

︽ᠲᠡᠭᠷᠢ ᠶᠢᠨ ᠡᠯᠴᠢ ᠠᠶᠠᠯᠠᠯ》

2018-12-10 20:48
  96
  0

     ᠦᠪᠡᠷᠳᠡᠭᠡᠨ ᠵᠠᠰᠠᠬᠤ ᠤᠷᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠠᠴᠠ ᠤᠢᠢᠯᠠᠭᠠᠭᠰᠠᠨ ᠢᠶᠠᠷ᠂ ︽ᠲᠡᠭᠷᠢ ᠶᠢᠨ ᠡᠯᠴᠢ ᠠᠶᠠᠯᠠᠯ — ︿ᠨᠢᠭᠡ ᠪᠦᠰᠡ ᠨᠢᠭᠡ ᠵᠠᠮ﹀ ᠬᠦᠨᠳᠦ ᠡᠪᠡᠳᠴᠢᠨ ᠲᠠᠢ ᠬᠡᠦᠬᠡᠳ ᠲᠤ ᠬᠦᠮᠦᠡᠯᠢᠭ ᠦᠵᠡᠯ ᠤᠨ ᠠᠪᠤᠷᠠᠨ ᠲᠤᠰᠠᠯᠠᠮᠵᠢ ᠬᠠᠩᠭᠠᠬᠤ ᠲᠦᠯᠦᠪᠯᠡᠭᠡ︾ ᠪᠤᠯ ᠳᠤᠮᠳᠠᠳᠦ ᠤᠯᠤᠰ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠠᠴᠠ ︽ᠨᠢᠭᠡ ᠪᠦᠰᠡ ᠨᠢᠭᠡ ᠵᠠᠮ︾᠎ ᠤᠨ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠦ᠂ ᠲᠦᠷᠦᠯᠬᠢ ᠶᠢᠨ ᠵᠢᠷᠦᠭᠡᠨ ᠡᠪᠡᠳᠴᠢᠨ ᠲᠠᠢ ᠬᠡᠦᠬᠡᠳ ᠢ ᠠᠪᠤᠷᠠᠨ ᠲᠤᠰᠠᠯᠠᠬᠤ ᠪᠠᠷ ᠨᠢᠭᠡᠳᠦᠯᠳᠠᠢ ᠪᠠᠶᠢᠷᠢᠰᠢᠭᠤᠯᠤᠭᠰᠠᠨ ᠲᠦᠷᠦᠯ ᠵᠦᠢᠯ ᠪᠤᠯᠬᠤ ᠶᠤᠮ᠃ ᠮᠤᠩᠭᠤᠯ ᠤᠯᠤᠰ ᠲᠠᠬᠢ ᠠᠵᠢᠯᠯᠠᠭ᠎ᠠ ᠶᠢ ᠳᠤᠮᠳᠠᠳᠦ ᠤᠯᠤᠰ ᠤᠨ ᠤᠯᠠᠭᠠᠨ ᠵᠠᠭᠠᠯᠮᠠᠶᠢᠳᠠᠨ ᠤ ᠰᠠᠭᠤᠷᠢ ᠮᠦᠩᠬᠦᠨ ᠤ ᠨᠡᠶᠢᠭᠡᠮᠯᠢᠭ ᠪᠠ ᠦᠪᠡᠷᠳᠡᠭᠡᠨ ᠵᠠᠰᠠᠬᠤ ᠤᠷᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠠᠴᠠ ᠬᠠᠮᠳᠤᠷᠠᠨ ᠭᠡᠷᠡᠭᠵᠢᠬᠦᠯᠵᠠᠢ᠂ ᠲᠦᠷᠦᠯᠬᠢ ᠶᠢᠨ ᠵᠢᠷᠦᠭᠡᠨ ᠡᠪᠡᠳᠴᠢᠨ ᠲᠠᠢ ᠬᠡᠦᠬᠡᠳ ᠤᠨ ᠡᠮᠴᠢᠯᠡᠬᠦᠯᠵᠦ ᠪᠠᠶᠢᠬᠤ ᠬᠤᠭᠤᠴᠠᠭᠠᠨ ᠳᠠᠬᠢ ᠵᠠᠷᠤᠳᠠᠯ ᠮᠦᠩᠬᠦ ᠶᠢ ᠯᠢᠤᠢ ᠬᠦ᠋ ᠪᠦᠯᠦᠭᠯᠡᠯ ᠠᠴᠠ ᠳᠡᠮᠵᠢᠨ ᠲᠤᠰᠠᠯᠠᠵᠦ᠂ ᠨᠡᠶᠢᠳᠡ 100 ᠨᠡᠷᠡᠰ ᠲᠦᠷᠦᠯᠬᠢ ᠶᠢᠨ ᠵᠢᠷᠦᠭᠡᠨ ᠡᠪᠡᠳᠴᠢᠨ ᠲᠠᠢ ᠮᠤᠩᠭᠤᠯ ᠤᠯᠤᠰ ᠤᠨ ᠬᠡᠦᠬᠡᠳ ᠢ ᠠᠪᠤᠷᠠᠨ ᠲᠤᠰᠠᠯᠠᠬᠤ ᠪᠠᠷ ᠲᠦᠯᠦᠪᠯᠡᠭᠰᠡᠨ ᠪᠠᠶᠢᠳᠠᠭ᠃
     2017 ᠤᠨ ᠤ 10 ᠰᠠᠷ᠎ᠠ ᠠᠴᠠ 12 ᠰᠠᠷ᠎ᠠ ᠪᠤᠯᠳᠠᠯ᠎ᠠ᠂ ᠲᠦᠷᠦᠬᠦᠦ ᠪᠦᠯᠦᠭ 53 ᠨᠡᠷᠡᠰ ᠲᠦᠷᠦᠯᠬᠢ ᠶᠢᠨ ᠵᠢᠷᠦᠭᠡᠨ ᠡᠪᠡᠳᠴᠢᠨ ᠲᠠᠢ ᠮᠤᠩᠭᠤᠯ ᠤᠯᠤᠰ ᠤᠨ ᠬᠡᠤᠭᠡᠳ ᠪᠡᠭᠡᠵᠢᠩ ᠤᠨ ᠠᠨ ᠵᠧᠨ ᠡᠮᠨᠡᠯᠭᠡ ᠶᠢᠨ ᠬᠤᠷᠢᠶ᠎ᠠ᠂ ᠪᠡᠭᠡᠵᠢᠩ ᠤᠨ ᠬᠤᠸᠠ ᠰᠢᠨ ᠡᠮᠨᠡᠯᠭᠡ ᠶᠢᠨ ᠬᠤᠷᠢᠶ᠎ᠠ ᠪᠤᠯᠤᠨ ᠦᠪᠦᠷ ᠮᠤᠩᠭᠤᠯ ᠤᠨ ᠠᠷᠠᠳ ᠤᠨ ᠡᠮᠨᠡᠯᠭᠡ ᠶᠢᠨ ᠬᠤᠷᠢᠶ᠎ᠠ ︵12 ᠨᠡᠷᠡᠰ︶᠎ ᠳᠤ ᠠᠮᠵᠢᠯᠳᠠᠳᠠᠢ ᠪᠠᠷ ᠮᠡᠰᠡ ᠵᠠᠰᠠᠯ ᠬᠢᠯᠭᠡᠵᠦ ᠤᠯᠤᠰ ᠲᠠᠭᠠᠨ ᠪᠤᠴᠠᠵᠠᠢ᠃ 2018 ᠤᠨ ᠤ 10 ᠰᠠᠷ᠎ᠠ ᠳᠤ᠂ ᠮᠤᠩᠭᠤᠯ ᠤᠯᠤᠰ ᠤᠨ ᠨᠡᠶᠢᠰᠯᠡᠯ ᠤᠯᠠᠭᠠᠨᠪᠠᠭᠠᠳᠤᠷ ᠬᠤᠳᠠ ᠳᠤ᠂ 130 ᠨᠡᠷᠡᠰ ᠲᠦᠷᠦᠯᠬᠢ ᠶᠢᠨ ᠵᠢᠷᠦᠭᠡᠨ ᠡᠪᠡᠳᠴᠢᠨ ᠲᠠᠢ ᠬᠡᠦᠬᠡᠳ ᠲᠤ ᠰᠢᠭᠰᠢᠨ ᠪᠠᠶᠢᠴᠠᠭᠠᠯᠳᠠ ᠬᠢᠭᠰᠡᠨ ᠤ ᠳ᠋ᠦᠩ ᠳᠤ᠂ ᠠᠪᠤᠷᠠᠨ ᠲᠤᠰᠠᠯᠠᠬᠤ ᠨᠦᠬᠦᠴᠡᠯ ᠳᠤ ᠬᠦᠷᠦᠭᠰᠡᠨ ᠬᠤᠶᠠᠳᠤᠭᠠᠷ ᠪᠦᠯᠦᠭ 47 ᠨᠡᠷᠡᠰ ᠬᠡᠦᠬᠡᠳ ᠢ ᠰᠤᠩᠭᠤᠨ ᠲᠤᠭᠳᠠᠭᠠᠪᠠ᠃ ︽ᠬᠤᠶᠠᠳᠤᠭᠠᠷ ᠪᠦᠯᠦᠭ 19 ᠨᠡᠷᠡᠰ ᠲᠦᠷᠦᠯᠬᠢ ᠶᠢᠨ ᠵᠢᠷᠦᠭᠡᠨ ᠡᠪᠡᠳᠴᠢᠨ ᠲᠠᠢ ᠮᠤᠩᠭᠤᠯ ᠤᠯᠤᠰ ᠤᠨ ᠬᠡᠦᠬᠡᠳ ᠲᠤ ᠬᠤᠶᠠᠷ ᠤᠨᠴᠠᠯᠢᠭ ᠲᠠᠢ᠄ ᠨᠢᠭᠡ ᠨᠢ᠂ ᠨᠡᠶᠢᠳᠡᠮ ᠳᠡᠭᠡᠨ ᠨᠠᠰᠦ ᠪᠠᠭ᠎ᠠ᠂ ᠬᠠᠮᠤᠭ ᠪᠠᠭ᠎ᠠ ᠨᠢ ᠰᠠᠶ᠋ᠢ ᠳᠦᠷᠪᠡᠭᠡᠨ ᠰᠠᠷ᠎ᠠ ᠲᠠᠢ᠂ ᠨᠦᠬᠦᠭᠡ ᠨᠢ᠂ ᠡᠪᠡᠳᠴᠢᠨ ᠨᠢ ᠬᠠᠷᠢᠴᠠᠩᠭᠤᠢ ᠪᠤᠳᠤᠯᠢᠶᠠᠨᠳᠠᠢ︔ ᠡᠮᠴᠢ ᠰᠤᠪᠢᠯᠠᠭᠴᠢ ᠨᠠᠷ ᠤᠨ 6 ᠡᠳᠦᠷ ᠤᠨ ᠬᠠᠮᠳᠦ ᠶᠢᠨ ᠴᠢᠷᠮᠠᠶᠢᠯᠭ᠎ᠠ ᠪᠠᠷ᠂ ᠬᠤᠪᠢ ᠶᠢᠨ ᠰᠢᠯᠳᠠᠭᠠᠨ ᠠᠴᠠ ᠪᠤᠯᠵᠦ ᠮᠡᠰᠡ ᠵᠠᠰᠠᠯ ᠬᠢᠬᠦ ᠪᠠᠨ ᠪᠤᠯᠢᠵᠦ ᠤᠯᠤᠰ ᠲᠠᠭᠠᠨ ᠪᠤᠴᠠᠭᠰᠠᠨ 1 ᠬᠡᠦᠬᠡᠳ ᠢ ᠭᠠᠷᠭᠠᠪᠠᠯ᠂ ᠦᠯᠡᠳᠡᠭᠰᠡᠨ 18 ᠬᠡᠦᠬᠡᠳ ᠤᠨ ᠮᠡᠰᠡ ᠵᠠᠰᠠᠯ ᠨᠢ ᠪᠦᠷ ᠠᠮᠵᠢᠯᠳᠠᠳᠠᠢ ᠶᠠᠪᠤᠭᠳᠠᠵᠠᠢ᠂ ᠳᠠᠷᠠᠭ᠎ᠠ ᠭᠠᠷᠠᠭ ᠪᠤᠯᠬᠤ ᠪᠠᠷ ᠪᠦᠬᠦ ᠬᠡᠦᠬᠡᠳ ᠪᠦᠷ ᠢᠯᠡᠷᠢᠰᠢᠵᠦ ᠤᠯᠤᠰ ᠲᠠᠭᠠᠨ ᠪᠤᠴᠠᠬᠤ ᠪᠠᠷ ᠲᠦᠯᠦᠪᠯᠡᠵᠦ ᠪᠠᠶᠢᠨ᠎ᠠ︾ ᠭᠡᠵᠦ ᠦᠪᠦᠷ ᠮᠤᠩᠭᠤᠯ ᠤᠨ ᠵᠢᠷᠦᠭᠡᠨ ᠤ ᠡᠪᠡᠳᠴᠢᠨ ᠤ ᠰᠠᠯᠠᠭᠠᠨ ᠤ ᠲᠦᠪ ᠤᠨ ᠳᠡᠳ᠋ ᠡᠷᠬᠢᠯᠡᠭᠴᠢ᠂ ᠵᠢᠷᠦᠭᠡᠨ ᠤ ᠭᠠᠳᠠᠷ ᠰᠠᠯᠠᠭ᠎ᠠ ᠶᠢᠨ ᠡᠷᠬᠢᠯᠡᠭᠴᠢ ᠯᠢ ᠸᠧᠢ ᠶᠠᠷᠢᠨ᠎ᠠ᠃
︽ᠡᠮᠴᠢᠯᠡᠭᠡᠨ ᠤ ᠵᠠᠷᠤᠳᠠᠯ ᠰᠦᠢᠳᠬᠡᠯ ᠬᠡᠳᠦ ᠦᠨᠳᠦᠷ᠂ ᠡᠮᠴᠢᠯᠡᠭᠡᠨ ᠤ ᠮᠡᠷᠭᠡᠵᠢᠯ ᠪᠠᠷᠤᠭᠳᠠᠢ ᠵᠡᠷᠭᠡ ᠰᠢᠯᠳᠠᠭᠠᠨ ᠢᠶᠠᠷ ᠬᠡᠦᠬᠡᠳ ᠤᠳ ᠮᠠᠨᠢ ᠡᠳᠦᠭᠡ ᠳᠤ ᠳᠤᠯᠳᠠᠯ᠎ᠠ ᠵᠢᠷᠦᠭᠡᠨ ᠡᠪᠡᠳᠴᠢᠨ ᠳᠤ ᠲᠠᠷᠴᠢᠯᠭᠠᠭᠳᠠᠭᠰᠠᠭᠠᠷ᠂ ᠠᠪᠤ ᠡᠵᠢ ᠪᠤᠯᠤᠭᠰᠠᠳ ᠪᠢᠳᠡ ᠨᠡᠩ ᠴᠦ ᠰᠡᠳᠬᠢᠯ ᠤᠨ ᠵᠤᠪᠠᠯᠠᠩ ᠳᠤ ᠤᠨᠠᠵᠦ ᠶᠠᠪᠤᠯ᠎ᠠ᠂ ᠮᠡᠰᠡ ᠵᠠᠰᠠᠯ ᠠᠮᠵᠢᠯᠳᠠᠳᠠᠢ ᠪᠤᠯᠵᠦ ᠬᠡᠦᠬᠡᠳ ᠤᠳ ᠮᠢᠨᠢ ᠡᠷᠡᠬᠦᠯ ᠬᠡᠦᠬᠡᠳ ᠲᠠᠢ ᠠᠳᠠᠯᠢᠬᠠᠨ ᠡᠷᠡᠬᠦᠯ ᠰᠠᠷᠠᠭᠤᠯ ᠴᠤᠪᠤᠭᠤ ᠳᠡᠭᠵᠢᠨ ᠲᠤᠭᠯᠠᠬᠤ ᠶᠢ ᠨᠢ ᠬᠠᠷᠠᠭᠠᠳ ᠦᠨᠡᠭᠡᠷ ᠰᠡᠳᠬᠢᠯ ᠳᠤᠭᠳᠤᠯᠵᠦ ᠪᠠᠶᠢᠨ᠎ᠠ᠂ ᠬᠡᠦᠬᠡᠳ ᠤᠳ ᠲᠤ ᠮᠠᠨᠢ ᠬᠤᠶᠠᠳᠠᠬᠢ ᠠᠮᠢ ᠨᠠᠰᠤ ᠤᠯᠭᠤᠭᠰᠠᠨ ᠦᠪᠦᠷ ᠮᠤᠩᠭᠤᠯ ᠤᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠡᠮᠴᠢ ᠰᠤᠪᠢᠯᠠᠭᠴᠢ ᠳᠠᠭᠠᠨ ᠪᠠᠶᠠᠷᠯᠠᠯ᠎ᠠ᠂ ᠳᠤᠮᠳᠠᠳᠦ ᠤᠯᠤᠰ ᠲᠤ ᠪᠠᠶᠠᠷᠯᠠᠯ᠎ᠠ︾ ᠭᠡᠵᠦ ᠭᠡᠷ ᠤᠨ ᠠᠬᠠᠮᠠᠳ ᠤᠳ ᠬᠠᠯᠠᠭᠤᠨ ᠨᠢᠯᠪᠤᠰᠤ ᠠᠰᠬᠠᠷᠠᠭᠤᠯᠤᠨ ᠠᠬᠢᠨ ᠳᠠᠬᠢᠨ ᠶᠠᠷᠢᠵᠠᠭᠠᠨ᠎ᠠ᠃ᠠᠯᠳᠠᠨ ᠬᠢᠯᠢ ᠶᠢᠨ ᠵᠠᠭᠠᠭ ᠲᠠᠢ᠂ ᠠᠷᠢᠭᠤᠨ ᠬᠠᠶᠢᠷ᠎ᠠ ᠶᠢᠨ ᠬᠤᠯᠪᠤᠭ᠎ᠠ ᠲᠠᠢ ᠳᠤᠮᠳᠠᠳᠦ ᠮᠤᠩᠭᠤᠯ ᠬᠤᠶᠠᠷ ᠤᠯᠤᠰ ᠤᠨ ᠨᠦᠬᠦᠷᠯᠡᠯ ᠤᠯᠠᠮ ᠪᠠᠬᠢᠵᠢᠬᠦ ᠨᠢ ᠯᠠᠪᠳᠠᠢ᠃ (ᠤᠷᠭᠤᠮᠠᠯ)
 



  
     
     