 

ᠦᠷ᠎ᠠ ᠠᠰᠢᠬ ᠰᠢᠨ᠎ᠠ ᠠᠬᠢᠴᠠ ᠲᠠᠢ ᠪᠤᠯᠤᠯ᠎ᠠ

2019-11-04 09:35
  229
  0
ᠮᠠᠨ ᠤ ᠤᠷᠤᠨ ᠤ ᠠᠵᠦ ᠦᠢᠯᠡᠳᠪᠦᠷᠢ ᠶᠢᠨ ᠬᠦᠭᠵᠢᠯᠳᠡ ᠶᠢᠨ ᠶᠠᠰᠤ ᠴᠢᠨᠠᠷ ᠦᠷ᠎ᠠ ᠠᠰᠢᠬ ᠰᠢᠨ᠎ᠠ ᠠᠬᠢᠴᠠ ᠲᠠᠢ ᠪᠤᠯᠤᠯ᠎ᠠ

  ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠤᠷᠤᠨ ᠰᠢᠨ᠎ᠠ ᠬᠦᠭᠵᠢᠯᠳᠡ ᠶᠢᠨ ᠤᠢᠢᠯᠠᠭᠠᠬᠳᠠᠬᠤᠨ ᠢ ᠪᠠᠳᠤ ᠱᠤᠭᠤᠨ ᠦᠢᠯᠡᠳᠦᠯᠬᠡᠵᠢᠬᠦᠯᠵᠦ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠵᠦ᠂ ᠪᠤᠬᠢᠷᠳᠤᠯ ᠦᠬᠡᠢ ᠬᠦᠭᠵᠢᠯᠳᠡ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠳᠠᠢ ᠬᠦᠭᠵᠢᠯᠳᠡ ᠶᠢᠨ ᠰᠢᠨ᠎ᠠ ᠵᠠᠮ ᠢ ᠢᠳᠡᠪᠬᠢᠳᠡᠢ ᠬᠠᠶᠢᠨ ᠰᠦᠪᠡᠭᠴᠢᠯᠡᠵᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠳᠠᠢ ᠦᠬᠡᠷᠡᠴᠢᠯᠡᠯᠳᠡ ᠪᠠᠷ ᠭᠤᠤᠯ ᠱᠤᠭᠤᠮ ᠪᠤᠯᠭᠠᠵᠦ᠂ ᠤᠳᠤ ᠦᠶ᠎ᠠ ᠶᠢᠨ ᠡᠨᠧᠷᠬᠢ ᠶᠢᠨ ᠠᠵᠦ ᠠᠬᠤᠢ ᠶᠢ ᠶᠡᠭᠡ ᠪᠠᠷ ᠬᠦᠭᠵᠢᠬᠦᠯᠵᠦ᠂ ᠠᠵᠦ ᠦᠢᠯᠡᠳᠪᠦᠷᠢ ᠶᠢᠨ ᠪᠦᠲᠦᠴᠡ ᠶᠢ ᠲᠤᠬᠢᠷᠠᠭᠤᠯᠬᠤ ᠪᠠ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠶᠢ ᠠᠬᠢᠭᠤᠯᠤᠭᠠᠳ᠂ ᠠᠵᠦ ᠦᠢᠯᠡᠳᠪᠦᠷᠢ ᠶᠢᠨ ᠬᠦᠭᠵᠢᠯᠳᠡ ᠶᠢᠨ ᠶᠠᠰᠤ ᠴᠢᠨᠠᠷ ᠪᠠ ᠦᠷ᠎ᠠ ᠠᠰᠢᠬ ᠰᠢᠨ᠎ᠠ ᠠᠬᠢᠴᠠ ᠲᠠᠢ ᠪᠤᠯᠤᠬᠰᠨᠨ ᠪᠠᠶᠠᠷᠯᠠᠭᠤᠰᠢᠳᠠᠢ ᠪᠠᠶᠢᠳᠠᠯ ᠢᠯᠡᠷᠡᠭᠰᠡᠨ ᠪᠠᠶᠢᠨ᠎ᠠ᠃
  ᠲᠦᠷᠦᠬᠦᠬᠡᠨ ᠨᠡᠶᠢᠳᠡᠯᠡᠭᠰᠡᠨ ᠲᠦᠷᠦᠬᠦᠦ ᠭᠤᠷᠪᠠᠨ ᠤᠯᠠᠷᠢᠯ ᠤᠨ ᠮᠠᠨ ᠤ ᠤᠷᠤᠨ ᠤ ᠠᠵᠦ ᠠᠬᠤᠢ ᠶᠢᠨ ᠬᠦᠭᠵᠢᠯᠳᠡ ᠶᠢᠨ ᠬᠢᠷᠢ ᠪᠦᠲᠦᠮᠵᠢ ᠶᠢᠨ ᠬᠠᠭᠤᠳᠠᠰᠤ ᠶᠢ ᠤᠷᠪᠠᠭᠤᠯᠬᠤ ᠳᠤ ᠠᠵᠦ ᠦᠢᠯᠡᠳᠪᠦᠷᠢ ᠶᠢᠨ ᠲᠤᠭ᠎ᠠ ᠪᠠᠷᠢᠮᠳᠠ ᠤᠨᠴᠠ ᠢᠯᠡᠳᠡᠢ ᠬᠠᠷᠠᠬᠳᠠᠨ᠎ᠠ᠄ ᠪᠦᠬᠦ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 1.32 ᠲᠦᠮᠡᠨ ᠳ᠋ᠦᠩᠰᠢᠭᠤᠷ ᠲᠦᠬᠦᠷᠢᠭ ᠢ ᠲᠠᠪᠠᠵᠦ᠂ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 5.6% ᠪᠠᠷ ᠨᠡᠮᠡᠭᠳᠡᠭᠰᠡᠨ ᠤ ᠲᠤᠳᠤᠷ᠎ᠠ᠂ ᠬᠤᠶᠠᠳᠤᠭᠠᠷ ᠠᠵᠦ ᠦᠢᠯᠡᠰ ᠤᠨ ᠨᠡᠮᠡᠭᠳᠡᠯ ᠦᠷᠳᠡᠭ ᠨᠢ 6.8% ᠪᠠᠷ ᠨᠡᠮᠡᠭᠳᠡᠭᠰᠡᠨ ᠪᠠ ᠢᠯᠠᠩᠭᠤᠶ᠎ᠠ ᠬᠡᠪᠴᠢᠶᠡᠵᠢᠯ ᠠᠴᠠ ᠲᠡᠭᠡᠭᠰᠢᠬᠢ ᠠᠵᠦ ᠦᠢᠯᠡᠳᠪᠦᠷᠢ ᠶᠢᠨ ᠨᠡᠮᠡᠭᠳᠡᠯ ᠦᠷᠳᠡᠭ ᠨᠢ 7.7% ᠪᠠᠷ ᠨᠡᠮᠡᠭᠳᠡᠵᠠᠢ᠃ ︽ᠡᠨᠡ ᠪᠤᠯ ᠮᠠᠨ ᠤ ᠤᠷᠤᠨ ᠤ ᠠᠵᠦ ᠦᠢᠯᠡᠳᠪᠦᠷᠢ ᠶᠢᠨ ᠦᠢᠯᠡᠳᠪᠦᠷᠢᠯᠡᠯ ᠲᠤᠭᠳᠠᠭᠤᠨ ᠤ ᠲᠤᠮᠳᠠ ᠲᠦᠷᠬᠡᠳᠦᠭᠰᠡᠨ ᠢ ᠬᠠᠷᠠᠭᠤᠯᠵᠦ ᠪᠠᠶᠢᠨ᠎ᠠ︾ ᠬᠡᠵᠦ ᠦᠪᠡᠷᠳᠡᠬᠡᠨ ᠵᠠᠰᠠᠬᠤ ᠤᠷᠤᠨ ᠤ ᠲᠤᠭ᠎ᠠ ᠪᠦᠷᠢᠳᠬᠡᠯ ᠤᠨ ᠲᠤᠪᠴᠢᠶ᠎ᠠ ᠶᠢᠨ ᠲᠡᠳ᠋ ᠲᠠᠷᠤᠭ᠎ᠠ ᠰᠢᠶᠠ ᠷᠦᠩ ᠬᠤᠧᠠ ᠬᠡᠯᠡᠪᠡ᠃
  ᠤᠢᠢᠷ᠎ᠠ ᠶᠢᠨ ᠵᠢᠯ ᠳᠤ᠂ ᠮᠡᠨ ᠤ ᠤᠷᠤᠨ ᠤ ᠠᠵᠦ ᠦᠢᠯᠡᠳᠪᠦᠷᠢ ᠶᠢᠨ ᠠᠵᠦ ᠠᠬᠤᠢ ᠶᠢᠨ ᠶᠡᠷᠦᠩᠬᠡᠢ ᠬᠡᠮᠵᠢᠶ᠎ᠠ ᠨᠡᠮᠡᠭᠳᠡᠭᠦ ᠶᠢᠨ ᠵᠡᠷᠭᠡ ᠪᠠᠷ᠂ ᠶᠡᠷᠦᠩᠬᠡᠶᠢᠯᠡᠭᠰᠡᠨ ᠪᠤᠳᠠᠳᠤ ᠬᠦᠴᠦᠨ ᠴᠤ ᠢᠯᠡᠷᠬᠡᠢ ᠴᠢᠩᠭᠠᠷᠠᠵᠡᠢ᠃ ᠢᠯᠠᠩᠭᠤᠶ᠎ᠠ᠂ ᠮᠠᠨ ᠤ ᠤᠷᠤᠨ ᠤ ᠨᠡᠬᠦᠷᠡᠰᠦ ᠴᠠᠬᠢᠯᠭᠠᠨ ᠰᠢᠲᠠᠮᠠᠬᠠᠢ ᠬᠡᠢ᠂ ᠬᠤᠪᠤᠷ ᠰᠢᠷᠤᠢ ᠪᠠᠯ ᠴᠢᠯᠠᠭᠤ᠂ ᠬᠡᠷᠡᠯᠴᠢ ᠴᠡᠨᠡᠭ ᠤᠨ ᠮᠠᠲ᠋ᠧᠷᠢᠶᠠᠯ ᠵᠡᠷᠬᠡ ᠠᠵᠦ ᠦᠢᠯᠡᠰ ᠨᠢ ᠤᠯᠤᠰ ᠤᠨ ᠠᠵᠤ ᠠᠬᠤᠢ ᠶᠢᠨ ᠬᠦᠭᠵᠢᠯᠳᠡ ᠳᠤ ᠴᠢᠬᠤᠯᠠ ᠪᠠᠶᠢᠷᠢ ᠰᠠᠭᠤᠷᠢ ᠲᠠᠢ ᠪᠤᠯᠵᠦ᠂ ᠮᠨᠨ ᠤ ᠤᠷᠤᠨ ᠨᠢᠬᠡᠨᠳᠡ ᠤᠯᠤᠰ ᠤᠨ ᠴᠢᠬᠤᠯᠠ ᠡᠨᠧᠷᠬᠢ ᠶᠢᠨ ᠰᠠᠭᠤᠷᠢᠨ᠂ ᠰᠢᠨ᠎ᠠ ᠬᠡᠯᠪᠡᠷᠢ ᠶᠢᠨ ᠬᠢᠮᠢ ᠶᠢᠨ ᠠᠵᠦ ᠦᠢᠯᠡᠳᠪᠦᠷᠢ ᠶᠢᠨ ᠰᠠᠭᠤᠷᠢᠨ᠂ ᠦᠩᠬᠡᠳᠤ ᠲᠡᠮᠦᠷᠯᠢᠭ ᠡᠳ᠋ᠰᠢᠬᠦᠯᠦᠨ ᠪᠤᠯᠪᠠᠰᠤᠷᠠᠭᠤᠯᠬᠤ ᠰᠠᠭᠤᠷᠢᠨ ᠪᠤᠯᠤᠬᠰᠠᠨ ᠪᠠᠶᠢᠨ᠎ᠠ᠃
  ᠠᠵᠦ ᠦᠢᠯᠡᠰ ᠤᠨ ᠪᠦᠲᠦᠴᠡ ᠲᠠᠰᠤᠷᠠᠯᠳᠠ ᠦᠬᠡᠢ ᠰᠢᠯᠢᠳᠡᠭᠵᠢᠵᠦ᠂ ᠰᠢᠨ᠎ᠠ ᠶᠢ ᠡᠬᠦᠳᠬᠦ ᠪᠠᠷ ᠬᠦᠳᠡᠯᠬᠡᠬᠦᠷ ᠪᠤᠯᠭᠠᠬᠤ ᠲᠠᠯ᠎ᠠ ᠪᠠᠷ ᠲᠡᠤᠬᠡᠳᠤ ᠬᠤᠪᠢᠰᠤᠯᠳᠠ ᠲᠠᠢ ᠪᠤᠯᠵᠦ᠂ ᠬᠦᠭᠵᠢᠯᠳᠡ ᠶᠢᠨ ᠶᠠᠰᠤ ᠴᠢᠨᠠᠷ ᠢᠯᠡᠷᠬᠡᠢ ᠲᠡᠭᠡᠭᠰᠢᠯᠡᠵᠡᠢ᠃ ᠠᠵᠦ ᠦᠢᠯᠡᠳᠪᠦᠷᠢ ᠶᠢᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠲᠠᠯ᠎ᠠ ᠪᠠᠷ ᠰᠢᠨ᠎ᠠ ᠲᠠᠪᠠᠯᠳᠠ ᠲᠠᠢ ᠪᠤᠯᠵᠦ᠂ ᠪᠦᠬᠦ ᠤᠷᠤᠨ ᠤ ᠬᠡᠪᠴᠢᠶᠡᠵᠢᠯ ᠠᠴᠠ ᠲᠡᠭᠡᠭᠰᠢᠬᠢ ᠨᠡᠬᠦᠷᠡᠰᠦᠨ ᠤ ᠪᠤᠰᠤ ᠠᠵᠦ ᠦᠢᠯᠡᠰ ᠤᠨ ᠨᠡᠮᠡᠭᠳᠡᠯ ᠦᠷᠳᠡᠭ ᠨᠢ 9.7% ᠪᠠᠷ ᠨᠡᠮᠡᠭᠳᠡᠵᠦ᠂ ᠬᠡᠪᠴᠢᠶᠡᠵᠢᠯ ᠠᠴᠠ ᠲᠡᠭᠡᠭᠰᠢᠬᠢ ᠠᠵᠦ ᠦᠢᠯᠡᠳᠪᠦᠷᠢ ᠶᠢᠨ ᠨᠡᠮᠡᠭᠳᠡᠯ ᠦᠷᠳᠡᠭ ᠲᠠᠬᠢ ᠡᠵᠡᠯᠡᠬᠦ ᠬᠤᠪᠢ ᠶᠢᠨ ᠵᠢᠩ ᠨᠢ 70.2% ᠲᠤ ᠬᠦᠷᠴᠤ᠂ ᠨᠡᠬᠦᠷᠡᠰᠦ᠂ ᠴᠠᠬᠢᠯᠭᠠᠨ ᠢᠶᠠᠷ ᠵᠠᠳᠠᠯᠤᠬᠰᠠᠨ ᠬᠦᠩᠬᠡᠨᠴᠠᠭᠠᠨ᠂ ᠴᠠᠬᠢᠯᠤᠭᠤᠷ ᠴᠢᠯᠠᠭᠤ᠂ ᠮᠧᠲ᠋ᠢᠯ ᠠᠯᠺᠤᠤᠯ᠂ ᠬᠤᠪᠤᠷ ᠰᠢᠷᠤᠢ ᠶᠢ ᠡᠳ᠋ᠰᠢᠬᠦᠯᠦᠨ ᠪᠤᠯᠪᠠᠰᠤᠷᠠᠭᠤᠯᠬᠤ ᠨᠤᠷᠮ᠎ᠠ ᠨᠢ ᠲᠤᠰ ᠲᠤᠰ 38.4%᠂ 57%᠂ 79%᠂ 83%᠂ 80.6% ᠳᠤ ᠬᠦᠷᠴᠡᠢ᠃ ᠰᠢᠨ᠎ᠠ ᠪᠠᠷ ᠮᠠᠨᠳᠤᠬᠰᠨᠨ ᠠᠵᠦ ᠦᠢᠯᠡᠰ ᠢ ᠪᠤᠶᠢᠵᠢᠭᠤᠯᠬᠤ ᠲᠠᠯ᠎ᠠ ᠪᠠᠷ ᠰᠢᠨ᠎ᠠ ᠲᠠᠪᠠᠯᠳᠠ ᠲᠠᠢ ᠪᠤᠯᠵᠦ᠂ 2013 — 2018 ᠤᠨ ᠪᠤᠯᠳᠠᠯ᠎ᠠ ᠪᠦᠬᠦ ᠤᠷᠤᠨ ᠤ ᠲᠡᠬᠡᠳᠤ ᠮᠡᠷᠬᠡᠵᠢᠯ ᠤᠨ ᠠᠵᠦ ᠦᠢᠯᠡᠰ ᠤᠨ ᠨᠡᠮᠡᠭᠳᠡᠯ ᠦᠷᠳᠡᠭ ᠨᠢ ᠵᠢᠯ ᠲᠤᠮᠳᠠᠴᠢ ᠪᠠᠷ 13.3% ᠪᠠᠷ ᠨᠡᠮᠡᠭᠳᠡᠵᠦ᠂ ᠠᠵᠦ ᠦᠢᠯᠡᠳᠪᠦᠷᠢ ᠶᠢᠨ ᠲᠤᠮᠳᠠᠴᠢ ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠠᠷᠢᠴᠠᠯ ᠢᠶᠠᠷ 5.4 ᠬᠤᠪᠢ ᠲᠦᠷᠬᠡᠳᠴᠤ᠂ ᠬᠤᠪᠤᠷ ᠰᠢᠷᠤᠢ ᠶᠢᠨ ᠨᠢᠬᠡᠳᠪᠦᠷᠢ᠂ ᠤᠯᠠᠨ ᠲᠠᠯᠠᠰᠳᠤ ᠴᠠᠬᠢᠭᠤᠷ ᠵᠡᠷᠬᠡ ᠶᠢᠨ ᠦᠢᠯᠡᠳᠪᠦᠷᠢᠯᠡᠯ ᠤᠨ ᠴᠢᠳᠠᠪᠤᠷᠢ᠂ ᠰᠢᠨ᠎ᠠ ᠡᠨᠧᠷᠬᠢ ᠶᠢᠨ ᠴᠠᠬᠢᠯᠭᠠᠨ ᠬᠦᠴᠦᠨ ᠤ ᠮᠠᠰᠢᠨ ᠴᠤᠬᠴᠠᠯᠠᠪᠤᠷᠢ ᠶᠢᠨ ᠪᠠᠭᠳᠠᠭᠠᠮᠵᠢ᠂ ᠲᠤᠮᠤ ᠳ᠋ᠠᠶᠢᠲ᠋ᠠ ᠶᠢᠨ ᠦᠢᠯᠡᠴᠢᠯᠡᠬᠦᠷ ᠮᠠᠰᠢᠨ ᠤ ᠪᠠᠭᠳᠠᠭᠠᠮᠵᠢ ᠨᠢ ᠪᠦᠷ ᠪᠦᠬᠦ ᠤᠯᠤᠰ ᠤᠨ ᠡᠮᠦᠨᠡᠬᠦᠷ ᠤᠷᠤᠵᠦ᠂ ᠬᠤᠪᠤᠷ ᠰᠢᠷᠤᠢ ᠶᠢᠨ ᠰᠤᠷᠢᠨᠵᠢᠨ ᠮᠠᠲ᠋ᠧᠷᠢᠶᠠᠯ ᠤᠨ ᠦᠢᠯᠡᠳᠪᠦᠷᠢᠯᠡᠯ ᠤᠨ ᠴᠢᠳᠠᠪᠤᠷᠢ ᠨᠢ ᠪᠦᠬᠦ ᠲᠡᠯᠡᠬᠡᠢ ᠳᠤ ᠲᠦᠷᠦᠬᠦᠯᠡᠵᠦ᠂ ᠰᠠᠯᠬᠢᠨ ᠬᠦᠴᠤ ᠪᠠᠷ ᠴᠠᠬᠢᠯᠭᠠᠨ ᠭᠠᠷᠭᠠᠬᠤ ᠬᠡᠮᠵᠢᠶ᠎ᠠ ᠨᠢ ᠪᠦᠬᠦ ᠤᠯᠤᠰ ᠲᠤ ᠲᠦᠷᠦᠬᠦᠯᠡᠵᠡᠢ᠃
  ᠲᠤᠮᠳᠠᠳᠤ ᠤᠯᠤᠰ ᠤᠨ ᠨᠡᠶᠢᠬᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠤᠭᠤᠳᠤ ᠶᠢᠨ ᠬᠤᠪᠤᠷ ᠰᠢᠷᠤᠢ ᠶᠢᠨ ᠰᠤᠳᠤᠯᠤᠨ ᠬᠦᠭᠵᠢᠬᠦᠯᠬᠦ ᠲᠦᠪ ᠤᠨ ᠰᠤᠳᠤᠯᠤᠨ ᠦᠢᠯᠡᠳᠦᠭᠰᠡᠨ ᠰᠢᠨ᠎ᠠ ᠬᠡᠯᠪᠡᠷᠢ ᠶᠢᠨ ᠤᠷᠴᠢᠨ ᠲᠤᠭᠤᠷᠢᠨ ᠢ ᠬᠠᠮᠠᠭᠠᠯᠠᠬᠤ ᠬᠤᠪᠤᠷ ᠰᠢᠷᠤᠢ ᠶᠢᠨ ᠰᠢᠯ ᠪᠤᠳᠤᠬᠳᠤ ᠸᠠᠭᠠᠷ ᠱᠠᠭᠠᠵᠠᠩ ᠨᠢ ᠬᠠᠷᠠᠬᠰᠠᠨ ᠪᠦᠭᠦᠨ ᠤ ᠪᠠᠭ᠋ᠠᠷᠬᠠᠯ ᠢ ᠲᠠᠳᠠᠨ᠎ᠠ᠃ ᠲᠤᠰ ᠲᠦᠪ ᠤᠨ ᠡᠷᠬᠢᠯᠡᠭᠴᠢ ᡂᠢ ᠵᠢᠶᠠᠨ ᠢ ᠶᠢᠨ ᠲᠠᠨᠢᠯᠴᠠᠭᠤᠯᠤᠬᠰᠠᠨ ᠢᠶᠠᠷ᠂ ᠡᠳᠡᠬᠡᠷ ᠸᠠᠭᠠᠷ ᠱᠠᠭᠠᠵᠠᠩ ᠤᠨ ᠦᠢᠯᠡᠳᠬᠦᠨ ᠨᠢ ᠬᠤᠪᠤᠷ ᠰᠢᠷᠤᠢ ᠶᠢᠨ ᠨᠡᠬᠦᠷᠡᠰᠦᠳᠦ᠋ᠷᠦᠭᠴᠢᠳᠤ ᠨᠢᠬᠡᠳᠪᠦᠷᠢ ᠶᠢᠨ ᠪᠤᠳᠤᠬᠳᠤ ᠡᠳ᠋ ᠢ ᠬᠡᠷᠡᠭᠯᠡᠭᠰᠡᠨ ᠠᠴᠠ ᠦᠩᠬᠡ ᠪᠤᠳᠤᠬ ᠨᠢ ᠬᠢᠯᠳᠤᠭᠠᠨᠠᠮ᠎ᠠ ᠮᠦᠷᠲᠡᠭᠡᠨ ᠬᠤᠤᠷᠳᠤᠯ ᠦᠬᠡᠢ ᠪᠠᠶᠢᠵᠦ᠂ ᠦᠩᠬᠡ ᠪᠤᠳᠤᠭ ᠨᠢ ᠠᠷᠢᠯᠬᠤ ᠦᠬᠡᠢ ᠪᠠᠷ ᠢᠶᠠᠨ ᠤᠨᠴᠠᠯᠠᠬᠲᠠᠵᠤ᠂ ᠡᠨᠡ ᠭᠦ ᠮᠡᠷᠬᠡᠵᠢᠯ ᠨᠢ ᠮᠠᠨ ᠤ ᠤᠯᠤᠰ ᠤᠨ ᠬᠤᠪᠤᠷ ᠰᠢᠷᠤᠢ ᠶᠢᠨ ᠲᠠᠭᠠᠯᠳᠠ ᠦᠷᠳᠡᠭ ᠤᠨ ᠬᠡᠷᠡᠭᠯᠡᠯᠳᠡ ᠶᠢᠨ ᠬᠦᠷᠢᠶ᠎ᠠ ᠴᠠᠷᠠᠭ᠎ᠠ ᠳᠠᠬᠢ ᠴᠢᠬᠤᠯᠠ ᠶᠡᠭᠡ ᠰᠢᠪᠲᠤᠯᠤᠯᠳᠠ ᠪᠤᠯᠤᠬᠰᠠᠨ ᠠᠵᠢ᠃ ᠤᠯᠠᠨ ᠵᠢᠯ ᠤᠨ ᠬᠦᠭᠵᠢᠯᠳᠡ ᠪᠠᠷ ᠲᠠᠮᠵᠢᠨ᠂ ᠮᠠᠨ ᠤ ᠤᠷᠤᠨ ᠨᠢᠬᠡᠨᠳᠡ ᠬᠤᠪᠤᠷ ᠰᠢᠷᠤᠢ ᠶᠢᠨ ᠲᠤᠭᠳᠠᠮᠠᠯ ᠰᠤᠷᠢᠨᠵᠢᠨ᠂ ᠬᠢᠯᠠᠶᠢᠯᠭᠠᠬᠤ ᠡᠳ᠋᠂ ᠤᠰᠤᠳᠦ᠋ᠷᠦᠭᠴᠢ ᠬᠠᠳᠠᠭᠠᠯᠠᠬᠤ ᠡᠳ᠋᠂ ᠬᠠᠶᠢᠯᠤᠰᠢ᠂ ᠲᠦᠷᠬᠡᠳᠬᠡᠬᠦᠷ ᠵᠡᠷᠬᠡ 5 ᠵᠤᠷᠪᠤᠰ ᠠᠵᠦ ᠦᠢᠯᠡᠰ ᠤᠨ ᠬᠡᠯᠬᠢᠶ᠎ᠠ ᠶᠢ ᠠᠩᠬ᠎ᠠ ᠠᠯᠬᠤᠮ ᠪᠦᠷᠢᠯᠳᠦᠬᠦᠯᠦᠭᠰᠡᠨ ᠪᠠᠶᠢᠨ᠎ᠠ᠃
  ᠮᠡᠨ ᠤ ᠤᠷᠤᠨ ᠤ ᠤᠳᠤ ᠦᠶ᠎ᠠ ᠶᠢᠨ ᠡᠨᠧᠷᠬᠢ ᠶᠢᠨ ᠠᠵᠤ ᠠᠬᠤᠢ ᠶᠢᠨ ᠬᠦᠭᠵᠢᠯᠳᠡ ᠴᠤ ᠰᠢᠨ᠎ᠠ ᠲᠠᠪᠠᠯᠳᠠ ᠶᠢ ᠪᠡᠶᠠᠯᠡᠭᠦᠯᠵᠤ᠂ ᠪᠦᠬᠦ ᠤᠷᠤᠨ ᠬᠡᠳᠤ ᠦᠨᠳᠦᠷ ᠬᠦᠴᠤᠳᠡᠯᠳᠤ᠂ ᠤᠨᠴᠠ ᠦᠨᠳᠦᠷ ᠬᠦᠴᠦᠳᠡᠯᠳᠤ ᠴᠠᠬᠢᠯᠭᠠᠨ ᠬᠦᠷᠬᠡᠬᠦ ᠱᠤᠭᠤᠮ ᠢ ᠨᠡᠶᠢᠳᠡ 16 ᠵᠤᠷᠪᠤᠰ ᠪᠦᠲᠦᠬᠡᠨ ᠪᠠᠶᠢᠭᠤᠯᠵᠦ᠂ ᠴᠠᠬᠢᠯᠭᠠᠨ ᠢ ᠭᠠᠳᠠᠬᠰᠢ ᠬᠦᠷᠬᠡᠬᠦ ᠴᠢᠳᠠᠪᠤᠷᠢ 7000 ᠲᠦᠮᠡᠨ ᠺᠢᠯᠤᠸᠠᠲ ᠲᠤ ᠬᠦᠷᠴᠤ᠂ ᠰᠢᠨ᠎ᠠ ᠡᠨᠧᠷᠬᠢ ᠪᠠᠷ ᠴᠠᠬᠢᠯᠭᠠᠨ ᠭᠠᠷᠭᠠᠬᠤ ᠮᠠᠰᠢᠨ ᠴᠤᠬᠴᠠᠯᠠᠪᠤᠷᠢ ᠨᠢ ᠪᠦᠬᠦ ᠴᠠᠬᠢᠯᠭᠠᠨ ᠭᠠᠷᠭᠠᠬᠤ ᠮᠠᠰᠢᠨ ᠴᠤᠬᠴᠠᠯᠠᠪᠤᠷᠢ ᠶᠢᠨ 33% ᠶᠢ ᠡᠵᠡᠯᠡᠵᠦ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠦᠢᠯᠡᠳᠪᠦᠷᠢᠯᠡᠯ ᠤᠨ ᠬᠡᠮᠵᠢᠶ᠎ᠠ ᠨᠢ ᠪᠦᠬᠦ ᠤᠯᠤᠰ ᠤᠨ 1/6 ᠶᠢ ᠡᠵᠡᠯᠡᠵᠦ᠂ ᠨᠡᠬᠦᠷᠡᠰᠦ ᠪᠠᠷ ᠴᠢᠯᠠᠭᠤᠨ ᠲᠤᠰᠤ ᠦᠢᠯᠡᠳᠬᠦ ᠴᠢᠳᠠᠪᠤᠷᠢ ᠪᠦᠬᠦ ᠤᠯᠤᠰ ᠤᠨ ᠬᠤᠶᠠᠳᠤᠭᠠᠷ ᠲᠤ ᠤᠷᠤᠵᠦ᠂ ᠨᠡᠬᠦᠷᠡᠰᠤ ᠪᠠᠷ ᠰᠢᠲᠠᠮᠠᠬᠠᠢ ᠬᠡᠢ ᠦᠢᠯᠡᠳᠬᠦ ᠴᠢᠳᠠᠪᠤᠷᠢ ᠪᠠ ᠦᠢᠯᠡᠳᠪᠦᠷᠢᠯᠡᠯ ᠤᠨ ᠬᠡᠮᠵᠢᠶ᠎ᠠ ᠨᠢ ᠪᠦᠷ ᠪᠦᠬᠦ ᠤᠯᠤᠰ ᠲᠤ ᠲᠦᠷᠦᠬᠦᠯᠡᠭᠰᠡᠨ ᠪᠠᠶᠢᠨ᠎ᠠ᠃ ᠪᠤᠬᠢᠷᠳᠤᠯ ᠦᠬᠡᠢ ᠬᠦᠭᠵᠢᠯᠳᠡ ᠰᠢᠨ᠎ᠠ ᠲᠠᠪᠠᠯᠳᠠ ᠲᠠᠢ ᠪᠤᠯᠵᠦ᠂ ᠪᠦᠬᠦ ᠤᠷᠤᠨ ᠤ ᠡᠷᠬᠢᠯᠳᠡᠳᠤ ᠠᠵᠦ ᠠᠬᠤᠢ ᠶᠢᠨ ᠵᠢᠱᠢᠶ᠎ᠠ ᠦᠵᠡᠬᠦᠯᠬᠦ ᠬᠦᠷᠢᠶᠡᠯᠡᠩ ᠲᠤᠭᠤᠷᠢᠬ᠂ ᠠᠵᠦ ᠠᠬᠤᠢᠢᠯᠠᠯ 89 ᠪᠤᠯᠵᠦ᠂ ᠪᠤᠬᠢᠷᠳᠤᠯ ᠦᠬᠡᠢ ᠬᠦᠭᠵᠢᠯᠳᠡ ᠶᠢᠨ ᠰᠢᠨ᠎ᠠ ᠬᠦᠳᠡᠯᠬᠡᠬᠦ ᠠᠸ᠋ᠷᠭᠢ ᠲᠠᠰᠤᠷᠠᠯᠳᠠ ᠦᠬᠡᠢ ᠴᠢᠩᠭᠠᠷᠠᠬᠰᠠᠨ ᠪᠠᠶᠢᠨ᠎ᠠ᠃ ᠵᠣᠬᠢᠶᠠᠭᠴᠢ᠄  ᠬᠠᠢ ᠴᠢᠤᠧᠠᠨ ᠬᠠᠶᠢᠷ᠎ᠠ



  
     
     