 

ᠤᠯᠠᠭᠠᠨ ᠵᠠᠭᠠᠯᠮᠠᠶᠢᠳᠠᠨ ᠤ ᠪᠠᠴᠢᠮ ᠪᠠᠶᠢᠳᠠᠯ ᠢ ᠠᠷᠭᠠᠴᠠᠭᠠᠨ ᠠᠪᠤᠷᠠᠨ ᠲᠤᠰᠠᠯᠠᠬᠤ ᠶᠡᠭᠡ ᠮᠦᠷᠦ᠋ᠢᠴᠡᠭᠡᠨ

2019-09-12 17:35
  260
  0

  9 ᠰᠠᠷ᠎ᠠ ᠶᠢᠨ 10 ᠠᠴᠠ 11 ᠤ ᠡᠳᠦᠷ ᠪᠤᠯᠳᠠᠯ᠎ᠠ᠂ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠠᠴᠠ ᠭᠤᠤᠯᠯᠠᠨ ᠡᠷᠬᠢᠯᠡᠵᠤ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠶᠡᠷᠦᠩᠬᠡᠢ ᠨᠡᠶᠢᠭᠡᠮᠯᠢᠭ ᠤᠨ ᠪᠤᠯᠪᠠᠰᠤᠷᠠᠯ ᠤᠨ ᠲᠦᠪ ᠠᠴᠠ ᠳᠠᠭᠠᠭᠠᠴᠢᠯᠠᠨ ᠡᠷᠬᠢᠯᠡᠭᠰᠡᠨ ᠲᠠᠪᠤᠳᠤᠭᠠᠷ ᠬᠤᠭᠤᠴᠠᠭᠠᠨ ᠤ ᠪᠦᠬᠦ ᠤᠯᠤᠰ ᠤᠨ ᠤᠯᠠᠭᠠᠨ ᠵᠠᠭᠠᠯᠮᠠᠶᠢᠳᠠᠨ ᠤ ᠪᠠᠴᠢᠮ ᠪᠠᠶᠢᠳᠠᠯ ᠢ ᠠᠷᠭᠠᠴᠠᠭᠠᠨ ᠠᠪᠤᠷᠠᠨ ᠲᠤᠰᠠᠯᠠᠬᠤ ᠶᠡᠭᠡ ᠮᠦᠷᠦ᠋ᠢᠴᠡᠭᠡᠨ ᠬᠦᠬᠡᠬᠤᠳᠠ ᠳᠤ ᠶᠠᠪᠤᠭᠳᠠᠵᠠᠢ᠃
  ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ᠂ ᠦᠪᠡᠷᠳᠡᠭᠡᠨ ᠵᠠᠰᠠᠬᠤ ᠤᠷᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠨᠡᠷ᠎ᠠ ᠬᠦᠨᠳᠦᠳᠤ ᠳᠠᠷᠤᠭ᠎ᠠ ᠪᠦ᠋ ᠰᠢᠶᠤᠤ ᠯᠢᠨ᠂ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠨᠠᠮ ᠤᠨ ᠤᠳᠤᠷᠢᠳᠬᠤ ᠳᠤᠭᠤᠢᠢᠯᠠᠩ ᠤᠨ ᠱᠦᠵᠢ᠂ ᠨᠡᠶᠢᠭᠡᠮᠯᠢᠭ ᠤᠨ ᠪᠠᠶᠢᠩᠭᠤ ᠶᠢᠨ ᠳᠡᠳ᠋ ᠳᠠᠷᠤᠭ᠎ᠠ ᠯᠢᠶᠠᠩ ᠬᠤᠢ ᠯᠢᠩ᠂ ᠦᠪᠡᠷᠳᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ᠂ ᠦᠪᠡᠷᠳᠡᠭᠡᠨ ᠵᠠᠰᠠᠬᠤ ᠤᠷᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠳᠠᠷᠤᠭ᠎ᠠ ᠡᠸᠤ ᠶᠠᠩ ᠰᠢᠶᠤᠤ ᠬᠤᠢ ᠠᠵᠢᠯᠯᠠᠭ᠎ᠠ ᠳᠤ ᠤᠷᠤᠯᠴᠠᠭᠰᠠᠨ ᠪᠦᠭᠡᠳ ᠶᠡᠭᠡ ᠮᠦᠷᠦ᠋ᠢᠴᠡᠭᠡᠨ ᠳᠤ ᠱᠠᠩᠨᠠᠯ ᠤᠯᠤᠭᠰᠠᠨ ᠬᠠᠮᠳᠦ ᠨᠢᠭᠡᠴᠢ ᠳᠤ ᠱᠠᠩᠨᠠᠯ ᠭᠠᠷᠳᠠᠭᠤᠯᠵᠠᠢ᠃ ᠯᠢᠶᠠᠩ ᠬᠤᠢ ᠯᠢᠩ ᠦᠪᠡᠷᠳᠡᠭᠡᠨ ᠵᠠᠰᠠᠬᠤ ᠤᠷᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠲᠤ ᠤᠨᠴᠠᠭᠠᠢ ᠬᠤᠪᠢ ᠨᠡᠮᠡᠷᠢ ᠶᠢᠨ ᠱᠠᠩᠨᠠᠯ ᠭᠠᠷᠳᠠᠭᠤᠯᠵᠠᠢ᠃ 
  ᠲᠤᠰ ᠬᠤᠭᠤᠴᠠᠭᠠᠨ ᠤ ᠶᠡᠭᠡ ᠮᠦᠷᠦ᠋ᠢᠴᠡᠭᠡᠨ ᠨᠢ ︽ᠠᠮᠢ ᠨᠠᠰᠤ ᠶᠢ ᠬᠠᠶᠢᠷᠠᠯᠠᠨ ᠬᠠᠯᠠᠮᠵᠢᠯᠠᠵᠤ ᠲᠡᠷᠭᠡᠳᠡᠬᠢ ᠪᠠᠨ ᠠᠪᠤᠷᠠᠨ ᠲᠤᠰᠠᠯᠠᠶ᠎ᠠ︾ ᠪᠠᠷ ᠭᠤᠤᠯ ᠰᠡᠳᠤᠪ ᠪᠤᠯᠭᠠᠵᠤ᠂ ᠤᠯᠠᠭᠠᠨ ᠵᠠᠭᠠᠯᠮᠠᠶᠢᠳᠠᠨ ᠤ ᠪᠠᠴᠢᠮ ᠪᠠᠶᠢᠳᠠᠯ ᠢ ᠠᠷᠭᠠᠴᠠᠭᠠᠨ ᠠᠪᠤᠷᠠᠨ ᠲᠤᠰᠠᠯᠠᠬᠤ ᠪᠤᠯᠪᠠᠰᠤᠷᠠᠯ ᠤᠨ ᠦᠷ᠎ᠠ ᠪᠦᠲᠦᠭᠡᠯ ᠢ ᠲᠦᠪᠯᠡᠷᠡᠩᠭᠦᠢ ᠬᠠᠷᠠᠭᠤᠯᠵᠤ᠂ ᠪᠠᠴᠢᠮ ᠪᠠᠶᠢᠳᠠᠯ ᠢ ᠠᠷᠭᠠᠴᠠᠭᠠᠨ ᠠᠪᠤᠷᠠᠨ ᠲᠤᠰᠠᠯᠠᠬᠤ ᠮᠡᠷᠭᠡᠵᠢᠯ ᠢ ᠪᠤᠳᠠᠳᠠᠢ ᠳᠤ ᠬᠡᠷᠡᠭᠯᠡᠬᠦ ᠴᠢᠳᠠᠪᠤᠷᠢ ᠶᠢ ᠰᠢᠯᠭᠠᠨ ᠪᠠᠶᠢᠴᠠᠭᠠᠬᠤ ᠪᠠᠷ ᠵᠤᠷᠢᠯᠳᠠ ᠪᠤᠯᠭᠠᠪᠠ᠃ ᠪᠦᠬᠦ ᠤᠯᠤᠰ ᠤᠨ ᠡᠯ᠎ᠠ ᠮᠤᠵᠢ ︵ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ︶ ᠶᠢᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠳᠠ ᠶᠢᠨ ᠪᠢᠩᠲ᠋ᠤᠸᠠᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠲᠡᠮᠦᠷ ᠵᠠᠮ ᠤᠨ ᠰᠢᠰᠲ᠋ᠧᠮ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠪᠤᠯᠤᠨ ᠰᠢᠶᠠᠩᠭᠠᠩ᠂ ᠤᠤᠮᠧᠨ ᠤ ᠤᠨᠴᠠᠭᠠᠢ ᠵᠠᠰᠠᠭ ᠵᠠᠬᠢᠷᠭᠠᠨ ᠤ ᠤᠷᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ 35 ᠲᠦᠯᠦᠭᠡᠯᠡᠭᠴᠢᠳ ᠤᠨ ᠪᠦᠯᠬᠦᠮ ᠤᠨ 400 ᠭᠠᠷᠤᠢ ᠤᠯᠠᠭᠠᠨ ᠵᠠᠭᠠᠯᠮᠠᠶᠢᠳᠠᠨ ᠤ ᠠᠪᠤᠷᠠᠨ ᠲᠤᠰᠠᠯᠠᠭᠴᠢ ᠬᠤᠷᠠᠨ ᠴᠤᠭᠯᠠᠷᠠᠵᠤ᠂ ᠮᠡᠷᠭᠡᠰᠢᠯ ᠢᠶᠠᠨ ᠮᠦᠷᠦ᠋ᠢᠴᠡᠵᠦ᠂ ᠪᠤᠯᠪᠠᠰᠤᠷᠠᠩᠭᠤᠢ ᠪᠦᠭᠡᠳ ᠵᠢᠷᠤᠮᠵᠢᠭᠤᠨ ᠠᠵᠢᠯᠯᠠᠭ᠎ᠠ ᠪᠤᠯᠤᠨ ᠭᠠᠷᠮᠠᠭᠠᠢ ᠮᠡᠷᠭᠡᠵᠢᠯ ᠢᠶᠠᠷ ᠢᠶᠠᠨ ᠤᠯᠠᠭᠠᠨ ᠵᠠᠭᠠᠯᠮᠠᠶᠢᠳᠠᠨ ᠤ ᠠᠪᠤᠷᠠᠨ ᠲᠤᠰᠠᠯᠠᠭᠴᠢᠳ ᠤᠨ ᠳᠦᠷᠢ ᠳᠦᠷᠬᠦ ᠶᠢ ᠢᠯᠡᠷᠡᠭᠦᠯᠦᠭᠰᠡᠨ ᠪᠠᠶᠢᠨ᠎ᠠ᠃ ᠶᠡᠭᠡ ᠮᠦᠷᠦ᠋ᠢᠴᠡᠭᠡᠨ ᠨᠢ ᠰᠢᠭᠰᠢᠭᠡ ᠮᠦᠷᠦ᠋ᠢᠴᠡᠭᠡᠨ ᠪᠤᠯᠤᠨ ᠰᠢᠢᠳᠪᠦᠷᠢᠳᠤ ᠮᠦᠷᠦ᠋ᠢᠴᠡᠭᠡᠨ ᠭᠡᠵᠦ ᠬᠤᠶᠠᠷ ᠱᠠᠳᠤ ᠬᠤᠪᠢᠶᠠᠨ ᠶᠠᠪᠤᠭᠳᠠᠵᠤ᠂ ᠬᠤᠷᠴᠠ ᠰᠢᠷᠦᠭᠦᠨ ᠮᠦᠷᠦ᠋ᠢᠴᠡᠭᠡᠨ ᠢᠶᠠᠷ ᠳᠠᠮᠵᠢᠵᠤ᠂ ᠲᠢᠶᠠᠨᠵᠢᠨ ᠤ ᠠᠩᠭᠢ ᠭᠠᠷᠮᠠᠭᠠᠢ ᠠᠪᠤᠷᠠᠨ ᠲᠤᠰᠠᠯᠠᠬᠤ ᠮᠡᠷᠭᠡᠵᠢᠯ ᠢᠶᠠᠷ ᠢᠶᠠᠨ ᠮᠠᠩᠯᠠᠶᠢᠯᠠᠵᠤ᠂ ᠪᠡᠭᠡᠵᠢᠩ ᠤᠨ ᠠᠩᠭᠢ᠂ ᠱᠠᠩᠬᠠᠢ ᠶᠢᠨ ᠠᠩᠭᠢ ᠳᠡᠳ᠋ᠯᠡᠵᠤ᠂ ᠱᠠᠨ ᠰᠢ ᠶᠢᠨ ᠠᠩᠭᠢ᠂ ᠦᠪᠦᠷ ᠮᠤᠩᠭᠤᠯ ᠤᠨ ᠠᠩᠭᠢ᠂ ᠴᠦᠩᠴᠢᠩ ᠤᠨ ᠠᠩᠭᠢ ᠭᠤᠷᠪᠠᠳᠤᠭᠠᠷ ᠲᠤ ᠳᠤᠳᠤᠷᠠᠵᠠᠢ᠃
  ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠪᠤᠯᠤᠨ ᠤᠯᠠᠭᠠᠨ ᠠᠯᠮᠠᠩ ᠰᠠᠷᠠ ᠨᠡᠶᠢᠭᠡᠮᠯᠢᠭ ᠤᠨ ᠤᠯᠠᠨ ᠤᠯᠤᠰ ᠤᠨ ᠬᠤᠯᠪᠤᠭᠠᠳᠤ ᠬᠤᠷᠠᠯ ᠤᠨ ᠪᠦᠬᠦ ᠳᠡᠯᠡᠬᠡᠢ ᠶᠢᠨ ᠲᠦᠷᠭᠡᠨ ᠠᠪᠤᠷᠠᠯᠳᠠ ᠶᠢᠨ ᠡᠬᠢ ᠪᠠᠶᠠᠯᠢᠭ ᠤᠨ ᠲᠦᠪ ᠤᠨ ᠬᠠᠷᠢᠭᠤᠴᠠᠯᠭᠠᠳᠠᠨ ᠫᠠᠰᠺᠠ · ᠺᠠᠰᠠᠨ ᠱᠠᠩᠨᠠᠯ ᠤᠯᠭᠤᠬᠤ ᠶᠤᠰᠤᠯᠠᠯ ᠳᠡᠭᠡᠷ᠎ᠠ ᠪᠠᠶᠠᠷ ᠤᠨ ᠦᠭᠡ ᠬᠡᠯᠡᠵᠤ᠂ ᠶᠡᠭᠡ ᠮᠦᠷᠦ᠋ᠢᠴᠡᠭᠡᠨ ᠤ ᠲᠡᠭᠦᠰ ᠠᠮᠵᠢᠯᠳᠠ ᠤᠯᠤᠭᠰᠠᠨ ᠳᠤ ᠪᠠᠶᠠᠷ ᠬᠦᠷᠭᠡᠭᠰᠡᠨ ᠪᠦᠭᠡᠳ ᠪᠦᠬᠦ ᠳᠡᠯᠡᠬᠡᠢ ᠶᠢᠨ ᠲᠦᠷᠭᠡᠨ ᠠᠪᠤᠷᠠᠯᠳᠠ ᠶᠢᠨ ᠡᠬᠢ ᠪᠠᠶᠠᠯᠢᠭ ᠤᠨ ᠲᠦᠪ ᠤᠨ ᠡᠮᠦᠨ᠎ᠠ ᠠᠴᠠ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠳᠤ ᠤᠯᠠᠨ ᠤᠯᠤᠰ ᠤᠨ ᠲᠦᠷᠭᠡᠨ ᠠᠪᠤᠷᠠᠯᠳᠠ ᠶᠢᠨ ᠦᠨᠡᠮᠯᠡᠯ ᠤᠯᠭᠤᠵᠤ᠂ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠪᠦᠬᠦ ᠳᠡᠯᠡᠬᠡᠢ ᠶᠢᠨ ᠠᠩᠬᠠᠳᠠᠭᠴᠢ ᠲᠤᠰ ᠦᠨᠡᠮᠯᠡᠯ ᠢ ᠤᠯᠤᠭᠰᠠᠨ ᠤᠯᠤᠰ ᠤᠨ ᠳᠡᠰ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠪᠤᠯᠵᠤ᠂ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠪᠠᠴᠢᠮ ᠪᠠᠶᠢᠳᠠᠯ ᠢ ᠠᠷᠭᠠᠴᠠᠭᠠᠨ ᠠᠪᠤᠷᠠᠨ ᠲᠤᠰᠠᠯᠠᠬᠤ ᠪᠤᠯᠪᠠᠰᠤᠷᠠᠯ ᠳᠡᠯᠡᠬᠡᠶᠢᠵᠢᠯᠳᠡ ᠲᠡᠶᠢᠰᠢ ᠢᠳᠡᠷᠡᠭᠦᠨ ᠢᠶᠠᠷ ᠠᠯᠬᠤᠭᠰᠠᠨ ᠢ ᠬᠠᠷᠠᠭᠤᠯᠪᠠ᠃ ᠵᠣᠬᠢᠶᠠᠭᠴᠢ᠄  ᠳ᠋ᠠᠢ ᠬᠤᠩ 



  
     
     