

ᠦᠢᠯᠠ ᠠᠵᠢᠯᠯᠠᠭ᠎ᠠ ᠳᠠᠭᠠᠨ ᠨᠠᠶᠢᠳᠠᠪᠤᠷᠢᠵᠢᠭᠤᠯᠵᠦ ᠪᠤᠳᠠᠳᠤ ᠠᠵᠢᠯ ᠳᠠᠭᠠᠨ ᠲᠤᠭᠤᠰᠢᠯᠠᠭᠤᠯᠤᠨ᠎ᠠ

2019-11-10 12:09
  54
  0
ᠦᠢᠯᠠ ᠠᠵᠢᠯᠯᠠᠭ᠎ᠠ ᠳᠠᠭᠠᠨ ᠨᠠᠶᠢᠳᠠᠪᠤᠷᠢᠵᠢᠭᠤᠯᠵᠦ ᠪᠤᠳᠠᠳᠤ ᠠᠵᠢᠯ ᠳᠠᠭᠠᠨ ᠲᠤᠭᠤᠰᠢᠯᠠᠭᠤᠯᠤᠨ᠎ᠠ

   ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠲᠦᠷᠪᠡᠳᠦᠭᠡᠷ ᠪᠦᠭᠦᠳᠡ

   ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠨᠠᠶᠢᠳᠠᠪᠤᠷᠢᠵᠢᠭᠤᠯᠤᠶ᠎ᠠ


        — ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠲᠦᠷᠪᠡᠳᠦᠭᠡᠷ ᠪᠦᠭᠦᠳᠡ ᠬᠤᠷᠠᠯ ᠤᠨ ᠵᠤᠷᠢᠭ ᠰᠠᠨᠠᠭ᠎ᠠ ᠮᠠᠨ ᠤ ᠤᠷᠤᠨ ᠤ ᠦᠷᠭᠡᠨ ᠤᠯᠠᠨ ᠺᠠᠳ᠋ᠷ ᠤᠯᠠᠨ ᠲᠦᠮᠡᠨ ᠤ ᠳᠤᠮᠳᠠ ᠴᠢᠩᠭ᠎ᠠ ᠳᠤᠰᠬᠠᠯ ᠭᠠᠷᠪᠠ



  10 ᠰᠠᠷ᠎ᠠ ᠶᠢᠨ 31 ᠤ ᠡᠳᠦᠷ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠲᠦᠷᠪᠡᠳᠦᠭᠡᠷ ᠪᠦᠬᠦᠳᠡ ᠬᠤᠷᠠᠯ ᠠᠴᠠ ︽ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠪᠠᠶᠢᠭᠤᠯᠤᠯ ᠢ ᠪᠠᠷᠢᠮᠳᠠᠯᠠᠨ ᠲᠡᠭᠦᠯᠳᠡᠷᠵᠢᠬᠦᠯᠬᠦ᠂ ᠤᠯᠤᠰ ᠤᠨ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠬᠤ ᠴᠢᠬᠤᠯᠠ ᠶᠡᠭᠡ ᠠᠰᠠᠭᠤᠳᠠᠯ ᠤᠳ ᠤᠨ ᠲᠤᠬᠠᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶᠡᠨ ᠤ ᠲᠤᠭᠳᠠᠭᠠᠯ︾ ᠢ ᠪᠠᠲᠤᠯᠠᠵᠦ᠂ ᠮᠠᠨ ᠤ ᠤᠷᠤᠨ ᠤ ᠦᠷᠬᠡᠨ ᠤᠯᠠᠨ ᠺᠠᠳ᠋ᠷ ᠤᠯᠠᠨ ᠲᠦᠮᠡᠨ ᠤ ᠳᠤᠮᠲᠡ ᠴᠢᠩᠭ᠎ᠠ ᠲᠤᠰᠬᠠᠯ ᠭᠠᠷᠪᠠ᠃ ᠦᠢᠷ᠎ᠠ ᠶᠢᠨ ᠡᠳᠦᠷ ᠤᠳ ᠲᠤ ᠪᠦᠬᠦ ᠤᠷᠤᠨ ᠤ ᠡᠯ᠎ᠠ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠪᠤᠯᠤᠨ ᠦᠷᠭᠡᠨ ᠤᠯᠠᠨ ᠺᠡᠳ᠋ᠷ ᠤᠯᠠᠨ ᠲᠦᠮᠠᠨ ᠤᠯᠠᠨ ᠵᠦᠢᠯ ᠤᠨ ᠠᠷᠭ᠎ᠠ ᠬᠡᠯᠪᠡᠷᠢ ᠪᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠵᠦ᠂ ᠭᠤᠤᠯᠳᠠᠯᠭ᠎ᠠ ᠲᠠᠢ ᠴᠢᠬᠤᠯᠠ ᠠᠭᠤᠯᠭ᠎ᠠ ᠶᠢ ᠨᠢ ᠤᠢᠢᠯᠠᠭᠠᠬᠰᠠᠨ ᠪᠠᠶᠢᠨ᠎ᠠ᠃

  11 ᠰᠠᠷ᠎ᠠ ᠶᠢᠨ 2 ᠤᠨ ᠡᠳᠦᠷ᠂ ᠬᠦᠬᠡᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠦᠷᠭᠡᠳᠭᠡᠭᠰᠡᠨ ᠬᠤᠷᠠᠯ ᠬᠤᠷᠠᠯᠳᠤᠭᠤᠯᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠲᠦᠷᠪᠡᠳᠦᠭᠡᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠲᠦᠷᠪᠡᠳᠦᠭᠡᠷ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠬᠠᠢ ᠬᠠᠮᠢᠶ᠎ᠠ ᠪᠦᠬᠦᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠤᠰᠤᠭᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠠᠨᠠᠯ ᠢ ᠰᠤᠳᠤᠯᠵᠠᠢ᠃ ᠬᠦᠬᠡᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠺᠡᠳ᠋ᠷᠴᠤᠳ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠲᠦᠷᠪᠡᠳᠦᠭᠡᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠳᠦᠢᠯ ᠤᠨ ᠴᠢᠬᠤᠯᠠ ᠪᠦᠬᠡᠳ ᠲᠤᠯᠭᠠᠮ ᠤᠯᠤᠰ ᠲᠦᠷᠦ ᠶᠢᠨ ᠡᠭᠦᠷᠬᠡ ᠪᠠᠨ ᠪᠤᠯᠭᠠᠵᠦ᠂ ᠳᠠᠷᠤᠢ ᠲᠦᠷᠬᠡᠨ ᠰᠤᠷᠤᠯᠴᠠᠨ ᠤᠬᠠᠭᠤᠯᠬᠤ ᠠᠭᠤᠷ ᠠᠮᠢᠰᠬᠤᠯ ᠢ ᠪᠤᠢ ᠪᠤᠯᠭᠠᠨ᠂ ︽ᠤᠭ ᠰᠠᠨᠠᠭ᠎ᠠ ᠪᠠᠨ ᠦᠯᠦ ᠮᠠᠷᠲᠡᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠤ ᠬᠦᠮᠦᠵᠢᠯ ᠲᠠᠢ ᠨᠢᠬᠲᠠ ᠤᠶᠠᠯᠳᠤᠭᠤᠯᠵᠦ᠂ ᠤᠯᠠᠨ ᠲᠦᠮᠡᠨ ᠤ ᠦᠵᠡᠵᠦ ᠰᠤᠨᠤᠰᠬᠤ ᠲᠤᠷᠠᠲᠠᠢ ᠬᠡᠯᠪᠡᠷᠢ ᠪᠠᠷ ᠤᠬᠠᠭᠤᠯᠤᠨ ᠲᠠᠶᠢᠯᠪᠤᠷᠢᠯᠠᠵᠦ᠂ ᠪᠦᠬᠦᠲᠡ ᠬᠤᠷᠠᠯ ᠤᠨ ᠵᠤᠷᠢᠭ ᠰᠠᠨᠠᠭ᠎ᠠ ᠶᠢ ᠬᠦᠮᠦᠨ ᠪᠦᠬᠦᠨ ᠳᠤ ᠤᠢᠢᠯᠠᠭᠠᠭᠤᠯᠬᠤ ᠪᠠᠷ ᠴᠢᠷᠮᠠᠶᠢᠨ᠎ᠠ ᠬᠡᠵᠦ ᠰᠠᠨᠠᠯ ᠨᠢᠬᠡᠳᠡᠢ ᠢᠯᠡᠳᠬᠡᠵᠡᠬᠡᠨ᠎ᠠ᠃

  ᠨᠢᠭᠡᠳᠤᠭᠡᠷ ᠮᠠᠰᠢᠨ ᠮᠧᠬᠠᠨᠢᠭ ᠤᠨ ᠪᠦᠯᠦᠭᠯᠡᠯ ᠤᠨ ᠨᠠᠮ ᠤᠨ ᠬᠤᠷᠢᠶᠠᠨ ᠤ ᠠᠵᠢᠯ ᠤᠨ ᠭᠠᠵᠠᠷ ᠤᠨ ᠲᠠᠷᠤᠭ᠎ᠠ ᠵᠤᠤ ᠶᠤᠤ᠄ ︽ᠡᠨᠡ ᠪᠤᠯ ᠨᠢᠭᠡ ᠤᠳᠠᠭ᠎ᠠ ᠶᠢᠨ ᠡᠬᠦᠳᠤᠨ ᠪᠦᠳᠦᠭᠡᠯᠴᠢ ᠴᠢᠨᠠᠷᠳᠡᠢ᠂ ᠪᠡᠯᠭᠡ ᠲᠡᠮᠳᠡᠭ ᠤᠨ ᠠᠴᠢ ᠬᠤᠯᠪᠤᠭᠳᠠᠯ ᠲᠠᠢ ᠴᠢᠬᠤᠯᠠ ᠬᠤᠷᠠᠯ ᠪᠤᠯᠤᠨ᠎ᠠ᠃ ᠠᠵᠤ ᠠᠬᠤᠢᠢᠯᠡᠯ ᠤᠨ ᠨᠠᠮ ᠤᠨ ᠪᠠᠶᠢᠭᠤᠯᠤᠯᠳᠡ ᠪᠤᠯᠤᠨ ᠤᠬᠠᠭᠤᠯᠭ᠎ᠠ ᠶᠢᠨ ᠰᠠᠯᠠᠭ᠎ᠠ ᠮᠦᠴᠢᠷ ᠪᠤᠯᠤᠭᠰᠠᠨ ᠤ ᠬᠤᠪᠢ ᠳᠤ᠂ ᠪᠢᠳᠡ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠭᠠᠷᠳᠠᠬᠤ ᠴᠡᠭ ᠪᠤᠯᠤᠨ ᠬᠦᠴᠦᠯᠡᠬᠦ ᠴᠡᠭ ᠢ ᠤᠨᠤᠪᠴᠢᠳᠡᠢ ᠠᠳᠬᠤᠨ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠪᠠ ᠺᠤᠮᠫᠠᠨᠢ ᠶᠢᠨ ᠵᠠᠰᠠᠯᠳᠡ ᠶᠢ ᠳᠡᠬᠦᠯᠳᠡᠷᠵᠢᠬᠦᠯᠬᠦ ᠶᠢ ᠤᠷᠭᠠᠨᠢᠭ ᠢᠶᠠᠷ ᠨᠢᠭᠡᠳᠭᠡᠵᠦ᠂ ᠤᠯᠤᠰ ᠤᠨ ᠦᠮᠴᠢᠯᠡᠯ ᠤᠨ ᠠᠵᠤ ᠠᠬᠤᠢᠢᠯᠡᠯ ᠤᠨ ᠨᠠᠮ ᠤᠨ ᠵᠤᠬᠢᠶᠠᠨ ᠪᠠᠶᠢᠭᠤᠯᠤᠯᠳᠡ ᠶᠢᠨ ᠤᠳᠤᠷᠢᠳᠤᠯᠭ᠎ᠠ ᠶᠢᠨ ᠤᠢᠢᠯᠡᠳᠤᠯ ᠢ ᠬᠦᠢᠴᠡᠳ ᠪᠠᠳᠠᠷᠠᠭᠤᠯᠤᠨ᠂ ᠴᠢᠨᠠᠷᠯᠢᠭ ᠰᠠᠶᠢᠨ ᠨᠠᠮ ᠤᠨ ᠪᠠᠶᠢᠭᠤᠯᠤᠯᠳᠡ ᠪᠠᠷ ᠠᠵᠤ ᠠᠬᠤᠢᠢᠯᠡᠯ ᠤᠨ ᠴᠢᠨᠠᠷ ᠰᠠᠶᠢᠳᠡᠢ ᠬᠦᠭᠵᠢᠯᠳᠡ ᠶᠢ ᠲᠠᠭᠠᠭᠤᠯᠤᠨ᠎ᠠ︾ ᠬᠡᠵᠤ ᠤᠷᠮᠠᠳᠠᠢ ᠶᠠᠷᠢᠨ᠎ᠠ᠃

  ᠪᠤᠭᠤᠳᠤ ᠬᠤᠳᠠ ᠶᠢᠨ ᠬᠦᠨᠳᠡᠯᠡᠨ ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠳᠡᠰ ᠤᠨ ᠲᠠᠷᠤᠭ᠎ᠠ ᠪᠠᠢ ᠷᠦᠨ ᠬᠤᠩ᠄ ︽ᠲᠡᠭᠡᠳᠤ ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠤᠯᠤᠨ ᠤᠢᠢᠯᠡ ᠠᠵᠢᠯᠯᠠᠭᠠᠨ ᠤ ᠤᠬᠠᠮᠰᠠᠷ ᠢᠶᠠᠷ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠢ ᠰᠠᠶᠢᠳᠤᠷ ᠬᠢᠵᠤ᠂ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠦᠨᠳᠦᠰᠦᠨ ᠱᠠᠳᠤᠨ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠪᠠᠳᠤ ᠴᠢᠩᠭ᠎ᠠ ᠦᠵᠡᠯ ᠰᠠᠨᠠᠭᠠᠨ ᠤ ᠪᠠᠳᠤᠯᠠᠭ᠎ᠠ ᠪᠤᠯᠤᠨ ᠶᠠᠷᠢᠶ᠎ᠠ ᠬᠡᠯᠡᠯᠴᠡᠭᠡᠨ ᠤ ᠲᠡᠮᠵᠢᠯᠭᠡ ᠬᠠᠩᠭᠠᠨ᠎ᠠ︾ ᠬᠡᠵᠤ ᠰᠢᠢᠳᠮᠡᠭ ᠶᠠᠷᠢᠨ᠎ᠠ᠃

  ︽︿ᠲᠤᠭᠳᠠᠭᠠᠯ﹀ ᠳᠤ ᠪᠦᠬᠦ ᠠᠷᠠᠳ ᠤᠨ ᠬᠠᠤᠯᠢ ᠲᠦᠭᠡᠮᠡᠯᠵᠢᠬᠦᠯᠬᠦ ᠠᠵᠢᠯ ᠤᠨ ᠡᠷᠴᠢᠮ ᠢ ᠴᠢᠩᠭᠠᠷᠠᠭᠤᠯᠵᠤ᠂ ᠪᠦᠬᠦ ᠠᠷᠠᠳ ᠤᠨ ᠬᠠᠤᠯᠢᠵᠢᠯ ᠤᠨ ᠦᠵᠡᠯᠳᠡ ᠶᠢ ᠴᠢᠩᠭᠠᠳᠬᠠᠨ᠂ ᠤᠯᠠᠨ ᠨᠡᠶᠢᠳᠡ ᠶᠢᠨ ᠬᠠᠤᠯᠢ ᠴᠠᠭᠠᠵᠠ ᠶᠢᠨ ᠤᠢᠢᠯᠡᠴᠢᠯᠡᠭᠡᠨ ᠤ ᠰᠢᠰᠲ᠋ᠧᠮ ᠢ ᠲᠡᠬᠦᠯᠳᠡᠷᠵᠢᠬᠦᠯᠵᠤ᠂ ᠬᠠᠤᠯᠢ ᠪᠠᠷ ᠤᠯᠤᠰ ᠢ ᠵᠠᠰᠠᠬᠤ ᠤᠯᠠᠨ ᠲᠦᠮᠡᠨ ᠤ ᠰᠠᠭᠤᠷᠢ ᠶᠢ ᠪᠠᠬᠢᠵᠢᠬᠦᠯᠬᠦ ᠬᠡᠷᠡᠭᠳᠡᠢ ᠬᠡᠵᠤ ᠲᠤᠷᠠᠳᠴᠡᠢ᠃ ᠡᠨᠡ ᠨᠢ ᠨᠢᠭᠡᠳᠤᠭᠡᠷ ᠹᠷᠤᠨᠲ ᠲᠤ ᠠᠵᠢᠯᠯᠠᠵᠤ ᠪᠠᠶᠢᠭ᠎ᠠ ᠬᠠᠤᠯᠢ ᠴᠠᠭᠠᠵᠡ ᠶᠢᠨ ᠠᠵᠢᠯᠳᠠᠨ ᠪᠤᠯᠤᠭᠰᠠᠨ ᠪᠢᠳᠡᠨ ᠳᠤ ᠠᠵᠢᠯ ᠤᠨ ᠴᠢᠭᠯᠡᠯ ᠢ ᠵᠢᠭᠠᠨ ᠦᠭᠴᠤ᠂ ᠠᠵᠢᠯ ᠤᠨ ᠬᠦᠳᠡᠯᠭᠡᠬᠦ ᠬᠦᠴᠦᠨ ᠢ ᠨᠡᠮᠡᠭᠳᠡᠬᠦᠯᠦᠯ᠎ᠠ︾ ᠬᠡᠵᠤ ᠤᠯᠠᠭᠠᠨᠬᠠᠳᠡ ᠬᠤᠳᠡ ᠶᠢᠨ ᠶᠤᠧᠠᠨ ᠪᠤᠤ ᠱᠠᠨ ᠲᠤᠭᠤᠷᠢᠭ ᠤᠨ ᠬᠠᠤᠯᠢ ᠴᠠᠭᠠᠵᠡ ᠶᠢᠨ ᠲᠤᠪᠴᠢᠶᠠᠨ ᠤ ᠲᠠᠷᠤᠭ᠎ᠠ ᠢᠤᠢ ᠯᠢ ᠶᠠᠷᠢᠨ᠎ᠠ᠃

         ︵ ᠦᠪᠦᠷ ᠮᠤᠩᠭᠤᠯ ᠤᠨ ᠰᠤᠨᠢᠨ ᠤ ᠰᠤᠷᠪᠤᠯᠵᠢᠯᠠᠭᠴᠢ ᠵᠧᠩ ᠰᠢᠤᠧᠠᠢ ᠯᠢᠶᠠᠩ ᠰᠦᠩ ᠠ ᠨᠠᠨ ᠰᠢᠤᠢ ᠶᠦᠩ ᠱᠧᠩ ᠶᠡᠷᠤᠩᠬᠡᠶᠢᠯᠡᠨ ᠮᠡᠳᠡᠭᠡᠯᠡᠪᠡ︶



  
     
     