 

ᠬᠦᠷᠢᠶᠡᠯᠡᠩ ᠲᠤᠭᠤᠷᠢᠬ ᠢ ᠲᠠᠬᠢᠵᠦ ᠪᠠᠶᠢᠷᠢᠰᠢᠭᠤᠯᠬᠤ ᠦᠬᠡᠢ

2019-12-08 13:02
  202
  0
ᠮᠠᠨ ᠤ ᠤᠷᠤᠨ ᠰᠢᠨ᠎ᠠ ᠪᠠᠷ ᠬᠢᠮᠢ ᠶᠢᠨ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠬ ᠢ ᠲᠠᠬᠢᠵᠦ ᠪᠠᠶᠢᠷᠢᠰᠢᠭᠤᠯᠬᠤ ᠦᠬᠡᠢ ᠭᠡᠵᠦ ᠲᠣᠭᠲᠠᠵᠠᠢ

  ᠲᠦᠷᠦᠬᠦᠬᠡᠨ ᠦᠪᠡᠷᠳᠡᠬᠡᠨ ᠵᠠᠰᠠᠬᠤ ᠤᠷᠤᠨ ᠤ ᠠᠵᠦ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠵᠦᠪᠯᠡᠯ᠂ ᠬᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ᠂ ᠠᠮᠢ ᠠᠬᠤᠢ ᠤᠷᠴᠢᠨ ᠲᠤᠭᠤᠷᠢᠨ ᠤ ᠲᠢᠩᠬᠢᠮ ᠵᠡᠷᠬᠡ ᠰᠠᠯᠠᠭ᠎ᠠ ᠮᠦᠴᠢᠷ ᠠᠴᠠ ᠬᠠᠮᠳᠤᠷᠠᠵᠦ ᠲᠠᠷᠤᠮᠠᠯᠯᠠᠨ ᠲᠠᠷᠬᠠᠭᠠᠬᠰᠠᠨ ᠪᠢᠴᠢᠭ ᠮᠠᠲ᠋ᠧᠷᠢᠶᠠᠯ ᠳᠤ ᠦᠨᠳᠦᠰᠦᠯᠡᠪᠡᠯ᠂ ᠮᠠᠨ ᠤ ᠤᠷᠤᠨ ᠰᠢᠨ᠎ᠠ ᠪᠠᠷ ᠬᠢᠮᠢ ᠶᠢᠨ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠬ ᠢ ᠲᠠᠬᠢᠵᠦ ᠪᠠᠶᠢᠷᠢᠰᠢᠭᠤᠯᠬᠤ ᠦᠬᠡᠢ᠂ ᠠᠵᠦ ᠦᠢᠯᠡᠰ ᠤᠨ ᠵᠦᠪᠰᠢᠶᠡᠷᠡᠯ ᠤᠨ ᠪᠠᠷᠢᠮᠵᠢᠶ᠎ᠠ ᠶᠢ ᠴᠢᠩᠳᠠᠯᠠᠨ᠂ ᠠᠵᠦ ᠦᠢᠯᠡᠰ ᠢ ᠦᠬᠡᠷᠡᠴᠢᠯᠡᠨ ᠲᠡᠰ ᠲᠡᠪᠰᠢᠬᠦᠯᠬᠦ ᠶᠢ ᠠᠬᠢᠭᠤᠯᠵᠦ᠂ ᠬᠢᠮᠢ ᠶᠢᠨ ᠠᠵᠦ ᠦᠢᠯᠡᠳᠪᠦᠷᠢ ᠶᠢᠨ ᠠᠵᠢᠯ ᠲᠦᠷᠦᠯ ᠤᠨ ᠠᠮᠤᠷ ᠲᠦᠪᠰᠢᠨ ᠢᠶᠠᠷ ᠬᠦᠭᠵᠢᠬᠦ᠂ ᠪᠤᠬᠢᠷᠳᠤᠯ ᠦᠬᠡᠢ ᠪᠠᠷ ᠬᠦᠭᠵᠢᠬᠦ ᠲᠦᠪᠰᠢᠨ ᠢ ᠲᠡᠭᠡᠭᠰᠢᠯᠡᠬᠦᠯᠬᠦ ᠪᠠᠷ ᠪᠠᠶᠢᠨ᠎ᠠ᠃
  ᠡᠨᠡ ᠬᠦ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠢᠮᠢ ᠶᠢᠨ ᠠᠵᠦ ᠦᠢᠯᠡᠳᠪᠦᠷᠢ ᠶᠢᠨ ᠠᠵᠢᠯ ᠲᠦᠷᠦᠯ ᠤᠨ ᠲᠦᠷᠦᠯ ᠵᠦᠢᠯ ᠤᠨ ᠪᠦᠲᠦᠬᠡᠨ ᠪᠠᠶᠢᠭᠤᠯᠤᠯᠳᠠ ᠶᠢ ᠴᠢᠨᠠᠬᠰᠢᠳᠠ ᠵᠢᠷᠤᠮᠵᠢᠭᠤᠯᠬᠤ ᠲᠤᠭᠳᠠᠭᠠᠯ ᠤᠳ︾ ᠲᠤ᠂ ᠦᠪᠡᠷᠳᠡᠬᠡᠨ ᠵᠠᠰᠠᠬᠤ ᠤᠷᠤᠨ ᠠᠴᠠ ᠨᠢᠬᠡᠨᠳᠡ ᠵᠠᠭᠠᠬᠯᠠᠨ ᠲᠤᠭᠳᠠᠭᠠᠬᠰᠠᠨ ᠠᠮᠢ ᠠᠬᠤᠢ ᠶᠢᠨ ᠤᠷᠤᠨ ᠵᠠᠢ᠂ ᠲᠠᠷᠢᠶᠠᠯᠠᠩ ᠤᠨ ᠤᠷᠤᠨ ᠵᠠᠢ᠂ ᠬᠤᠳᠠ ᠪᠠᠯᠭᠠᠰᠤᠨ ᠤ ᠤᠷᠤᠨ ᠵᠠᠢ ᠵᠢᠴᠢ ᠠᠮᠢ ᠠᠬᠤᠢ ᠶᠢᠨ ᠬᠠᠮᠠᠭᠠᠯᠠᠯᠳᠠ ᠶᠢᠨ ᠤᠯᠠᠭᠠᠨ ᠱᠤᠭᠤᠮ᠂ ᠦᠨᠢᠳᠡ ᠶᠢᠨ ᠦᠨᠳᠦᠰᠦᠨ ᠲᠠᠷᠢᠶᠠᠨ ᠭᠠᠵᠠᠷ᠂ ᠬᠤᠳᠠ ᠪᠠᠯᠭᠠᠰᠤᠨ ᠤ ᠨᠡᠬᠡᠬᠡᠨ ᠬᠦᠭᠵᠢᠬᠦᠯᠦᠯᠳᠡ ᠶᠢᠨ ᠵᠠᠭᠠᠬ ᠬᠢᠵᠠᠭᠠᠷ ᠵᠡᠷᠬᠡ ᠡᠵᠡᠮᠳᠡᠯ ᠤᠨ ᠱᠤᠭᠤᠮ ᠢ ᠴᠢᠩᠭ᠎ᠠ ᠰᠠᠬᠢᠨ᠂ ᠲᠡᠭᠡᠷ᠎ᠠ ᠲᠤᠷᠠᠳᠤᠬᠰᠠᠨ ᠭᠠᠵᠠᠷ ᠲᠤ ᠬᠢᠮᠢ ᠶᠢᠨ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠬ ᠢ ᠰᠢᠨ᠎ᠠ ︵ᠦᠬᠡᠷᠡᠴᠢᠯᠡᠵᠦ᠂ ᠦᠷᠬᠡᠳᠭᠡᠵᠦ︶ ᠪᠠᠷ ᠪᠦᠲᠦᠬᠡᠨ ᠪᠠᠶᠢᠭᠤᠯᠬᠤ ᠶᠢ ᠬᠠᠷᠭᠤᠭᠤᠯᠤᠨ ᠵᠦᠪᠰᠢᠶᠡᠷᠡᠵᠦ ᠪᠤᠯᠬᠤ ᠦᠬᠡᠢ᠂ ᠲᠠᠩᠰᠠᠯᠠᠭᠤᠯᠵᠦ ᠪᠤᠯᠬᠤ ᠦᠬᠡᠢ ᠬᠡᠵᠦ ᠱᠠᠭᠠᠷᠳᠠᠬᠰᠠᠨ ᠪᠠᠶᠢᠨ᠎ᠠ᠃ ᠬᠠᠮᠳᠤ ᠳᠤᠨᠢ᠂ ᠲᠦᠷᠦᠯ ᠵᠦᠢᠯ ᠢ ᠬᠦᠷᠢᠶᠡᠯᠡᠩ ᠲᠤᠭᠤᠷᠢᠬ ᠲᠡᠶᠢᠰᠢ ᠲᠦᠪᠯᠡᠷᠡᠬᠦᠯᠬᠦ ᠶᠢ ᠠᠬᠢᠭᠤᠯᠵᠦ᠂ ᠤᠳᠤ ᠪᠠᠶᠢᠭ᠎ᠠ ᠬᠢᠮᠢ ᠶᠢᠨ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠬ ᠠᠴᠠ ᠭᠠᠳᠠᠨ᠎ᠠ᠂ ᠰᠢᠨ᠎ᠠ ᠪᠠᠷ ᠬᠢᠮᠢ ᠶᠢᠨ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠬ ᠢ ᠲᠠᠬᠢᠵᠦ ᠪᠠᠶᠢᠷᠢᠰᠢᠭᠤᠯᠬᠤ ᠦᠬᠡᠢ᠂ ᠤᠳᠤ ᠪᠠᠶᠢᠭ᠎ᠠ ᠬᠦᠷᠢᠶᠡᠯᠡᠩ ᠲᠤᠭᠤᠷᠢᠬ ᠤᠨ ᠲᠠᠯᠠᠪᠠᠢ ᠶᠢ ᠦᠷᠬᠡᠳᠬᠡᠬᠦ ᠳᠤ᠂ ᠰᠤᠩᠭᠠᠷᠢ ᠮᠦᠷᠡᠨ᠂ ᠬᠠᠢ ᠾᠧ ᠭᠤᠤᠯ᠂ ᠯᠢᠶᠤᠤ ᠾᠧ ᠭᠤᠤᠯ᠂ ᠬᠠᠳᠤᠨ ᠭᠤᠤᠯ ᠤᠨ ᠲᠤᠮᠳᠠ ᠲᠡᠭᠡᠳᠤ ᠤᠷᠤᠰᠬᠠᠯ ᠤᠨ ᠲᠦᠷᠪᠡᠨ ᠭᠤᠤᠯᠳᠠᠯᠭ᠎ᠠ ᠲᠠᠢ ᠰᠠᠪᠠ ᠭᠠᠵᠠᠷ ᠤᠨ ᠮᠨᠨ ᠤ ᠤᠷᠤᠨ ᠳᠠᠬᠢ ᠬᠡᠰᠡᠭ ᠵᠢᠴᠢ ᠭᠤᠤᠯ ᠪᠤᠯᠬᠤ ᠰᠠᠯᠪᠤᠷᠢ ᠤᠷᠤᠰᠬᠠᠯ ᠤᠨ ᠬᠦᠪᠡᠭᠡ ᠠᠴᠠ ᠨᠠᠭᠠᠳᠤ ᠵᠠᠬ᠎ᠠ ᠳᠠᠭᠠᠨ 1 ᠺᠢᠯᠣᠮᠧᠲᠷ ᠵᠠᠶᠢᠳᠠᠢ ᠪᠠᠶᠢᠬᠤ᠂ ᠠᠮᠤᠷ ᠲᠦᠪᠰᠢᠨ ᠤ ᠪᠠᠭᠳᠠᠭᠠᠮᠵᠢ ᠨᠢ ᠡᠵᠡᠮᠳᠡᠯ ᠠᠴᠠ ᠲᠠᠪᠠᠭᠰᠠᠨ ᠬᠦᠷᠢᠶᠡᠯᠡᠩ ᠲᠤᠭᠤᠷᠢᠬ ᠤᠨ ᠬᠢᠮᠢ ᠶᠢᠨ ᠠᠵᠦ ᠦᠢᠯᠡᠳᠪᠦᠷᠢ ᠶᠢᠨ ᠲᠦᠷᠦᠯ ᠵᠦᠢᠯ ᠢ ᠰᠢᠨ᠎ᠠ ︵ᠦᠬᠡᠷᠡᠴᠢᠯᠡᠵᠦ᠂ ᠦᠷᠬᠡᠳᠬᠡᠵᠦ︶ ᠪᠠᠷ ᠪᠦᠲᠦᠬᠡᠨ ᠪᠠᠶᠢᠭᠤᠯᠬᠤ ᠶᠢ ᠴᠢᠩᠭ᠎ᠠ ᠬᠤᠷᠢᠬᠯᠠᠬᠤ᠂ ᠬᠦᠳᠡᠯᠮᠦᠷᠢ ᠨᠢᠬᠳᠠᠷᠠᠬᠰᠠᠨ ᠬᠡᠯᠪᠡᠷᠢ ᠶᠢᠨ ᠬᠢᠮᠢ ᠶᠢᠨ ᠠᠵᠦ ᠦᠢᠯᠡᠳᠪᠦᠷᠢ ᠶᠢᠨ ᠪᠤᠰᠤ ᠠᠵᠦ ᠠᠬᠤᠢᠢᠯᠠᠯ ᠢ ᠬᠢᠮᠢ ᠶᠢᠨ ᠠᠵᠦ ᠦᠢᠯᠡᠳᠪᠦᠷᠢ ᠶᠢᠨ ᠠᠵᠦ ᠠᠬᠤᠢᠢᠯᠠᠯ ᠲᠠᠢ ᠠᠳᠠᠯᠢ ᠨᠢᠬᠡ ᠬᠦᠷᠢᠶᠡᠯᠡᠩ ᠲᠤᠭᠤᠷᠢᠬ ᠤᠨ ᠲᠤᠳᠤᠷ᠎ᠠ ᠴᠤᠬ ᠢᠶᠠᠷ ᠪᠦᠲᠦᠬᠡᠨ ᠪᠠᠶᠢᠭᠤᠯᠵᠦ ᠪᠤᠯᠬᠤ ᠦᠬᠡᠢ ᠬᠡᠵᠦ ᠱᠠᠭᠠᠷᠳᠠᠵᠠᠢ᠃
  ︽ᠲᠤᠭᠳᠠᠭᠠᠯ︾ ᠳᠤ᠂ ᠪᠠᠰᠠ ᠠᠵᠦ ᠦᠢᠯᠡᠰ ᠤᠨ ᠵᠦᠪᠰᠢᠶᠡᠷᠡᠯ ᠤᠨ ᠪᠠᠷᠢᠮᠵᠢᠶ᠎ᠠ ᠶᠢ ᠴᠢᠩᠳᠠᠯᠠᠨ᠂ ᠬᠡᠤᠷᠡᠰᠤ᠂ ᠴᠠᠬᠢᠯᠤᠭᠤᠷ ᠴᠢᠯᠠᠭᠤ᠂ PVC᠂ ᠰᠢᠬᠡᠰᠦᠯᠢᠭ ᠡᠳ᠋ ᠵᠡᠷᠬᠡ ᠠᠵᠢᠯ ᠲᠦᠷᠦᠯ ᠤᠨ ᠰᠢᠨ᠎ᠠ ᠪᠠᠷ ᠨᠡᠮᠡᠭᠳᠡᠬᠦᠯᠬᠦ ᠦᠢᠯᠡᠳᠪᠦᠷᠢᠯᠡᠯ ᠤᠨ ᠴᠢᠳᠠᠪᠤᠷᠢ ᠶᠢ ᠡᠵᠡᠮᠳᠡᠵᠦ᠂ ᠪᠦᠲᠦᠬᠡᠨ ᠪᠠᠶᠢᠭᠤᠯᠬᠤ ᠴᠢᠬᠤᠯᠠᠳᠠᠢ ᠲᠦᠷᠦᠯ ᠵᠦᠢᠯ ᠳ᠋ᠤ᠋ ᠠᠳᠠᠯᠢ ᠬᠡᠮᠵᠢᠶ᠎ᠠ ᠪᠠᠷ ᠪᠤᠶᠤ ᠬᠠᠰᠤᠬᠳᠠᠯ ᠬᠡᠮᠵᠢᠶ᠎ᠠ ᠪᠠᠷ ᠰᠤᠯᠢᠬᠤ ᠶᠢ ᠬᠡᠷᠡᠭᠵᠢᠬᠦᠯᠦᠨ᠂ ᠰᠢᠨ᠎ᠠ ︵ᠦᠬᠡᠷᠡᠴᠢᠯᠡᠵᠦ᠂ ᠦᠷᠬᠡᠳᠬᠡᠵᠦ︶ ᠪᠠᠷ ᠪᠦᠲᠦᠬᠡᠨ ᠪᠠᠶᠢᠭᠤᠯᠬᠤ ᠬᠢᠮᠢ ᠶᠢᠨ ᠠᠵᠦ ᠦᠢᠯᠡᠳᠪᠦᠷᠢ ᠶᠢᠨ ᠲᠦᠷᠦᠯ ᠵᠦᠢᠯ ᠨᠢ ᠡᠷᠬᠡᠪᠰᠢ ᠲᠦᠯᠦᠪᠵᠢᠬᠦᠯᠬᠡ ᠶᠢᠨ ᠤᠷᠴᠢᠨ ᠲᠤᠭᠤᠷᠢᠨ ᠤ ᠦᠨᠡᠯᠡᠨ ᠵᠢᠱᠢᠯᠳᠡ ᠬᠢᠭᠰᠡᠨ ᠵᠢᠴᠢ ᠬᠢᠨᠠᠨ ᠪᠠᠶᠢᠴᠠᠭᠠᠬᠰᠠᠨ ᠰᠠᠨᠠᠯ ᠤᠨ ᠬᠠᠮᠢᠶ᠎ᠠ ᠪᠦᠬᠦᠢ ᠱᠠᠭᠠᠷᠳᠠᠯᠭ᠎ᠠ ᠳᠤ ᠨᠡᠶᠢᠴᠡᠭᠰᠡᠨ ᠪᠠᠶᠢᠵᠦ᠂ ᠦᠢᠯᠡᠳᠪᠦᠷᠢᠯᠡᠯ ᠤᠨ ᠲᠤᠮᠳᠠ ᠭᠠᠷᠭᠠᠬᠰᠠᠨ ᠬᠠᠶᠠᠬᠳᠠᠮᠠᠯ ᠤᠰᠤ ᠶᠢ ᠰᠢᠭᠤᠳ ᠭᠠᠳᠠᠭᠰᠢᠯᠠᠭᠤᠯᠬᠤ ᠶᠢ ᠴᠢᠩᠭ᠎ᠠ ᠬᠤᠷᠢᠬᠯᠠᠨ᠂ ᠦᠢᠯᠡᠳᠪᠦᠷᠢᠯᠠᠯ ᠤᠨ ᠲᠤᠮᠳᠠ ᠭᠠᠷᠭᠠᠬᠰᠠᠨ ᠪᠤᠬᠢᠷ ᠰᠢᠪᠠᠷ ᠪᠤᠶᠤ ᠲᠠᠪᠤᠰᠤᠨ ᠰᠢᠪᠠᠷ ᠢ ᠠᠶᠤᠯᠳᠠᠢ ᠬᠠᠶᠠᠬᠳᠠᠮᠠᠯ ᠪᠤᠳᠠᠰ ᠢᠶᠠᠷ ᠰᠢᠢᠳᠪᠦᠷᠢᠯᠡᠨ᠂ ᠰᠢᠷᠬᠢᠬᠡᠬᠦ ᠴᠦᠬᠦᠷᠦᠮ᠂ ᠬᠠᠳᠠᠭᠠᠬᠤ ᠴᠦᠬᠦᠷᠦᠮ᠂ ᠢᠰᠦᠯᠳᠦᠬᠦᠯᠬᠦ ᠴᠦᠬᠦᠷᠦᠮ᠂ ᠲᠦᠷ ᠨᠦᠬᠡᠴᠡᠯᠡᠬᠦ ᠴᠦᠬᠦᠷᠦᠮ ᠵᠡᠷᠬᠡ ᠶᠢ ᠠᠶᠤᠯᠳᠠᠢ ᠬᠠᠶᠠᠬᠳᠠᠮᠠᠯ ᠪᠤᠳᠠᠰ ᠢ ᠪᠤᠯᠠᠬᠤ ᠲᠠᠯᠠᠪᠠᠢ ᠶᠢᠨ ᠪᠠᠷᠢᠮᠵᠢᠶ᠎ᠠ ᠶᠤᠰᠤᠭᠠᠷ ᠪᠦᠲᠦᠬᠡᠨ ᠪᠠᠶᠢᠭᠤᠯᠬᠤ ᠶᠢ ᠱᠠᠭᠠᠷᠳᠠᠬᠰᠠᠨ ᠪᠠᠶᠢᠨ᠎ᠠ᠃ ᠡᠬᠦᠨ ᠠᠴᠠ ᠭᠠᠳᠠᠨ᠎ᠠ᠂ ︽ᠲᠤᠭᠳᠠᠭᠠᠯ︾ ᠳᠤ ᠪᠠᠰᠠ ᠤᠳᠤ ᠪᠠᠶᠢᠭ᠎ᠠ ᠬᠢᠮᠢ ᠶᠢᠨ ᠠᠵᠦ ᠦᠢᠯᠡᠳᠪᠦᠷᠢ ᠶᠢᠨ ᠠᠵᠦ ᠠᠬᠤᠢᠢᠯᠠᠯ ᠳᠤ ᠮᠡᠷᠬᠡᠵᠢᠯ ᠤᠨ ᠦᠬᠡᠷᠡᠴᠢᠯᠡᠨ ᠰᠠᠶᠢᠵᠢᠷᠠᠭᠤᠯᠤᠯᠳᠠ ᠬᠢᠬᠦ ᠶᠢ ᠲᠦᠷᠬᠡᠳᠬᠡᠨ᠂ ᠡᠨᠧᠷᠬᠢ ᠶᠢᠨ ᠬᠤᠷᠤᠬᠳᠠᠯ᠂ ᠤᠷᠴᠢᠨ ᠲᠤᠭᠤᠷᠢᠨ ᠤ ᠬᠠᠮᠠᠭᠠᠯᠠᠯᠳᠠ᠂ ᠠᠮᠤᠷ ᠲᠦᠪᠰᠢᠨ᠂ ᠮᠡᠷᠬᠡᠵᠢᠯ᠂ ᠶᠠᠰᠤ ᠴᠢᠨᠠᠷ ᠤᠨ ᠪᠠᠷᠢᠮᠵᠢᠶ᠎ᠠ ᠳᠤ ᠨᠡᠶᠢᠴᠡᠬᠦ ᠦᠬᠡᠢ ᠠᠵᠦ ᠠᠬᠤᠢᠢᠯᠠᠯ ᠢ ᠬᠤᠭᠤᠴᠠᠭ᠎ᠠ ᠲᠤᠭᠳᠠᠭᠠᠨ ᠦᠬᠡᠷᠡᠴᠢᠯᠡᠨ ᠰᠠᠶᠢᠵᠢᠷᠠᠭᠤᠯᠤᠯᠳᠠ ᠬᠢᠯᠬᠡᠵᠦ᠂ ᠬᠠᠯᠠᠨ ᠰᠠᠶᠢᠵᠢᠷᠠᠭᠤᠯᠤᠭᠠᠳ ᠪᠠᠰᠠ ᠪᠠᠷᠢᠮᠵᠢᠶ᠎ᠠ ᠳᠤ ᠬᠦᠷᠬᠦ ᠦᠬᠡᠢ ᠶᠢ ᠨᠢ ᠬᠠᠤᠯᠢ ᠶᠤᠰᠤᠭᠠᠷ ᠬᠠᠭᠠᠵᠦ ᠰᠢᠭᠰᠢᠭᠳᠡᠬᠦᠯᠬᠦ ᠶᠢᠨ ᠬᠠᠮᠳᠤ᠂ ᠪᠤᠬᠢᠷᠳᠤᠯ ᠦᠬᠡᠢ ᠪᠠᠷ ᠦᠢᠯᠡᠳᠪᠦᠷᠢᠯᠡᠬᠦ᠂ ᠤᠶᠤᠨ ᠴᠢᠳᠠᠪᠤᠷᠢᠳᠤ ᠡᠵᠡᠮᠳᠡᠯ ᠵᠡᠷᠬᠡ ᠲᠡᠷᠢᠬᠦᠨ ᠤ ᠮᠡᠷᠬᠡᠵᠢᠯ ᠢ ᠠᠰᠢᠬᠯᠠᠨ ᠤᠳᠤ ᠪᠠᠶᠢᠭ᠎ᠠ ᠦᠢᠯᠡᠳᠪᠦᠷᠢᠯᠡᠯ ᠤᠨ ᠲᠤᠨᠤᠬᠯᠠᠯ ᠲᠦᠬᠦᠬᠡᠷᠦᠮᠵᠢ ᠶᠢ ᠦᠬᠡᠷᠡᠴᠢᠯᠡᠨ ᠰᠠᠶᠢᠵᠢᠷᠠᠭᠤᠯᠵᠦ ᠲᠡᠭᠡᠭᠰᠢᠯᠡᠬᠦᠯᠬᠦ ᠶᠢ ᠲᠡᠮᠵᠢᠵᠦ᠂ ᠦᠨᠳᠦᠷ ᠬᠠᠯᠠᠭᠤᠨ᠂ ᠦᠨᠳᠦᠷ ᠲᠠᠷᠤᠴᠠ᠂ ᠠᠮᠠᠷᠬᠠᠨ ᠰᠢᠲᠠᠬᠤ᠂ ᠠᠮᠠᠷᠬᠠᠨ ᠲᠡᠯᠪᠡᠷᠡᠬᠦ᠂ ᠠᠮᠠᠷᠬᠠᠨ ᠬᠤᠤᠷᠠᠳᠠᠬᠳᠠᠬᠤ᠂ ᠢᠳᠡᠮᠡᠬᠡᠢ ᠴᠢᠨᠠᠷᠳᠠᠢ᠂ ᠰᠡᠳᠡᠯᠳᠡ ᠶᠢᠨ ᠴᠢᠨᠠᠷᠳᠠᠢ ᠵᠡᠷᠬᠡ ᠬᠢᠮᠢ ᠶᠢᠨ ᠠᠵᠦ ᠦᠢᠯᠡᠳᠪᠦᠷᠢ ᠶᠢᠨ ᠠᠶᠤᠯ ᠶᠡᠭᠡᠳᠡᠢ ᠦᠢᠯᠡᠳᠪᠦᠷᠢᠯᠡᠯ ᠤᠨ ᠠᠯᠬᠤᠮ ᠲᠠᠷᠠᠭ᠎ᠠ ᠪᠠ ᠭᠤᠬᠴᠤᠭ᠎ᠠ ᠳᠤ ︽ᠮᠠᠰᠢᠨ ᠬᠦᠮᠦᠨ ᠢᠶᠠᠷ ᠠᠵᠢᠯᠴᠢᠨ ᠢ ᠤᠷᠤᠯᠠᠭᠤᠯᠬᠤ᠂ ᠠᠦ᠋ᠲ᠋ᠤᠴᠢᠯᠠᠯᠳᠠ ᠪᠠᠷ ᠠᠵᠢᠯᠴᠢᠨ ᠢ ᠴᠦᠬᠡᠳᠬᠡᠬᠦ︾ ᠶᠢ ᠱᠠᠭᠠᠷᠳᠠᠬᠰᠠᠨ ᠪᠠᠶᠢᠨ᠎ᠠ᠃ ᠵᠣᠬᠢᠶᠠᠭᠴᠢ᠄  ᠬᠠᠢ ᠴᠢᠤᠧᠠ 



  
     
     