-
2142396
ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠠᠷᠠᠯᠵᠢᠶᠠᠴᠢᠳ ᠤᠨ ᠶᠡᠭᠡ ᠬᠤᠷᠠᠯ ᠦᠬᠠᠶ ᠬᠤᠲᠠ ᠳᠤ ᠬᠤᠷᠠᠯᠳᠤᠪᠠ
2019-09-19 14:47
427
0
9 ᠰᠠᠷ᠎ᠠ ᠶᠢᠨ 18 ᠤ ᠡᠳᠦᠷ᠂ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠠᠷᠠᠯᠵᠢᠶᠠᠴᠢᠳ ᠤᠨ ᠶᠡᠭᠡ ᠬᠤᠷᠠᠯ ᠦᠬᠠᠶ ᠬᠤᠲᠠ ᠳᠤ ᠬᠤᠷᠠᠯᠳᠤᠪᠠ᠃ ᠤᠯᠤᠰ ᠤᠨ ᠳᠤᠳᠤᠭᠠᠳᠤ ᠭᠠᠳᠠᠭᠠᠳᠤ ᠠᠴᠠ ᠬᠦᠷᠤᠯᠴᠡᠨ ᠢᠷᠡᠭᠰᠡᠨ ᠦᠪᠦᠷ ᠮᠣᠩᠭᠤᠯ ᠤᠨ ᠠᠷᠠᠯᠵᠢᠶᠠᠴᠢᠳ ᠨᠢᠭᠡ ᠲᠠᠩᠬᠢᠮ ᠳᠤ ᠴᠤᠭᠯᠠᠷᠠᠨ ᠨᠤᠲᠤᠭ ᠤᠰᠤᠨ ᠤ ᠬᠠᠶᠢᠷ᠎ᠠ ᠰᠡᠳᠬᠢᠯᠭᠡ ᠪᠠᠨ ᠶᠠᠷᠢᠯᠴᠠᠵᠤ᠂ ᠬᠠᠮᠲᠤᠷᠠᠨ ᠠᠵᠢᠯᠯᠠᠬᠤ ᠶᠡᠭᠡ ᠪᠣᠳᠣᠯᠭ᠎ᠠ ᠶᠢ ᠬᠠᠮᠲᠤ ᠪᠠᠷ ᠵᠥᠪᠳᠡᠯᠴᠡᠭᠰᠡᠨ ᠪᠠᠶᠢᠨ᠎ᠠ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ ᠶᠡᠭᠡ ᠬᠤᠷᠠᠯ ᠳᠤ ᠣᠷᠣᠯᠴᠠᠵᠤ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠳᠡᠳ᠋ ᠲᠡᠷᠢᠭᠦᠯᠡᠭᠴᠢ ᠬᠤᠸᠠᠩ ᠷᠦᠩ ᠪᠠᠶᠠᠷ ᠤᠨ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠶ ᠯᠢ ᠬᠤᠸᠠ ᠭᠤᠤᠯ ᠰᠡᠳᠦᠪᠲᠦ ᠲᠠᠨᠢᠯᠴᠠᠭᠤᠯᠭ᠎ᠠ ᠬᠢᠵᠠᠢ᠃
ᠬᠤᠸᠠᠩ ᠷᠦᠩ᠂ ᠥᠪᠥᠷ ᠮᠣᠩᠭᠤᠯ ᠤᠨ ᠠᠷᠠᠯᠵᠢᠶᠠᠴᠢᠳ ᠪᠣᠯ ᠥᠪᠥᠷ ᠮᠣᠩᠭᠤᠯ ᠤᠨ ᠬᠠᠮᠤᠭ ᠤᠨ ᠠᠮᠢᠵᠢᠷᠠᠯ ᠤᠨ ᠬᠦᠴᠦᠨ ᠲᠠᠢ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠮᠥᠨ᠂ ᠥᠪᠥᠷ ᠮᠣᠩᠭᠤᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠳᠤᠲᠠᠭᠳᠠᠵᠤ ᠪᠣᠯᠤᠰᠢ ᠦᠭᠡᠢ ᠬᠤᠪᠣᠷ ᠨᠠᠨᠳᠢᠨ ᠦᠪ ᠬᠦᠷᠦᠩᠬᠡ ᠮᠥᠨ᠃ ᠭᠤᠷᠪᠠᠳᠤᠭᠠᠷ ᠬᠤᠭᠤᠴᠠᠭᠠᠨ ᠤ ᠦᠪᠦᠷ ᠮᠣᠩᠭᠤᠯ ᠤᠨ ᠠᠷᠠᠯᠵᠢᠶᠠᠴᠢᠳ ᠤᠨ ᠶᠡᠭᠡ ᠬᠤᠷᠠᠯ ᠤᠨ ᠬᠤᠷᠠᠯᠳᠤᠭᠰᠠᠨ ᠨᠢ ᠦᠪᠦᠷ ᠮᠣᠩᠭᠤᠯ ᠤᠨ ᠠᠷᠠᠯᠵᠢᠶᠠᠴᠢᠳ ᠤᠨ ᠬᠦᠴᠦᠨ ᠢ ᠴᠢᠨᠠᠭᠰᠢᠳᠠ ᠨᠢᠭᠲᠠᠷᠠᠭᠤᠯᠵᠤ᠂ ᠦᠪᠦᠷ ᠮᠣᠩᠭᠤᠯ ᠤᠨ ᠠᠷᠠᠯᠵᠢᠶᠠᠴᠢᠳ ᠤᠨ ᠵᠣᠷᠢᠭ ᠰᠠᠨᠠᠭ᠎ᠠ ᠶᠢ ᠴᠢᠨᠠᠭᠰᠢᠳᠠ ᠤᠯᠠᠮᠵᠢᠯᠠᠨ᠂ ᠦᠪᠦᠷ ᠮᠣᠩᠭᠤᠯ ᠤᠨ ᠠᠷᠠᠯᠵᠢᠶᠠᠴᠢᠳ ᠤᠨ ᠦᠶ᠋ᠯᠡᠳᠦᠯ ᠢ ᠴᠢᠨᠠᠭᠰᠢᠳᠠ ᠪᠠᠳᠠᠷᠠᠭᠤᠯᠬᠤ ᠪᠣᠯᠤᠨ᠎ᠠ᠃ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠬᠥᠭᠦᠷᠭᠡ ᠬᠤᠯᠪᠣᠭᠠᠰᠤ ᠪᠣᠯᠤᠨ ᠬᠠᠪᠰᠤᠷᠤᠭᠴᠢ ᠶᠢᠨ ᠦᠶ᠋ᠯᠡᠳᠦᠯ ᠢᠶᠠᠨ ᠴᠢᠨᠠᠭᠰᠢᠳᠠ ᠪᠠᠳᠠᠷᠠᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢᠢᠯᠠᠯ ᠲᠠᠢ ᠨᠢᠭᠲᠠ ᠬᠠᠷᠢᠯᠴᠠᠭ᠎ᠠ ᠲᠠᠢ ᠪᠠᠶᠢᠬᠤ ᠳᠠᠪᠠᠭᠤᠯᠢᠭ ᠢᠶᠠᠨ ᠪᠠᠳᠠᠷᠠᠭᠤᠯᠤᠨ᠂ ᠨᠠᠩ ᠣᠯᠠᠨ ᠠᠷᠠᠳ ᠤᠨ ᠡᠵᠡᠩᠨᠡᠯᠲᠡ ᠶᠢᠨ ᠠᠵᠤ ᠠᠬᠤᠢᠢᠯᠠᠯ ᠤᠨ ᠥᠪᠥᠷ ᠮᠣᠩᠭᠤᠯ ᠳᠤ ᠢᠷᠡᠵᠤ ᠥᠪᠥᠷ ᠮᠣᠩᠭᠤᠯ ᠢ ᠣᠶᠢᠯᠠᠭᠠᠬᠤ᠂ ᠥᠪᠥᠷ ᠮᠣᠩᠭᠤᠯ ᠳᠤ ᠪᠡᠯᠡ ᠣᠷᠣᠭᠤᠯᠤᠨ ᠦᠶ᠋ᠯᠡᠰ ᠪᠣᠰᠬᠠᠬᠤ ᠶᠢ ᠵᠤᠬᠢᠶᠠᠨ ᠪᠠᠶᠢᠭᠤᠯᠵᠥ᠂ ᠥᠪᠥᠷ ᠮᠣᠩᠭᠤᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠪᠡ᠃
ᠠᠶ ᠯᠢ ᠬᠤᠸᠠ᠂ ᠥᠪᠥᠷ ᠮᠣᠩᠭᠤᠯ ᠤᠨ ᠠᠷᠠᠯᠵᠢᠶᠠᠴᠢᠳ ᠤᠨ ᠨᠤᠲᠤᠭ ᠤᠰᠤᠨ ᠤ ᠪᠠᠨ ᠬᠥᠭᠵᠢᠯᠲᠡ ᠶᠢ ᠬᠠᠯᠠᠮᠵᠢᠯᠠᠨ ᠨᠤᠲᠤᠭ ᠤᠰᠤᠨ ᠤ ᠪᠠᠨ ᠬᠥᠭᠵᠢᠯᠲᠡ ᠶᠢ ᠠᠬᠢᠭᠤᠯᠬᠤ ︽ᠵᠥᠪᠯᠡᠭᠴᠢ︾ ᠪᠣᠯᠵᠤ᠂ ᠨᠤᠲᠤᠭ ᠤᠰᠤᠨ ᠤ ᠪᠠᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠨ ᠨᠤᠲᠤᠭ ᠲᠠᠭᠠᠨ ᠪᠤᠴᠠᠵᠤ ᠪᠡᠯᠡ ᠣᠷᠣᠭᠤᠯᠤᠨ ᠦᠶ᠋ᠯᠡᠰ ᠪᠣᠰᠬᠠᠬᠤ ᠶᠢᠨ ︽ᠬᠤᠰᠢᠭᠤᠴᠢ︾ ᠪᠣᠯᠵᠤ᠂ ᠡᠯ᠎ᠡ ᠳᠠᠯ᠎ᠠ ᠶᠢᠨ ᠬᠢᠨ ᠲᠠᠢ ᠥᠷᠭᠡᠨ ᠢᠶᠠᠷ ᠬᠠᠷᠢᠯᠴᠠᠬᠤ ᠳᠠᠪᠠᠭᠤᠯᠢᠭ ᠢᠶᠠᠨ ᠭᠦᠶ᠋ᠴᠡᠳ ᠪᠠᠳᠠᠷᠠᠭᠤᠯᠤᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ︽ᠵᠠᠭᠤᠴᠢ︾ ᠪᠣᠯᠵᠤ᠂ ᠥᠪᠥᠷ ᠮᠣᠩᠭᠤᠯ ᠢᠶᠠᠨ ᠢᠳᠠᠪᠬᠢᠳᠡᠢ ᠪᠠᠷ ᠤᠬᠠᠭᠤᠯᠵᠤ ᠲᠠᠨᠢᠯᠴᠠᠭᠤᠯᠤᠨ ᠥᠪᠥᠷ ᠮᠣᠩᠭᠤᠯ ᠤᠨ ᠭᠠᠳᠠᠭᠠᠳᠤ ᠤᠬᠠᠭᠤᠯᠭ᠎ᠠ ᠶᠢᠨ ︽ᠡᠯᠴᠢᠨ︾ ᠪᠣᠯᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠨᠠᠩ ᠰᠠᠶᠢᠲᠤᠷ ᠪᠦᠲᠦᠭᠡᠨ ᠪᠠᠶᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ᠃ ᠥᠪᠥᠷ ᠮᠣᠩᠭᠤᠯ ᠪᠥᠬᠦ ᠬᠦᠴᠦᠨ ᠢᠶᠠᠷ ᠢᠶᠠᠨ ᠡᠯ᠎ᠡ ᠲᠠᠯ᠎ᠠ ᠶᠢᠨ ᠦᠶ᠋ᠯᠡᠴᠢᠯᠡᠭᠡ ᠶᠢ ᠰᠠᠶᠢᠲᠤᠷ ᠬᠢᠵᠦ᠂ ᠪᠠᠯᠠ ᠣᠷᠣᠭᠤᠯᠵᠤ ᠦᠶ᠋ᠯᠡᠰ ᠪᠤᠰᠬᠠᠬᠤ ᠪᠠᠷ ᠢᠷᠡᠭᠰᠡᠨ ᠦᠪᠦᠷ ᠮᠣᠩᠭᠤᠯ ᠤᠨ ᠠᠷᠠᠯᠵᠢᠶᠠᠴᠢᠨ ᠨᠠᠶᠢᠵᠠ ᠨᠠᠷ ᠤᠨ ᠨᠢᠬᠡ ᠰᠡᠳᠬᠢᠯ ᠢᠶᠠᠷ ᠦᠢᠯᠡᠰ ᠪᠤᠰᠬᠠᠬᠤ᠂ ᠰᠡᠳᠬᠢᠯ ᠠᠮᠤᠷ ᠢᠶᠠᠷ ᠪᠠᠯᠠ ᠣᠷᠣᠭᠤᠯᠬᠤ᠂ ᠰᠠᠨᠠᠭ᠎ᠠ ᠠᠮᠤᠷ ᠢᠶᠠᠷ ᠡᠵᠡᠩᠨᠡᠯᠳᠡ ᠬᠢᠬᠦ᠂ ᠳᠠᠭᠠᠯᠠᠮᠵᠢᠳᠠᠢ ᠠᠮᠢᠳᠤᠷᠠᠬᠤ ᠤᠷᠴᠢᠨ ᠨᠦᠬᠦᠴᠡᠯ ᠢ ᠴᠢᠷᠮᠠᠶᠢᠨ ᠬᠠᠩᠭᠠᠨ᠎ᠠ ᠬᠡᠵᠤ ᠢᠯᠡᠳᠬᠡᠪᠡ᠃
ᠬᠤᠷᠠᠯ ᠳᠡᠭᠡᠷ᠎ᠡ᠂ ᠬᠡᠰᠡᠭ ᠠᠵᠤ ᠠᠬᠤᠢᠢᠯᠠᠯ᠂ ᠠᠶᠢᠮᠠᠭ ᠬᠤᠲᠠ ᠶᠢᠨ ᠬᠢᠨ ᠲᠥᠷᠥᠯ ᠵᠦᠶ᠋ᠯ ᠤᠨ ᠲᠠᠨᠢᠯᠴᠠᠭᠤᠯᠭ᠎ᠠ ᠬᠢᠵᠦ᠂ ᠬᠡᠰᠡᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠦᠶ᠋ᠯᠡᠳᠬᠦᠨ ᠢᠶᠠᠨ ᠲᠠᠨᠢᠯᠴᠠᠭᠤᠯᠤᠭᠰᠠᠨ ᠪᠦᠬᠡᠳ ᠪᠦᠬᠦ ᠣᠷᠣᠨ ᠤ ᠮᠥᠩᠭᠦᠨ ᠭᠦᠶ᠋ᠯᠭᠡᠭᠡᠨ ᠤ ᠦᠶ᠋ᠯᠡᠰ ᠤᠨ ᠬᠢᠨ ᠳᠤ ᠦᠪᠦᠷ ᠮᠣᠩᠭᠤᠯ ᠤᠨ ᠠᠷᠠᠯᠵᠢᠶᠠᠴᠢᠳ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠰᠠᠨᠠᠭᠠᠴᠢᠯᠠᠭ᠎ᠠ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠦᠶ᠋ᠯᠡᠳᠪᠦᠷᠢ ᠬᠤᠳᠠᠯᠳᠤᠭᠠᠨ ᠤ ᠬᠤᠯᠪᠣᠭ᠎ᠠ ᠠᠴᠠ ᠥᠪᠥᠷ ᠮᠣᠩᠭᠤᠯ ᠤᠨ ᠠᠷᠠᠳ ᠤᠨ ᠡᠵᠡᠩᠨᠡᠯᠲᠡ ᠶᠢᠨ ᠠᠵᠤ ᠠᠬᠤᠢᠯᠠᠯ ᠤᠨ 100 ᠬᠦᠴᠦᠷᠬᠡᠭ ᠤᠨ ᠨᠡᠷᠡᠰ ᠤᠨ ᠵᠢᠭᠰᠠᠭᠠᠯᠲᠠ ᠵᠢᠴᠢ ᠵᠠᠳᠠᠯᠤᠯᠲᠠ ᠶᠢᠨ ᠮᠡᠳᠡᠭᠦᠯᠦᠯᠲᠡ ᠶᠢ ᠨᠡᠶᠢᠲᠡᠯᠡᠪᠡ᠃ ᠲᠣᠰ ᠬᠤᠭᠤᠴᠠᠭᠠᠨ ᠤ ᠶᠡᠭᠡ ᠬᠤᠷᠠᠯ ᠳᠡᠭᠡᠷ᠎ᠡ 35 ᠬᠠᠮᠳᠤᠷᠠᠯᠴᠠᠭᠠᠨ ᠤ ᠳᠦᠷᠦᠯ ᠵᠦᠢᠯ ᠳᠤ ᠭᠡᠷ᠎ᠡ ᠲᠣᠭᠲᠠᠵᠤ᠂ ᠭᠡᠷ᠎ᠡ ᠲᠣᠭᠲᠠᠭᠰᠠᠨ ᠪᠦᠬᠦ ᠵᠣᠭᠤᠰ ᠤᠨ ᠲᠤᠭ᠎ᠠ 1481 ᠳ᠋ᠦᠩᠰᠢᠭᠤᠷ ᠲᠥᠭᠦᠷᠢᠭ ᠲᠤ ᠬᠦᠷᠴᠠᠢ᠃
ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠠᠷᠠᠯᠵᠢᠶᠠᠴᠢᠳ ᠤᠨ ᠶᠡᠭᠡ ᠬᠤᠷᠠᠯ ᠨᠢ ︽ᠥᠪᠥᠷ ᠮᠣᠩᠭᠤᠯ ᠤᠨ ᠠᠷᠠᠯᠵᠢᠶᠠᠴᠢᠳ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ︾ ᠪᠠᠷ ᠭᠤᠤᠯ ᠰᠡᠳᠦᠪ ᠢᠶᠠᠨ ᠪᠤᠯᠭᠠᠵᠥ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠷᠠᠯᠵᠢᠶᠡᠴᠢᠳ ᠤᠨ ᠨᠡᠶᠢᠬᠡᠮᠯᠢᠭ ᠠᠴᠠ ᠬᠦᠷᠦᠯᠴᠡᠨ ᠢᠷᠡᠭᠰᠡᠨ ᠦᠪᠦᠷ ᠮᠣᠩᠭᠤᠯ ᠤᠨ ᠠᠷᠠᠯᠵᠢᠶᠠᠴᠢᠳ ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠠᠵᠤ ᠠᠬᠤᠶᠢᠯᠠᠯ ᠪᠤᠯᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠡᠯ᠎ᠡ ᠠᠶᠢᠮᠠᠭ ᠬᠤᠲᠠ ᠶᠢᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠪᠠ᠃ ᠵᠣᠬᠢᠶᠠᠭᠴᠢ᠄ ᠳ᠋ᠠᠶ ᠬᠤᠩ