-
2153642
ᠶᠠᠭᠠᠬᠢᠪᠠᠯ ᠰᠠᠶ᠋ᠢ ᠰᠢᠯᠢᠳᠡᠭ ᠤᠷᠠᠨ ᠪᠦᠳᠦᠭᠡᠯ ᠢ ᠲᠤᠭᠤᠷᠪᠢᠵᠤ ᠴᠢᠳᠠᠬᠤ ᠪᠤᠢ
2019-09-23 11:18
583
0
ᠰᠢ ᠶᠢᠨ ᠫᠢᠩ ᠤᠨ ᠤᠳᠬ᠎ᠠ ᠤᠷᠠᠯᠢᠭ ᠤᠨ ᠳᠤᠬᠠᠢ ᠦᠭᠦᠯᠡᠯᠳᠡ ᠨᠢ ᠨᠡᠶᠢᠭᠡᠮ ᠵᠢᠷᠤᠮ ᠤᠨ ᠤᠳᠬ᠎ᠠ ᠤᠷᠠᠯᠢᠭ ᠤᠨ ᠬᠦᠭᠵᠢᠯᠳᠡ ᠶᠢᠨ ᠵᠠᠮ ᠳᠤ ᠨᠢᠭᠡᠨ ᠭᠡᠷᠡᠯᠳᠤ ᠴᠠᠮᠬᠠᠭ ᠪᠤᠯᠵᠤ ᠪᠠᠶᠢᠭ᠎ᠠ ᠶᠤᠮ᠃ ᠤᠷᠠᠨ ᠪᠦᠳᠦᠬᠡᠯᠴᠢᠳ ᠰᠢᠯᠢᠳᠡᠭ ᠤᠷᠠᠨ ᠪᠦᠳᠦᠭᠡᠯ ᠢ ᠵᠤᠬᠢᠶᠠᠨ ᠪᠦᠳᠦᠬᠡᠬᠦ ᠳᠤ ᠡᠷᠬᠡᠪᠰᠢ ᠡᠨᠡ ᠬᠦ ᠵᠢᠯᠤᠭᠤᠳᠬᠤ ᠦᠵᠡᠯ ᠰᠠᠨᠠᠭ᠎ᠠ ᠪᠠᠷ ᠭᠤᠤᠯ ᠪᠤᠯᠭᠠᠬᠤ ᠶᠢ ᠤᠮᠳᠤᠭᠠᠶᠢᠯᠠᠵᠤ ᠪᠤᠯᠬᠤ ᠦᠭᠡᠢ᠃ ᠨᠡᠶᠢᠭᠡᠮ ᠵᠢᠷᠤᠮ ᠤᠨ ᠤᠳᠬ᠎ᠠ ᠤᠷᠠᠯᠢᠭ ᠢ ᠮᠦᠨ ᠴᠢᠨᠠᠷ ᠠᠴᠠ ᠨᠢ ᠠᠪᠴᠤ ᠬᠡᠯᠡᠪᠡᠯ ᠳᠠᠷᠤᠢ ᠠᠷᠠᠳ ᠲᠦᠮᠡᠨ ᠤ ᠤᠳᠬ᠎ᠠ ᠤᠷᠠᠯᠢᠭ ᠪᠤᠯᠤᠨ᠎ᠠ᠂ ᠮᠠᠨ ᠤ ᠤᠷᠠᠨ ᠵᠤᠬᠢᠶᠠᠯ ᠪᠤᠯ ᠠᠷᠠᠳ ᠲᠦᠮᠡᠨ ᠢᠶᠠᠷ ᠭᠤᠤᠯ ᠪᠤᠯᠭᠠᠭᠰᠠᠨ ᠨᠡᠶᠢᠭᠡᠮ ᠵᠢᠷᠤᠮ ᠤᠨ ᠤᠷᠠᠨ ᠵᠤᠬᠢᠶᠠᠯ ᠶᠤᠮ᠃
ᠵᠤᠬᠢᠶᠠᠨ ᠪᠦᠳᠦᠭᠡᠯᠭᠡ ᠶᠢᠨ ᠦᠢᠯᠡᠰ ᠤᠨ ᠬᠦᠭᠵᠢᠯᠳᠡ ᠶᠢ ᠠᠬᠢᠭᠤᠯᠬᠤ ᠳᠤ ᠶᠠᠭᠠᠬᠢᠪᠠᠯ ᠰᠠᠶ᠋ᠢ ᠵᠢᠩᠭᠢᠨᠢ ᠠᠷᠠᠳ ᠲᠦᠮᠡᠨ ᠤ ᠰᠡᠳᠭᠢᠯ ᠤᠨ ᠬᠦᠪᠴᠢ ᠶᠢ ᠳᠤᠷᠭᠢᠭᠤᠯᠤᠭᠰᠠᠨ᠂ ᠠᠷᠠᠳ ᠤᠯᠠᠨ ᠳᠤ ᠲᠠᠭᠠᠰᠢᠶᠠᠬᠳᠠᠬᠰᠠᠨ᠂ ᠳᠠᠪᠰᠢᠭᠰᠠᠨ ᠰᠤᠶᠤᠯ ᠢ ᠲᠦᠯᠦᠭᠡᠯᠡᠭᠰᠡᠨ ᠤᠷᠠᠨ ᠪᠦᠳᠦᠭᠡᠯ ᠢ ᠵᠤᠬᠢᠶᠠᠨ ᠪᠦᠳᠦᠬᠡᠵᠤ ᠴᠢᠳᠠᠬᠤ ᠪᠤᠢ︖ ᠭᠡᠳᠡᠭ ᠠᠰᠠᠭᠤᠯᠳᠠ ᠲᠠᠯᠪᠢᠭᠳᠠᠨ᠎ᠠ᠃
ᠶᠡᠷᠦᠩᠭᠡᠢ ᠱᠦᠵᠢ ᠰᠢ ᠶᠢᠨ ᠫᠢᠩ 2014 ᠤᠨ ᠤ 10 ᠰᠠᠷ᠎ᠠ ᠶᠢᠨ 15 ᠤ ᠡᠳᠦᠷ᠂ ᠤᠳᠬ᠎ᠠ ᠤᠷᠠᠯᠢᠭ ᠤᠨ ᠠᠵᠢᠯ ᠤᠨ ᠶᠠᠷᠢᠯᠴᠠᠬᠤ ᠬᠤᠷᠠᠯ ᠢ ᠦᠪᠡᠷ ᠤᠨ ᠪᠡᠶ᠎ᠡ ᠪᠠᠷ ᠢᠶᠠᠨ ᠡᠷᠬᠢᠯᠡᠵᠦ᠂ ᠴᠢᠬᠤᠯᠠ ᠶᠠᠷᠢᠶ᠎ᠠ ᠲᠠᠯᠪᠢᠵᠤ᠂ ᠤᠳᠬ᠎ᠠ ᠤᠷᠠᠯᠢᠭ ᠤᠨ ᠳᠤᠬᠠᠢ ᠴᠠᠭ ᠦᠶ᠎ᠡ ᠶᠢᠨ ᠱᠠᠭᠠᠷᠳᠠᠯᠭ᠎ᠠ ᠪᠤᠯᠤᠨ ᠡᠭᠦᠷᠭᠡ ᠬᠠᠷᠢᠭᠤᠴᠠᠯᠭ᠎ᠠ ᠶᠢ ᠲᠤᠳᠤᠷᠬᠠᠶᠢᠯᠠᠵᠤ᠂ ᠨᠠᠮ ᠤᠨ ᠲᠦᠪ ᠬᠤᠷᠢᠶ᠎ᠠ ᠠᠴᠠ ︽ᠨᠡᠶᠢᠭᠡᠮ ᠵᠢᠷᠤᠮ ᠤᠨ ᠤᠳᠬ᠎ᠠ ᠤᠷᠠᠯᠢᠭ ᠢ ᠴᠡᠴᠡᠭᠯᠡᠭᠦᠯᠦᠨ ᠬᠦᠭᠵᠢᠭᠦᠯᠬᠦ ᠳᠤᠬᠠᠢ ᠰᠠᠨᠠᠯ︾ ᠢ ᠳᠤᠭᠳᠠᠭᠠᠵᠤ ᠲᠠᠷᠤᠮᠠᠯᠯᠠᠨ ᠲᠠᠷᠬᠠᠭᠠᠵᠤ ᠪᠢᠯᠡ᠃ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ ᠠᠷᠪᠠᠳᠤᠭᠠᠷ ᠤᠳᠠᠭ᠎ᠠ ᠶᠢᠨ ᠪᠦᠬᠦ ᠤᠯᠤᠰ ᠤᠨ ᠲᠦᠯᠦᠬᠡᠯᠡᠭᠴᠢᠳ ᠤᠨ ᠶᠡᠭᠡ ᠬᠤᠷᠠᠯ᠂ ᠳᠤᠮᠳᠠᠳᠤ ᠤᠯᠤᠰ ᠤᠨ ᠵᠤᠬᠢᠶᠠᠯᠴᠢᠳ ᠤᠨ ᠡᠪᠯᠡᠯ ᠤᠨ ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠡᠬᠢᠯᠡᠯᠳᠡ ᠶᠢᠨ ᠶᠤᠰᠤᠯᠠᠯ ᠳᠡᠭᠡᠷ᠎ᠡ ᠶᠡᠷᠦᠩᠬᠡᠢ ᠱᠦᠵᠢ ᠰᠢ ᠶᠢᠨ ᠫᠢᠩ ᠪᠠᠰᠠ ᠴᠢᠬᠤᠯᠠ ᠶᠠᠷᠢᠶ᠎ᠠ ᠲᠠᠯᠪᠢᠵᠤ ᠤᠳᠬ᠎ᠠ ᠤᠷᠠᠯᠢᠭ ᠤᠨ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠯᠳᠠ ᠶᠢᠨ ᠬᠦᠭᠵᠢᠯ ᠳᠡᠪᠰᠢᠯ᠂ ᠰᠢᠨ᠎ᠡ ᠴᠠᠭ ᠦᠶ᠎ᠡ ᠶᠢᠨ ᠬᠦᠭᠵᠢᠯᠳᠠ ᠳᠠᠬᠢ ᠴᠢᠬᠤᠯᠠ ᠪᠠᠶᠢᠷᠢ ᠰᠠᠭᠤᠷᠢ ᠪᠤᠯᠤᠨ ᠡᠭᠦᠷᠭᠡ ᠶᠢ ᠳᠠᠬᠢᠨᠳᠠ ᠴᠢᠬᠤᠯᠠᠴᠢᠯᠠᠨ ᠦᠭᠦᠯᠡᠭᠰᠡᠨ ᠪᠠᠶᠢᠳᠠᠭ᠂ ᠮᠦᠨ ᠴᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠳᠡᠭᠡᠷ᠎ᠡ ︽ᠰᠤᠶᠤᠯ ᠤᠨ ᠢᠳᠡᠭᠡᠯ︾ ᠤᠨ ᠴᠢᠬᠤᠯᠠ ᠴᠢᠨᠠᠷ ᠢ ᠳᠤᠷᠠᠳᠴᠤ᠂ ᠵᠤᠬᠢᠶᠠᠯᠴᠢ ᠤᠷᠠᠯᠢᠭᠴᠢ ᠨᠢᠭᠡᠪᠤᠷᠢ ᠳᠤᠮᠳᠠᠳᠤ ᠶᠢᠨ ᠦᠨᠳᠦᠰᠦᠳᠡᠨ ᠤ ᠤᠷᠳᠤ ᠤᠳᠠᠭᠠᠨ ᠲᠡᠦᠬᠡ ᠲᠠᠢ ᠰᠤᠶᠤᠯ ᠢᠶᠠᠨ ᠤᠯᠠᠮᠵᠢᠯᠠᠨ ᠬᠦᠭᠵᠢᠬᠦᠯᠬᠦ ᠡᠬᠦᠷᠬᠡ ᠬᠠᠷᠢᠭᠤᠴᠠᠯᠭ᠎ᠠ ᠶᠢ ᠡᠭᠦᠷᠭᠡᠯᠡᠵᠦ᠂ ︽ᠤᠭ ᠰᠠᠨᠠᠭ᠎ᠠ ᠪᠠᠨ ᠦᠯᠦ ᠮᠠᠷᠳᠠᠨ︾ ᠦᠵᠡᠭᠦᠯᠪᠡᠰᠦ ᠵᠤᠬᠢᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠵᠡᠷᠬᠡ ᠤᠯᠠᠨ ᠲᠠᠯ᠎ᠠ ᠪᠠᠷ ᠦᠭᠦᠯᠡᠭᠰᠡᠨ ᠪᠠᠶᠢᠨ᠎ᠠ᠃
ᠲᠡᠭᠡᠪᠡᠯ᠂ ᠶᠠᠭᠠᠬᠢᠪᠠᠯ ᠰᠠᠶ᠋ᠢ ᠰᠢᠯᠢᠳᠡᠭ ᠪᠦᠳᠦᠭᠡᠯ ᠢ ᠲᠤᠭᠤᠷᠪᠢᠵᠤ ᠴᠢᠳᠠᠬᠤ ᠪᠤᠢ︖ ᠡᠨᠡ ᠠᠰᠠᠭᠤᠳᠠᠯ ᠪᠤᠯ ᠪᠢᠳᠡᠨ ᠤ ᠴᠠᠭ ᠢᠮᠠᠭᠳ᠋ᠨ ᠪᠤᠳᠤᠯᠬᠢᠯᠠᠬᠤ ᠴᠢᠬᠤᠯᠠᠳᠠᠢ ᠠᠰᠠᠭᠤᠯᠳᠠ ᠪᠤᠯᠬᠤ ᠶᠤᠮ᠃ ᠡᠨᠡ ᠳᠤᠬᠠᠢ ᠦᠢᠯᠡᠳᠦᠯᠭᠡ ᠳᠤᠮᠳᠠ ᠠᠴᠠ ᠬᠠᠷᠢᠭᠤᠯᠳᠠ ᠤᠯᠬᠤ ᠬᠡᠷᠡᠭᠳᠡᠢ᠂ ᠮᠢᠨᠤ ᠬᠤᠪᠢ ᠬᠦᠮᠦᠨ ᠤ ᠤᠶᠢᠯᠠᠭᠠᠯᠳᠠ ᠪᠠᠷ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠰᠢᠯᠢᠳᠡᠭ ᠪᠦᠳᠦᠭᠡᠯ ᠢ ᠲᠤᠭᠤᠷᠪᠢᠬᠤ ᠳᠤ ᠳᠤᠤᠷᠠᠬᠢ ᠨᠦᠭᠦᠴᠡᠯ ᠤᠳ ᠢ ᠪᠦᠷᠢᠯᠳᠦᠭᠦᠯᠬᠦ ᠭᠡᠷᠡᠭᠳᠡᠢ᠄
ᠨᠢᠭᠡ᠂ ᠠᠷᠠᠳ ᠲᠦᠮᠡᠨ ᠢᠶᠠᠷ ᠭᠤᠤᠯ ᠪᠤᠯᠭᠠᠬᠤ ᠵᠤᠬᠢᠶᠠᠨ ᠪᠦᠳᠦᠭᠡᠯᠭᠡ ᠶᠢᠨ ᠦᠨᠳᠦᠰᠦᠨ ᠵᠤᠷᠢᠯᠳᠠ ᠶᠢ ᠪᠡᠶᠡᠯᠡᠬᠦᠯᠬᠦ ᠬᠡᠷᠡᠭᠳᠡᠢ᠃ ᠤᠳᠬ᠎ᠠ ᠤᠷᠠᠯᠢᠭ ᠤᠨ ᠨᠢᠭᠡ ᠰᠠᠶᠢᠨ ᠪᠦᠳᠦᠭᠡᠯ ᠨᠢ ᠠᠷᠠᠳ ᠲᠦᠮᠡᠨ ᠤ ᠰᠡᠳᠭᠢᠯ ᠰᠠᠨᠠᠭ᠎ᠠ ᠤᠶᠤᠨ ᠪᠢᠯᠢᠭ ᠢ ᠨᠢ ᠭᠡᠭᠡᠷᠡᠭᠦᠯᠬᠦ ᠳᠤ ᠵᠤᠷᠢᠭᠤᠯᠤᠭᠳᠠᠭᠰᠠᠨ ᠪᠠᠶᠢᠬᠤ ᠬᠡᠷᠡᠭᠳᠡᠢ᠃ ᠵᠦᠪᠬᠡᠨ ᠬᠤᠪᠢ ᠬᠦᠮᠦᠨ ᠤ ᠬᠡᠭᠰᠡᠷᠡᠯ᠂ ᠭᠢᠩᠭᠢᠨᠡᠯ ᠪᠤᠶᠤ ᠳᠤᠳᠤᠭᠠᠳᠤ ᠤᠷᠮᠠᠰ ᠪᠠᠶᠢᠵᠤ ᠬᠦᠳᠡᠯᠮᠤᠷᠢᠴᠢᠨ ᠠᠷᠠᠳ ᠲᠦᠮᠡᠨ ᠤ ᠠᠮᠢᠳᠤᠷᠠᠯ ᠬᠤᠪᠢ ᠵᠠᠶᠠᠭ᠎ᠠ ᠠᠴᠠ ᠰᠠᠯᠤᠩᠬᠢᠷᠠᠬᠰᠠᠨ ᠬᠦᠨᠳᠡᠢ ᠬᠤᠭᠤᠰᠤᠨ ᠪᠦᠳᠦᠭᠡᠯ ᠨᠢ ᠰᠢᠯᠢᠳᠡᠭ ᠪᠦᠳᠦᠭᠡᠯ ᠳᠤ ᠡᠰᠡ ᠬᠠᠷᠢᠶᠠᠯᠠᠭᠳᠠᠨ᠂ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠤᠶᠤᠨ ᠰᠠᠨᠠᠭᠠᠨ ᠤ ᠬᠦᠨᠡᠰᠦ ᠪᠤᠯᠵᠤ ᠴᠢᠳᠠᠬᠤ ᠦᠭᠡᠢ ᠶᠤᠮ᠃ ᠡᠶᠢᠮᠦ ᠠᠴᠠ ᠠᠷᠠᠳ ᠲᠦᠮᠡᠨ ᠢᠶᠠᠷ ᠭᠤᠤᠯ ᠪᠤᠯᠭᠠᠬᠤ ᠭᠡᠳᠡᠭ ᠵᠤᠬᠢᠶᠠᠨ ᠪᠦᠳᠦᠭᠡᠯᠭᠡ ᠶᠢᠨ ᠵᠤᠷᠢᠯᠳᠠ ᠠᠴᠠ ᠰᠠᠯᠵᠤ ᠵᠤᠬᠢᠶᠠᠨ ᠪᠦᠳᠦᠭᠡᠯᠭᠡ ᠬᠢᠨ᠎ᠡ ᠭᠡᠳᠡᠭ ᠨᠢ ᠰᠢᠯᠢᠳᠡᠭ ᠪᠦᠳᠦᠭᠡᠯ ᠭᠠᠷᠭᠠᠬᠤ ᠠᠴᠠ ᠬᠤᠯᠠ ᠪᠠᠶᠢᠨ᠎ᠠ ᠭᠡᠰᠡᠨ ᠤᠴᠢᠷ ᠪᠤᠯᠬᠤ ᠶᠤᠮ᠃
ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠭᠡᠯ ᠳᠤ ᠳᠤᠷᠠᠳᠤᠭᠰᠠᠨ ︽ᠠᠷᠠᠳ ᠲᠦᠮᠡᠨ ᠢᠶᠠᠷ ᠭᠤᠤᠯ ᠪᠤᠯᠭᠠᠬᠤ ᠵᠤᠬᠢᠶᠠᠨ ᠪᠦᠳᠦᠭᠡᠬᠦ ᠤᠳᠤᠷᠢᠳᠤᠮᠵᠢ ᠶᠢ ᠪᠠᠷᠢᠮᠳᠠᠯᠠᠬᠤ︾᠂ ︽ᠦᠵᠡᠯ ᠰᠠᠨᠠᠭ᠎ᠠ ᠭᠦᠨᠵᠡᠭᠡᠢ᠂ ᠤᠷᠠᠯᠢᠭ ᠨᠢ ᠭᠤᠶᠢᠳᠠ᠂ ᠵᠤᠬᠢᠶᠠᠨ ᠪᠦᠳᠦᠭᠡᠯᠭᠡ ᠨᠢ ᠤᠬᠢ ᠰᠠᠶᠢᠨ ᠪᠠᠶᠢᠬᠤ ᠶᠢ ᠨᠢᠭᠡᠳᠦᠭᠦᠯᠬᠦ︾᠂ ︽ᠠᠬᠤᠢ ᠰᠡᠳᠦᠪᠳᠦ ᠵᠤᠬᠢᠶᠠᠨ ᠪᠦᠳᠦᠭᠡᠯᠭᠡ ᠶᠢ ᠴᠢᠩᠭᠠᠳᠬᠠᠬᠤ︾᠂ ︽ᠤᠳᠬ᠎ᠠ ᠤᠷᠠᠯᠢᠭ ᠤᠨ ᠤᠨᠤᠯ ᠡᠭᠦᠳᠦᠯᠳᠡ ᠶᠢᠨ ᠬᠦᠴᠦᠨ ᠢ ᠳᠡᠭᠡᠭᠰᠢᠯᠡᠭᠦᠯᠬᠦ︾᠂ ︽ᠳᠦᠷᠪᠡ ᠶᠢ ᠮᠠᠭᠳᠠᠨ ᠳᠠᠭᠤᠯᠠᠬᠤ︾᠂ ︽ᠭᠤᠷᠪᠠ ᠶᠢ ᠡᠷᠬᠢᠮᠡᠯᠡᠬᠦ︾᠂ ︽ᠭᠤᠷᠪᠠ ᠶᠢ ᠡᠰᠡᠷᠭᠦᠴᠡᠬᠦ︾᠂ ︽ᠡᠷᠳᠡᠮ ᠰᠢᠨᠵᠢᠯᠡᠭᠡᠨ ᠤ ᠠᠷᠠᠳᠴᠢᠯᠠᠯ᠂ ᠤᠷᠠᠯᠢᠭ ᠤᠨ ᠠᠷᠠᠳᠴᠢᠯᠠᠯ ᠢ ᠪᠠᠳᠠᠷᠠᠭᠤᠯᠬᠤ︾᠂ ︽ᠪᠦᠳᠦᠭᠡᠯᠴᠢ ᠴᠢᠨᠠᠷᠳᠠᠢ ᠪᠠᠷ ᠬᠤᠪᠢᠷᠠᠭᠤᠯᠵᠤ᠂ ᠰᠢᠨ᠎ᠡ ᠶᠢ ᠡᠭᠦᠳᠦᠨ ᠬᠦᠭᠵᠢᠭᠦᠯᠬᠦ︾᠂ ︽ᠮᠤᠷᠠᠯ ᠡᠷᠳᠡᠮ ᠬᠤᠤᠰᠯᠠᠭᠰᠠᠨ ᠦᠢ ᠤᠯᠠᠨ ᠠᠯᠳᠠᠷᠳᠠᠨ ᠪᠠᠭᠰᠢᠳᠠᠨ ᠢ ᠬᠦᠮᠦᠵᠢᠭᠦᠯᠬᠦ᠂ ᠦᠨᠳᠦᠷ ᠳᠦᠪᠰᠢᠨ ᠪᠦᠬᠦᠢ ᠦᠢ ᠤᠯᠠᠨ ᠵᠤᠬᠢᠶᠠᠨ ᠪᠦᠳᠦᠭᠡᠬᠦ ᠴᠢᠳᠠᠪᠤᠷᠢᠳᠡᠨ ᠢ ᠬᠦᠮᠦᠵᠢᠭᠦᠯᠬᠦ︾ ᠵᠢᠭᠠᠪᠤᠷᠢ ᠵᠢᠯᠤᠭᠤᠳᠤᠯᠭ᠎ᠠ ᠪᠤᠯ ᠮᠠᠨ ᠤ ᠤᠳᠬ᠎ᠠ ᠤᠷᠠᠯᠢᠭ ᠤᠨ ᠠᠵᠢᠯ ᠤᠨ ᠰᠢᠨ᠎ᠡ ᠴᠠᠭ ᠦᠶ᠎ᠡ ᠶᠢᠨ ᠠᠶᠠᠯᠠᠯ ᠵᠠᠮᠨᠠᠯ ᠤᠨ ᠭᠡᠷᠡᠯᠳᠦ ᠴᠠᠮᠬᠠᠭ ᠪᠠᠶᠢᠭ᠎ᠠ ᠶᠤᠮ᠃
ᠬᠤᠶᠠᠷ᠂ ᠰᠤᠶᠤᠯ ᠤᠨ ᠢᠳᠡᠭᠡᠯ ᠢᠶᠠᠨ ᠪᠠᠳᠤᠳᠬᠠᠵᠤ᠂ ᠦᠨᠳᠦᠰᠦᠳᠡᠨ ᠤ ᠵᠤᠷᠢᠭ ᠰᠠᠨᠠᠭ᠎ᠠ ᠪᠠᠨ ᠬᠦᠪᠴᠢᠯᠡᠬᠦ ᠨᠢ ᠮᠤᠩᠭᠤᠯ ᠤᠷᠠᠨ ᠵᠤᠬᠢᠶᠠᠯ ᠤᠨ ᠳᠡᠭᠡᠭᠰᠢᠯᠡᠨ ᠬᠦᠭᠵᠢᠬᠦ ᠶᠢᠨ ᠪᠠᠳᠤ ᠰᠠᠭᠤᠷᠢ ᠶᠤᠮ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ ᠶᠡᠷᠦᠩᠬᠡᠢ ᠱᠦᠵᠢ ᠰᠢ ᠶᠢᠨ ᠫᠢᠩ ︽ᠰᠤᠶᠤᠯ ᠤᠨ ᠢᠳᠡᠭᠡᠯ︾ ᠤᠨ ᠳᠤᠬᠠᠢ ᠴᠢᠬᠤᠯᠠᠴᠢᠯᠠᠨ ᠳᠤᠷᠠᠳᠴᠤ᠂ ᠳᠤᠮᠳᠠᠳᠤ ᠶᠢᠨ ᠦᠨᠳᠦᠰᠦᠳᠡᠨ ᠤ ᠤᠷᠳᠤ ᠤᠳᠠᠭᠠᠨ ᠵᠢᠯ ᠤᠨ ᠲᠡᠦᠬᠡ ᠲᠠᠢ ᠭᠠᠶᠢᠬᠠᠮᠰᠢᠭᠳᠤ ᠰᠤᠶᠤᠯ ᠢᠶᠠᠨ ᠦᠪᠯᠡᠨ ᠤᠯᠠᠮᠵᠢᠯᠠᠬᠤ ᠡᠭᠦᠷᠭᠡ ᠬᠠᠷᠢᠭᠤᠴᠠᠯᠭ᠎ᠠ ᠶᠢ ᠲᠤᠳᠤᠷᠬᠠᠶᠢᠯᠠᠵᠤ᠂ ᠨᠢᠭᠡ ᠦᠨᠳᠦᠰᠦᠳᠡᠨ ᠤ ᠬᠦᠭᠵᠢᠯᠳᠡ ᠳᠤ ᠰᠤᠶᠤᠯ ᠤᠨ ᠢᠳᠡᠭᠡᠯ ᠨᠢ ᠭᠡᠴᠢᠨᠡᠨ ᠴᠢᠬᠤᠯᠠ ᠭᠡᠳᠡᠭ ᠢ ᠦᠭᠦᠯᠡᠭᠰᠡᠨ ᠪᠠᠶᠢᠳᠠᠭ᠃ ᠤᠷᠠᠨ ᠪᠦᠳᠦᠬᠡᠯᠴᠢᠳ ᠪᠤᠯ ︽ᠤᠶᠤᠨ ᠤ ᠢᠨᠵᠧᠨ᠋ᠧᠷ︾ ᠪᠠᠶᠢᠭ᠎ᠠ ᠶᠤᠮ᠃ ᠡᠪᠦᠭᠡ ᠳᠡᠭᠡᠳᠦᠰ ᠠᠴᠠ ᠤᠯᠠᠮᠵᠢᠯᠠᠭᠰᠠᠨ ᠰᠤᠶᠤᠯ ᠠᠴᠠ ᠪᠠᠨ ᠲᠡᠷᠰᠯᠡᠵᠦ᠂ ᠡᠰᠡᠭᠦᠯ᠎ᠡ ᠮᠠᠷᠳᠠᠵᠤ ᠤᠬᠢ ᠰᠢᠯᠢᠳᠡᠭ ᠤᠷᠠᠨ ᠪᠦᠳᠦᠭᠡᠯ ᠲᠤᠭᠤᠷᠪᠢᠨ᠎ᠠ ᠭᠡᠳᠡᠭ ᠪᠤᠯ ᠪᠠᠶᠢᠵᠤ ᠪᠤᠯᠤᠰᠢ ᠦᠭᠡᠢ ᠬᠡᠷᠡᠭ ᠶᠤᠮ᠃ ᠤᠭ ᠰᠠᠨᠠᠭ᠎ᠠ ᠪᠠᠨ ᠦᠯᠦ ᠮᠠᠷᠳᠠᠵᠤ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠦ᠂ ᠦᠨᠳᠦᠰᠦᠳᠡᠨ ᠤ ᠰᠤᠶᠤᠯ ᠢᠶᠠᠨ ᠬᠦᠭᠵᠢᠭᠦᠯᠬᠦ ᠡᠬᠦᠳᠡᠨ ᠠᠴᠠ ᠠᠷᠠᠳ ᠲᠦᠮᠡᠨ ᠤ ᠰᠤᠶᠤᠯ ᠰᠡᠳᠭᠢᠴᠡ ᠶᠢ ᠬᠦᠨᠵᠡᠭᠡᠶᠢᠷᠡᠭᠦᠯᠦᠭᠰᠡᠨ᠂ ᠤᠷᠤᠰᠢᠵᠤ ᠪᠠᠶᠢᠭ᠎ᠠ ᠴᠠᠭ ᠦᠶ᠎ᠡ ᠳᠡᠭᠡᠨ ᠬᠠᠷᠢᠭᠤᠴᠠᠭᠰᠠᠨ᠂ ᠨᠡᠶᠢᠭᠡᠮ ᠳᠤ ᠬᠠᠷᠢᠭᠤᠴᠠᠭᠰᠠᠨ᠂ ᠤᠯᠠᠨ ᠲᠦᠮᠡᠨ ᠤ ᠬᠦᠰᠡᠯ ᠮᠦᠷᠦᠭᠡᠳᠦᠯ ᠳᠤ ᠬᠠᠷᠢᠭᠤᠴᠠᠵᠤ ᠵᠤᠬᠢᠶᠠᠨ ᠪᠦᠳᠦᠭᠡᠭᠰᠡᠨ ᠵᠤᠬᠢᠶᠠᠯ ᠪᠦᠳᠦᠭᠡᠯ ᠪᠤᠯ ᠰᠠᠶ᠋ᠢ ᠰᠢᠯᠢᠳᠡᠭ ᠪᠦᠳᠦᠭᠡᠯ ᠪᠤᠯᠵᠤ ᠴᠢᠳᠠᠬᠤ ᠶᠤᠮ᠃ ᠡᠨᠡ ᠪᠤᠯ ᠳᠠᠷᠤᠢ ᠰᠤᠶᠤᠯ ᠤᠨ ᠬᠠᠷᠢᠭᠤᠴᠠᠯᠭᠠᠳᠤ ᠴᠢᠨᠠᠷ ᠠᠴᠠ ᠰᠢᠯᠳᠠᠭᠠᠯᠠᠵᠤ ᠪᠠᠶᠢᠭ᠎ᠠ ᠶᠢᠨ ᠦᠨᠳᠦᠰᠦ ᠰᠤᠷᠪᠤᠯᠵᠢ ᠶᠤᠮ᠃
ᠮᠤᠩᠭᠤᠯ ᠤᠷᠠᠨ ᠵᠤᠬᠢᠶᠠᠯ ᠤᠨ ᠬᠤᠪᠢ ᠠᠴᠠ ᠶᠠᠷᠢᠬᠤ ᠳᠤ ᠦᠨᠳᠦᠰᠦᠳᠡᠨ ᠤ ᠰᠤᠶᠤᠯ ᠰᠡᠳᠭᠢᠴᠡ ᠨᠢ ᠠᠷᠠᠳ ᠲᠦᠮᠡᠨ ᠤ ᠦᠢᠯᠡᠳᠪᠤᠷᠢᠯᠡᠯ ᠠᠮᠢᠳᠤᠷᠠᠯ ᠤᠨ ᠬᠦᠭᠵᠢᠯᠳᠡ ᠶᠢᠨ ᠶᠠᠪᠤᠴᠠ ᠳᠤ ᠪᠤᠢ ᠪᠤᠯᠤᠭᠰᠠᠨ ᠭᠤᠸ᠎ᠠ ᠰᠠᠶᠢᠬᠠᠨ ᠤ ᠦᠨ᠎ᠡ ᠦᠷᠳᠡᠭ ᠲᠤ ᠪᠡᠶᠡᠯᠡᠯ ᠢᠶᠠᠨ ᠤᠯᠤᠭᠰᠠᠨ ᠨᠢᠭᠡᠨ ᠤᠷᠤᠰᠢᠬᠤᠢ ᠪᠠᠶᠢᠭ᠎ᠠ ᠶᠤᠮ᠃ ᠡᠨᠡᠬᠦ ᠪᠤᠳᠠᠭᠠᠯᠢ ᠴᠢᠨᠠᠷ ᠢᠶᠠᠨ ᠠᠭᠤᠳᠠᠯᠵᠤ ᠲᠡᠭᠦᠨ ᠤ ᠳᠤᠮᠳᠠ ᠠᠴᠠ ᠭᠤᠸ᠎ᠠ ᠰᠠᠶᠢᠠᠬᠨ ᠤ ᠦᠨ᠎ᠡ ᠦᠷᠳᠡᠭ ᠢ ᠢᠯᠡᠷᠡᠭᠦᠯᠵᠦ ᠴᠢᠳᠠᠪᠠᠯ ᠰᠠᠶ᠋ᠢ ᠳᠡᠯᠡᠬᠡᠢ ᠳ᠋ᠠᠬᠢᠨ ᠳᠤ ᠦᠪᠡᠷ ᠤᠨ ᠠᠭᠤᠤ ᠶᠡᠭᠡ ᠤᠷᠠᠯᠢᠭ ᠢᠶᠠᠨ ᠭᠠᠶᠢᠬᠠᠭᠤᠯᠵᠤ᠂ ᠦᠵᠡᠭᠦᠯᠪᠡᠰᠦ ᠵᠤᠬᠢᠬᠤ ᠬᠤᠪᠢ ᠨᠡᠮᠡᠷᠢ ᠪᠠᠨ ᠤᠷᠤᠭᠤᠯᠵᠤ ᠴᠢᠳᠠᠬᠤ ᠶᠤᠮ᠃
ᠭᠤᠷᠪᠠ᠂ ᠤᠳᠬ᠎ᠠ ᠤᠷᠠᠯᠢᠭ ᠤᠨ ᠭᠤᠸ᠎ᠠ ᠵᠦᠢ ᠶᠢᠨ ᠪᠠᠷᠢᠮᠳᠠᠯᠠᠯ᠂ ᠦᠨᠡᠨ ᠰᠠᠶᠢᠨ ᠰᠠᠶᠢᠬᠠᠨ ᠤ ᠬᠦᠭᠡᠭᠡᠴᠡᠯᠳᠦᠯ ᠪᠤᠯ ᠤᠷᠠᠨ ᠵᠤᠬᠢᠶᠠᠯ ᠤᠨ ᠵᠤᠬᠢᠶᠠᠨ ᠪᠦᠳᠦᠭᠡᠯᠭᠡ ᠶᠢᠨ ᠤᠷᠤᠰᠢᠨ ᠳᠤᠭᠳᠠᠨᠢᠬᠤ ᠶᠢᠨ ᠵᠠᠩᠭᠢᠯᠠᠭ᠎ᠠ ᠪᠤᠯᠬᠤ ᠶᠤᠮ᠃ ︽ᠶᠡᠷᠦᠩᠬᠡᠢ ᠱᠦᠵᠢ ᠰᠢ ᠶᠢᠨ ᠫᠢᠩ ᠤᠨ ︿ᠬᠡᠯᠡᠭᠰᠡᠨ ᠦᠭᠡ﹀ ᠳᠤ ︿ᠢᠳᠡᠭᠡᠯ ᠪᠢᠰᠢᠷᠡᠯ ᠤᠨ ᠰᠠᠶᠢᠬᠠᠨ﹀᠂ ︿ᠡᠷᠬᠢᠮ ᠳᠡᠭᠡᠳᠦ ᠶᠢᠨ ᠰᠠᠶᠢᠬᠠᠨ﹀᠂ ︿ᠴᠢᠨᠠᠷ ᠲᠡᠰ ᠤᠨ ᠰᠠᠶᠢᠠᠬᠨ﹀᠂ ︿ᠠᠮᠢᠳᠤᠷᠠᠯ ᠤᠨ ᠰᠠᠶᠢᠬᠠᠨ﹀᠂ ︿ᠭᠤᠸ᠎ᠠ ᠰᠠᠶᠢᠠᠬᠨ ᠤ ᠢᠯᠡᠷᠡᠭᠦᠯᠦᠯ﹀᠂ ︵ᠭᠤᠸ᠎ᠠ ᠰᠠᠶᠢᠠᠬᠨ ᠤ ᠡᠭᠦᠳᠦᠯᠳᠡ﹀ ᠵᠡᠷᠭᠡ ᠠᠯᠢ ᠤᠯᠠᠨ ᠭᠤᠸ᠎ᠠ ᠵᠦᠢ ᠶᠢᠨ ᠬᠦᠷᠢᠶ᠎ᠡ ᠴᠠᠷᠠᠭ᠎ᠠ ᠤᠬᠠᠭᠳᠠᠬᠤᠨ ᠲᠠᠢ ᠤᠶᠢᠷᠠᠳᠤᠭᠤᠯᠵᠤ ︿ᠳᠤᠮᠳᠠᠳᠤ ᠶᠢᠨ ᠭᠤᠸ᠎ᠠ ᠵᠦᠢ ᠶᠢᠨ ᠵᠤᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠬᠤ﹀ ᠴᠢᠬᠤᠯᠠ ᠰᠡᠳᠦᠪ ᠢ ᠳᠤᠷᠠᠳᠤᠭᠰᠠᠨ ᠪᠠᠶᠢᠨ᠎ᠠ᠂ ᠲᠡᠭᠦᠨ ᠤ ᠦᠨᠢᠷ ᠪᠠᠶᠠᠯᠢᠭ ᠭᠤᠸ᠎ᠠ ᠵᠦᠢ ᠶᠢᠨ ᠦᠵᠡᠯ ᠰᠠᠨᠠᠭ᠎ᠠ ᠨᠢ ᠭᠤᠤᠯᠳᠠᠭᠤ ᠨᠡᠶᠢᠭᠡᠮ ᠤᠨ ᠬᠦᠰᠡᠯᠡᠩ ᠪᠠ ᠭᠤᠸ᠎ᠠ ᠲᠠᠭᠠᠰᠢᠶᠠᠯ ᠤᠨ ᠬᠦᠰᠡᠯᠡᠩ ᠤᠨ ᠳᠤᠬᠠᠢ ᠦᠭᠦᠯᠡᠯᠳᠡ ᠳᠤ ᠨᠢ ᠢᠯᠡᠷᠡᠵᠦ ᠪᠠᠶᠢᠳᠠᠭ᠃︾ ᠭᠡᠵᠦ ᠠᠯᠳᠠᠷᠳᠤ ᠰᠢᠭᠦᠮᠵᠢᠯᠡᠭᠴᠢ ᠴ᠊ · ᠵᠢᠷᠭᠠᠯ ᠦᠭᠦᠯᠡᠭᠰᠡᠨ ᠪᠠᠶᠢᠳᠠᠭ᠃ ᠤᠷᠠᠨ ᠪᠦᠳᠦᠭᠡᠯ ᠨᠢ ᠶᠠᠮᠠᠷ ᠴᠤ ᠭᠤᠸ᠎ᠠ ᠰᠠᠶᠢᠬᠠᠨ ᠤ ᠲᠠᠨᠢᠯᠳᠠ ᠦᠭᠡᠢ᠂ ᠶᠠᠮᠠᠷ ᠴᠤ ᠰᠢᠨ᠎ᠡ ᠰᠡᠷᠡᠯ ᠮᠡᠳᠡᠷᠡᠮᠵᠢ ᠦᠭᠡᠢ᠂ ᠶᠠᠮᠠᠷ ᠴᠤ ᠨᠢᠭᠡ ᠤᠷᠠᠯᠢᠭ ᠤᠨ ᠨᠢᠳᠦ ᠪᠠᠷ ᠢᠯᠡᠷᠡᠭᠦᠯᠦᠭᠰᠡᠨ ᠨᠠᠭᠡᠭᠡᠯᠳᠡ ᠦᠭᠡᠢ ᠪᠤᠯ ᠲᠡᠭᠦᠨ ᠤ ᠤᠷᠠᠯᠢᠭ ᠤᠨ ᠠᠮᠢ ᠨᠠᠰᠤ ᠤᠷᠤᠰᠢᠨ ᠳᠤᠭᠳᠠᠨᠢᠨᠠ ᠭᠡᠳᠡᠭ ᠴᠢᠳᠠᠰᠢ ᠦᠭᠡᠢ ᠬᠡᠷᠡᠭ ᠶᠤᠮ᠃
ᠳᠦᠷᠪᠡ᠂ ᠰᠢᠯᠢᠳᠡᠭ ᠤᠷᠠᠨ ᠪᠦᠳᠦᠭᠡᠯ ᠢ ᠲᠤᠭᠤᠷᠪᠢᠶᠠ ᠭᠡᠪᠡᠯ ᠡᠷᠬᠡᠪᠰᠢ ᠠᠷᠠᠳ ᠲᠦᠮᠡᠨ ᠤ ᠳᠤᠮᠳᠠ ᠬᠦᠨᠵᠡᠭᠡᠶᠢᠷᠡᠵᠦ᠂ ᠠᠮᠢᠳᠤᠷᠠᠯ ᠰᠤᠶᠤᠯ ᠵᠠᠩ ᠦᠢᠯᠡ ᠶᠢ ᠲᠠᠨᠢᠨ ᠮᠡᠳᠡᠷᠡᠵᠦ᠂ ᠲᠡᠭᠦᠨ ᠢ ᠤᠷᠠᠯᠢᠭ ᠤᠨ ᠦᠨᠳᠦᠷ ᠳᠦᠪᠰᠢᠨ ᠳᠤ ᠬᠦᠷᠭᠡᠬᠦ ᠤᠶᠤᠨ ᠤ ᠪᠢᠷ᠎ᠠ ᠴᠢᠳᠠᠯ ᠢ ᠪᠦᠷᠢᠯᠳᠦᠭᠦᠯᠬᠦ ᠬᠡᠷᠡᠭᠳᠡᠢ᠃ ᠠᠮᠢᠳᠤᠷᠠᠯ ᠢ ᠪᠡᠶᠡᠴᠢᠯᠡᠨ ᠤᠶᠢᠯᠠᠭᠠᠭᠠ ᠦᠭᠡᠢ᠂ ᠳᠤᠬᠠᠢ ᠶᠢᠨ ᠭᠠᠵᠠᠷ ᠤᠨ ᠦᠨᠳᠦᠰᠦᠨ ᠪᠠᠶᠢᠳᠠᠯ ᠢ ᠮᠡᠳᠡᠬᠦ ᠦᠭᠡᠢ᠂ ᠵᠠᠩ ᠦᠢᠯᠡ ᠰᠤᠶᠤᠯ ᠤᠨ ᠲᠠᠯ᠎ᠠ ᠶᠢᠨ ᠬᠦᠷᠳᠡᠭᠡᠮᠵᠢ ᠦᠭᠡᠢ ᠶᠤᠮ ᠪᠤᠯ ᠲᠠᠨ ᠤ ᠢᠯᠡᠷᠡᠭᠦᠯᠦᠨ᠎ᠡ ᠭᠡᠰᠡᠨ ᠵᠦᠢᠯ ᠴᠢᠨᠢ ᠪᠤᠳᠠᠳᠤ ᠦᠨᠡᠨ ᠠᠴᠠ ᠭᠠᠵᠢᠬᠤ ᠮᠦᠷᠳᠡᠭᠡᠨ ᠬᠡᠶᠢᠰᠪᠤᠷᠢ ᠬᠦᠩᠭᠡᠨ᠂ ᠦᠨᠡᠮᠰᠢᠯ ᠦᠭᠡᠢ ᠪᠤᠯᠤᠨ᠎ᠠ᠃ ᠤᠳᠬ᠎ᠠ ᠤᠷᠠᠯᠢᠭᠴᠢᠳ ᠡᠷᠬᠡᠪᠰᠢ ᠦᠨᠡᠨ ᠠᠴᠠ ᠵᠦᠪ ᠢ ᠡᠷᠢᠬᠦ ᠵᠤᠷᠢᠭ ᠰᠠᠨᠠᠭ᠎ᠠ ᠶᠢ ᠪᠠᠳᠠᠷᠠᠭᠤᠯᠵᠤ ᠠᠷᠠᠳ ᠲᠦᠮᠡᠨ ᠤ ᠠᠮᠢᠳᠤᠷᠠᠯ ᠲᠡᠮᠡᠴᠡᠯ ᠢ ᠬᠠᠷᠠᠭᠤᠯᠵᠤ ᠴᠢᠳᠠᠭᠰᠠᠨ᠂ ᠴᠢᠰᠤ ᠮᠢᠬ᠎ᠠ ᠲᠠᠢ ᠠᠮᠢᠳᠤ ᠲᠦᠷᠢ ᠶᠢ ᠪᠦᠳᠦᠭᠡᠭᠰᠡᠨ ᠪᠠᠶᠢᠬᠤ ᠬᠡᠷᠡᠭᠳᠡᠢ᠃ ᠠᠮᠢᠳᠤᠷᠠᠯ ᠠᠴᠠ ᠰᠠᠯᠵᠤ᠂ ᠬᠤᠭᠤᠰᠤᠨ ᠰᠢᠷᠡᠭᠡ ᠳᠦᠰᠢᠵᠦ᠂ ᠬᠡᠢ ᠰᠡᠳᠭᠢᠵᠦ ᠪᠢᠴᠢᠭᠰᠡᠨ ᠵᠦᠢᠯ ᠠᠷᠠᠳ ᠲᠦᠮᠡᠨ ᠢᠶᠠᠷ ᠦᠨᠳᠦᠰᠦ ᠪᠤᠯᠭᠠᠭᠰᠠᠨ ᠤᠬᠢ ᠰᠤᠳᠤᠨ ᠪᠦᠳᠦᠭᠡᠯ ᠪᠤᠯᠵᠤ ᠴᠢᠳᠠᠬᠤ ᠦᠭᠡᠢ ᠨᠢ ᠮᠡᠳᠡᠭᠡᠵᠢ᠃ ᠠᠷᠠᠳ ᠲᠦᠮᠡᠨ ᠢᠶᠠᠷ ᠭᠤᠤᠯ ᠪᠤᠯᠭᠠᠬᠤ ᠶᠢ ᠶᠡᠷᠦᠩᠭᠡᠢ ᠱᠦᠵᠢ ᠰᠢ ᠶᠢᠨ ᠫᠢᠩ ᠴᠢᠬᠤᠯᠠᠴᠢᠯᠠᠨ ᠵᠢᠭᠠᠵᠤ ᠭᠠᠷᠭᠠᠭᠰᠠᠨ ᠨᠢ ᠮᠠᠨ ᠤ ᠤᠳᠬ᠎ᠠ ᠤᠷᠠᠯᠢᠭᠴᠢᠳ ᠤᠨ ᠵᠤᠬᠢᠶᠠᠨ ᠪᠦᠳᠦᠭᠡᠯᠬᠡ ᠶᠢᠨ ᠵᠤᠷᠢᠯᠭ᠎ᠠ ᠬᠠᠨᠳᠤᠯᠭ᠎ᠠ ᠶᠢ ᠳᠤᠳᠤᠷᠬᠠᠢ ᠵᠢᠭᠠᠵᠤ ᠦᠭᠬᠦᠭᠰᠡᠨ ᠪᠠᠶᠢᠳᠠᠭ᠃
ᠲᠠᠪᠤ᠂ ᠰᠢᠯᠢᠳᠡᠭ ᠪᠦᠳᠦᠭᠡᠯ ᠢ ᠲᠤᠭᠤᠷᠪᠢᠶᠡ ᠭᠡᠪᠡᠯ ᠤᠳᠬ᠎ᠠ ᠵᠤᠬᠢᠶᠠᠯ ᠤᠷᠠᠯᠢᠭ ᠢ ᠵᠠᠬ᠎ᠠ ᠳᠡᠯᠭᠡᠭᠦᠷ ᠤᠨ ᠪᠤᠭᠤᠯ ᠪᠤᠯᠭᠠᠵᠤ ᠶᠠᠭᠠᠬᠢᠭᠰᠠᠨ ᠴᠤ ᠪᠤᠯᠬᠤ ᠦᠭᠡᠢ᠃ ᠤᠳᠬ᠎ᠠ ᠤᠷᠠᠯᠢᠭ ᠤᠨ ᠪᠦᠳᠦᠭᠡᠭᠳᠡᠭᠦᠨ ᠪᠤᠯ ᠨᠢᠭᠡᠨ ᠤᠨᠴᠠᠭᠠᠢ ᠪᠦᠳᠦᠭᠡᠭᠳᠡᠭᠦᠨ ᠶᠤᠮ᠃ ᠲᠡᠷᠡ ᠨᠢ ᠨᠡᠶᠢᠭᠡᠮ ᠤᠨ ᠦᠷ᠎ᠡ ᠠᠰᠢᠭ ᠪᠤᠯᠤᠨ ᠠᠵᠤ ᠠᠬᠤᠢ ᠶᠢᠨ ᠦᠷ᠎ᠡ ᠠᠰᠢᠭ ᠢ ᠨᠢᠭᠡᠳᠭᠡᠭᠰᠡᠨ ᠦᠢᠯᠡᠳᠭᠦᠨ ᠪᠦᠭᠡᠳ ᠨᠡᠶᠢᠭᠡᠮ ᠤᠨ ᠦᠷ᠎ᠡ ᠠᠰᠢᠭ ᠢ ᠲᠡᠷᠢᠭᠦᠨ ᠪᠠᠶᠢᠷᠢᠨ ᠳᠤ ᠲᠠᠯᠪᠢᠵᠤ᠂ ᠨᠡᠶᠢᠭᠡᠮ ᠤᠨ ᠦᠷ᠎ᠡ ᠠᠰᠢᠭ ᠢᠶᠠᠷ ᠠᠵᠤ ᠠᠬᠤᠢ ᠶᠢᠨ ᠦᠷ᠎ᠡ ᠠᠰᠢᠭ ᠢ ᠨᠢ ᠭᠦᠳᠦᠯᠳᠡᠭ᠂ ᠬᠠᠷᠢᠨ ᠤᠷᠠᠨ ᠵᠤᠬᠢᠶᠠᠯ ᠢ ᠵᠠᠬ᠎ᠠ ᠳᠡᠯᠭᠡᠭᠦᠷ ᠤᠨ ᠪᠤᠭᠤᠯ ᠪᠤᠯᠭᠠᠪᠠᠯ ᠲᠡᠷᠡ ᠨᠢ ᠴᠢᠭᠯᠡᠯ ᠢᠶᠠᠨ ᠠᠯᠳᠠᠬᠤ ᠪᠠᠷ ᠪᠠᠷᠠᠬᠤ ᠦᠬᠡᠢ᠂ ᠤᠳᠬ᠎ᠠ ᠤᠷᠠᠯᠢᠭ ᠤᠨ ᠬᠡᠪ ᠴᠢᠨᠠᠷ ᠢᠶᠠᠨ ᠠᠯᠳᠠᠵᠤ ︽ᠢᠯᠵᠠᠷᠡᠨ ᠳᠤᠷᠦ᠋ᠢᠳᠠᠬᠤ︾ ᠪᠠᠶᠢᠳᠠᠯ ᠳᠤ ᠤᠷᠤᠵᠤ ᠳᠤᠤᠷᠠᠳᠤ ᠳᠤᠷᠠᠰᠢᠯ ᠤᠨ ᠦᠢᠯᠡᠳᠭᠦᠨ ᠪᠤᠯᠵᠤ᠂ ᠤᠶᠤᠨ ᠰᠠᠨᠠᠭᠠᠨ ᠤ ᠭᠤᠸ᠎ᠠ ᠰᠠᠶᠢᠬᠠᠨ ᠠᠴᠠ ᠪᠠᠨ ᠬᠤᠪᠢᠷᠠᠭᠠᠳ᠂ ᠳᠤᠤᠷᠠᠳᠤ ᠳᠤᠷᠠᠰᠢᠯ ᠤᠨ ᠳᠠᠭᠠᠰᠢᠶᠠᠯ ᠪᠤᠶᠤ ᠪᠤᠯᠬᠢ ᠰᠡᠳᠭᠢᠴᠡ ᠶᠢᠨ ᠬᠦᠷᠶ᠋ᠶᠡ ᠴᠠᠷᠠᠭ᠎ᠠ ᠳᠤ ᠰᠢᠪᠠᠷᠳᠠᠬᠤ ᠪᠤᠯᠤᠨ᠎ᠠ᠃ ᠤᠷᠠᠨ ᠵᠤᠬᠢᠶᠠᠯ ᠨᠢ ᠠᠷᠠᠳ ᠲᠦᠮᠡᠨ ᠤ ᠲᠦᠯᠦᠭᠡᠬᠢ ᠲᠦᠷᠦᠳᠡᠰᠦ᠂ ᠬᠠᠷᠢᠨ ᠵᠠᠬ᠎ᠠ ᠳᠡᠯᠭᠡᠭᠦᠷ ᠤᠨ ᠲᠦᠯᠦᠭᠡᠨ ᠤ ᠳᠦᠷᠦᠳᠡᠰᠦ ᠪᠤᠰᠤ ᠭᠡᠳᠡᠭ ᠢ ᠵᠦᠪ ᠢᠶᠠᠷ ᠲᠠᠨᠢᠭᠰᠠᠨ ᠪᠠᠶᠢᠬᠤ ᠶᠤᠰᠤᠳᠠᠢ᠃ ᠶᠡᠷᠦᠩᠭᠡᠢ ᠱᠦᠵᠢ ᠰᠢ ᠶᠢᠨ ᠫᠢᠩ᠄ ︽᠁ ᠤᠳᠬ᠎ᠠ ᠤᠷᠠᠯᠢᠭ ᠢ ᠵᠠᠬ᠎ᠠ ᠳᠡᠯᠭᠡᠭᠦᠷ ᠤᠨ ᠪᠤᠭᠤᠯ ᠪᠤᠯᠭᠠᠵᠤ ᠪᠤᠯᠬᠤ ᠦᠭᠡᠢ᠂ ᠵᠤᠭᠤᠰᠤᠨ ᠳᠤ ᠵᠢᠷᠤᠭᠠᠯᠠᠭᠤᠯᠵᠤ ᠪᠤᠯᠬᠤ ᠦᠭᠡᠢ᠂ ᠤᠳᠬ᠎ᠠ ᠤᠷᠠᠯᠢᠭ ᠤᠨ ᠰᠢᠯᠢᠳᠡᠭ ᠪᠦᠳᠦᠭᠡᠯ ᠨᠢ ᠦᠵᠡᠯ ᠰᠠᠨᠠᠭ᠎ᠠ ᠤᠷᠠᠯᠢᠭ ᠤᠨ ᠲᠠᠯ᠎ᠠ ᠪᠠᠷ ᠠᠮᠵᠢᠯᠳᠠ ᠤᠯᠬᠤ ᠮᠦᠷᠳᠡᠭᠡᠨ ᠵᠠᠬ᠎ᠠ ᠳᠡᠯᠭᠡᠭᠦᠷ ᠳᠡᠭᠡᠷ᠎ᠡ ᠬᠦᠷᠢᠶᠡᠯᠡᠯ ᠲᠠᠢ ᠪᠠᠶᠢᠪᠠᠯ ᠬᠠᠮᠤᠭ ᠤᠨ ᠰᠠᠶᠢᠨ ᠪᠠᠶᠢᠳᠠᠭ︾ ᠭᠡᠵᠦ ᠴᠢᠬᠤᠯᠠᠴᠢᠯᠠᠨ ᠵᠢᠭᠠᠵᠤ ᠭᠠᠷᠭᠠᠭᠰᠠᠨ ᠪᠠᠶᠢᠳᠠᠭ᠃ ᠵᠠᠬ᠎ᠠ ᠳᠡᠯᠭᠡᠭᠦᠷ ᠤᠨ ᠤᠷᠤᠰᠬᠠᠯ ᠳᠤᠮᠳᠠ ᠵᠤᠬᠢᠶᠠᠨ ᠪᠦᠳᠦᠭᠡᠬᠦ ᠴᠢᠭᠯᠡᠯ ᠢᠶᠠᠨ ᠠᠯᠳᠠᠭᠰᠠᠳ ᠪᠤᠯ ᠰᠠᠶᠢᠨ ᠤᠷᠠᠨ ᠪᠦᠳᠦᠬᠡᠯᠴᠢ ᠪᠢᠰᠢ ᠶᠤᠮ᠃ ᠨᠢᠭᠡᠨ ᠰᠠᠶᠢᠨ ᠤᠷᠠᠨ ᠪᠦᠳᠦᠬᠡᠯᠴᠢ ᠪᠤᠯᠤᠶ᠎ᠠ ᠭᠡᠪᠡᠯ ᠵᠠᠪᠠᠯ ᠨᠡᠶᠢᠭᠡᠮ ᠤᠨ ᠦᠷ᠎ᠡ ᠠᠰᠢᠭ ᠨᠢ ᠠᠵᠤ ᠠᠬᠤᠢ ᠶᠢᠨ ᠦᠷ᠎ᠡ ᠠᠰᠢᠭ ᠤᠨ ᠲᠦᠷᠦᠭᠦᠨ ᠳᠤ ᠪᠠᠶᠢᠬᠤ᠂ ᠨᠡᠶᠢᠭᠡᠮ ᠤᠨ ᠭᠤᠸ᠎ᠠ ᠰᠠᠶᠢᠬᠠᠨ ᠤ ᠦᠨ᠎ᠡ ᠦᠷᠳᠡᠭ ᠨᠢ ᠬᠤᠪᠢ ᠶᠢᠨ ᠳᠤᠷ᠎ᠠ ᠲᠠᠭᠠᠰᠢᠶᠠᠯ ᠠᠴᠠ ᠦᠨᠳᠦᠷ ᠪᠠᠶᠢᠬᠤ᠂ ᠤᠶᠤᠨ ᠰᠠᠨᠠᠭᠠᠨ ᠤ ᠳᠠᠶᠢᠴᠢᠯᠠᠬᠤ ᠬᠦᠴᠦᠨ ᠨᠢ ᠪᠤᠳᠠᠰ ᠤᠨ ᠱᠠᠭᠠᠷᠳᠠᠯᠭ᠎ᠠ ᠠᠴᠠ ᠳᠠᠪᠠᠮᠠᠭᠠᠢ ᠪᠠᠶᠢᠬᠤ᠂ ᠲᠡᠦᠬᠡᠨ ᠳᠤ ᠬᠠᠷᠢᠭᠤᠴᠠᠬᠤ ᠰᠡᠳᠭᠢᠯᠭᠡ ᠨᠢ ᠨᠢᠳᠦᠨ ᠡᠮᠦᠨᠡᠬᠢ ᠠᠰᠢᠭ ᠳᠤᠰᠠ ᠠᠴᠠ ᠬᠦᠨ ᠬᠦᠨᠵᠡᠭᠡᠢ ᠪᠠᠶᠢᠬᠤ᠂ ᠠᠶᠢᠮᠠᠭ ᠪᠦᠯᠦᠭ ᠤᠨ ᠬᠦᠷᠢᠶ᠎ᠡ ᠬᠡᠪᠴᠢᠶᠡᠨ ᠳᠤ ᠪᠤᠰᠤ ᠬᠠᠷᠢᠨ ᠬᠦᠮᠦᠨ ᠲᠦᠷᠦᠯᠬᠢᠳᠡᠨ ᠤ ᠤᠶᠤᠨ ᠪᠢᠯᠢᠭ ᠳᠤ ᠵᠤᠷᠢᠭᠤᠯᠤᠭᠳᠠᠭᠰᠠᠨ ᠪᠠᠶᠢᠬᠤ ᠭᠤᠸ᠎ᠠ ᠰᠠᠶᠢᠬᠠᠨ ᠤ ᠦᠵᠡᠯ ᠰᠡᠳᠭᠢᠯᠭᠡ᠂ ᠡᠷᠡᠭᠦᠯ ᠰᠠᠶᠢᠠᠬᠨ ᠤᠶᠤᠨ ᠪᠢᠯᠢᠭ ᠢᠶᠠᠷ ᠪᠢᠯᠬᠠᠷᠠᠵᠤ ᠪᠠᠶᠢᠬᠤ ᠶᠤᠰᠤᠳᠠᠢ᠃ ᠵᠦᠪᠬᠡᠨ ᠨᠢᠳᠦᠨ ᠡᠮᠦᠨᠡᠬᠢ ᠠᠰᠢᠭ ᠳᠤᠰᠠ ᠶᠢᠨ ᠡᠮᠦᠨ᠎ᠡ ᠠᠴᠠ᠂ ᠵᠠᠬ᠎ᠠ ᠳᠡᠯᠭᠡᠭᠦᠷ ᠤᠨ ᠪᠤᠷᠤᠯᠠᠭᠤᠯᠤᠯᠳᠠ ᠶᠢᠨ ᠡᠮᠦᠨ᠎ᠡ ᠠᠴᠠ ︵ᠮᠦᠨ ᠴᠢᠨᠠᠷ ᠤᠨ ᠪᠢᠰᠢ ᠥᠩᠭᠡᠨ ᠲᠠᠯ᠎ᠠ ᠳᠤ ᠬᠦᠪᠪᠦᠭᠰᠡᠨ︶ ᠦᠪᠡᠷ ᠢ ᠪᠠᠨ ᠵᠤᠯᠢᠶᠠᠰᠤᠯᠠᠭᠴᠢᠳ ᠠᠴᠠ ᠲᠡᠦᠬᠡ ᠶᠢᠨ ᠰᠢᠯᠭᠠᠯᠳᠠ ᠶᠢ ᠳᠠᠪᠠᠭᠰᠠᠨ ᠰᠤᠳᠤᠨ ᠪᠦᠳᠦᠭᠡᠯ ᠭᠠᠷᠴᠤ ᠴᠢᠳᠠᠬᠤ ᠦᠬᠡᠢ ᠶᠤᠮ᠃ ᠵᠦᠪᠬᠡᠨ ᠲᠦᠷ ᠵᠠᠭᠤᠷ᠎ᠠ ᠶᠢᠨ ᠠᠰᠢᠭ ᠬᠤᠨᠵᠢᠶᠠᠯᠠᠭᠰᠠᠨ᠂ ᠠᠯᠳᠠᠷ ᠵᠠᠪᠰᠢᠭᠰᠠᠨ ᠪᠦᠳᠦᠭᠡᠯ ᠲᠡᠳᠦᠢ ᠪᠤᠯᠵᠤ᠂ ᠬᠤᠵᠢᠮ ᠨᠢ ᠪᠤᠯᠬᠤ ᠳᠤ ᠨᠡᠶᠢᠭᠡᠮ ᠤᠨ ᠶᠡᠭᠡ ᠤᠷᠤᠰᠬᠠᠯ ᠠᠴᠠ ᠠᠷᠴᠢᠭᠳᠠᠬᠤ ᠨᠢ ᠵᠠᠶᠢᠯᠠᠰᠢ ᠦᠭᠡᠢ ᠶᠤᠮ᠃
ᠵᠢᠷᠭᠤᠭ᠎ᠠ᠂ ᠵᠠᠯᠭᠠᠮᠵᠢᠯᠠᠬᠤ — ᠲᠤᠯᠢ ᠪᠤᠯᠭᠠᠬᠤ — ᠠᠭᠤᠰᠬᠠᠨ ᠠᠪᠴᠤ᠂ ᠰᠢᠨ᠎ᠡ ᠶᠢ ᠡᠭᠦᠳᠬᠦ ᠶᠢ ᠤᠶᠠᠯᠳᠤᠭᠤᠯᠬᠤ ᠪᠤᠯ ᠤᠷᠠᠨ ᠵᠤᠬᠢᠶᠠᠯ ᠤᠨ ᠬᠦᠭᠵᠢᠯᠳᠡ ᠶᠢᠨ ᠠᠮᠢᠵᠢᠷᠠᠯ ᠤᠨ ᠬᠦᠴᠦᠨ ᠪᠤᠯᠤᠨ᠎ᠠ ᠭᠡᠳᠡᠭ ᠢ ᠤᠮᠠᠷᠳᠠᠵᠤ ᠡᠰᠡ ᠪᠤᠯᠤᠨ᠎ᠠ᠃ ᠡᠷᠳᠡᠨ ᠤ ᠬᠢ ᠶᠢ ᠡᠳᠦᠭᠡ ᠳᠤ ᠦᠢᠯᠡᠴᠢᠯᠡᠭᠦᠯᠬᠦ᠂ ᠬᠠᠷᠢ ᠶᠢᠨ ᠬᠢ ᠶᠢ ᠳᠤᠮᠳᠠᠳᠤ ᠳᠤ ᠦᠢᠯᠡᠴᠢᠯᠡᠭᠦᠯᠬᠦ ᠶᠢᠨ ᠬᠠᠮᠳᠤ ᠰᠢᠨᠡᠴᠢᠯᠡᠬᠦ ᠪᠤᠯ ᠬᠦᠭᠵᠢᠭᠦᠯᠬᠦ ᠶᠢᠨ ᠵᠤᠷᠢᠯᠳᠠ ᠪᠠᠶᠢᠭ᠎ᠠ ᠶᠤᠮ᠃ ᠮᠤᠩᠭᠤᠯ ᠤᠨ ᠵᠦᠢᠷ ᠰᠡᠴᠡᠨ ᠦᠭᠡᠨ ᠳᠤᠷ ︽ᠰᠢᠨ᠎ᠡ ᠶᠠᠭᠤᠮ᠎ᠠ ᠵᠤᠯᠠ ᠬᠠᠭᠤᠴᠢᠨ ᠶᠠᠭᠤᠮ᠎ᠠ ᠤᠯᠠ︾ ᠭᠡᠳᠡᠭ ᠠᠮᠢ ᠠᠮᠢᠳᠤᠷᠠᠯ ᠤᠨ ᠬᠦᠨ ᠤᠬᠠᠭᠠᠨ ᠠᠭᠤᠯᠤᠭᠰᠠᠨ ᠤᠳᠬ᠎ᠠ ᠪᠦᠬᠦᠢ ᠦᠭᠡ ᠪᠠᠶᠢᠳᠠᠭ᠃ ᠤᠯᠠᠮᠵᠢᠯᠠᠯ ᠢᠶᠠᠨ ᠤᠯᠠᠮ ᠭᠦᠨᠵᠡᠭᠡᠢ ᠪᠤᠯᠭᠠᠬᠤ ᠶᠢᠨ ᠡᠮᠦᠨ᠎ᠡ ᠠᠴᠠ ᠰᠢᠨᠡᠴᠢᠯᠡᠬᠦ ᠴᠢᠬᠤᠯᠠᠲᠠᠢ ᠪᠠᠶᠢᠳᠠᠭ᠃ ᠢᠯᠠᠩᠭᠤᠶ᠎ᠠ ᠰᠢᠨᠵᠢᠯᠡᠬᠦ ᠤᠬᠠᠭᠠᠨ ᠤ ᠬᠦᠭᠵᠢᠯᠳᠡ ᠶᠢ ᠳᠠᠭᠠᠯᠳᠤᠨ᠂ ᠵᠠᠷᠢᠮ ᠨᠡᠶᠢᠭᠡᠮ ᠤᠨ ᠤᠯᠠᠮᠵᠢᠯᠠᠯ ᠤᠨ ᠤᠷᠤᠰᠢᠨ ᠳᠤᠭᠳᠠᠨᠢᠬᠤ ᠬᠡᠯᠪᠡᠷᠢ ᠳᠤ ᠬᠤᠪᠢᠷᠠᠯᠳᠠ ᠭᠠᠷᠴᠤ᠂ ᠤᠯᠠᠮᠵᠢᠯᠠᠯ ᠨᠢ ᠰᠢᠨᠡᠳᠭᠡᠯ ᠢ ᠠᠶᠠᠨᠳᠠᠭᠠᠨ ᠬᠦᠰᠡᠬᠦ ᠱᠠᠭᠠᠷᠳᠠᠯᠭ᠎ᠠ ᠪᠤᠢ ᠪᠤᠯᠳᠠᠭ᠂ ᠡᠭᠦᠨ ᠯᠦᠭᠡ ᠠᠳᠠᠯᠢ ᠪᠠᠷ ᠤᠷᠠᠨ ᠵᠤᠬᠢᠶᠠᠯ ᠳᠤ ᠴᠤ ᠬᠦᠮᠦᠰ ᠤᠨ ᠲᠠᠨᠢᠯᠳᠠ ᠶᠢᠨ ᠬᠦᠭᠵᠢᠯᠳᠡ᠂ ᠤᠷᠤᠰᠢᠬᠤᠢ ᠶᠢᠨ ᠦᠵᠡᠯᠳᠡ᠂ ᠤᠶᠤᠨ ᠤ ᠱᠠᠭᠠᠷᠳᠠᠯᠭ᠎ᠠ ᠳᠤ ᠨᠡᠶᠢᠴᠡᠭᠦᠯᠬᠦ ᠵᠦᠢ ᠶᠤᠰᠤᠨ ᠤ ᠱᠠᠭᠠᠷᠳᠠᠯᠭ᠎ᠠ ᠪᠠᠷ ᠰᠢᠨᠡᠴᠢᠯᠡᠯᠳᠡ ᠬᠢᠬᠦ ᠶᠤᠰᠤᠳᠠᠢ ᠪᠠᠶᠢᠳᠠᠭ᠃ ᠰᠢᠨᠡᠴᠢᠯᠡᠯᠳᠡ ᠦᠭᠡᠢ ᠤᠷᠠᠨ ᠪᠦᠳᠦᠭᠡᠯ ᠪᠤᠯ ᠶᠠᠮᠠᠷᠴᠤ ᠠᠮᠢᠵᠢᠷᠠᠯ ᠤᠨ ᠬᠦᠴᠦᠨ ᠦᠭᠡᠢ ᠪᠦᠳᠦᠬᠡᠯ ᠳᠤ ᠬᠠᠷᠢᠶᠠᠯᠠᠭᠳᠠᠨ᠎ᠠ᠃ ᠳᠤᠬᠠᠢ ᠶᠢᠨ ᠴᠠᠭ ᠤᠨ ᠳᠦᠷᠢ ᠵᠢᠷᠤᠭ ᠢ ᠤᠷᠠᠯᠢᠭ ᠤᠨ ᠬᠦᠨ ᠮᠡᠳᠡᠷᠡᠮᠵᠢ ᠪᠠᠷ ᠡᠰᠭᠡᠵᠦ ᠴᠢᠳᠠᠭᠰᠠᠨ ᠤᠷᠠᠨ ᠪᠦᠳᠦᠭᠡᠯ ᠪᠤᠯ ᠴᠠᠭᠠᠨ᠎ᠠ ᠪᠠᠨ ᠰᠡᠳᠭᠢᠬᠦᠢ ᠶᠢᠨ ᠴᠠᠷᠠᠭ᠎ᠠ ᠲᠡᠯᠡᠭᠳᠡᠭᠰᠡᠨ᠂ ᠰᠢᠨ᠎ᠡ ᠰᠤᠷᠭᠤᠭ ᠠᠭᠤᠷ ᠠᠮᠢᠰᠬᠤᠭ᠎ᠠ ᠪᠠᠷ ᠠᠮᠢᠰᠬᠤᠭᠰᠠᠨ ᠤᠷᠠᠨ ᠪᠦᠳᠦᠭᠡᠯ ᠪᠠᠶᠢᠵᠤ ᠭᠠᠩᠳᠠᠨ ᠪᠠᠭᠤᠷᠠᠰᠢ ᠦᠭᠡᠢ ᠴᠡᠨᠡᠭ ᠢᠶᠠᠨ ᠬᠠᠳᠠᠭᠠᠯᠠᠵᠤ ᠴᠢᠳᠠᠳᠠᠭ᠃ ᠤᠷᠠᠨ ᠵᠤᠬᠢᠶᠠᠯ ᠪᠤᠯ ᠬᠦᠮᠦᠨ ᠲᠦᠷᠦᠯᠬᠢᠳᠡᠨ ᠤ ᠤᠶᠤᠨ ᠪᠢᠯᠢᠭ᠂ ᠬᠦᠭᠵᠢᠯ ᠳᠡᠪᠰᠢᠯ ᠳᠤ ᠵᠤᠷᠢᠭᠤᠯᠤᠭᠳᠠᠭᠰᠠᠨ ︽ᠰᠡᠳᠭᠢᠯ ᠤᠨ ᠶᠢᠷᠳᠢᠨᠴᠦ︾ ᠪᠤᠯᠬᠤᠷ ᠮᠠᠨ ᠤ ᠤᠷᠠᠨ ᠪᠦᠳᠦᠭᠡᠯᠴᠢᠳ ᠳᠡᠯᠡᠬᠡᠢ ᠶᠢ ᠤᠩᠰᠢᠵᠤ ᠬᠠᠷᠢ ᠬᠤᠯᠠ ᠶᠢᠨ ᠤᠷᠠᠨ ᠵᠤᠬᠢᠶᠠᠯ ᠤᠨ ᠰᠢᠮ᠎ᠡ ᠶᠢ ᠰᠢᠮᠡᠳᠭᠡᠵᠦ᠂ ᠲᠤᠯᠢ ᠪᠤᠯᠭᠠᠨ ᠰᠤᠷᠤᠯᠴᠠᠵᠤ ᠪᠠᠶᠢᠮᠠᠨᠵᠢᠨ ᠰᠠᠶ᠋ᠢ ᠴᠤᠩᠬᠤ ᠡᠭᠦᠳᠡ ᠪᠠᠷ ᠢᠶᠠᠨ ᠰᠢᠨ᠎ᠡ ᠠᠮᠢᠰᠬᠤᠯ ᠤᠷᠤᠭᠤᠯᠵᠤ᠂ ᠤᠶᠤᠨ ᠤ ᠠᠭᠠᠷ ᠢᠶᠠᠨ ᠰᠢᠨᠡᠳᠭᠡᠵᠦ ᠡᠷᠡᠭᠦᠯ ᠰᠠᠷᠠᠭᠤᠯ ᠠᠮᠢᠰᠬᠤᠯ ᠪᠦᠬᠦᠢ ᠠᠮᠢᠵᠢᠷᠠᠯ ᠤᠨ ᠠᠭᠤᠷ ᠠᠮᠢᠰᠬᠤᠭ᠎ᠠ ᠪᠠᠨ ᠳᠦᠭᠦᠷᠡᠩ ᠠᠮᠢᠰᠬᠤᠵᠤ ᠴᠢᠳᠠᠨ᠎ᠠ᠃ ᠭᠡᠬᠦ ᠳᠡᠭᠡᠨ ᠦᠪᠡᠷ ᠢ ᠪᠠᠨ ᠠᠯᠳᠠᠬᠤ ᠪᠢᠰᠢ ᠦᠷᠦᠭᠡᠯ ᠤᠨ ᠬᠢ ᠶᠢ ᠠᠭᠤᠰᠬᠠᠨ᠂ ᠦᠨᠳᠦᠰᠦᠳᠡᠨ ᠤ ᠪᠠᠨ ᠳᠤᠳᠤᠭᠠᠳᠤ ᠶᠢᠷᠳᠢᠨᠴᠦ ᠶᠢ ᠳᠡᠯᠭᠡᠨ ᠦᠵᠡᠭᠦᠯᠵᠦ ᠴᠢᠳᠠᠪᠠᠯ ᠰᠠᠶ᠋ᠢ ᠵᠢᠩᠭᠢᠨᠢ ᠤᠷᠠᠨ ᠪᠦᠳᠦᠭᠡᠯᠴᠢ ᠪᠤᠯᠵᠤ ᠰᠤᠳᠤᠨ ᠪᠦᠳᠦᠭᠡᠯ ᠢᠶᠠᠨ ᠦᠵᠡᠭᠦᠯᠵᠦ ᠴᠢᠳᠠᠬᠤ ᠶᠤᠮ᠃ ᠨᠢᠭᠡ ᠯᠡ ᠦᠭᠡ ᠪᠠᠷ ᠬᠡᠯᠡᠪᠡᠯ᠂ ᠵᠠᠯᠭᠠᠮᠵᠢᠯᠠᠵᠤ ᠬᠦᠭᠵᠢᠭᠦᠯᠬᠦ ᠳᠤ ᠪᠠᠨ ᠳᠡᠯᠡᠬᠡᠢ ᠶᠢᠨ ᠬᠢ ᠪᠠᠷ ᠲᠤᠯᠢ ᠪᠤᠯᠭᠠᠬᠤ᠂ ᠠᠭᠤᠰᠬᠠᠨ ᠠᠪᠴᠤ᠂ ᠦᠪᠡᠷ ᠲᠡᠭᠡᠨ ᠰᠢᠮᠡᠳᠭᠡᠵᠦ᠂ ᠳᠠᠬᠢᠨ ᠰᠢᠨ᠎ᠡ ᠶᠢ ᠡᠭᠦᠳᠬᠦ ᠪᠤᠯ ᠰᠤᠳᠤᠨ ᠤᠷᠠᠨ ᠪᠦᠳᠦᠭᠡᠯ ᠪᠦᠳᠦᠬᠡᠬᠦ ᠶᠢᠨ ᠪᠠᠰᠠ ᠨᠢᠭᠡ ᠴᠢᠬᠤᠯᠠ ᠨᠦᠭᠦᠴᠡᠯ ᠪᠤᠯᠬᠤ ᠶᠤᠮ᠃ ︽ᠰᠢᠨ᠎ᠡ ᠶᠢ ᠡᠭᠦᠳᠬᠦ︾ ᠪᠤᠯ ᠮᠦᠨ ᠴᠤ ᠤᠳᠬ᠎ᠠ ᠤᠷᠠᠯᠢᠭᠴᠢᠳ ᠤᠨ ᠤᠷᠠᠨ ᠪᠦᠳᠦᠭᠡᠯ ᠤᠨ ᠠᠮᠢ ᠨᠠᠰᠤ ᠲᠠᠢ ᠬᠤᠯᠪᠤᠭᠳᠠᠬᠤ ᠲᠦᠢᠯ ᠤᠨ ᠴᠢᠬᠤᠯᠠ ᠵᠦᠢᠯ ᠪᠤᠯᠬᠤ ᠶᠤᠮ᠃ ᠵᠣᠬᠢᠶᠠᠭᠴᠢ᠄ ᠫᠤ᠂ ᠴᠣᠭᠳᠣᠨᠠᠷᠠᠨ