᠶᠢᠵᠤ᠂ ᠤᠯᠤᠰ ᠲᠥᠷᠦ ᠶᠢᠨ ᠰᠠᠬᠢᠯᠭ᠎ᠠ ᠪᠠᠲᠤ ᠪᠠ ᠤᠯᠤᠰ ᠲᠥᠷᠦ ᠶᠢᠨ ᠶᠣᠰᠣ ᠳᠦᠷᠢᠮ ᠢ ᠴᠢᠩᠭ᠎ᠠ ᠵᠢᠷᠤᠮᠯᠠᠵᠤ᠂ ᠨᠠᠮ ᠤᠨ ᠲᠥᠪ ᠬᠤᠷᠢᠶᠠᠨ ᠤ ᠰᠠᠨᠠᠭᠠᠴᠢᠯᠠᠭᠰᠠᠨ ᠵᠦᠶ᠋ᠯ ᠢ ᠡᠷᠡᠰ ᠴᠤᠤᠷᠢᠶᠠᠲᠤᠨ ᠳᠠᠭᠠᠬᠤ᠂ ᠨᠠᠮ ᠤᠨ ᠲᠥᠪ ᠬᠤᠷᠢᠶᠠᠨ ᠤ ᠲᠣᠭᠲᠠᠭᠠᠭᠰᠠᠨ ᠵᠦᠢᠯ ᠢ ᠡᠷᠡᠰ ᠵᠢᠷᠤᠮᠯᠠᠨ ᠭᠦᠶ᠋ᠴᠡᠳᠬᠡᠬᠦ᠂ ᠨᠠᠮ ᠤᠨ ᠲᠥᠪ ᠬᠤᠷᠢᠶᠠᠨ ᠤ ᠴᠠᠭᠠᠵᠠᠯᠠᠭᠰᠠᠨ ᠵᠦᠢᠯ ᠢ ᠡᠷᠡᠰ ᠲᠡᠪᠴᠢᠬᠦ ᠶᠢ ᠢᠮᠠᠭᠲᠠ ᠪᠡᠶᠡᠯᠡᠭᠦᠯᠬᠦ ᠬᠡᠷᠡᠭᠲᠡᠶ᠃ ᠨᠠᠮ ᠳᠠᠭᠠᠨ ᠬᠠᠷᠢᠴᠠᠯᠠᠰᠢ ᠦᠭᠡᠢ ᠦᠨᠡᠨᠴᠢ ᠰᠢᠳᠤᠷᠭᠤ ᠪᠠᠶᠢᠵᠤ᠂ ᠨᠠᠮᠴᠢ ᠴᠢᠨᠠᠷ ᠤᠨ ᠬᠡᠪ ᠪᠣᠯᠪᠠᠰᠤᠷᠠᠯ ᠢᠶᠠᠨ ᠴᠢᠩᠭᠠᠳᠬᠠᠬᠤ ᠶᠢ ᠨᠠᠰᠤᠨ ᠲᠤᠷᠰᠢᠳᠠ ᠶᠢᠨ ᠰᠡᠳᠦᠪ ᠪᠣᠯᠭᠠᠵᠤ᠂ ᠢᠮᠠᠭᠲᠠ ᠨᠠᠮ ᠢᠶᠠᠨ ᠬᠠᠶᠢᠷᠠᠯᠠᠬᠤ᠂ ᠨᠠᠮ ᠢᠶᠠᠨ ᠢᠲᠡᠭᠡᠬᠦ᠂ ᠨᠠᠮ ᠢᠶᠠᠨ ᠬᠠᠮᠠᠭᠠᠯᠠᠬᠤ᠂ ᠨᠠᠮ ᠢᠶᠠᠨ ᠮᠠᠨᠳᠤᠭᠤᠯᠬᠤ ᠶᠢ ᠪᠡᠶᠡᠯᠡᠬᠦᠯᠵᠦ᠂ ᠠᠯᠢᠪᠠ ᠪᠤᠳᠤᠯ ᠰᠡᠳᠬᠢᠯ ᠪᠠ ᠣᠶᠤᠨ ᠴᠢᠳᠠᠯ ᠢᠶᠠᠨ ᠨᠠᠮ ᠤᠨ ᠦᠢᠯᠡᠰ ᠤᠨ ᠲᠥᠯᠥᠭᠡ ᠰᠢᠷᠭᠠᠭᠤ ᠬᠠᠲᠠᠭᠤᠵᠢᠯᠲᠠᠶ ᠠᠵᠢᠯᠯᠠᠬᠤ ᠳᠡᠭᠡᠷ᠎ᠡ ᠬᠡᠷᠡᠭᠯᠡᠵᠦ᠂ ᠠᠷᠠᠳ ᠣᠯᠠᠨ ᠳᠤ ᠠᠵᠠ ᠵᠢᠷᠭᠠᠯ ᠣᠯᠭᠤᠬᠤ ᠳᠡᠭᠡᠷ᠎ᠡ ᠬᠡᠷᠡᠭᠯᠡᠬᠦ ᠬᠡᠷᠡᠭᠲᠡᠶ᠂ ᠶᠠᠭᠠᠬᠢᠭᠰᠠᠨ ᠴᠤ ᠬᠤᠶᠠᠷ ᠨᠢᠭᠤᠷᠳᠠᠨ ᠪᠣᠯᠵᠤ ᠪᠣᠯᠬᠤ ᠦᠭᠡᠢ᠃ ᠰᠠᠬᠢᠯᠭ᠎ᠠ ᠪᠠᠲᠤ ᠶᠢᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠰᠠᠬᠢᠯᠭ᠎ᠠ ᠪᠠᠲᠤ ᠶᠢᠨ ᠤᠯᠠᠭᠠᠨ ᠱᠤᠭᠤᠮ ᠢ ᠳᠠᠪᠠᠵᠤ ᠪᠣᠯᠬᠤ ᠦᠭᠡᠢ ᠭᠡᠳᠡᠭ ᠢ ᠪᠠᠲᠤ ᠴᠡᠭᠡᠵᠢᠯᠡᠵᠦ᠂ ᠬᠠᠤᠯᠢ ᠶᠣᠰᠣᠭᠠᠷ ᠡᠷᠬᠡ ᠪᠠᠨ ᠬᠡᠷᠡᠭᠯᠡᠵᠦ᠂ ᠡᠷᠬᠡ ᠪᠠᠨ ᠵᠢᠷᠤᠮᠵᠢᠭᠤᠨ ᠬᠡᠷᠡᠭᠯᠡᠵᠦ᠂ ᠲᠥᠪ ᠭᠤᠤᠯᠴᠢ ᠪᠠᠷ ᠡᠷᠬᠡ ᠪᠠᠨ ᠬᠡᠷᠡᠭᠯᠡᠵᠦ᠂ ᠡᠯ᠎ᠡ ᠲᠠᠯ᠎ᠠ ᠶᠢᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠶ᠂ ᠶᠠᠭᠠᠬᠢᠭᠰᠠᠨ ᠴᠤ ᠡᠷᠬᠡ ᠪᠠᠨ ᠠᠰᠢᠬᠯᠠᠨ ᠬᠤᠪᠢ ᠪᠠᠨ ᠪᠤᠷᠳᠤᠵᠦ ᠪᠤᠯᠬᠤ ᠦᠭᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠢᠢᠯᠠᠩ︶ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠥᠷᠦ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠦᠵᠡᠯ ᠰᠠᠨᠠᠭ᠎ᠠ ᠶᠢ ᠴᠢᠩᠳᠠᠯᠠᠬᠤ᠂ ᠨᠠᠮ ᠢ ᠴᠢᠩᠭ᠎ᠠ ᠬᠠᠮᠢᠶᠠᠷᠬᠤ᠂ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠬᠦ᠂ ᠠᠯᠪᠠᠨ ᠲᠤᠰᠢᠶᠠᠯᠲᠠᠨ ᠢ ᠴᠢᠩᠭ᠎ᠠ ᠵᠠᠰᠠᠬᠤ᠂ ᠣᠪᠣᠷ ᠰᠤᠷᠲᠠᠯ ᠢ ᠴᠢᠩᠳᠠᠯᠠᠬᠤ᠂ ᠢᠯᠵᠠᠷᠠᠯ ᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠲᠣᠰ ᠭᠠᠵᠠᠷ ᠣᠷᠣᠨ ᠲᠣᠰ ᠰᠠᠯᠠᠭ᠎ᠠ ᠮᠥᠴᠢᠷ ᠤᠨ ᠨᠠᠮ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭ᠎ᠠ ᠪᠣᠳᠠᠲᠠᠶ ᠬᠠᠲᠠᠭᠤ ᠪᠤᠯᠭᠠᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠵᠠᠢ᠃
  ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠠ᠃ ᠵᠣᠬᠢᠶᠠᠭᠴᠢ᠄  ᠯᠢᠦ ᠰᠢᠶᠤᠤ ᠳ᠋ᠦᠩ 



  
     
     