-
1171
ᠬᠢᠴᠢᠶᠡᠯ ᠦᠨ ᠪᠠᠷᠢᠮᠵᠢᠶ᠎ᠠ ᠳᠤ ᠰᠠᠭᠤᠷᠢᠯᠠᠭᠰᠠᠨ ᠪᠠᠭ᠎ᠠ ᠰᠤᠷᠭᠠᠭᠤᠯᠢ ᠶᠢᠨ ᠮᠤᠩᠭᠤᠯ ᠬᠡᠯᠡᠨ ᠦ ᠲᠠᠰᠬᠠᠯ ᠤᠨ ᠲᠦᠰᠦᠪᠯᠡᠯ ᠢ ᠰᠢᠯᠢ
2025-11-02 18:14
2
0
ᠬᠢᠴᠢᠶᠡᠯ ᠦᠨ ᠪᠠᠷᠢᠮᠵᠢᠶ᠎ᠠ ᠳᠤ ᠰᠠᠭᠤᠷᠢᠯᠠᠭᠰᠠᠨ ᠪᠠᠭ᠎ᠠ ᠰᠤᠷᠭᠠᠭᠤᠯᠢ ᠶᠢᠨ ᠮᠤᠩᠭᠤᠯ
ᠬᠡᠯᠡᠨ ᠦ ᠲᠠᠰᠬᠠᠯ ᠤᠨ ᠲᠦᠰᠦᠪᠯᠡᠯ ᠢ ᠰᠢᠯᠢᠳᠡᠭᠵᠢᠭᠦᠯᠬᠦ ᠠᠷᠭ᠎ᠠ
ᠪᠣᠳᠣᠯᠭ᠎ᠠ
ᠳᠥᠷᠪᠡᠳᠦᠭᠡᠷ ᠣᠨ ᠪᠣᠯ ᠪᠠᠭ᠎ᠠ ᠰᠤᠷᠭᠠᠭᠤᠯᠢᠶ᠋ᠢᠨ ᠳᠤᠮᠳᠠ ᠣᠨ ᠡᠴᠡ ᠳᠡᠭᠡᠳᠦ ᠣᠨ ᠳᠠᠰᠢ ᠰᠢᠯᠵᠢᠬᠦ ᠵᠠᠩᠭᠢᠯᠠᠭᠠᠶ᠋ᠢᠨ ᠬᠤᠭᠤᠴᠠᠭ᠎ᠠ ᠪᠣᠯᠤᠨ᠎ᠠ ᠂ ᠰᠤᠷᠤᠭᠴᠢᠳ ᠤᠨ ᠰᠡᠳᠬᠢᠬᠦᠢ ᠨᠢ ᠶᠠᠭ ᠪᠣᠳᠠᠲᠠᠢ ᠲᠦᠷᠰᠦᠯᠢᠭ ᠰᠡᠳᠬᠢᠬᠦᠢ ᠡᠴᠡ ᠬᠡᠶᠢᠰᠪᠦᠷᠢ ᠯᠣᠭᠢᠭ ᠰᠡᠳᠬᠢᠬᠦᠢ ᠳᠠᠰᠢ ᠬᠥᠭᠵᠢᠵᠦ ᠪᠠᠢᠨ᠎ᠠ ᠃ ᠤᠯᠠᠮᠵᠢᠯᠠᠯᠲᠤ ᠰᠤᠷᠭᠠᠨ ᠬᠥᠮᠥᠵᠢᠯ ᠤᠨ ᠮᠧᠬᠠᠨᠢᠭ ᠢᠶᠠᠷ ᠬᠠᠭᠤᠯᠤᠨ ᠪᠢᠴᠢᠬᠦ ᠂ ᠳᠠᠪᠲᠠᠨ ᠪᠣᠯᠪᠠᠰᠤᠷᠠᠬᠤ ᠲᠥᠷᠥᠯ ᠤᠨ ᠳᠠᠰᠬᠠᠯ ᠨᠢ ᠰᠢᠨ᠎ᠡ ᠬᠢᠴᠢᠶᠡᠯᠯᠡᠭᠡ ᠶ᠋ᠢᠨ ᠱᠠᠭᠠᠷᠳᠠᠯᠭ᠎ᠠ ᠪᠣᠯᠤᠨ ᠰᠤᠷᠤᠭᠴᠢᠳ ᠤᠨ ᠦᠰᠦᠨ ᠪᠤᠶᠢᠵᠢᠯᠳᠠᠶ᠋ᠢᠨ ᠳᠣᠲᠣᠭᠠᠳᠤ ᠬᠡᠷᠡᠭᠴᠡᠭᠡᠶ᠋ᠢ ᠬᠠᠩᠭᠠᠬᠤ ᠳ᠋ᠤ᠌ ᠪᠡᠷᠬᠡ ᠲᠡᠢ ᠪᠣᠯᠤᠭᠰᠠᠨ ᠪᠠᠶᠢᠨ᠎ᠠ᠃ ᠡᠶᠢᠮᠦ ᠡᠴᠡ ᠲᠠᠰᠬᠠᠯ ᠤᠨ ᠲᠦᠰᠦᠪᠯᠡᠯ ᠨᠢ ᠡᠷᠬᠡᠪᠰᠢ ᠬᠡᠪᠰᠢᠭᠰᠡᠨ ᠬᠡᠯᠪᠡᠷᠢ ᠶᠢ ᠬᠤᠪᠢᠷᠠᠭᠠᠨ᠂ ᠰᠢᠨ᠎ᠡ ᠴᠠᠭ ᠡᠷᠢᠨ ᠦ ᠱᠠᠭᠠᠷᠳᠠᠯᠭ᠎ᠠ ᠳᠤ ᠵᠤᠬᠢᠴᠠᠭᠤᠯᠤᠨ ᠰᠢᠯᠢᠳᠡᠭᠵᠢᠭᠦᠯᠬᠦ ᠬᠡᠷᠡᠭᠲᠡᠢ ᠃ ᠲᠤᠤᠷ᠎ᠠ ᠮᠤᠩᠭᠤᠯ ᠬᠡᠯᠡᠨ ᠦ ᠲᠠᠰᠬᠠᠯ ᠤᠨ ᠲᠦᠰᠦᠪᠯᠡᠯ ᠢ ᠬᠡᠷᠬᠢᠨ ᠰᠢᠯᠢᠳᠡᠭᠵᠢᠭᠦᠯᠬᠦ ᠲᠤᠬᠠᠢ ᠭᠤᠷᠪᠠᠨ ᠲᠠᠯ᠎ᠠ ᠠᠴᠠ ᠶᠠᠷᠢᠶ᠎ᠠ᠃
ᠨᠢᠭᠡ ᠂ ︽ ᠨᠢᠭᠡᠳᠦᠮᠡᠯ ᠴᠢᠨᠠᠷ ︾ ᠠ᠋ᠴᠠ ︽ ᠳᠠᠪᠬᠤᠷᠭ᠎ᠠ ᠬᠤᠪᠢᠶᠠᠬᠤ ᠴᠢᠨᠠᠷ ︾ ᠵᠦᠭ ᠬᠤᠪᠢᠷᠠᠭᠠᠨ ᠰᠤᠷᠤᠭᠴᠢᠳ ᠤᠨ ᠪᠣᠳᠠᠭᠠᠯᠢ ᠪᠡᠶᠡᠶ᠋ᠢᠨ ᠵᠥᠷᠢᠶᠡᠶ᠋ᠢ ᠴᠢᠬᠤᠯᠠᠴᠢᠯᠠᠨ᠎ᠠ᠃
ᠰᠢᠨ᠎ᠡ ᠬᠢᠴᠢᠶᠡᠯ ᠤᠨ ᠪᠠᠷᠢᠮᠵᠢᠢᠠᠳ᠋ᠤ᠌ ︽ ᠰᠤᠷᠤᠭᠴᠢ ᠪᠠᠷ ᠦᠨᠳᠦᠰᠦ ᠪᠣᠯᠭᠠᠬᠤ ︾ ᠪᠠ︽ ᠪᠦᠬᠦ ᠰᠤᠷᠤᠭᠴᠢ ᠳᠤ ᠬᠠᠨᠳᠤᠬᠤ︾ ᠶ᠋ᠢ ᠴᠢᠬᠤᠯᠠᠴᠢᠯᠠᠪᠠ ᠃ ᠲᠠᠰᠬᠠᠯ ᠤᠨ ᠲᠦᠰᠦᠪᠯᠡᠯ ᠨᠢ ᠬᠠᠷᠢᠮᠠᠬᠠᠢ ᠴᠢᠨᠠᠷ ᠪᠠ ᠰᠤᠩᠭᠤᠯᠳᠠᠳᠤ ᠴᠢᠨᠠᠷ ᠢ ᠢᠯᠡᠷᠡᠭᠦᠯᠵᠦ ᠂ ᠳᠡᠰ ᠬᠤᠪᠢᠶᠠᠵᠤ ᠲᠦᠰᠦᠪᠯᠡᠬᠦ ᠶ᠋ᠢ ᠬᠡᠷᠡᠭᠵᠢᠭᠦᠯᠬᠦ ᠬᠡᠷᠡᠭᠲᠡᠢ ᠃ ᠰᠤᠷᠤᠭᠴᠢᠳ ᠤᠨ ᠰᠤᠷᠤᠯᠭᠠᠶ᠋ᠢᠨ ᠪᠠᠶᠢᠳᠠᠯ ᠢ ᠦᠨᠳᠦᠰᠦᠯᠡᠨ ᠂ 《 ᠰᠠᠭᠤᠷᠢ ᠶ᠋ᠢ ᠪᠡᠬᠢᠵᠢᠭᠦᠯᠬᠦ ᠬᠡᠯᠪᠡᠷᠢ 》 ᠂ 《 ᠮᠡᠳᠡᠯᠭᠡ ᠶ᠋ᠢ ᠦᠷᠭᠡᠳᠭᠡᠨ ᠴᠢᠳᠠᠪᠤᠷᠢ ᠶᠢ ᠬᠦᠮᠦᠵᠢᠭᠦᠯᠬᠦ ᠬᠡᠯᠪᠡᠷᠢ 》 ᠪᠠ 《 ᠦᠷᠢᠰᠦᠯᠳᠦᠭᠡᠨ ᠳᠦ ᠤᠷᠤᠯᠴᠠᠨ ᠰᠢᠨ᠎ᠡ ᠶᠢ ᠰᠦᠪᠡᠭᠴᠢᠯᠡᠬᠦ 》 ᠵᠡᠷᠭᠡ ᠣᠯᠠᠨ ᠳᠡᠰ ᠳᠠᠪᠬᠤᠷᠭᠠᠶ᠋ᠢᠨ ᠠᠵᠢᠯᠯᠠᠭᠠᠶ᠋ᠢ ᠲᠥᠰᠦᠪᠯᠡᠵᠦ ᠪᠣᠯᠤᠨ᠎ᠠ ᠃ ᠵᠢᠱ᠌ᠢᠶᠡᠯᠡᠪᠡᠯ ᠂ ᠰᠢᠯᠦᠭ ᠢ ᠰᠤᠷᠤᠭᠰᠠᠨ ᠤ ᠳᠠᠷᠠᠭ᠎ᠠ ᠂ ᠰᠠᠭᠤᠷᠢ ᠱᠠᠲᠤ ᠨᠢ ᠭᠣᠣᠯᠳᠠᠭᠤ ᠴᠡᠭᠡᠵᠢᠯᠡᠬᠦ ᠪᠠ ᠳᠤᠭᠤᠢ ᠪᠢᠴᠢᠵᠦ ᠪᠣᠯᠤᠨ᠎ᠠ ᠃ ᠥᠷᠭᠡᠳᠬᠡᠭᠰᠡᠨ ᠳᠠᠪᠬᠤᠷᠭ᠎ᠠ ᠨᠢ ᠰᠢᠯᠦᠭ ᠳᠣᠲᠣᠷᠠᠬᠢ ᠵᠢᠷᠤᠭ ᠢ ᠳᠦᠷᠰᠦᠯᠡᠨ ᠵᠢᠷᠤᠵᠤ ᠲᠤᠷᠰᠢᠵᠤ ᠪᠣᠯᠤᠨ᠎ᠠ ᠃ ᠥᠷᠢᠰᠥᠯᠳᠦᠭᠡᠨ ᠤ ᠳᠠᠪᠬᠤᠷᠭ᠎ᠠ ᠨᠢ ᠠᠳᠠᠯᠢ ᠲᠥᠷᠥᠯ ᠤᠨ ᠰᠡᠳᠦᠪ ᠲᠡᠢ ᠰᠢᠯᠦᠭ ᠳᠠᠭᠤᠤ ᠶ᠋ᠢ ᠬᠠᠷᠢᠴᠠᠭᠤᠯᠤᠨ ᠤᠩᠰᠢᠬᠤ ᠪᠤᠶᠤ ᠳᠥᠭᠥᠮ ᠳᠠᠭᠤᠷᠢᠶᠠᠮᠠᠯ ᠪᠢᠴᠢᠯᠭᠡ ᠬᠢᠵᠦ ᠪᠣᠯᠤᠨ᠎ᠠ ᠃ ᠢᠩᠭᠢᠵᠦ ᠪᠠᠶᠢᠭᠠᠳ ᠰᠤᠷᠤᠭᠴᠢ ᠨᠢᠭᠡ ᠪᠦᠷᠢ ᠶ᠋ᠢ 《 ᠨᠢᠭᠡ ᠯᠠ ᠦᠰᠦᠷᠪᠡᠯ ᠵᠢᠮᠢᠰ ᠢ ᠠᠪᠴᠤ ᠴᠢᠳᠠᠬᠤ 》 ᠪᠣᠯᠭᠠᠵᠤ ᠂ ᠠᠮᠵᠢᠯᠲᠠ ᠣᠯᠤᠭᠰᠠᠨ ᠲᠥᠷᠥᠭᠳᠡᠯ ᠥᠭᠭᠦᠨ᠎ᠡ ᠃
ᠬᠣᠶᠠᠷ ᠂ 《 ᠳᠠᠩ ᠴᠤᠯᠭᠤᠢ ᠴᠢᠨᠠᠷ 》 ᠠ᠋ᠴᠠ 《 ᠶᠡᠷᠦᠩᠬᠡᠶᠢᠯᠡᠭᠰᠡᠨ ᠴᠢᠨᠠᠷ 》 ᠵᠦᠭ ᠬᠤᠪᠢᠷᠠᠭᠠᠨ ᠂ ᠶᠡᠷᠦᠩᠬᠡᠶᠢᠯᠡᠭᠰᠡᠨ ᠬᠡᠪ ᠪᠤᠯᠪᠠᠰᠤᠷᠠᠯ ᠢ ᠲᠡᠬᠡᠭᠰᠢᠯᠡᠭᠦᠯᠬᠦ ᠶᠢ ᠴᠢᠩᠭᠠᠳᠬᠠᠨ᠎ᠠ᠃
ᠰᠢᠨ᠎ᠡ ᠬᠢᠴᠢᠶᠡᠯ ᠤᠨ ᠪᠠᠷᠢᠮᠵᠢᠶ᠎ᠠ ᠳ᠋ᠦ᠍ ᠰᠤᠷᠤᠭᠴᠢᠳ ᠤᠨ ᠶᠡᠷᠦᠩᠬᠡᠢ ᠬᠡᠪ ᠪᠣᠯᠪᠠᠰᠤᠷᠠᠯ ᠢ ᠬᠥᠮᠦᠵᠢᠭᠦᠯᠬᠦ ᠶ᠋ᠢ ᠴᠢᠬᠤᠯᠠᠴᠢᠯᠠᠨ᠎ᠠ ᠭᠡᠵᠡᠢ᠃ ᠲᠠᠰᠬᠠᠯ ᠤᠨ ᠲᠦᠰᠦᠪᠯᠡᠯ ᠢ ᠶᠡᠷᠦᠩᠬᠡᠶᠢᠯᠡᠨ ᠨᠢᠭᠡᠳᠭᠡᠬᠦ ᠶᠢ ᠴᠢᠩᠭᠠᠳᠬᠠᠨ᠎ᠠ ᠃ ︵ᠨᠢᠭᠡ ᠳ᠋ᠦ᠍ ︶᠂ ᠰᠣᠨᠣᠰᠬᠤ ᠂ ᠶᠠᠷᠢᠬᠤ ᠂ ᠤᠩᠰᠢᠬᠤ ᠂ ᠪᠢᠴᠢᠬᠦ ᠳᠣᠲᠣᠭᠠᠳᠤ ᠬᠠᠷᠢᠯᠴᠠᠭᠠᠶ᠋ᠢ ᠴᠢᠩᠭᠠᠳᠬᠠᠨ᠎ᠠ ᠃ ᠵᠢᠱ᠌ᠢᠶᠡᠯᠡᠪᠡᠯ 《 ᠬᠢᠴᠢᠶᠡᠯ ᠤᠨ ᠦᠷᠭᠦᠯᠵᠢᠯᠡᠯ ᠪᠢᠴᠢᠬᠦ 》 ᠂ 《 ᠦᠯᠢᠭᠡᠷ ᠢ ᠶᠠᠷᠢᠬᠤ》 ᠵᠡᠷᠭᠡ ᠶᠡᠷᠦᠩᠬᠡᠢᠯᠡᠭᠰᠡᠨ ᠴᠢᠨᠠᠷᠲᠠᠢ ᠡᠭᠦᠷᠭᠡᠶ᠋ᠢ ᠲᠦᠰᠦᠪᠯᠡᠨ ᠲᠥᠯᠥᠪᠯᠡᠨ᠎ᠡ ᠃︵ ᠬᠣᠶᠠᠷᠲᠤ᠌ ︶᠂ ᠬᠢᠴᠢᠶᠡᠯ ᠲᠥᠷᠥᠯ ᠤᠨ ᠠᠪᠴᠠᠯᠳᠤᠭ᠎ᠠ ᠶᠢ ᠤᠷᠭᠠᠨᠢᠭ ᠢᠶᠠᠷ ᠤᠶᠠᠯᠳᠤᠭᠤᠯᠵᠤ ᠂ ᠲᠠᠰᠬᠠᠯ ᠤᠨ ᠲᠦᠰᠦᠪ ᠪᠣᠯᠤᠨ ᠤᠷᠠᠨ ᠵᠢᠷᠤᠭ ︵ ᠬᠢᠴᠢᠶᠡᠯ ᠳ᠋ᠦ᠍ ᠵᠢᠷᠤᠭ ᠲᠣᠬᠢᠷᠠᠭᠤᠯᠵᠤ ᠥᠭᠬᠦ ︶ ᠂ ᠳᠠᠭᠤᠤ ᠬᠥᠭᠵᠢᠮ ︵ ᠰᠢᠯᠦᠭ ᠲᠦ ᠬᠥᠭᠵᠢᠮ ᠲᠣᠬᠢᠷᠠᠭᠤᠯᠵᠤ ᠥᠭᠬᠦ ︶ ᠂ ᠶᠡᠷᠦᠩᠬᠡᠶᠢᠯᠡᠭᠰᠡᠨ ᠦᠢᠯᠡᠳᠦᠯᠭᠡ ︵ ᠨᠤᠲᠤᠭ ᠤᠨ ᠢᠶᠠᠨ ᠤᠯᠠᠮᠵᠢᠯᠠᠯᠲᠤ ᠰᠣᠶᠣᠯ ᠢ ᠪᠠᠶᠢᠴᠠᠭᠠᠬᠤ ︶ ᠵᠡᠷᠭᠡᠶ᠋ᠢ ᠤᠶᠠᠯᠳᠤᠭᠤᠯᠤᠭᠰᠠᠨ ᠬᠢᠴᠢᠶᠡᠯ ᠠᠯᠤᠰᠯᠠᠭᠰᠠᠨ ᠳᠠᠰᠬᠠᠯ ᠢ ᠲᠥᠰᠦᠪᠯᠡᠵᠦ ᠂ ᠰᠤᠷᠤᠭᠴᠢᠳ ᠢ ᠦᠨᠡᠨ ᠪᠣᠳᠠᠲᠠᠢ ᠠᠬᠤᠢ ᠠᠮᠢᠳᠤᠷᠠᠯ ᠳᠤᠮᠳᠠ ᠬᠡᠯᠡ ᠪᠢᠴᠢᠭ ᠢ ᠬᠡᠷᠡᠭᠯᠡᠭᠦᠯᠦᠨ ᠬᠡᠯᠡᠨ ᠦ ᠬᠡᠷᠡᠭᠯᠡᠭᠡᠨ ᠦ ᠴᠢᠳᠠᠪᠤᠷᠢ ᠶᠢ ᠨᠢ ᠲᠡᠭᠡᠭᠰᠢᠯᠡᠭᠦᠯᠦᠨ᠎ᠡ᠃
ᠭᠤᠷᠪᠠ ᠂ ︽ ᠪᠢᠲᠡᠭᠦᠮᠵᠢᠯᠡᠯᠲᠦ ᠴᠢᠨᠠᠷ ︾ ᠠ᠋ᠴᠠ ︽ ᠦᠢᠯᠡᠳᠦᠯᠭᠡᠲᠦ ᠴᠢᠨᠠᠷ ︾ ᠵᠦᠭ ᠬᠤᠪᠢᠷᠠᠭᠠᠨ ᠂ ᠠᠮᠢᠳᠤᠷᠠᠯ ᠤᠨ ᠲᠤᠮᠳᠠ ᠬᠡᠯᠡ ᠪᠢᠴᠢᠭ ᠢ ᠰᠤᠷᠴᠤ ᠰᠦᠪᠡᠭᠴᠢᠯᠡᠨ ᠰᠤᠳᠤᠯᠬᠤ᠂ ᠬᠠᠶᠢᠨ ᠰᠢᠨᠵᠢᠬᠦ ᠰᠢᠨ᠎ᠡ ᠶᠢ ᠡᠭᠦᠳᠬᠦ ᠴᠢᠳᠠᠪᠤᠷᠢ ᠶᠢ ᠨᠢ ᠬᠦᠮᠦᠵᠢᠭᠦᠯᠦᠨ᠎ᠡ᠃
ᠬᠡᠯᠡ ᠪᠢᠴᠢᠭ ᠦᠨ ᠰᠤᠷᠤᠯᠴᠠᠯᠭ᠎ᠠ ᠨᠢ ᠠᠮᠢᠳᠤᠷᠠᠯ ᠲᠠᠢ ᠨᠢᠭᠳᠠ ᠤᠶᠠᠯᠳᠤᠵᠤ ᠪᠠᠶᠢᠳᠠᠭ ᠃ ᠳᠠᠰᠬᠠᠯ ᠲᠦᠰᠦᠪᠯᠡᠬᠦ ᠳ᠋ᠦ᠍ ᠰᠤᠷᠤᠭᠴᠢᠳ ᠢ ᠬᠥᠲᠥᠯᠦᠨ ᠠᠮᠢᠳᠤᠷᠠᠯ ᠲᠠᠢ ᠤᠶᠠᠯᠳᠤᠭᠰᠠᠨ ᠲᠠᠰᠬᠠᠯ ᠢ ᠢᠯᠡᠭᠦᠬᠡᠨ ᠲᠦᠰᠦᠪᠯᠡᠵᠦ᠂ ᠦᠢᠯᠡᠳᠦᠯᠭᠡ ᠶ᠋ᠢᠨ ᠴᠢᠨᠠᠷ ᠬᠢᠭᠡᠳ ᠰᠣᠨᠢᠷᠬᠠᠯᠲᠤ ᠴᠢᠨᠠᠷ ᠢ ᠨᠢ ᠨᠡᠮᠡᠭᠳᠡᠭᠦᠯᠦᠨ᠎ᠡ ᠃ ︽ ᠠᠵᠢᠭᠯᠠᠯᠲᠠᠶ᠋ᠢᠨ ᠡᠳᠦᠷ ᠤᠨ ᠲᠡᠮᠳᠡᠭᠯᠡᠯ ︾ ᠢ ᠲᠥᠰᠦᠪᠯᠡᠵᠦ ᠤᠷᠭᠤᠮᠠᠯ ᠤᠨ ᠥᠰᠦᠯᠲᠡᠶ᠋ᠢ ᠲᠡᠮᠳᠡᠭᠯᠡᠵᠦ ᠪᠣᠯᠤᠨ᠎ᠠ ᠃ 《 ᠰᠣᠨᠢᠨ ᠮᠡᠳᠡᠭᠡᠨ ᠤ ᠪᠢᠴᠢᠬᠠᠨ ᠨᠡᠪᠲᠡᠷᠡᠭᠦᠯᠭᠡ 》 ᠶ᠋ᠢ ᠬᠤᠪᠢᠶᠠᠯᠴᠠᠬᠤ ᠨᠢ ᠪᠦᠷ ᠦᠵᠡᠵᠦ ᠰᠣᠨᠣᠰᠤᠭᠰᠠᠨ ᠵᠦᠢᠯ ᠢᠶᠡᠨ ᠲᠡᠮᠳᠡᠭᠯᠡᠬᠦ ᠲᠤᠯᠠ ᠭᠦᠨ ᠰᠠᠭᠤᠭᠳᠠᠯ ᠲᠠᠢ ᠪᠤᠯᠵᠤ ᠲᠡᠶᠢᠯᠦᠨ᠎ᠡ᠃ 《 ᠭᠡᠷ ᠪᠦᠯᠢ ᠶ᠋ᠢᠨ ᠨᠣᠮ ᠤᠩᠰᠢᠬᠤ ᠬᠤᠷᠠᠯ 》 ᠨᠡᠭᠡᠭᠡᠨ ᠡᠴᠢᠭᠡ ᠡᠬᠡ ᠲᠡᠢ ᠪᠡᠨ ᠬᠠᠮᠲᠤ ᠪᠠᠷ ᠨᠢᠭᠡ ᠨᠣᠮ ᠤᠩᠰᠢᠵᠤ ᠂ ᠰᠡᠳᠬᠢᠭᠳᠡᠯ ᠲᠦᠷᠦᠭᠳᠡᠯ ᠢᠶᠡᠨ ᠰᠤᠯᠢᠯᠴᠠᠵᠤ ᠪᠤᠯᠤᠨ᠎ᠠ ᠃ ᠡᠢᠮᠦᠷᠬᠦᠦ ᠳᠠᠰᠬᠠᠯ ᠨᠢ ᠬᠡᠯᠡ ᠪᠢᠴᠢᠭ ᠦᠨ ᠮᠡᠳᠡᠯᠭᠡ ᠶ᠋ᠢ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠣᠯᠭᠠᠨ ᠬᠤᠪᠢᠷᠠᠭᠤᠯᠵᠤ ᠂ ᠰᠤᠷᠤᠭᠴᠢᠳ ᠤᠨ ᠰᠤᠷᠤᠯᠴᠠᠬᠤ ᠳᠣᠲᠣᠭᠠᠳᠤ ᠬᠥᠳᠡᠯᠭᠡᠭᠴᠢ ᠬᠦᠴᠦᠨ ᠢ ᠬᠦᠭᠵᠢᠭᠡᠨ᠎ᠡ ᠃
ᠶᠡᠷᠦᠩᠬᠡᠶᠢᠯᠡᠪᠡᠯ ᠂ ᠰᠢᠨ᠎ᠡ ᠬᠢᠴᠢᠶᠡᠯ ᠤᠨ ᠪᠠᠷᠢᠮᠵᠢᠶ᠎ᠠ ᠶ᠋ᠢᠨ ᠬᠠᠷᠠᠭᠠᠰᠤ ᠳᠣᠣᠷ᠎ᠠ ᠪᠠᠭ᠎ᠠ ᠰᠤᠷᠭᠠᠭᠤᠯᠢᠶ᠋ᠢᠨ ᠳᠥᠷᠪᠡᠳᠦᠭᠡᠷ ᠣᠨ ᠤ ᠬᠡᠯᠡ ᠪᠢᠴᠢᠭ ᠦᠨ ᠳᠠᠰᠬᠠᠯ ᠨᠢ ᠬᠢᠴᠢᠶᠡᠯ ᠤᠨ ᠲᠠᠩᠬᠢᠮ ᠤᠨ ᠳᠥᠭᠥᠮ ᠦᠷᠭᠦᠯᠵᠢᠯᠡᠯ ᠪᠠ ᠳᠠᠷᠤᠭᠠᠰᠤ ᠪᠠᠢᠵᠤ ᠪᠣᠯᠬᠤ ᠦᠭᠡᠢ ᠂ ᠬᠠᠷᠢᠨ ᠰᠤᠷᠤᠭᠴᠢᠳ ᠤᠨ ᠳᠤᠷ᠎ᠠ ᠰᠣᠨᠢᠷᠬᠠᠯ ᠢ ᠨᠢ ᠬᠥᠭᠵᠢᠭᠡᠬᠦ ᠂ ᠴᠢᠳᠠᠪᠤᠷᠢ ᠶᠢ ᠨᠢ ᠬᠥᠮᠦᠵᠢᠭᠦᠯᠬᠦ ᠂ ᠬᠡᠪ ᠪᠣᠯᠪᠠᠰᠤᠷᠠᠯ ᠢ ᠨᠢ ᠳᠡᠭᠡᠭᠰᠢᠯᠡᠭᠦᠯᠬᠦ ᠴᠢᠬᠤᠯᠠ ᠲᠠᠪᠴᠠᠩ ᠪᠠᠢᠬᠤ ᠬᠡᠷᠡᠭᠲᠡᠢ ᠃ ᠪᠠᠭᠰᠢ ᠰᠢᠨ᠎ᠡ ᠴᠠᠭ ᠡᠷᠢᠨ ᠦ ᠰᠤᠷᠭᠠᠨ ᠬᠥᠮᠥᠵᠢᠯ ᠤᠨ ᠦᠵᠡᠯᠲᠡᠶ᠋ᠢ ᠪᠣᠢ ᠪᠣᠯᠭᠠᠵᠤ ᠂ ᠳᠡᠰ ᠬᠤᠪᠢᠶᠠᠬᠤ ᠂ ᠶᠡᠷᠦᠩᠬᠡᠶᠢᠯᠡᠬᠦ᠂ ᠦᠢᠯᠡᠳᠦᠯᠭᠡᠵᠢᠭᠦᠯᠬᠦ ᠪᠡᠷ ᠲᠦᠰᠦᠪᠯᠡᠨ ᠲᠥᠯᠥᠪᠯᠡᠬᠦ ᠪᠡᠷ ᠳᠠᠮᠵᠢᠨ ᠂ ᠳᠠᠰᠬᠠᠯ ᠢ ᠰᠤᠷᠤᠭᠴᠢ ᠶ᠋ᠢᠨ ᠪᠡᠶᠡᠯᠡᠭᠦᠯᠬᠦ ᠳᠤᠷᠠᠲᠠᠢ ᠂ ᠠᠰᠢᠭ ᠬᠦᠷᠲᠡᠭᠡᠬᠦ ᠳ᠋ᠦ᠍ ᠬᠢᠵᠠᠭᠠᠯᠠᠰᠢ ᠦᠭᠡᠢ ︽ ᠦᠰᠦᠨ ᠪᠤᠶᠢᠵᠢᠯᠳᠠ ᠶ᠋ᠢᠨ ᠪᠡᠯᠡᠭ ︾ ᠪᠣᠯᠭᠠᠵᠤ ᠂ ᠰᠤᠷᠤᠭᠴᠢᠳ ᠤᠨ ᠬᠡᠯᠡ ᠪᠢᠴᠢᠭ ᠦᠨ ᠭᠤᠤᠯᠯᠠᠭᠴᠢ ᠬᠡᠪ ᠪᠤᠯᠪᠠᠰᠤᠷᠠᠯ ᠢ ᠬᠦᠮᠦᠵᠢᠭᠦᠯᠵᠦ ᠂ᠨᠠᠰᠤᠨ ᠲᠤᠷᠰᠢᠲᠠ ᠰᠤᠷᠤᠯᠴᠠᠬᠤ ᠳ᠋ᠤ᠌ ᠦᠨᠡᠨᠬᠦ ᠰᠠᠭᠤᠷᠢ ᠲᠠᠯᠪᠢᠬᠤ ᠬᠡᠷᠡᠭᠲᠡᠢ ᠃