-
2136322
︽ᠮᠤᠩᠭᠤᠯ ᠪᠢᠴᠢᠭ ᠤᠨ ᠮᠠᠰᠢᠨ ᠬᠠᠷᠭᠤᠭᠤᠯᠭ᠎ᠠ ᠶᠢᠨ ᠰᠢᠰᠲ᠋ᠧᠮ︾ ᠤᠨ ᠰᠢᠨ᠎ᠠ ᠪᠦᠳᠦᠭᠡᠭᠳᠡᠬᠦᠨ ᠮᠡᠨᠳᠤᠯᠠᠯᠠ
2019-08-21 08:16
406
0
ᠮᠤᠩᠭᠤᠯ ᠦᠭᠡ ᠬᠡᠯᠡ ᠦᠰᠦᠭ ᠪᠢᠴᠢᠭ ᠤᠨ ᠮᠡᠳᠡᠭᠡ ᠵᠠᠩᠬᠢᠴᠢᠯᠠᠯᠳᠠ ᠶᠢᠨ ᠰᠢᠨ᠎ᠠ ᠲᠠᠪᠠᠯᠳᠠ — ︽ᠮᠤᠩᠭᠤᠯ ᠪᠢᠴᠢᠭ ᠤᠨ ᠮᠠᠰᠢᠨ ᠬᠠᠷᠭᠤᠭᠤᠯᠭ᠎ᠠ ᠶᠢᠨ ᠰᠢᠰᠲ᠋ᠧᠮ︾ ᠤᠨ ᠰᠢᠨ᠎ᠠ ᠪᠦᠳᠦᠭᠡᠭᠳᠡᠬᠦᠨ ᠮᠡᠨᠳᠤᠯᠠᠯᠠ
8 ᠰᠠᠷ᠎ᠠ ᠶᠢᠨ 16 ᠤ ᠦᠳᠡ ᠶᠢᠨ ᠬᠤᠶᠢᠨ᠎ᠠ᠂ ᠦᠪᠦᠷ ᠮᠤᠩᠭᠤᠯ ᠤᠨ ᠶᠡᠭᠡ ᠰᠤᠷᠭᠠᠭᠤᠯᠢ ᠳᠤ ︽ᠮᠤᠩᠭᠤᠯ ᠪᠢᠴᠢᠭ ᠤᠨ ᠮᠠᠰᠢᠨ ᠬᠠᠷᠭᠤᠭᠤᠯᠭ᠎ᠠ ᠶᠢᠨ ᠰᠢᠰᠲ᠋ᠧᠮ︾ ᠤᠨ ᠰᠢᠨ᠎ᠠ ᠪᠦᠳᠦᠭᠡᠭᠳᠡᠭᠦᠨ ᠤ ᠲᠠᠷᠠᠬᠭᠠᠯᠳᠠ ᠶᠢᠨ ᠶᠤᠰᠤᠯᠠᠯ ᠵᠢᠴᠢ ᠰᠤᠳᠤᠯᠤᠨ ᠶᠠᠷᠢᠯᠴᠠᠬᠤ ᠬᠤᠷᠠᠯ ᠬᠤᠷᠠᠯᠳᠤᠵᠤ᠂ ᠮᠤᠩᠭᠤᠯ ᠪᠢᠴᠢᠭ ᠤᠨ ᠴᠤᠯ ᠲᠧᠺᠰᠲ ᠬᠠᠷᠭᠤᠭᠤᠯᠭ᠎ᠠ ᠶᠢᠨ ᠰᠢᠰᠲ᠋ᠧᠮ 6.0 ᠪᠠᠷᠠᠯᠠᠯ ︵Mongolian Editor for Plain Text 6.0︶ ᠪᠠ PDF ᠬᠠᠷᠭᠤᠭᠤᠯᠭ᠎ᠠ ᠶᠢᠨ ᠰᠢᠰᠲ᠋ᠧᠮ 1.2 ᠪᠠᠷᠠᠯᠠᠯ ︵Mongolian Editor for PDF 1.2︶ ᠤᠨ ᠬᠤᠶᠡᠷ ᠰᠢᠨ᠎ᠠ ᠪᠦᠳᠦᠭᠡᠭᠳᠡᠬᠦᠨ ᠢ ᠵᠢᠩᠬᠢᠨᠢ ᠪᠠᠷ ᠲᠠᠷᠬᠠᠭᠠᠵᠠᠢ᠃ ᠡᠨᠡ ᠨᠢ ᠮᠤᠩᠭᠤᠯ ᠦᠭᠡ ᠬᠡᠯᠡ ᠦᠰᠦᠭ ᠪᠢᠴᠢᠭ ᠤᠨ ᠮᠡᠳᠡᠭᠡ ᠵᠠᠩᠬᠢᠵᠢᠯᠳᠠ᠂ ᠮᠤᠩᠭᠤᠯ ᠬᠡᠯᠡᠨ ᠤ ᠡᠬᠢ ᠪᠠᠶᠠᠯᠢᠭ ᠤᠨ ᠲᠤᠭᠠᠴᠢᠯᠠᠯᠳᠠ ᠪᠠ ᠢᠨᠲᠧᠷᠴᠢᠯᠠᠯᠳᠠ ᠶᠢ ᠠᠬᠢᠭᠤᠯᠬᠤ ᠮᠦᠷᠳᠡᠭᠡᠨ ᠰᠤᠨᠢᠨ ᠮᠡᠳᠡᠭᠡ ᠬᠡᠪᠯᠡᠯ ᠤᠨ ᠬᠢᠨ ᠤ ᠠᠵᠢᠯ ᠤᠨ ᠦᠷ᠎ᠠ ᠪᠦᠳᠦᠮᠵᠢ ᠶᠢ ᠲᠡᠭᠡᠭᠰᠢᠯᠡᠭᠦᠯᠭᠦ ᠵᠢᠴᠢ ᠵᠠᠯᠠᠭᠤ ᠪᠠᠭᠠᠴᠤᠳ ᠤᠨ ᠮᠤᠩᠭᠤᠯ ᠦᠭᠡ ᠬᠡᠯᠡ ᠦᠰᠦᠭ ᠪᠢᠴᠢᠭ ᠢᠶᠠᠨ ᠵᠦᠪ ᠡᠵᠡᠮᠰᠢᠭᠦ ᠳᠤ ᠶᠡᠭᠡᠭᠡᠨ ᠲᠤᠰᠠ ᠲᠡᠮᠵᠢᠯᠭᠡ ᠪᠤᠯᠤᠨ᠎ᠠ ᠬᠡᠵᠦ ᠡᠷᠳᠡᠮᠳᠡᠳ ᠦᠵᠡᠵᠡᠭᠡᠵᠡᠢ᠃
ᠲᠤᠰ ᠬᠠᠷᠭᠤᠭᠤᠯᠭ᠎ᠠ ᠶᠢᠨ ᠰᠢᠰᠲ᠋ᠧᠮ ᠢ ᠥᠪᠥᠷ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠲᠡᠭᠡᠳᠦ ᠰᠤᠷᠭᠠᠭᠤᠯᠢ ᠶᠢᠨ ᠰ᠊ · ᠯᠤᠭᠯᠤ ᠫᠷᠤᠹᠧᠰᠰᠤᠷ ᠤᠨ ᠲᠠᠭᠠᠭᠤᠯᠤᠬᠰᠠᠨ ᠰᠢᠨᠵᠢᠯᠡᠭᠡᠨ ᠤ ᠳᠤᠭᠤᠶᠢᠯᠠᠩ ᠤᠨ ᠬᠢᠨ 2006 ᠤᠨ ᠠᠴᠠ ᠡᠬᠢᠯᠡᠵᠦ ᠮᠤᠩᠭᠤᠯ ᠪᠢᠴᠢᠭ ᠤᠨ ᠠᠳᠠᠯᠢ ᠪᠤᠰᠤ ᠬᠡᠷᠡᠭᠯᠡᠭᠡᠨ ᠤ ᠱᠠᠭᠠᠷᠳᠠᠯᠭ᠎ᠠ ᠳᠤ ᠵᠤᠬᠢᠴᠠᠭᠤᠯᠤᠨ ᠲᠠᠰᠤᠷᠠᠯᠲᠠ ᠦᠭᠡᠢ ᠲᠡᠭᠦᠯᠳᠡᠷᠵᠢᠭᠦᠯᠦᠨ ᠰᠠᠶᠢᠵᠢᠷᠠᠭᠤᠯᠵᠤ ᠪᠠᠶᠢᠭᠠᠳ ᠦᠢᠯᠡᠳᠦᠨ ᠪᠦᠲᠦᠭᠡᠭᠰᠡᠨ ᠶᠤᠮ᠃ ᠲᠡᠳᠡ ᠮᠤᠩᠭᠤᠯ ᠪᠢᠴᠢᠭ ᠤᠨ ᠮᠠᠰᠢᠨ ᠬᠠᠷᠭᠤᠭᠤᠯᠭ᠎ᠠ ᠶᠢᠨ ᠰᠢᠰᠲ᠋ᠧᠮ ᠤᠨ ᠤᠨᠤᠪᠴᠢ ᠶᠢᠨ ᠬᠡᠮᠵᠢᠶ᠎ᠡ ᠪᠠᠨ ᠲᠠᠰᠤᠷᠠᠯᠳᠠ ᠦᠭᠡᠢ ᠳᠡᠭᠡᠭᠰᠢᠯᠡᠬᠦᠯᠬᠦ ᠶᠢᠨ ᠳᠠᠭᠠᠤ ᠳᠤ ᠪᠦᠲᠦᠭᠡᠭᠲᠡᠬᠦᠨ ᠤ ᠴᠢᠳᠠᠮᠵᠢ ᠪᠠᠨ ᠪᠦᠷᠢᠨᠰᠢᠭᠦᠯᠵᠤ᠂ ᠤᠳᠤᠬᠠᠨ ᠳᠤ ᠬᠠᠷᠭᠤᠭᠤᠯᠬᠤ ᠴᠢᠳᠠᠮᠵᠢ᠂ ᠨᠠᠶᠢᠷᠠᠭᠤᠯᠬᠤ ᠴᠢᠳᠠᠮᠵᠢ᠂ ᠺᠤᠳ᠋ ᠬᠦᠷᠪᠡᠭᠦᠯᠭᠦ ᠴᠢᠳᠠᠮᠵᠢ᠂ ᠯᠠᠲ᠋ᠢᠨ ᠭᠠᠯᠢᠭ ᠢᠶᠠᠷ ᠪᠠᠭᠤᠯᠭᠠᠬᠤ ᠴᠢᠳᠠᠮᠵᠢ᠂ ᠦᠭᠡᠰ ᠤᠨ ᠵᠢᠬᠰᠠᠭᠠᠯᠳᠠ ᠬᠢᠭᠦ ᠴᠢᠳᠠᠮᠵᠢ᠂ ᠦᠶ᠎ᠠ ᠪᠠᠷ ᠰᠠᠯᠭᠠᠬᠤ ᠴᠢᠳᠠᠮᠵᠢ᠂ ᠦᠭᠡ ᠦᠰᠦᠭ ᠢ ᠪᠦᠷᠢᠳᠭᠡᠭᠦ ᠴᠢᠳᠠᠮᠵᠢ ᠵᠡᠷᠭᠡ ᠮᠤᠩᠭᠤᠯ ᠪᠢᠴᠢᠭ ᠤᠨ ᠮᠡᠳᠡᠭᠡ ᠵᠠᠩᠬᠢ ᠰᠢᠢᠳᠪᠦᠷᠢᠯᠡᠯᠳᠡ ᠶᠢᠨ ᠤᠯᠠᠨ ᠲᠠᠯ᠎ᠠ ᠶᠢᠨ ᠴᠢᠳᠠᠮᠵᠢ ᠶᠢ ᠪᠦᠷᠢᠳᠦᠭᠦᠯᠦᠭᠰᠡᠨ ᠬᠡᠷᠡᠭᠯᠡᠭᠡᠨ ᠤ ᠰᠤᠹᠲ ᠪᠤᠯᠭᠠᠨ ᠪᠦᠳᠦᠬᠡᠵᠠᠢ᠃
ᠲᠤᠰ ᠰᠢᠰᠲ᠋ᠧᠮ ᠨᠢ ᠤᠳᠤᠬᠠᠨ ᠤ ᠬᠡᠷᠡᠭᠯᠡᠵᠦ ᠪᠠᠶᠢᠭ᠎ᠠ ᠮᠤᠩᠭᠤᠯ ᠪᠢᠴᠢᠭ ᠤᠨ ᠬᠡᠳᠦᠨ ᠵᠦᠢᠯ ᠤᠨ ᠺᠤᠳ᠋ ᠤᠨ ᠰᠢᠰᠲ᠋ᠧᠮ ᠳᠤ ᠴᠦᠮ ᠵᠤᠬᠢᠴᠠᠬᠤ ᠪᠦᠬᠡᠳ ᠴᠤᠯ ᠲᠧᠺᠰᠲ ᠮᠠᠲ᠋ᠧᠷᠢᠶᠠᠯ ︵*.txt︶᠂ Microsoft Word ᠮᠠᠲ᠋ᠧᠷᠢᠶᠠᠯ ︵Word XML︶᠂ ᠹᠠᠩ ᠵᠧᠩ ᠪᠠᠷᠯᠠᠯ ᠤᠨ ᠰᠢᠰᠲ᠋ᠧᠮ ᠤᠨ ᠵᠠᠳᠠᠭᠠᠢ ᠮᠠᠲ᠋ᠧᠷᠢᠶᠠᠯ ︵*.mbd︶᠂ PDF ᠮᠠᠲ᠋ᠧᠷᠢᠶᠠᠯ᠂ PS ᠮᠠᠲ᠋ᠧᠷᠢᠶᠠᠯ᠂ XPS ᠮᠠᠲ᠋ᠧᠷᠢᠶᠠᠯ ᠢ ᠪᠦᠷ ᠰᠢᠢᠳᠪᠦᠷᠢᠯᠡᠵᠦ ᠴᠢᠳᠠᠬᠤ ᠪᠤᠯᠬᠤᠷ ᠨᠤᠮ ᠪᠢᠴᠢᠭ᠂ ᠰᠤᠨᠢᠨ ᠰᠡᠳᠭᠦᠯ᠂ ᠠᠯᠪᠠᠨ ᠪᠢᠴᠢᠭ᠂ ᠦᠭᠦᠯᠡᠯ ᠵᠤᠬᠢᠶᠠᠯ ᠤᠨ ᠬᠠᠷᠭᠤᠭᠤᠯᠭ᠎ᠠ ᠳᠤ ᠴᠦᠮ ᠲᠤᠬᠢᠷᠠᠳᠠᠭ᠃ ᠳᠠᠭᠤᠳᠠᠯᠭ᠎ᠠ ᠶᠢᠨ ᠠᠯᠳᠠᠭ᠎ᠠ ᠶᠢ ᠠᠦ᠋ᠲ᠋ᠤᠴᠢᠯᠠᠨ ᠵᠠᠯᠠᠷᠠᠭᠤᠯᠬᠤ᠂ ᠲᠠᠰᠢᠶ᠎ᠠ ᠪᠢᠴᠢᠯᠭᠡ ᠶᠢ ᠪᠠᠶᠢᠴᠠᠭᠠᠬᠤ ᠪᠠ ᠺᠤᠳ᠋ ᠬᠦᠷᠪᠡᠭᠦᠯᠬᠦ ᠤᠨᠤᠪᠴᠢ ᠶᠢᠨ ᠬᠡᠮᠵᠢᠶ᠎ᠡ ᠨᠢ ᠲᠤᠰ ᠲᠤᠰ 98%᠂ 90% ᠪᠠ 99% ᠠᠴᠠ ᠳᠡᠭᠡᠭᠰᠢ ᠪᠤᠯᠵᠠᠢ᠃
ᠲᠤᠰ ᠤᠳᠠᠭᠠᠨ ᠤ ᠠᠵᠢᠯᠯᠠᠭ᠎ᠠ ᠶᠢ ᠦᠪᠦᠷ ᠮᠤᠩᠭᠤᠯ ᠤᠨ ᠶᠡᠭᠡ ᠰᠤᠷᠭᠠᠭᠤᠯᠢ᠂ ᠦᠪᠦᠷ ᠮᠤᠩᠭᠤᠯ ᠤᠨ ᠦᠨᠳᠦᠰᠦᠳᠡᠨ ᠤ ᠬᠡᠷᠡᠭ ᠡᠷᠬᠢᠯᠡᠭᠦ ᠵᠦᠪᠯᠡᠯ᠂ ᠦᠪᠦᠷ ᠮᠤᠩᠭᠤᠯ ᠤᠨ ᠮᠤᠩᠭᠤᠯ ᠬᠡᠯᠡ ᠪᠢᠴᠢᠭ ᠤᠨ ᠰᠤᠷᠠᠭ ᠵᠠᠩᠬᠢᠴᠢᠯᠡᠯᠳᠠ ᠶᠢᠨ ᠰᠢᠨᠵᠢᠯᠡᠭᠡᠨ ᠤ ᠨᠡᠶᠢᠭᠡᠮᠯᠢᠭ ᠬᠠᠮᠳᠤᠷᠠᠨ ᠵᠤᠬᠢᠶᠠᠨ ᠪᠠᠶᠢᠭᠤᠯᠵᠤ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠲᠡᠭᠡᠳᠦ ᠰᠤᠷᠭᠠᠭᠤᠯᠢ ᠠᠴᠠ ᠲᠠᠭᠠᠭᠠᠴᠢᠯᠠᠨ ᠡᠷᠬᠢᠯᠡᠭᠰᠡᠨ ᠪᠠᠶᠢᠨ᠎ᠠ᠃ ᠲᠠᠷᠬᠠᠭᠠᠯᠳᠠ ᠶᠢᠨ ᠶᠤᠰᠤᠯᠠᠯ ᠲᠡᠭᠡᠷ᠎ᠠ᠂ ᠰᠢᠨᠵᠢᠯᠡᠭᠡᠨ ᠤ ᠲᠤᠭᠤᠢᠢᠯᠠᠩ ᠤᠨ ᠬᠢᠨ ᠤᠯᠠᠭᠠᠨᠬᠠᠳᠠ ᠬᠤᠳᠠ᠂ ᠲᠦᠩᠯᠢᠶᠤᠤ ᠬᠤᠳᠠ ᠪᠠ ᠬᠢᠩᠭᠠᠨ ᠠᠶᠢᠮᠠᠭ ᠤᠨ ᠮᠤᠩᠭᠤᠯ ᠦᠨᠳᠦᠰᠦᠳᠡᠨ ᠤ ᠲᠤᠮᠳᠠᠳᠤ ᠪᠠᠭ᠎ᠠ ᠰᠤᠷᠭᠠᠭᠤᠯᠢ ᠳᠤ ᠲᠤᠰ ᠲᠤᠰ 150 ᠢᠵᠢ᠂ 100 ᠢᠵᠢ᠂ 100 ᠢᠵᠢ ︽ᠮᠤᠩᠭᠤᠯ ᠪᠢᠴᠢᠭ ᠤᠨ ᠠᠦ᠋ᠲ᠋ᠣ᠋ ᠬᠠᠷᠭᠤᠭᠤᠯᠭ᠎ᠠ ᠶᠢᠨ ᠰᠢᠰᠲ᠋ᠧᠮ︾ ᠢᠶᠠᠨ ᠬᠠᠨᠳᠢᠪᠯᠠᠨ ᠪᠡᠯᠡᠭᠯᠡᠭᠰᠡᠨ ᠪᠠᠶᠢᠨ᠎ᠠ᠃ ᠵᠣᠬᠢᠶᠠᠭᠴᠢ᠄ ᠯᠢ ᠰᠠᠷᠠᠭᠤᠯ ᠮᠦᠷᠡᠨ