 

ᠪᠠᠶᠠᠨ ᠨᠠᠮᠤᠷ ᠤᠨ ᠳᠠᠩᠰᠤᠬ ᠨᠠᠭᠠᠳᠤᠮ

2020-10-16 16:32
  19
  0

   ᠪᠠᠶᠠᠨ ᠨᠠᠮᠤᠷ ᠤᠨ ᠪᠤᠬᠳᠤ ᠡᠯᠡᠰᠦ ᠪᠠᠶᠠᠷ ᠨᠠᠶᠢᠷ ᠢᠶᠠᠷ ᠪᠢᠯᠬᠠᠨ᠎ᠠ᠃ 9 ᠰᠠᠷ᠎ᠠ ᠶᠢᠨ 27᠎ ᠠᠴᠠ 10 ᠰᠠᠷ᠎ᠠ ᠶᠢᠨ 7᠎ ᠤ ᠡᠳᠥᠷ ᠪᠤᠯᠳᠠᠯ᠎ᠠ᠂ ᠳᠥᠷᠪᠡᠳᠦᠭᠡᠷ ᠬᠤᠭᠤᠴᠠᠭᠠᠨ ᠤ ᠥᠪᠥᠷ ᠮᠣᠩᠭᠤᠯ ᠤᠨ ᠡᠯᠡᠰᠦ ᠮᠠᠩᠬᠠᠨ ᠤ ᠨᠠᠭᠠᠳᠤᠮ ᠳᠤᠮᠳᠠᠳᠤ ᠤᠯᠤᠰ ᠤᠨ ᠵᠡᠭᠦᠨ ᠬᠤᠶᠢᠲᠤ ᠤᠷᠤᠨ ᠤ ᠬᠠᠮᠤᠭ ᠤᠨ ᠶᠡᠭᠡ ᠬᠠᠮᠤᠭ ᠤᠨ ᠭᠤᠶᠤ ᠡᠯᠡᠰᠦ ᠮᠠᠩᠬ᠎ᠠ ᠬᠡᠮᠡᠭᠳᠡᠭᠰᠡᠨ ᠨᠠᠢᠮᠠᠨ ᠬᠤᠰᠢᠭᠤᠨ ᠤ ᠪᠤᠭᠲᠤ ᠡᠯᠡᠰᠤ ᠮᠠᠩᠬᠠᠨ ᠤ ᠵᠢᠭᠤᠯᠴᠢᠯᠠᠯ ᠤᠨ ᠦᠵᠡᠮᠵᠢᠳᠤ ᠣᠷᠣᠨ ᠳᠤ ᠶᠠᠪᠤᠬᠳᠠᠪᠠ᠃
    ᠥᠪᠡᠷᠲᠡᠭᠡᠨ ᠵᠠᠰᠠᠬᠤ ᠣᠷᠣᠨ ᠤ ᠲᠥᠷᠥᠯ ᠲᠡᠮᠳᠡᠭᠲᠦ ᠰᠣᠶᠣᠯ ᠵᠢᠭᠤᠯᠴᠢᠯᠠᠯ ᠤᠨ ᠠᠵᠢᠯᠯᠠᠭ᠎ᠠ ᠪᠤᠯᠤᠬᠰᠠᠨ ᠥᠪᠥᠷ ᠮᠣᠩᠭᠤᠯ ᠤᠨ ᠡᠯᠡᠰᠦ ᠮᠠᠩᠬᠠᠨ ᠤ ᠨᠠᠭᠠᠳᠤᠮ ᠨᠢ ᠨᠠᠢᠮᠠᠨ ᠬᠤᠰᠢᠭᠤᠨ ᠤ ᠡᠯᠡᠰᠦ ᠮᠠᠩᠬᠠᠨ ᠤ ᠵᠢᠭᠤᠯᠴᠢᠯᠠᠯ ᠤᠨ ᠨᠠᠶᠢᠷ ᠠᠴᠠ ᠬᠥᠭᠵᠢᠨ ᠢᠷᠡᠭᠰᠡᠨ ᠪᠠᠶᠢᠨ᠎ᠠ᠂ ᠨᠢᠭᠡᠨᠲᠡ ᠳᠠᠷᠠᠭᠠᠯᠡᠨ 3 ᠵᠢᠯ ᠶᠠᠪᠤᠬᠳᠠᠨ᠂ ᠮᠣᠷᠢ ᠣᠷᠣᠯᠳᠤᠬᠤ᠂ ᠪᠥᠬᠡ ᠪᠠᠷᠢᠯᠳᠤᠬᠤ᠂ ᠰᠤᠷ ᠬᠠᠷᠪᠤᠬᠤ ᠵᠡᠷᠭᠡ ᠤᠯᠠᠮᠵᠢᠯᠠᠯᠲᠤ ᠡᠷ᠎ᠠ ᠶᠢᠨ ᠭᠤᠷᠪᠠᠨ ᠨᠠᠭᠠᠳᠤᠮ᠎ ᠤᠨ ᠰᠠᠭᠤᠷᠢᠨ ᠳᠡᠭᠡᠷ᠎ᠡ᠂ ᠲᠡᠮᠡᠭᠡ ᠤᠷᠤᠯᠳᠤᠬᠤ ᠥᠪᠡᠷᠮᠢᠴᠡ ᠤᠷᠤᠯᠳᠤᠭᠠᠨ ᠢ ᠨᠡᠮᠡᠪᠡ᠃ ᠡᠭᠦᠨ ᠤ ᠬᠠᠮᠲᠤ ᠪᠠᠰᠠ ᠮᠠᠰᠢᠨ ᠲᠡᠷᠭᠡᠨ ᠤ UTV ᠳᠡᠰᠭᠡᠯ ᠤᠷᠤᠯᠳᠤᠭᠠᠨ᠂ ᠬᠡᠭᠡᠷᠡᠯᠡᠭᠴᠢ ᠮᠠᠰᠢᠨ ᠤ ᠳᠡᠰᠭᠡᠯ ᠤᠷᠤᠯᠳᠤᠭᠠᠨ ᠪᠠ ᠮᠣᠲ᠋ᠣᠷ ᠤᠨ ᠳᠡᠰᠭᠡᠯ ᠤᠷᠤᠯᠳᠤᠭᠠᠨ ᠵᠡᠷᠭᠡ ᠣᠳᠣ ᠦᠶ᠎ᠡ ᠶᠢᠨ ᠭᠤᠷᠪᠠᠨ ᠵᠦᠢᠯ ᠤᠨ ᠬᠡᠭᠡᠷᠡᠯᠡᠬᠦ ᠤᠷᠤᠯᠳᠤᠭᠠᠨ ᠢ ᠨᠡᠮᠡᠭᠰᠡᠨ ᠪᠥᠭᠡᠳ ᠮᠠᠰᠢᠨ ᠲᠡᠷᠭᠡᠨ ᠤ ᠬᠠᠳᠠ ᠮᠠᠴᠤᠬᠤ ᠤᠷᠤᠯᠳᠤᠭᠠᠨ᠂ ᠬᠥᠪᠪᠥᠨ ᠰᠢᠯᠵᠢᠬᠦ ᠤᠷᠤᠯᠳᠤᠭᠠᠨ ᠵᠡᠷᠭᠡ ᠬᠥᠮᠥᠰ ᠤᠨ ᠳᠤᠷ᠎ᠠ ᠰᠤᠨᠢᠷᠬᠠᠯ ᠢ ᠳᠠᠳᠠᠬᠰᠠᠨ ᠤᠷᠤᠯᠳᠤᠭᠠᠨ ᠢ ᠨᠡᠮᠡᠪᠡ᠃ ᠡᠶᠢᠨ ᠬᠦ ᠲᠤᠰ ᠨᠠᠭᠠᠳᠤᠮ ᠨᠢ ᠤᠷᠤᠨ ᠤ ᠳᠤᠳᠤᠨ᠎ᠠ ᠭᠠᠳᠠᠨ᠎ᠠ ᠠᠯᠳᠠᠷᠰᠢᠬᠰᠠᠨ ᠬᠡᠪᠴᠢᠶ᠎ᠡ ᠪᠠᠷ ᠶᠡᠭᠡ᠂ ᠣᠨᠴᠠᠯᠢᠭ ᠳᠤᠪᠤᠶᠢᠮ᠎ᠠ ᠲᠤᠮᠤ ᠭᠡᠪᠴᠢᠶᠠᠨ ᠤ ᠲᠠᠮᠢᠷ ᠤᠨ ᠬᠥᠳᠡᠯᠭᠡᠭᠡᠨ ᠪᠣᠯᠤᠭᠰᠠᠨ ᠪᠠᠶᠢᠨ᠎ᠠ᠃ ᠮᠣᠲ᠋ᠣᠷ ᠤᠨ ᠬᠡᠬᠡᠷᠡᠯᠡᠬᠦ ᠤᠷᠤᠯᠳᠤᠭᠠᠨ ᠨᠢ ᠶᠡᠷᠥᠨᠢ ᠪᠠᠭᠠᠲᠤᠷ ᠢᠳᠡᠳᠡᠳ ᠤᠨ ᠬᠥᠳᠡᠯᠭᠡᠭᠡᠨ ᠭᠡᠵᠤ ᠠᠯᠳᠠᠷᠰᠢᠪᠠ᠃ ᠮᠣᠲ᠋ᠣᠷ ᠤᠨᠤᠬᠤ ᠲᠠᠮᠢᠷᠴᠢᠳ ᠲᠤ ᠠᠪᠴᠤ ᠬᠡᠯᠡᠪᠡᠯ᠂ ᠤᠷᠤᠯᠳᠤᠭᠠᠨ ᠤ ᠲᠠᠯᠠᠪᠤᠷ ᠲᠤ ᠲᠡᠷᠭᠡ ᠪᠤᠯᠤᠨ ᠤᠷᠤᠯᠳᠤᠭᠠᠨ ᠤ ᠲᠠᠯᠠᠪᠤᠷ ᠤᠨ ᠵᠠᠮ ᠤᠨ ᠪᠠᠶᠢᠳᠠᠯ ᠤᠨ ᠲᠤᠬᠠᠶ ᠮᠠᠭᠠᠳᠯᠠᠯᠲᠠ᠂ ᠡᠵᠡᠮᠰᠢᠯ ᠨᠢ ᠲᠠᠳᠠ ᠨᠡᠷ ᠤᠨ ᠲᠠᠮᠢᠷ ᠲᠡᠩᠬᠡᠭᠡ᠂ ᠤᠷ᠎ᠠ ᠴᠢᠳᠠᠪᠤᠷᠢ᠂ ᠪᠠᠶᠢᠯᠳᠤᠬᠤ ᠪᠤᠳᠤᠯᠭ᠎ᠠ᠂ ᠰᠡᠳᠬᠢᠴᠡ᠂ ᠰᠥᠰᠥ ᠵᠣᠷᠢᠭ ᠵᠡᠷᠭᠡ ᠶᠡᠷᠦᠩᠬᠡᠶᠢᠯᠡᠭᠰᠡᠨ ᠪᠣᠳᠠᠲᠤ ᠬᠦᠴᠦᠨ ᠢ ᠢᠯᠡᠷᠡᠭᠦᠯᠳᠡᠭ᠃ ᠨᠠᠢᠮᠠᠨ ᠬᠤᠰᠢᠭᠤᠨ ᠤ ᠬᠡᠭᠡᠷᠡᠯᠡᠨ ᠤᠷᠤᠯᠳᠤᠬᠤ ᠢᠳᠡᠳᠡᠳ ᠤᠨ ᠴᠤᠬᠯᠠᠭᠠᠨ ᠤ ᠮᠣᠲ᠋ᠣᠷ ᠲᠡᠷᠭᠡᠨ ᠤ ᠡᠯᠡᠰᠦ ᠮᠠᠩᠬᠠᠨ ᠳᠠᠬᠢ ᠳᠡᠰᠭᠡᠯ ᠤᠷᠤᠯᠳᠤᠭᠠᠨ ᠨᠢ ᠡᠮᠦᠨᠡᠬᠢ ᠬᠤᠭᠤᠴᠠᠭᠠᠨ ᠤ ᠵᠢᠭᠰᠠᠭᠠᠯᠲᠠ ᠶᠢᠨ ᠤᠷᠤᠯᠳᠤᠭᠠᠨ ᠢᠶᠠᠷ ᠳᠠᠮᠵᠢᠨ᠂ ᠡᠴᠦᠰ ᠲᠤ ᠭᠠᠳᠠᠭᠠᠳᠤ ᠠᠴᠠ ᠣᠷᠣᠭᠤᠯᠤᠬᠰᠠᠨ ᠮᠤᠲ᠋ᠤᠷ ᠤᠨ ᠳᠤᠭᠤᠢᠢᠯᠠᠩ ᠤᠨ 16 ᠲᠠᠮᠢᠷᠴᠢᠨ ᠪᠠ ᠤᠯᠤᠰ ᠤᠨ ᠲᠤᠳᠤᠭᠠᠳᠤ ᠳᠤ ᠦᠢᠯᠡᠳᠪᠦᠷᠢᠯᠡᠭᠰᠡᠨ ᠮᠤᠲ᠋ᠤᠷ ᠤᠨ ᠳᠤᠭᠤᠢᠢᠯᠠᠩ ᠤᠨ 28 ᠲᠠᠮᠢᠷᠴᠢᠨ ᠲᠤᠰ ᠲᠠᠯᠠᠪᠠᠢ ᠲᠡᠰᠬᠡᠯ ᠤᠷᠤᠯᠳᠤᠭᠠᠨ ᠳᠤ ᠣᠷᠤᠯᠴᠠᠬᠤ ᠬᠢᠷᠢ ᠭᠡᠮ ᠤᠯᠵᠤ᠂ ᠥᠪᠡᠷᠰᠡᠳ ᠤᠨ ᠰᠥᠷ ᠵᠢᠪᠬᠤᠭ᠎ᠠ᠂ ᠤᠷ᠎ᠠ ᠴᠢᠳᠠᠪᠥᠷᠢ ᠪᠠᠨ ᠭᠠᠶᠢᠬᠠᠭᠤᠯᠵᠤ ᠭᠠᠷᠤᠯ᠎ᠠ᠃

    ᠨᠠᠢᠮᠠᠨ ᠬᠤᠰᠢᠭᠤᠨ ᠤ ᠳᠣᠯᠣᠳᠤᠭᠠᠷ ᠬᠤᠭᠤᠴᠠᠭᠠᠨ ᠤ ᠡᠯᠡᠰᠦ ᠮᠠᠩᠬᠠᠨ ᠤ ᠦᠨᠳᠦᠰᠦᠲᠡᠨ ᠤ ᠬᠠᠮᠲᠤ ᠶᠢᠨ ᠬᠤᠷᠢᠮ ᠤᠨ ᠶᠣᠰᠣᠯᠠᠯ ᠳᠤ ᠦᠨᠳᠦᠰᠦᠨ ᠱᠠᠲᠤᠨ ᠤ ᠰᠢᠯᠢᠳᠡᠭ ᠶᠠᠳᠠᠭᠤ ᠶᠢ ᠲᠡᠳᠬᠦᠬᠦ ᠺᠠᠳ᠋ᠷ᠂ ᠵᠠᠯᠠᠭᠤᠴᠤᠳ ᠤᠨ ᠵᠢᠱᠢᠶᠡᠴᠢ᠂ ᠬᠠᠮᠤᠭ ᠤᠨ ᠭᠤᠶᠣ ᠬᠡᠷ ᠪᠦᠯᠢ ᠶᠢᠨ ᠲᠥᠯᠥᠭᠡᠯᠡᠭᠴᠢ ᠪᠠ ᠰᠢᠨ᠎ᠡ ᠠᠮᠠᠷᠠᠬᠴᠤᠤᠯ ᠵᠡᠷᠭᠡ ᠨᠡᠶᠢᠲᠡ 100 ᠬᠤᠤᠰ ᠵᠤᠯ ᠵᠢᠷᠭᠠᠯᠳᠤ ᠠᠮᠠᠷᠠᠬᠴᠤᠤᠯ ᠣᠷᠣᠯᠴᠠᠵᠠᠢ᠃ ᠡᠶᠢᠨ ᠬᠦ ᠨᠠᠢᠮᠠᠨ ᠬᠤᠰᠢᠭᠤ 7 ᠬᠤᠭᠤᠴᠠᠭᠠᠨ ᠤ ᠡᠯᠡᠰᠦ ᠮᠠᠩᠬᠠᠨ ᠤ ᠦᠨᠳᠦᠰᠦᠲᠡᠨ ᠤ ᠬᠠᠮᠲᠤ ᠶᠢᠨ ᠬᠤᠷᠢᠮ ᠤᠨ ᠶᠣᠰᠣᠯᠠᠯ ᠢ ᠦᠷᠭᠦᠯᠵᠢᠯᠡᠨ ᠡᠷᠬᠢᠯᠡᠵᠦ᠂ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ ᠣᠶᠢᠯᠠᠭᠠᠭᠳᠠᠬᠤᠨ ᠢ ᠪᠠᠳᠠᠷᠠᠭᠤᠯᠬᠤ ᠪᠠᠷ ᠵᠤᠷᠢᠯᠭ᠎ᠠ ᠪᠠᠨ ᠪᠤᠯᠭᠠᠵᠤ᠂ ᠮᠠᠭᠤ ᠮᠠᠭᠤᠬᠠᠢ ᠵᠠᠩ ᠵᠠᠩᠰᠢᠯ ᠢ ᠳᠡᠪᠴᠢᠵᠤ ᠰᠠᠶᠢᠨ ᠰᠠᠶᠢᠬᠠᠨ ᠬᠡᠪ ᠰᠤᠷᠳᠠᠯ ᠢ ᠪᠤᠢ ᠪᠤᠯᠭᠠᠬᠤ᠂ ᠭᠡᠷ ᠪᠦᠯᠢ ᠶᠢᠨ ᠬᠢᠨ ᠡᠶ᠎ᠡ ᠨᠠᠶᠢᠷᠳᠠᠢ᠂ ᠬᠤᠷᠢᠮ ᠢᠶᠠᠨ ᠰᠢᠨ᠎ᠡ ᠬᠡᠯᠪᠡᠷᠢ ᠪᠠᠷ ᠡᠷᠬᠢᠯᠡᠬᠦ ᠨᠡᠶᠢᠭᠡᠮ ᠤᠨ ᠰᠢᠨ᠎ᠡ ᠰᠤᠷᠲᠠᠯ ᠢ ᠰᠠᠨᠠᠭᠠᠴᠢᠯᠠᠨ᠂ ᠪᠣᠯᠪᠠᠰᠤᠨ ᠠᠷᠪᠢᠴᠢ ᠭᠠᠮᠲᠠᠶ᠂ ᠡᠷᠡᠭᠦᠯ ᠥᠭᠡᠳᠡᠷᠬᠡᠭ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠪᠠ᠃︵ᠪᠤᠤ ᠴᠢᠩ ᠱᠧᠩ︶




 



  
     
     