-
2069304
ᠮᠠᠨ ᠤ ᠤᠷᠤᠨ ᠤ ᠠᠶᠤᠩᠭ᠎ᠠ ᠴᠠᠬᠢᠯᠭᠠᠨ ᠢ ᠬᠢᠨᠠᠨ ᠬᠡᠮᠵᠢᠵᠦ ᠤᠷᠢᠳᠴᠢᠯᠡᠨ ᠰᠡᠷᠡᠮᠵᠢᠯᠡᠬᠦ ᠦᠶ᠋ᠯᠡᠴᠢᠯᠡᠭᠡᠨ ᠤ ᠰᠢᠰᠲ᠋ᠧᠮ
2019-08-21 12:57
332
0
ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠠᠶᠤᠩᠭ᠎ᠠ ᠴᠠᠬᠢᠯᠭᠠᠨ ᠢ ᠤᠷᠢᠳᠴᠢᠯᠡᠨ ᠰᠡᠷᠡᠮᠵᠢᠯᠡᠵᠦ ᠰᠡᠷᠭᠡᠶᠢᠯᠡᠨ ᠬᠠᠮᠠᠭᠠᠯᠠᠬᠤ ᠲᠥᠪ ᠤᠨ ᠬᠤᠯᠪᠤᠭᠠᠳᠤ ᠰᠤᠳᠤᠯᠭᠠᠨ ᠤ ᠨᠢᠭᠡᠴᠢ ᠪᠠ ᠲᠡᠭᠡᠳᠤ ᠰᠤᠷᠭᠠᠭᠤᠯᠢ ᠬᠠᠮᠲᠤ ᠪᠠᠷ ᠪᠠᠶᠢᠭᠤᠯᠤᠭᠰᠠᠨ ᠥᠪᠥᠷ ᠮᠣᠩᠭᠤᠯ ᠤᠨ ᠠᠶᠤᠩᠭ᠎ᠠ ᠴᠠᠬᠢᠯᠭᠠᠨ ᠢ ᠬᠢᠨᠠᠨ ᠬᠡᠮᠵᠢᠵᠦ ᠤᠷᠢᠳᠴᠢᠯᠡᠨ ᠰᠡᠷᠡᠮᠵᠢᠯᠡᠬᠦ ᠦᠶ᠋ᠯᠡᠴᠢᠯᠡᠭᠡᠨ ᠤ ᠰᠢᠰᠲ᠋ᠧᠮ ᠤᠨ ᠲᠠᠪᠴᠠᠩ ᠨᠢᠭᠡᠨᠲᠡ ᠠᠰᠢᠬᠯᠠᠯᠳᠡ ᠳᠤ ᠤᠷᠤᠭᠰᠠᠨ ᠪᠠᠶᠢᠨ᠎ᠠ᠃
ᠲᠣᠰ ᠰᠢᠰᠲ᠋ᠧᠮ ᠪᠣᠯ ᠮᠠᠨ ᠤ ᠤᠷᠤᠨ ᠤ ᠠᠶᠤᠩᠭ᠎ᠠ ᠴᠠᠬᠢᠯᠭᠠᠨ ᠤ ᠠᠵᠢᠯᠯᠠᠭ᠎ᠠ ᠳᠤ ᠴᠢᠭᠯᠡᠭᠦᠯᠦᠭᠰᠡᠨ ᠠᠩᠬᠠᠳᠠᠭᠴᠢ ᠤᠷᠢᠳᠴᠢᠯᠠᠨ ᠰᠡᠷᠡᠮᠵᠢᠯᠡᠬᠦ ᠲᠤᠬᠠᠶᠢᠯᠠᠭᠰᠠᠨ ᠠᠵᠢᠯ ᠤᠨ ᠲᠠᠪᠴᠠᠩ ᠪᠣᠯᠤᠨ᠎ᠠ᠂ ᠣᠳᠣᠬᠠᠨ ᠳᠤ ᠨᠢᠭᠡᠨᠲᠡ ᠲᠣᠰᠣ ᠬᠡᠢ ᠶᠢᠨ ᠬᠥᠮᠥᠷᠭᠡ᠂ ᠡᠭᠦᠯᠡᠨ ᠪᠣᠳᠣᠯᠲᠠ ᠶᠢᠨ ᠰᠠᠭᠤᠷᠢᠨ᠂ ᠨᠢᠰᠬᠡᠯ ᠤᠨ ᠪᠠᠭᠤᠳᠠᠯ᠂ ᠭᠠᠵᠠᠷ ᠳᠣᠤᠷᠠᠬᠢ ᠲᠡᠮᠦᠷ ᠵᠠᠮ ᠵᠡᠷᠭᠡ ᠠᠶᠤᠩᠭ᠎ᠠ ᠴᠠᠬᠢᠯᠭᠠᠨ ᠤ ᠠᠶᠤᠯ ᠡᠬᠦᠰᠴᠤ ᠮᠡᠳᠡᠬᠦ ᠠᠵᠢᠯ ᠲᠥᠷᠥᠯ ᠳᠤ ᠦᠷᠭᠡᠨ ᠢᠶᠠᠷ ᠬᠡᠷᠡᠭᠯᠡᠭᠳᠡᠪᠡ᠃ ᠲᠤᠰ ᠰᠢᠰᠲ᠋ᠧᠮ ᠨᠢ ᠤᠯᠠᠮᠵᠢᠯᠠᠯᠲᠤ ᠰᠠᠨᠠᠭᠠᠴᠢᠯᠠᠭᠠᠲᠤ ᠪᠤᠰᠤ ᠠᠶᠤᠩᠭ᠎ᠠ ᠰᠡᠷᠭᠡᠶᠢᠯᠡᠬᠦ ᠶᠢ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠰᠡᠷᠡᠮᠵᠢᠯᠡᠬᠦ ᠪᠣᠯᠭᠠᠨ ᠬᠤᠪᠢᠷᠠᠭᠤᠯᠵᠤ᠂ ᠡᠭᠦᠰᠴᠦ ᠮᠡᠳᠡᠬᠦ ᠠᠶᠤᠩᠭ᠎ᠠ ᠳᠤ ᠨᠢᠷᠭᠡᠭᠳᠡᠬᠦ ᠲᠦᠭᠰᠢᠭᠦᠷᠢ ᠠᠴᠠ ᠬᠠᠮᠤᠭ ᠤᠨ ᠶᠡᠭᠡ ᠬᠡᠮᠵᠢᠶ᠎ᠡ ᠪᠠᠷ ᠤᠷᠢᠳᠴᠢᠯᠠᠨ ᠵᠠᠶᠢᠯᠠᠰᠬᠢᠵᠦ᠂ ᠬᠥᠮᠦᠨ ᠤ ᠪᠡᠶ᠎ᠡ ᠮᠠᠬᠠᠪᠤᠳ ᠪᠤᠯᠤᠨ ᠡᠳ᠋ ᠬᠥᠷᠥᠩᠭᠡ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠵᠤ ᠴᠢᠳᠠᠨ᠎ᠠ᠃
ᠲᠣᠰ ᠰᠢᠰᠲ᠋ᠧᠮ ᠨᠢ ᠬᠡᠷᠡᠭᠯᠡᠭᠴᠢᠳ ᠲᠤ ᠠᠶᠤᠩᠭ᠎ᠠ ᠴᠠᠬᠢᠯᠭᠠᠨ ᠤ ᠠᠶᠤᠯ ᠤᠨ ᠬᠡᠮᠵᠢᠶ᠎ᠡ ᠭᠤᠷᠪᠠᠨ ᠲᠡᠰ ᠲᠤ ᠤᠢᠢᠷᠠᠳᠤᠭᠰᠠᠨ ᠤᠷᠢᠳᠴᠢᠯᠠᠨ ᠰᠡᠷᠡᠮᠵᠢᠯᠡᠬᠦ ᠦᠶ᠋ᠯᠡᠴᠢᠯᠡᠭᠡᠨ ᠤ ᠮᠡᠳᠡᠭᠡ ᠵᠠᠩᠭᠢ ᠶᠢ ᠴᠠᠭ ᠲᠤᠬᠠᠶ ᠳᠤᠨᠢ ᠵᠥᠪ ᠣᠨᠣᠪᠴᠢᠲᠠᠶ ᠪᠠᠷ ᠮᠡᠳᠡᠬᠦᠯᠵᠤ᠂ ᠠᠶᠤᠩᠭ᠎ᠠ ᠴᠠᠬᠢᠯᠭᠠᠨ ᠤ ᠤᠷᠢᠳᠴᠢᠯᠡᠨ ᠰᠡᠷᠡᠮᠵᠢᠯᠡᠬᠦ ᠦᠶ᠋ᠯᠡᠴᠢᠯᠡᠭᠡᠨ ᠤ ᠦᠶ᠋ᠯᠡᠳᠬᠦᠨ ᠤ ᠬᠠᠨᠳᠤᠯᠭᠠᠲᠤ ᠴᠢᠨᠠᠷ ᠪᠠ ᠲᠤᠰᠬᠠᠶᠢᠵᠢᠭᠰᠠᠨ ᠲᠦᠪᠰᠢᠨ ᠢ ᠲᠡᠭᠡᠭᠰᠢᠯᠡᠬᠦᠯᠵᠡᠢ᠃ ᠲᠠᠪᠴᠠᠩ ᠨᠢ ᠮᠡᠷᠭᠡᠵᠢᠯ ᠤᠨ ᠰᠢᠨ᠎ᠠ ᠶᠢ ᠡᠬᠦᠳᠬᠦ᠂ ᠰᠢᠨᠵᠢᠯᠡᠭᠦ ᠤᠬᠠᠭᠠᠨ ᠲᠧᠭ᠌ᠨᠢᠭ ᠮᠡᠷᠭᠡᠵᠢᠯ ᠪᠤᠯᠤᠨ ᠬᠡᠷᠡᠭᠯᠡᠭᠡᠨ ᠤ ᠲᠠᠯ᠎ᠠ ᠪᠠᠷ ᠢᠯᠡᠷᠭᠡᠢ ᠲᠠᠪᠠᠭᠤᠯᠢᠭ ᠲᠠᠢ ᠪᠠᠶᠢᠵᠤ᠂ ᠮᠠᠨ ᠤ ᠤᠷᠤᠨ ᠤ ᠠᠶᠤᠩᠭ᠎ᠠ ᠴᠠᠬᠢᠯᠭᠠᠨ ᠢ ᠬᠢᠨᠡᠨ ᠬᠡᠮᠵᠢᠵᠤ ᠤᠷᠢᠳᠴᠢᠯᠠᠨ ᠰᠡᠷᠡᠮᠵᠢᠯᠡᠬᠦ ᠴᠢᠳᠠᠪᠤᠷᠢ ᠪᠠ ᠤᠢᠢᠯᠡᠴᠢᠯᠡᠭᠡᠨ ᠤ ᠲᠦᠪᠰᠢᠨ ᠢ ᠲᠡᠭᠡᠭᠰᠢᠯᠡᠬᠦᠯᠬᠦ ᠪᠤᠯᠤᠨ᠎ᠠ᠃ ᠵᠣᠬᠢᠶᠠᠭᠴᠢ᠄ ᠰᠠᠷᠭᠠᠢ