

ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠤᠷᠢᠶ᠎ᠠ ᠪᠠᠷ ᠲᠤᠭᠤᠷᠢᠨ ᠦᠵᠡᠵᠡᠢ

2019-11-13 14:53
  48
  0
ᠱᠢ ᠲᠠᠢ ᠹᠧᠩ ᠦᠪᠡᠷᠲᠡᠭᠡᠨ ᠵᠠᠰᠠᠬᠤ ᠤᠷᠤᠨ ᠤ ᠡᠯ᠎ᠠ ᠠᠷᠠᠳᠴᠢᠯᠠᠬᠰᠠᠨ ᠨᠠᠮ ᠪᠦᠯᠦᠭ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠤᠷᠢᠶ᠎ᠠ ᠪᠠᠷ ᠲᠤᠭᠤᠷᠢᠨ ᠦᠵᠡᠵᠡᠢ

  11 ᠰᠠᠷ᠎ᠠ ᠶᠢᠨ 12 ᠤᠨ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ ᠱᠢ ᠲᠠᠢ ᠹᠧᠩ ᠦᠪᠡᠷᠲᠡᠭᠡᠨ ᠵᠠᠰᠠᠬᠤ ᠤᠷᠤᠨ ᠤ ᠡᠯ᠎ᠠ ᠠᠷᠠᠳᠴᠢᠯᠠᠬᠰᠠᠨ ᠨᠠᠮ ᠪᠦᠯᠦᠭ ᠤᠨ ᠶᠡᠭᠡ ᠠᠰᠠᠷ ᠲᠤ ᠬᠦᠷᠴᠤ᠂ ᠳᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠳᠦ  ᠬᠤᠷᠢᠶ᠎ᠠ᠂ ᠳᠤᠮᠳᠠᠳᠤ ᠤᠯᠤᠰ ᠤᠨ ᠠᠷᠠᠳᠴᠢᠯᠠᠬᠰᠠᠨ ᠬᠤᠯᠪᠤᠭ᠎ᠠ᠂ ᠳᠤᠮᠳᠠᠳᠤ ᠤᠯᠤᠰ ᠤᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ᠂ ᠳᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ᠂ ᠳᠤᠮᠳᠠᠳᠤ ᠤᠯᠤᠰ ᠤᠨ ᠲᠠᠷᠢᠶᠠᠴᠢᠨ ᠠᠵᠢᠯᠴᠢᠨ ᠤ ᠠᠷᠠᠳᠴᠢᠯᠠᠬᠰᠠᠨ ᠨᠠᠮ᠂ ︽9 · 3︾ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠤᠷᠢᠶ᠎ᠠ ᠪᠠᠷ ᠲᠤᠭᠤᠷᠢᠨ ᠦᠵᠡᠵᠦ᠂ ᠡᠯ᠎ᠠ ᠠᠷᠠᠳᠴᠢᠯᠠᠬᠰᠠᠨ ᠨᠠᠮ ᠪᠦᠯᠦᠭ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠤᠷᠢᠶ᠎ᠠ ᠶᠢᠨ ᠤᠳᠤᠷᠢᠳᠬᠤ ᠪᠠᠬ ᠤᠨ ᠪᠦᠷᠢᠯᠳᠦᠬᠦᠨ ᠲᠠᠢ ᠰᠠᠨᠠᠯ ᠢᠶᠠᠨ ᠬᠦᠨᠵᠡᠭᠡᠢ ᠰᠤᠯᠢᠯᠴᠠᠨ᠂ ᠪᠠᠶᠢᠭᠤᠯᠭ᠎ᠠ ᠶᠢᠨ ᠺᠠᠳ᠋ᠷ ᠢ ᠪᠤᠯᠭᠤᠭᠠᠨ ᠲᠤᠬᠤᠨᠢᠭᠤᠯᠵᠦ᠂ ᠬᠤᠯᠪᠤᠭᠳᠠᠯ ᠪᠦᠬᠦᠢ ᠪᠠᠶᠢᠳᠠᠯ ᠢ ᠤᠢᠢᠯᠠᠭᠠᠪᠠ᠃
  ᠱᠢ ᠲᠠᠢ ᠹᠧᠩ ᠰᠤᠶᠤᠯ ᠲᠡᠦᠭᠡ ᠶᠢᠨ ᠤᠷᠳᠤᠨ᠂ ᠲᠠᠩᠰᠠ ᠡᠪᠭᠡᠮᠡᠯ ᠤᠨ ᠲᠠᠰᠤᠭ᠂ ᠤᠷᠠᠨ ᠪᠢᠴᠢᠯᠭᠡ ᠤᠷᠠᠨ ᠵᠢᠷᠤᠭ ᠤᠨ ᠤᠷᠳᠤᠨ᠂ ᠨᠠᠮ ᠤᠨ ᠭᠡᠰᠢᠬᠦᠨ ᠤ ᠭᠡᠷ ᠵᠡᠷᠭᠡ ᠪᠠᠷ ᠲᠤᠭᠤᠷᠢᠨ ᠦᠵᠡᠵᠦ᠂ ᠡᠯ᠎ᠠ ᠠᠷᠠᠳᠴᠢᠯᠠᠬᠰᠠᠨ ᠨᠠᠮ ᠪᠦᠯᠦᠭ ᠤᠨ ᠬᠦᠭᠵᠢᠯᠳᠠ ᠶᠢᠨ ᠲᠡᠦᠭᠡ ᠵᠢᠴᠢ ᠲᠦᠷᠦ ᠶᠢᠨ ᠶᠠᠪᠤᠳᠠᠯ ᠳᠤ ᠤᠷᠤᠯᠴᠠᠨ ᠲᠦᠷᠦ ᠶᠢᠨ ᠶᠠᠪᠤᠳᠠᠯ ᠢ ᠵᠦᠪᠯᠡᠬᠦ᠂ ᠨᠡᠶᠢᠭᠡᠮ ᠤᠨ ᠦᠢᠯᠡᠴᠢᠯᠡᠭᠡ᠂ ᠲᠤᠰ ᠪᠡᠶ᠎ᠠ ᠶᠢᠨ ᠪᠠᠶᠢᠭᠤᠯᠤᠯᠳᠠ ᠵᠡᠷᠭᠡ ᠪᠠᠶᠢᠳᠠᠯ ᠢ ᠨᠠᠷᠢᠨ ᠤᠢᠢᠯᠠᠭᠠᠵᠦ᠂ ᠡᠯ᠎ᠠ ᠠᠷᠠᠳᠴᠢᠯᠠᠬᠰᠠᠨ ᠨᠠᠮ ᠤᠨ ᠪᠦᠯᠦᠭ ᠤᠨ ᠬᠢᠨ ᠤᠷᠳᠤ ᠬᠤᠭᠤᠴᠠᠭᠠᠨ ᠤ ᠲᠤᠷᠰᠢ ᠦᠪᠡᠷᠲᠡᠭᠡᠨ ᠵᠠᠰᠠᠬᠤ ᠤᠷᠤᠨ ᠤ ᠦᠭᠡᠷᠡᠴᠢᠯᠡᠯᠳᠠ ᠬᠦᠭᠵᠢᠯᠳᠠ ᠲᠤᠭᠳᠠᠭᠤᠨ ᠢ ᠠᠬᠢᠭᠤᠯᠬᠤ ᠳᠤ ᠦᠵᠡᠬᠦᠯᠦᠭᠰᠡᠨ ᠬᠤᠪᠢ ᠨᠡᠮᠡᠷᠢ ᠳᠤ ᠲᠠᠯᠠᠷᠬᠠᠬᠤ ᠶᠢᠨ ᠬᠠᠮᠳᠦ ᠳᠤᠮᠳᠠᠳᠤ ᠤᠯᠤᠰ ᠤᠨ ᠡᠪ ᠬᠠᠮᠳᠦ ᠨᠠᠮ ᠤᠨ ᠤᠳᠤᠷᠢᠳᠤᠭᠰᠠᠨ ᠤᠯᠠᠨ ᠨᠠᠮ ᠬᠠᠮᠳᠤᠷᠠᠨ ᠠᠵᠢᠯᠯᠠᠬᠤ ᠪᠠ ᠤᠯᠤᠰ ᠲᠦᠷᠦ ᠶᠢᠨ ᠵᠦᠪᠯᠡᠯᠭᠡ ᠬᠢᠬᠦ ᠪᠠᠶᠢᠭᠤᠯᠤᠯ ᠢ ᠪᠠᠷᠢᠮᠳᠠᠯᠠᠨ ᠲᠡᠬᠦᠯᠳᠡᠷᠵᠢᠬᠦᠯᠬᠦ᠂ ᠥᠪᠦᠷ ᠮᠤᠩᠭᠤᠯ ᠤᠨ ᠠᠵᠢᠯ ᠢ ᠬᠠᠮᠳᠤ ᠪᠠᠷ ᠰᠠᠶᠢᠳᠤᠷ ᠬᠢᠬᠦ ᠲᠤᠬᠠᠢ ᠬᠦᠰᠡᠯ ᠨᠠᠶᠢᠳᠠᠯᠭ᠎ᠠ ᠳᠤᠷᠠᠳᠴᠠᠢ᠃
  ᠱᠢ ᠲᠠᠢ ᠹᠧᠩ᠂ 70 ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠳᠦ ᠨᠠᠮ ᠪᠤᠯᠤᠨ ᠡᠯ᠎ᠠ ᠠᠷᠠᠳᠴᠢᠯᠠᠬᠰᠠᠨ ᠨᠠᠮ ᠪᠦᠯᠦᠭ ᠤᠨ ᠬᠢᠨ ᠰᠠᠯᠬᠢ ᠪᠤᠷᠤᠭᠠᠨ ᠢ ᠬᠠᠮᠳᠤ ᠪᠠᠷ ᠲᠤᠭᠤᠯᠵᠦ᠂ ᠰᠡᠳᠬᠢᠯ ᠰᠡᠳᠬᠢᠯ ᠢᠶᠠᠨ ᠮᠡᠳᠡᠯᠴᠡᠵᠦ᠂ ᠶᠡᠷᠦ ᠪᠤᠰᠤ ᠶᠢᠨ ᠭᠡᠷᠡᠯ ᠰᠠᠴᠤᠷᠠᠩᠭᠤᠢ ᠲᠡᠦᠭᠡᠨ ᠶᠠᠪᠤᠴᠠ ᠶᠢ ᠬᠠᠮᠳᠤ ᠪᠠᠷ ᠦᠩᠭᠡᠷᠡᠬᠦᠯᠵᠦ᠂ ᠤᠯᠠᠨ ᠨᠠᠮ ᠬᠠᠮᠳᠤᠷᠠᠨ ᠠᠵᠢᠯᠯᠠᠬᠤ ᠦᠢᠯᠡᠰ ᠲᠡᠦᠭᠡ ᠰᠤᠳᠤᠷ ᠲᠤ ᠳᠡᠮᠳᠡᠭᠯᠡᠭᠳᠡᠬᠦ ᠠᠭᠤᠤ ᠶᠡᠭᠡ ᠠᠮᠵᠢᠯᠳᠠ  ᠤᠯᠵᠠᠢ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠬᠢᠨ ᠡᠯ᠎ᠠ ᠠᠷᠠᠳᠴᠢᠯᠠᠬᠰᠠᠨ ᠨᠠᠮ ᠪᠦᠯᠦᠭ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠤᠷᠢᠶ᠎ᠠ ᠶᠢᠨ ᠠᠵᠢᠯ ᠢ ᠤᠤᠯ ᠤᠨ ᠬᠢ ᠲᠠᠢ ᠪᠠᠨ ᠨᠢᠭᠡ ᠯᠡ ᠠᠳᠠᠯᠢ ᠪᠠᠷ ᠳᠡᠮᠵᠢᠵᠦ᠂ ᠠᠷᠠᠳᠴᠢᠯᠠᠬᠰᠠᠨ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠬᠦ ᠪᠤᠯᠤᠨ᠎ᠠ᠃ ᠡᠯ᠎ᠠ ᠠᠷᠠᠳᠴᠢᠯᠠᠬᠰᠠᠨ ᠨᠠᠮ ᠪᠦᠯᠦᠭ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠤᠷᠢᠶ᠎ᠠ ᠶᠢᠨ ᠬᠢᠨ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠦ᠂ ᠳᠤᠮᠳᠠᠳᠤ ᠤᠯᠤᠰ ᠤᠨ ᠡᠪ ᠬᠠᠮᠳᠦ ᠨᠠᠮ ᠤᠨ ᠤᠳᠤᠷᠢᠳᠤᠭᠰᠠᠨ ᠤᠯᠠᠨ ᠨᠠᠮ ᠬᠠᠮᠳᠤᠷᠠᠨ ᠠᠵᠢᠯᠯᠠᠬᠤ ᠪᠠ ᠤᠯᠤᠰ ᠲᠦᠷᠦ ᠶᠢᠨ ᠵᠦᠪᠯᠡᠯᠭᠡ ᠬᠢᠬᠦ ᠪᠠᠶᠢᠭᠤᠯᠤᠯ ᠢ ᠪᠠᠷᠢᠮᠳᠠᠯᠠᠨ ᠳᠡᠬᠦᠯᠳᠡᠷᠵᠢᠬᠦᠯᠵᠦ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠯᠤᠭ᠎ᠠ ᠢᠮᠠᠬᠳᠠ ᠨᠢᠭᠳᠠ ᠭᠠᠷ ᠬᠤᠯᠪᠤᠯᠴᠠᠨ᠂ ᠪᠦᠯᠬᠦᠮᠳᠡᠨ ᠬᠠᠮᠳᠤᠷᠠᠯᠴᠠᠵᠦ᠂ ᠲᠤᠰ ᠪᠡᠶ᠎ᠠ ᠶᠢᠨ ᠡᠬᠦᠷᠭᠡ ᠴᠢᠳᠠᠪᠬᠢ ᠪᠠᠨ ᠪᠦᠬᠦ ᠲᠠᠯ᠎ᠠ ᠪᠠᠷ ᠰᠠᠶᠢᠳᠤᠷ ᠬᠦᠢᠴᠡᠳᠭᠡᠨ᠂ ᠭᠤᠤᠯᠳᠠᠯᠭ᠎ᠠ ᠶᠢᠨ ᠲᠤᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠵᠦ᠂ ᠰᠡᠳᠬᠢᠯ ᠨᠢᠭᠡᠳᠤᠨ ᠬᠦᠴᠦ ᠪᠠᠨ ᠬᠠᠮᠳᠤᠳᠬᠠᠵᠦ᠂ ᠴᠢᠳᠠᠪᠤᠷᠢᠳᠠᠨ ᠢ ᠴᠤᠬᠯᠠᠭᠤᠯᠤᠨ ᠤᠶᠤᠨ ᠤᠬᠠᠭᠠᠨ ᠢ ᠲᠦᠪᠯᠡᠷᠡᠬᠦᠯᠵᠦ᠂ ᠦᠵᠡᠰᠬᠦᠯᠡᠩᠳᠦ ᠰᠠᠶᠢᠬᠠᠨ ᠥᠪᠦᠷ ᠮᠤᠩᠭᠤᠯ ᠢ ᠪᠦᠳᠦᠭᠡᠨ ᠪᠠᠶᠢᠭᠤᠯᠬᠤ᠂ ᠠᠭᠤᠤ ᠶᠡᠭᠡ ᠳᠤᠮᠳᠠᠳᠤ ᠶᠢᠨ ᠵᠡᠬᠦᠳᠦ ᠶᠢ ᠬᠠᠮᠳᠤ ᠪᠠᠷ ᠳᠡᠷᠭᠡᠯᠰᠢᠬᠦᠯᠬᠦ ᠳᠤ ᠨᠡᠩ ᠶᠡᠭᠡ ᠰᠢᠨ᠎ᠠ ᠬᠤᠪᠢ ᠨᠡᠮᠡᠷᠢ ᠦᠵᠡᠬᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠦ ᠭᠠᠷᠭᠠᠵᠠᠢ᠃
  ᠡᠯ᠎ᠠ ᠠᠷᠠᠳᠴᠢᠯᠠᠬᠰᠠᠨ ᠨᠠᠮ ᠪᠦᠯᠦᠭ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠤᠷᠢᠶ᠎ᠠ ᠶᠢᠨ ᠬᠠᠷᠢᠭᠤᠴᠠᠯᠭᠠᠳᠠᠳ᠂ ᠳᠤᠮᠳᠠᠳᠤ ᠤᠯᠤᠰ ᠤᠨ ᠡᠪ ᠬᠠᠮᠳᠦ ᠨᠠᠮ ᠯᠤᠭ᠎ᠠ ᠬᠠᠮᠳᠤᠷᠠᠯᠴᠠᠬᠤ ᠤᠬ ᠰᠠᠨᠠᠭ᠎ᠠ ᠪᠠᠨ ᠦᠯᠦ ᠮᠠᠷᠳᠠᠨ᠂ ᠦᠷᠬᠦᠯᠵᠢᠯᠡᠨ ᠭᠠᠷ ᠬᠤᠯᠪᠤᠨ ᠤᠷᠤᠬᠰᠢᠯᠠᠵᠤ᠂ ᠳᠤᠮᠳᠠᠳᠤ ᠤᠯᠤᠰ ᠤᠨ ᠡᠪ ᠬᠠᠮᠳᠦ ᠨᠠᠮ ᠤᠨ ᠤᠳᠤᠷᠢᠳᠤᠯᠭ᠎ᠠ ᠳᠤᠤᠷ᠎ᠠ ᠤᠯᠠᠨ ᠨᠠᠮ ᠬᠠᠮᠳᠤᠷᠠᠨ ᠠᠵᠢᠯᠯᠠᠬᠤ ᠠᠵᠢᠯ ᠰᠢᠨ᠎ᠠ ᠲᠦᠷᠰᠦ ᠪᠠᠶᠢᠳᠠᠯ ᠢᠯᠡᠷᠡᠵᠦ᠂ ᠦᠵᠡᠯ ᠰᠠᠨᠠᠭᠠᠨ ᠤ ᠬᠠᠮᠳᠦ ᠶᠢᠨ ᠲᠠᠨᠢᠯᠳᠠ ᠰᠢᠨ᠎ᠠ ᠳᠡᠭᠡᠭᠰᠢᠯᠡᠯᠳᠠ ᠲᠠᠢ ᠪᠤᠯᠵᠦ᠂ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠲᠠᠯ᠎ᠠ ᠪᠠᠷ ᠰᠢᠨ᠎ᠠ ᠵᠢᠳᠬᠦᠯ ᠴᠢᠷᠮᠠᠶᠢᠯᠭ᠎ᠠ ᠭᠠᠷᠭᠠᠬᠤ ᠪᠠᠷ ᠬᠦᠴᠦᠯᠡᠨ ᠴᠢᠷᠮᠠᠶᠢᠨ᠎ᠠ ᠭᠡᠵᠦ ᠰᠠᠨᠠᠯ ᠨᠢᠭᠡᠳᠠᠢ ᠢᠯᠡᠳᠭᠡᠵᠡᠭᠡᠪᠡ᠃
  ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠵᠤᠬᠢᠶᠠᠨ ᠪᠠᠶᠢᠭᠤᠯᠬᠤ ᠭᠡᠯᠳᠡᠰ ᠤᠨ ᠳᠠᠷᠤᠭ᠎ᠠ ᠶᠠᠩ ᠸᠧᠢ ᠳ᠋ᠦᠩ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠨᠠᠷᠢᠨ ᠪᠢᠴᠢᠭ ᠤᠨ ᠳᠠᠷᠤᠭ᠎ᠠ ᠵᠠᠩ ᠱᠤᠤ ᠴᠦᠨ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠠᠵᠢᠯᠯᠠᠭ᠎ᠠ ᠳᠤ ᠤᠷᠤᠯᠴᠠᠵᠠᠢ᠃ ᠵᠣᠬᠢᠶᠠᠭᠴᠢ᠄  ᠯᠢᠦ ᠰᠢᠶᠤᠤ ᠳ᠋ᠦᠩ 



  
     
     