

ᠪᠤᠯᠤᠳ ᠤᠨ ᠬᠤᠲᠠ ᠪᠤᠯᠪᠠᠰᠤᠨ ᠤ ᠤᠶᠠᠩᠭ᠎ᠠ 

2019-06-26 10:00
  2135
  0
    ᠦᠪᠦᠷ ᠮᠤᠩᠭᠤᠯ ᠤᠨ ᠤᠮᠠᠷᠠᠲᠦ ᠶᠢᠨ ᠬᠦᠨᠲᠦ ᠠᠵᠦ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠦ ᠺᠤᠮᠫᠠᠨᠢ ᠶᠢᠨ 502 ᠦᠢᠯᠡᠳᠪᠦᠷᠢ ᠶᠢᠨ ᠲᠠᠰᠤᠭ ᠲᠤ᠂ ᠪᠤᠯᠤᠳ ᠬᠤᠭᠤᠯᠠᠢ ᠨᠦᠬᠡᠯᠡᠬᠦ ᠠᠵᠢᠯᠴᠢᠨ ᠷᠦᠩ ᠫᠧᠩ ᠴᠢᠶᠠᠩ ᠶᠠᠭᠠᠷᠠᠯᠲᠠᠢ ᠠᠵᠢᠯᠯᠠᠨ᠎ᠠ᠃ ᠲᠡᠬᠦᠨ ᠤ ᠨᠦᠬᠡᠯᠡᠵᠦ ᠪᠠᠶᠢᠭ᠎ᠠ ᠡᠨᠡ ᠬᠦ ᠪᠤᠯᠤᠳ ᠬᠤᠭᠤᠯᠠᠢ 600 ᠭᠠᠷᠤᠢ ᠭᠷᠠᠲᠦ᠋ᠰ ᠤᠨ ᠦᠨᠲᠦᠷ ᠲᠤᠯᠠᠭᠠᠨ ᠢ ᠲᠠᠭᠠᠭᠠᠬᠤ ᠪᠦᠭᠡᠳ 10 ᠲᠦᠮᠡᠨ ᠴᠠᠭ ᠠᠴᠠ ᠲᠡᠭᠡᠭᠰᠢ ᠠᠵᠢᠯᠯᠠᠬᠤ ᠶᠢ ᠪᠠᠲᠤᠯᠠᠵᠦ ᠴᠢᠲᠠᠲᠠᠭ᠃ ᠭᠡᠪᠡᠴᠦ ᠨᠦᠬᠡᠯᠡᠬᠦ ᠦᠶ᠎ᠡ ᠳᠤ ᠪᠤᠯᠤᠳ ᠬᠤᠭᠤᠯᠠᠢ ᠲᠤᠲᠤᠷᠠᠬᠢ ᠦᠷᠦᠮᠳᠡᠬᠦᠷ ᠤᠨ ᠠᠵᠢᠯᠯᠠᠵᠦ ᠪᠠᠶᠢᠭ᠎ᠠ ᠪᠠᠶᠢᠲᠠᠯ ᠢ ᠭᠠᠲᠠᠨ᠎ᠠ ᠠᠴᠠ ᠨᠢ ᠤᠯᠵᠦ ᠦᠵᠡᠳᠡᠭ ᠦᠬᠡᠢ ᠪᠤᠯᠬᠤᠷ ᠤᠨᠤᠪᠴᠢ ᠶᠢᠨ ᠬᠡᠮᠵᠢᠶ᠎ᠡ ᠪᠠ ᠰᠢᠯᠤᠭᠤᠨ ᠤ ᠬᠡᠮᠵᠢᠶ᠎ᠡ ᠶᠢ ᠪᠠᠲᠤᠯᠠᠬᠤ ᠳᠤ ᠮᠠᠰᠢ ᠬᠦᠴᠢᠷᠳᠡᠢ ᠪᠠᠶᠢᠲᠠᠭ ᠶᠤᠮ᠃
   36 ᠵᠢᠯ ᠤᠨ ᠠᠵᠢᠯ ᠤᠨ ᠲᠤᠷᠰᠢᠯᠭ᠎ᠠ ᠨᠢ ᠷᠦᠩ ᠫᠧᠩ ᠴᠢᠶᠠᠩ ᠤᠨ ᠬᠤᠶᠠᠷ ᠭᠠᠷ ᠲᠤ ︽ᠨᠢᠲᠦ ᠤᠷᠭᠤᠭᠤᠯᠵᠠᠢ︾ — ᠲᠡᠷᠡ ᠭᠠᠷ ᠤᠨ ᠠᠯᠠᠭ᠎ᠠ ᠪᠠᠷ ᠢᠶᠠᠨ ᠪᠤᠯᠤᠳ ᠬᠤᠭᠤᠯᠠᠢ ᠶᠢ ᠲᠡᠮᠳᠡᠷᠢᠨ ᠲᠤᠯᠠᠭᠠᠨ ᠤ ᠬᠡᠮᠵᠢᠶ᠎ᠡ ᠪᠠᠷ ᠨᠢ ᠦᠷᠦᠮᠳᠡᠬᠦᠷ ᠤᠨ ᠠᠵᠢᠯᠯᠠᠵᠦ ᠪᠠᠶᠢᠭ᠎ᠠ ᠪᠠᠶᠢᠲᠠᠯ ᠢ ᠪᠠᠷᠤᠭᠯᠠᠵᠦ᠂ ᠬᠢᠲᠤᠭ᠎ᠠ ᠦᠷᠦᠮᠳᠡᠬᠦᠷ ᠤᠨ ᠲᠠᠭᠤᠨ ᠢ ᠴᠢᠬᠢ ᠲᠠᠯᠪᠢᠵᠤ ᠴᠢᠩᠨᠠᠨ ᠪᠤᠯᠤᠳ ᠬᠤᠭᠤᠯᠠᠢ ᠶᠢᠨ ᠨᠦᠬᠡᠨ ᠤ ᠠᠰᠬᠠᠨ ᠤ ᠬᠡᠮᠵᠢᠶ᠎ᠡ ᠪᠠ ᠤᠨᠤᠪᠴᠢ ᠶᠢᠨ ᠬᠡᠮᠵᠢᠶ᠎ᠡ ᠶᠢ ᠪᠠᠲᠤᠯᠠᠲᠠᠭ᠃ 36 ᠵᠢᠯ ᠤᠨ ᠲᠤᠷᠰᠢᠬᠢ ᠬᠡᠲᠦᠨ ᠮᠢᠩᠭᠠᠨ ᠤᠲᠠᠭ᠎ᠠ᠂ ᠴᠢᠨᠠᠬᠰᠢᠯᠠᠪᠠᠯ ᠬᠡᠲᠦᠨ ᠲᠦᠮᠡᠨ ᠤᠳᠠᠭ᠎ᠠ ᠶᠢᠨ ᠦᠢᠯᠡᠲᠦᠯᠭᠡ ᠪᠠᠷ ᠲᠠᠮᠵᠢᠨ ᠰᠢᠷᠭᠠᠭᠠᠨ ᠪᠤᠯᠪᠠᠰᠤᠷᠠᠭᠤᠯᠤᠬᠰᠠᠨ ᠲᠡᠬᠦᠨ ᠤ ᠡᠨᠡ ᠬᠦ ᠮᠡᠷᠭᠡᠵᠢᠯ ᠨᠢ ᠪᠤᠯᠤᠳ ᠬᠤᠭᠤᠯᠠᠢ ᠶᠢᠨ ᠨᠦᠬᠡᠨ ᠤ ᠤᠨᠤᠪᠴᠢ ᠶᠢᠨ ᠬᠡᠮᠵᠢᠶ᠎ᠡ ᠶᠢ ᠦᠰᠦᠨ ᠤ ᠨᠠᠷᠢᠴᠠ ᠶᠢᠨ ᠬᠡᠮᠵᠢᠶᠡᠨ ᠳᠤ ᠬᠦᠷᠳᠡᠯ᠎ᠡ ᠪᠠᠲᠤᠯᠠᠵᠦ᠂ ᠪᠦᠬᠦ ᠤᠯᠤᠰ ᠤᠨ ᠠᠵᠢᠯ ᠲᠦᠷᠦᠯ ᠤᠨ ᠬᠢᠨ ᠤ ᠲᠤᠲᠤᠷ᠎ᠠ ᠤᠷᠦ᠋ᠢᠯᠠᠵᠤ ᠪᠤᠢ᠃
   ᠲᠦᠪ ᠤᠨ ᠲᠧᠯᠸᠢᠰ ᠬᠤᠷᠢᠶ᠎ᠠ ᠨᠡᠷᠡᠲᠦ ᠫᠷᠦᠭᠷᠠᠮ — ︽ᠶᠡᠭᠡ ᠤᠯᠤᠰ ᠤᠨ ᠤᠷᠠᠨ ᠲᠠᠷᠬᠠᠨ︾ ᠳᠠᠭᠠᠨ ᠷᠦᠩ ᠫᠧᠩ ᠴᠢᠶᠠᠩ ᠢ ᠮᠡᠳᠡᠭᠡᠯᠡᠵᠦ ᠦᠡᠭᠭᠡᠷᠡᠭᠰᠡᠨ ᠪᠦᠬᠡᠳ ᠦᠢᠯᠡᠰ ᠢᠶᠠᠨ ᠲᠡᠭᠡᠲᠦᠯᠡᠵᠦ ᠠᠵᠢᠯ ᠢᠶᠠᠨ ᠡᠷᠬᠢᠮᠯᠡᠳᠡᠭ ᠲᠡᠷᠡ ᠪᠠᠷ 2017 ᠣᠨ ᠳᠤ ︽ᠪᠦᠬᠦ ᠤᠯᠤᠰ ᠤᠨ ᠶᠤᠰᠤ ᠮᠤᠷᠠᠯ ᠤᠨ ᠵᠢᠱᠢᠶᠡᠴᠢ︾ ᠪᠠᠷ ᠰᠤᠩᠭᠤᠭᠲᠠᠭᠰᠠᠨ ᠪᠠᠶᠢᠨ᠎ᠠ᠃ ︽ᠷᠦᠩ ᠪᠠᠭᠰᠢ ᠪᠤᠯ ᠮᠠᠨ ᠤ ᠺᠤᠮᠫᠠᠨᠢ ᠶᠢᠨ ᠨᠡᠷᠡᠲᠦ ᠬᠦᠮᠦᠨ ᠰᠢᠦ᠃ ᠨᠡᠩ ᠴᠦ ᠲᠦᠪ ᠲᠧᠯᠸᠢᠰ ᠲᠤ ᠮᠡᠳᠡᠭᠡᠯᠡᠭᠰᠡᠨ ᠢᠶᠠᠷ ᠬᠤᠪᠢ ᠶᠢᠨ ᠺᠤᠮᠫᠠᠨᠢ ᠶᠢᠨ ᠬᠢᠨ ᠵᠢᠯ ᠤᠨ 100 ᠰᠢᠬᠠᠮ ᠲᠦᠮᠡᠨ ᠲᠦᠬᠦᠷᠢᠭ ᠤᠨ ᠴᠠᠯᠢᠩ ᠬᠦᠯᠦᠰᠤ ᠪᠠᠷ ᠤᠷᠢᠵᠦ ᠠᠪᠠᠴᠢᠬᠤ ᠭᠡᠰᠡᠨ᠂ ᠭᠡᠳᠡᠯ᠎ᠡ ᠲᠡᠷᠡ ᠶᠠᠪᠤᠬᠰᠠᠨ ᠦᠬᠡᠢ︾ ᠭᠡᠵᠦ ᠤᠮᠠᠷᠠᠲᠦ ᠶᠢᠨ ᠬᠦᠨᠲᠦ ᠠᠵᠦ ᠦᠢᠯᠡᠳᠪᠦᠷᠢ ᠶᠢᠨ ᠪᠦᠯᠦᠭᠯᠡᠯ ᠤᠨ ᠤᠬᠠᠭᠤᠯᠭ᠎ᠠ ᠶᠢᠨ ᠠᠵᠢᠯᠲᠠᠨ ᠰᠤᠷᠪᠤᠯᠵᠢᠯᠠᠬᠴᠢ ᠳᠤ ᠶᠠᠷᠢᠬᠤ ᠳᠤ᠂ ᠷᠦᠩ ᠫᠧᠩ ᠴᠢᠶᠠᠩ᠄ ︽ᠪᠢ ᠠᠵᠢᠯ ᠳᠠᠭᠠᠨ ᠬᠠᠶᠢᠷᠠᠲᠠᠢ᠂ 18 ᠨᠠᠰᠦᠨ ᠠᠴᠠ ᠪᠠᠨ ᠠᠳᠡ ᠢᠷᠡᠭᠰᠡᠨ ᠬᠦᠮᠦᠨ ᠬᠠᠮᠢᠭ᠎ᠠ ᠠᠴᠠ ᠶᠠᠪᠤᠨ᠎ᠠ ᠭᠡᠪᠡᠯ ᠶᠠᠪᠤᠴᠢᠬᠠᠬᠤ ᠤᠴᠢᠷ ᠪᠠᠶᠢᠬᠤ ᠪᠤᠢ⁈ ᠠᠵᠢᠯ ᠠᠴᠠ ᠪᠠ ᠠᠮᠠᠷᠠᠬᠤ ᠠᠴᠠ ᠡᠮᠦᠨ᠎ᠡ ᠪᠢ ᠲᠤᠷᠰᠢᠯᠭ᠎ᠠ ᠮᠡᠷᠭᠡᠵᠢᠯ ᠢᠶᠠᠨ ᠨᠡᠩ ᠤᠯᠠᠨ ᠬᠦᠮᠦᠨ ᠳᠤ ᠤᠯᠠᠮᠵᠢᠯᠠᠶ᠎ᠠ ᠭᠡᠵᠦ ᠪᠤᠲᠤᠵᠦ ᠪᠠᠶᠢᠨ᠎ᠠ︾ ᠭᠡᠵᠦ ᠲᠠᠷᠤᠤᠬᠠᠨ ᠶᠠᠷᠢᠨ᠎ᠠ᠃
   ᠷᠦᠩ ᠫᠧᠩ ᠴᠢᠶᠠᠩ ᠮᠡᠲᠦ ᠶᠢᠨ ᠠᠵᠢᠯ ᠢᠶᠠᠨ ᠬᠠᠶᠢᠷᠠᠯᠠᠵᠦ ᠦᠢᠯᠡᠰ ᠢᠶᠠᠨ ᠲᠡᠭᠡᠲᠦᠯᠡᠳᠡᠭ ᠬᠦᠮᠦᠰ ᠪᠤᠭᠤᠲᠤ ᠭᠡᠬᠦ ᠡᠨᠡ ᠬᠦ ᠬᠠᠯᠠᠭᠤᠨ ᠬᠦᠷᠦᠰᠦᠨ ᠲᠡᠭᠡᠷ᠎ᠡ ᠪᠦᠯᠬᠦᠮᠳᠡᠨ ᠲᠡᠮᠡᠴᠡᠵᠦ᠂ ᠦᠢᠯᠡᠰ ᠪᠤᠰᠬᠠᠨ ᠴᠢᠷᠮᠠᠶᠢᠨ ᠠᠵᠢᠯᠯᠠᠵᠦ᠂ ᠰᠢᠷᠭᠠᠭᠤ ᠬᠦᠳᠡᠯᠮᠦᠷᠢ ᠠᠷᠢᠭᠤᠨ ᠬᠦᠯᠦᠰᠦ ᠪᠠᠨ ᠬᠠᠨᠲᠢᠪᠯᠠᠬᠰᠠᠨ ᠪᠤᠯᠬᠤᠷ ᠠᠳᠠᠯᠢ ᠪᠤᠰᠤ ᠨᠤᠲᠤᠭ ᠤᠨ ᠰᠤᠶᠤᠯ ᠠᠭᠤᠰᠤᠯᠴᠠᠵᠦ᠂ ᠠᠳᠠᠯᠢ ᠪᠤᠰᠤ ᠭᠠᠵᠠᠷ ᠤᠷᠤᠨ ᠤ ᠬᠡᠯᠡ ᠠᠪᠢᠶ᠎ᠠ ᠬᠤᠯᠢᠯᠲᠤᠬᠰᠠᠨ ᠡᠨᠡ ᠬᠦ ᠪᠤᠯᠤᠳ ᠤᠨ ᠬᠤᠳᠠ ᠶᠢ ᠰᠤᠶᠤᠯ ᠤᠨ ᠪᠠᠭᠲᠠᠭᠠᠮᠵᠢᠲᠦ ᠴᠢᠨᠠᠷ ᠲᠠᠢ᠂ ᠬᠦᠭᠵᠢᠯᠳᠡ ᠶᠢᠨ ᠰᠠᠷᠠᠭᠤᠯ ᠢᠷᠡᠭᠡᠲᠦᠢ ᠲᠠᠢ ᠤᠲᠤ ᠦᠶ᠎ᠡ ᠶᠢᠨ ᠬᠤᠲᠠ ᠪᠤᠯᠭᠠᠨ ᠬᠦᠭᠵᠢᠬᠦᠯᠦᠭᠰᠡᠨ ᠪᠢᠯᠡ᠃
   ᠦᠪᠦᠷ ᠮᠤᠩᠭᠤᠯ ᠤᠨ ᠤᠮᠠᠷᠠᠲᠦ ᠶᠢᠨ ᠬᠦᠨᠲᠦ ᠠᠵᠦ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠦ ᠺᠤᠮᠫᠠᠨᠢ ᠶᠢᠨ ᠲᠦᠷᠪᠡᠲᠦᠭᠡᠷ ᠲᠤᠮᠲᠠᠲᠦ ᠰᠤᠷᠭᠠᠭᠤᠯᠢ ᠳᠤ ᠪᠢᠳᠡ ︽ᠪᠦᠬᠦ ᠤᠯᠤᠰ ᠤᠨ ᠶᠤᠰᠤ ᠮᠤᠷᠠᠯ ᠤᠨ ᠵᠢᠱᠢᠶᠡᠴᠢ︾᠂ ᠪᠤᠭᠤᠲᠤ ᠬᠤᠲᠠ ᠶᠢᠨ ᠰᠠᠶᠢᠨ ᠲᠤᠷ᠎ᠠ ᠶᠢᠨ ᠠᠵᠢᠯᠲᠠᠨ ᠯᠢᠦ ᠰᠧ ᠳ᠋ᠦᠩ ᠲᠠᠢ ᠠᠭᠤᠯᠵᠠᠯ᠎ᠠ᠃ ᠠᠯᠪᠠᠨ ᠭᠡᠷ ᠤᠨ ᠬᠢᠨᠢ ᠬᠤᠷᠭᠤᠨ ᠲᠤᠲᠤᠷ᠎ᠠ ᠲᠦᠬᠦᠷᠡᠩ ᠬᠠᠲᠠᠭᠠᠯᠠᠰᠤᠲᠠᠢ ᠢᠷᠠᠭᠤ ᠠᠯᠲᠠᠷ ᠤᠨ ᠦᠨᠡᠮᠯᠡᠯ ᠢ ᠨᠢ ᠬᠠᠷᠠᠭᠠᠳ ᠵᠤᠭᠤᠭ ᠢᠶᠠᠨ ᠡᠬᠢᠯᠡᠬᠦᠯᠬᠦ ᠬᠡᠰᠡᠨ ᠳᠤ ᠲᠡᠷᠡ ᠬᠠᠷᠢᠨ ᠰᠢᠭᠤᠳ ᠯᠡ ᠺᠤᠮᠫᠢᠦ᠋ᠲᠧᠷ ᠲᠤ ᠬᠠᠲᠠᠭᠠᠯᠠᠭ᠎ᠠ ᠴᠢᠰᠦ ᠬᠠᠨᠳᠢᠪᠯᠠᠬᠰᠠᠨ ᠲᠡᠮᠳᠡᠭᠯᠡᠯ ᠢᠶᠠᠨ ᠭᠠᠷᠭᠠᠵᠦ ᠪᠢᠳᠡᠨ ᠳᠤ ᠦᠵᠡᠬᠦᠯᠦᠯ᠎ᠡ᠃ ᠠᠬᠠᠮᠠᠳ ᠴᠡᠷᠢᠭ ᠡᠩᠭᠡᠷ ᠲᠦᠬᠦᠷᠡᠩ ᠭᠠᠪᠢᠶᠠᠨ ᠲᠡᠮᠳᠡᠭ ᠢᠶᠠᠨ ᠦᠵᠡᠬᠦᠯᠵᠦ ᠪᠠᠶᠢᠭ᠎ᠠ ᠰᠢᠬ ᠲᠡᠷᠡ ᠡᠳᠡᠭᠡᠷ ᠲᠡᠮᠳᠡᠭᠯᠡᠯ ᠢ ᠬᠠᠮᠤᠭ ᠤᠨ ᠨᠠᠨᠳᠢᠨ ᠵᠦᠢᠯᠡᠰ ᠢᠶᠠᠨ ᠪᠤᠯᠭᠠᠵᠦ᠂ ᠦᠯᠢᠭᠡᠷ ᠪᠤᠯᠭᠠᠨ ᠶᠠᠷᠢᠵᠦ ᠢᠷᠡᠬᠦ ᠳᠤᠨᠢ ᠨᠢᠭᠤᠷ ᠲᠦᠬᠦᠷᠡᠩ ᠤᠮᠤᠬᠯᠠᠩ ᠲᠤᠲᠤᠷᠠᠨ᠎ᠠ — 1999 ᠤᠨ ᠠᠴᠠ ᠤᠲᠤ ᠪᠤᠯᠲᠠᠯ᠎ᠠ᠂ ᠯᠢᠦ ᠰᠧ ᠳ᠋ᠦᠩ 140 ᠤᠲᠠᠭ᠎ᠠ ᠴᠢᠰᠦ ᠬᠠᠨᠳᠢᠪᠯᠠᠵᠦ᠂ 200 ᠭᠠᠷᠤᠢ ᠠᠮᠢ ᠨᠠᠰᠦ ᠶᠢ ᠠᠪᠤᠷᠠᠵᠠᠢ︕
   1999 ᠤᠨ ᠳᠤ᠂ ᠲᠧᠯᠸᠢᠰ ᠲᠡᠭᠡᠷᠡᠬᠢ ᠴᠢᠰᠦ ᠴᠠᠶᠢᠬᠤ ᠡᠪᠡᠳᠴᠢᠨ ᠳᠤ ᠨᠡᠷᠪᠡᠭᠳᠡᠭᠰᠡᠨ ᠵᠤᠯ ᠪᠤᠰᠤ ᠬᠦᠮᠦᠰ ᠲᠡᠬᠦᠨ ᠤ ᠴᠠᠶᠢᠯᠭᠠᠨ ᠰᠡᠳᠬᠢᠯ ᠢ ᠬᠦᠨᠳᠡᠵᠦ ᠰᠠᠶᠢᠨ ᠲᠤᠷ᠎ᠠ ᠶᠢᠨ ᠠᠵᠢᠯᠲᠠᠨ ᠪᠤᠯᠭᠠᠭᠰᠠᠨ ᠪᠤᠯ᠂ ᠤᠲᠤ ᠲᠡᠷᠡ ᠴᠠᠷᠪᠠᠭᠤ ᠲᠡᠭᠡᠷᠡᠬᠢ 200 ᠭᠠᠷᠤᠢ ᠤᠲᠠᠭ᠎ᠠ ᠵᠡᠬᠦᠯᠡᠬᠦᠯᠦᠭᠰᠡᠨ ᠨᠢᠲᠦ ᠬᠠᠯᠲᠤᠷᠢᠮ᠎ᠠ ᠰᠢᠷᠬ᠎ᠠ ᠰᠤᠷᠪᠢ ᠪᠠᠷ ᠢᠶᠠᠨ ︽ᠰᠠᠶᠢᠨ ᠲᠤᠷ᠎ᠠ ᠶᠢᠨ ᠠᠵᠢᠯᠲᠠᠨ︾ ᠭᠡᠬᠦ ᠠᠯᠳᠠᠷ ᠨᠡᠷ᠎ᠡ ᠶᠢᠨ ᠬᠤᠪᠢ ᠶᠢᠨ ᠵᠢᠩ ᠪᠠ ᠴᠠᠭᠠᠨᠠᠬᠢ ᠡᠬᠦᠷᠭᠡ ᠬᠠᠷᠢᠭᠤᠴᠠᠯᠭ᠎ᠠ ᠶᠢ ᠲᠠᠶᠢᠯᠪᠦᠷᠢᠯᠠᠬᠰᠠᠨ ᠪᠢᠯᠡ᠃
   ︽ᠲᠦᠷᠦᠬᠦᠬᠡᠨ ᠰᠠᠨᠠᠮᠰᠠᠷ ᠦᠬᠡᠢ ᠪᠠᠷ ᠮᠦᠷᠦ ᠶᠢᠨ ᠶᠠᠰᠦ ᠪᠠᠨ ᠬᠡᠮᠲᠦᠭᠡᠭᠰᠡᠨ᠂ ᠡᠨᠡ ᠤᠷᠴᠢᠮ ᠪᠡᠶ᠎ᠡ ᠢᠯᠡᠷᠢᠰᠢᠵᠦ ᠡᠬᠢᠯᠡᠭᠰᠡᠨ ᠪᠤᠯᠬᠤᠷ ᠪᠢ ᠡᠭᠡᠨᠡᠷ ᠠᠴᠠ ᠪᠠᠨ ᠨᠢᠭᠤᠵᠦ ᠰᠡᠮᠡᠭᠡᠷ ᠤᠴᠢᠵᠦ ᠴᠢᠰᠦ ᠬᠠᠨᠳᠢᠪᠯᠠᠬᠰᠠᠨ᠂ ᠲᠡᠷᠡ ᠮᠡᠳᠡᠪᠡᠯ ᠯᠠᠪᠲᠠᠢ ᠠᠭᠤᠷᠯᠠᠨ᠎ᠠ ᠳ᠋ᠠ︾ ᠭᠡᠵᠦ ᠯᠢᠦ ᠰᠧ ᠳ᠋ᠦᠩ ᠶᠠᠷᠢᠨ᠎ᠠ᠃ ᠪᠤᠭᠤᠲᠤ᠂ ᠪᠡᠭᠡᠵᠢᠩ᠂ ᠬᠦᠬᠡᠬᠤᠲᠠ᠂ ᠾᠧᠪᠸᠢ᠂ ᠱᠠᠩᠬᠠᠢ᠂ ᠬᠦᠬᠡᠨᠠᠭᠤᠷ᠂ ᠱᠠᠨᠳᠦ᠋ᠩ ᠁ ᠲᠡᠬᠦᠨ ᠤ ᠴᠢᠰᠦ ᠬᠠᠨᠲᠢᠪᠯᠠᠬᠰᠠᠨ ᠤᠯᠠ ᠮᠦᠷ ᠪᠦᠬᠦ ᠤᠯᠤᠰ ᠤᠨ ᠤᠯᠠᠨ ᠭᠠᠵᠠᠷ ᠢᠶᠠᠷ ᠲᠠᠷᠬᠠᠵᠠᠢ︔ ᠨᠢᠬᠡ ᠬᠦᠮᠦᠨ᠂ ᠠᠷᠪᠠᠨ ᠬᠦᠮᠦᠨ᠂ ᠵᠠᠭᠤᠨ ᠬᠦᠮᠦᠨ ᠁ ᠲᠡᠬᠦᠨ ᠤ ᠨᠦᠯᠦᠬᠡᠯᠡᠯ ᠲᠤᠤᠷ᠎ᠠ ᠨᠡᠶᠢᠳᠡ 3000 ᠭᠠᠷᠤᠢ ᠬᠦᠮᠦᠨ ᠲᠤᠮᠲᠠᠲᠦ ᠶᠢᠨ ᠴᠢᠮᠦᠬᠡ ᠶᠢᠨ ᠬᠦᠮᠦᠷᠬᠡ ᠳᠤ ᠤᠷᠤᠯᠴᠠᠵᠠᠢ᠃
   ︽ᠴᠢᠰᠦ ᠪᠠᠨ ᠬᠠᠨᠳᠢᠪᠯᠠᠵᠦ᠂ ᠴᠢᠮᠦᠬᠡ ᠪᠠᠨ ᠬᠠᠨᠳᠢᠪᠯᠠᠵᠦ᠂ ᠨᠠᠰᠤ ᠪᠠᠷᠠᠪᠠᠯ ᠪᠡᠶ᠎ᠡ ᠪᠠᠨ ᠴᠦ ᠬᠠᠨᠳᠢᠪᠯᠠᠬᠤ ᠪᠠᠷ ᠬᠠᠮᠢᠶ᠎ᠠ ᠪᠦᠬᠦᠢ ᠪᠠᠶᠢᠭᠤᠯᠭ᠎ᠠ ᠲᠠᠢ ᠭᠡᠯᠡᠯᠴᠡᠵᠦ ᠲᠤᠬᠢᠷᠠᠬᠰᠠᠨ᠂ ᠮᠢᠨᠤ ᠨᠦᠯᠦᠬᠡᠯᠡᠯ ᠢᠶᠠᠷ ᠬᠡᠦᠬᠡᠨ ᠮᠢᠨᠢ ᠴᠦ ᠰᠠᠶᠢᠨ ᠲᠤᠷ᠎ᠠ ᠶᠢᠨ ᠠᠵᠢᠯᠲᠠᠨ ᠪᠤᠯᠤᠬᠰᠠᠨ ᠰᠢᠦ᠃ ᠬᠢᠵᠦ ᠲᠡᠶᠢᠯᠬᠦ ᠬᠡᠪᠴᠢᠶᠡᠨ ᠲᠤᠲᠤᠷ᠎ᠠ ᠪᠠᠨ ᠢᠯᠡᠬᠦᠦ ᠨᠢᠬᠡ ᠬᠦᠮᠦᠨ ᠳᠤ ᠲᠤᠰᠠ ᠬᠦᠷᠭᠡᠪᠡᠯ ᠪᠠᠶᠠᠷ ᠵᠢᠷᠭᠠᠯ ᠭᠡᠭᠴᠢ ᠲᠡᠷᠡ ᠳ᠋ᠠ︾ ᠬᠡᠵᠦ ᠯᠢᠦ ᠰᠧ ᠳ᠋ᠦᠩ ᠶᠠᠷᠢᠨ᠎ᠠ᠃
   ︽ᠤᠲᠤ 280 ᠲᠦᠮᠡᠨ ᠬᠦᠮᠦᠨ ᠠᠮᠠ ᠲᠠᠢ ᠪᠤᠭᠤᠲᠤ ᠬᠤᠲᠠ ᠳᠤ ᠨᠡᠶᠢᠳᠡ 34.8 ᠲᠦᠮᠡᠨ ᠰᠠᠶᠢᠨ ᠲᠤᠷ᠎ᠠ ᠶᠢᠨ ᠠᠵᠢᠯᠲᠠᠨ ᠪᠠᠶᠢᠨ᠎ᠠ᠂ ᠡᠨᠡ ᠬᠦ ᠬᠠᠷᠢᠴᠠᠯ ᠨᠢ ᠪᠦᠬᠦ ᠤᠷᠤᠨ ᠳᠤ ᠠᠪᠴᠦ ᠦᠵᠡᠪᠡᠯ ᠬᠠᠮᠤᠭ ᠤᠨ ᠦᠨᠲᠦᠷ ᠪᠠᠶᠢᠲᠠᠭ᠃ ᠨᠡᠩ ᠲᠤᠰᠬᠠᠢᠢᠵᠢᠬᠰᠠᠨ᠂ ᠨᠡᠩ ᠵᠤᠬᠢᠶᠠᠨ ᠪᠠᠶᠢᠭᠤᠯᠤᠯᠲᠠ ᠲᠠᠢ ᠪᠠᠷ ᠰᠠᠶᠢᠨ ᠲᠤᠷ᠎ᠠ ᠶᠢᠨ ᠦᠢᠯᠡᠴᠢᠯᠡᠭᠡ ᠬᠢᠬᠦ ᠶᠢᠨ ᠲᠦᠯᠦᠬᠡ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠲᠤᠨ ᠠᠴᠠ ᠰᠠᠶᠢᠨ ᠲᠤᠷ᠎ᠠ ᠶᠢᠨ ᠦᠢᠯᠡᠴᠢᠯᠡᠭᠡᠨ ᠤ ᠲᠡᠭᠡᠲᠦ ᠰᠤᠷᠭᠠᠭᠤᠯᠢ ᠶᠢ ᠪᠠᠶᠢᠭᠤᠯᠤᠬᠰᠠᠨ ᠶᠤᠮ︾ ᠭᠡᠵᠦ ᠪᠤᠭᠤᠲᠤ ᠬᠤᠲᠠ ᠶᠢᠨ ᠰᠠᠶᠢᠨ ᠲᠤᠷ᠎ᠠ ᠶᠢᠨ ᠦᠢᠯᠡᠴᠢᠯᠡᠬᠡᠨ ᠤ ᠲᠡᠭᠡᠲᠦ ᠰᠤᠷᠭᠠᠭᠤᠯᠢ ᠶᠢᠨ ᠲᠡᠳ᠋ ᠵᠠᠬᠢᠷᠤᠯ ᠵᠧᠩ ᠭᠦᠢ ᠮᠢᠨ ᠶᠠᠷᠢᠨ᠎ᠠ᠃
   2014 ᠤᠨ ᠳᠤ ᠪᠠᠶᠢᠭᠤᠯᠤᠬᠲᠠᠬᠰᠠᠨ ᠲᠤᠰ ᠰᠤᠷᠭᠠᠭᠤᠯᠢ ᠳᠤ ᠤᠲᠤ 8 ᠨᠡᠶᠢᠳᠡ ᠶᠢᠨ ᠠᠰᠠᠷᠠᠮᠵᠢ ᠶᠢᠨ ᠵᠤᠬᠢᠶᠠᠨ ᠪᠠᠶᠢᠭᠤᠯᠤᠯᠲᠠ ᠨᠤᠲᠤᠭᠰᠢᠵᠦ᠂ ᠵᠢᠯ ᠳᠤ 1400 — 1500 ᠰᠠᠶᠢᠨ ᠲᠤᠷ᠎ᠠ ᠶᠢᠨ ᠠᠵᠢᠯᠲᠠᠨ ᠳᠤ ᠬᠦᠮᠦᠵᠢᠯ ᠬᠦᠷᠳᠡᠭᠡᠵᠦ ᠪᠠᠶᠢᠭ᠎ᠠ ᠪᠦᠭᠡᠳ 2017 ᠤᠨ ᠳᠤ ︽ᠪᠤᠭᠤᠲᠤ ᠶᠢᠨ ᠰᠠᠶᠢᠨ ᠲᠤᠷ᠎ᠠ ᠶᠢᠨ ᠦᠢᠯᠡᠴᠢᠯᠡᠬᠡᠨ ᠤ ᠲᠠᠪᠴᠠᠩ︾ ᠭᠡᠬᠦ ᠵᠢᠷᠬᠢᠶ᠎ᠡ ᠶᠢᠨ ᠲᠠᠪᠴᠠᠩ ᠢ ᠨᠡᠪᠳᠡᠷᠡᠬᠦᠯᠵᠡᠢ᠃ ᠤᠲᠤ ᠲᠤᠰ ᠰᠤᠷᠭᠠᠭᠤᠯᠢ ᠨᠢ ᠵᠢᠷᠬᠢᠶ᠎ᠡ ᠲᠡᠭᠡᠷᠡᠬᠢ ᠤᠨᠤᠯ ᠤᠨ ᠬᠢᠴᠢᠶᠡᠯ ᠪᠠ ᠲᠡᠭᠡᠲᠦ ᠰᠤᠷᠭᠠᠭᠤᠯᠢ ᠶᠢᠨ ᠦᠢᠯᠡᠲᠦᠯᠬᠡ ᠶᠢᠨ ᠬᠢᠴᠢᠶᠡᠯ ᠢ ᠤᠶᠠᠯᠲᠤᠭᠤᠯᠤᠬᠰᠠᠨ ᠵᠢᠭᠠᠨ ᠰᠤᠷᠭᠠᠬᠤ ᠬᠡᠯᠪᠡᠷᠢ ᠶᠢ ᠭᠡᠷᠡᠭᠵᠢᠬᠦᠯᠵᠦ ᠪᠤᠢ᠃
   ᠰᠠᠶᠢᠨ ᠲᠤᠷ᠎ᠠ ᠶᠢᠨ ᠠᠵᠢᠯ ᠪᠤᠯ ᠪᠤᠭᠤᠲᠤ ᠬᠤᠲᠠ ᠶᠢᠨ ᠪᠤᠯᠪᠠᠰᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠨᠢᠬᠡᠨ ᠴᠢᠬᠤᠯᠠ ᠠᠭᠤᠯᠭ᠎ᠠ ᠪᠤᠯᠤᠨ᠎ᠠ᠃ ᠪᠤᠭᠤᠳᠤ ᠬᠤᠲᠠ ᠪᠦᠬᠦ ᠤᠷᠤᠨ ᠳᠤ ᠲᠡᠷᠢᠬᠦᠯᠡᠨ ︽ᠠᠩᠬᠠᠲᠤᠭᠠᠷ ᠬᠤᠭᠤᠴᠠᠭᠠᠨ ᠤ ᠠᠶᠢᠮᠠᠭ ᠬᠤᠲᠠ ᠶᠢᠨ ᠰᠠᠶᠢᠨ ᠲᠤᠷ᠎ᠠ ᠶᠢᠨ ᠦᠢᠯᠡᠴᠢᠯᠡᠬᠡᠨ ᠤ ᠲᠦᠷᠦᠯ ᠵᠦᠢᠯ ᠤᠨ ᠤᠷᠤᠯᠲᠤᠭᠠᠨ︾ ᠶᠠᠪᠤᠭᠲᠠᠭᠤᠯᠵᠦ᠂ 130 ᠭᠠᠷᠤᠢ ᠤᠳᠠᠭ᠎ᠠ ᠶᠢᠨ ᠰᠠᠶᠢᠨ ᠲᠤᠷ᠎ᠠ ᠶᠢᠨ ᠠᠵᠢᠯᠯᠠᠭ᠎ᠠ ᠶᠢ ᠵᠤᠬᠢᠶᠠᠨ ᠪᠠᠶᠢᠭᠤᠯᠵᠦ᠂ 6000 ᠴᠠᠭ ᠤᠨ ᠰᠠᠶᠢᠨ ᠲᠤᠷ᠎ᠠ ᠶᠢᠨ ᠦᠢᠯᠡᠴᠢᠯᠡᠭᠡ ᠬᠠᠩᠭᠠᠨ᠂ 7800 ᠬᠦᠮᠦᠨ ᠳᠤ ᠰᠢᠭᠤᠳ ᠠᠰᠢᠭ ᠬᠦᠷᠳᠡᠭᠡᠪᠠ᠃
   ︽ᠤᠶᠤᠨᠲᠦ ᠵᠠᠮ ᠬᠠᠷᠢᠯᠴᠠᠭ᠎ᠠ︾᠂ ︽ᠤᠶᠤᠨᠲᠦ ᠬᠠᠷᠠᠭᠤᠯ︾᠂ ᠴᠡᠪᠡᠷ ᠲᠡᠭᠰᠢ ᠵᠠᠰᠠᠮᠠᠯ ᠵᠠᠮ᠂ ᠰᠠᠭᠠᠳ ᠦᠬᠡᠢ ᠨᠡᠪᠳᠡᠷᠡᠬᠦ ᠮᠠᠰᠢᠨ ᠲᠡᠷᠭᠡ᠂ ᠰᠠᠬᠢᠯᠭ᠎ᠠ ᠲᠠᠭᠠᠵᠦ ᠵᠠᠮ ᠬᠡᠲᠦᠯᠦᠬᠡ ᠬᠤᠲᠠ ᠶᠢᠨ ᠠᠷᠠᠳ᠂ ᠡᠳᠡᠭᠡᠷ ᠨᠢ ︽ᠪᠦᠬᠦ ᠤᠯᠤᠰ ᠤᠨ ᠪᠤᠯᠪᠠᠰᠤᠨ ᠨᠢᠬᠡᠴᠢ︾ — ᠪᠤᠭᠤᠲᠤ ᠬᠤᠲᠠ ᠶᠢᠨ ᠲᠤᠲᠤᠭᠠᠲᠦ ᠶᠢ ᠬᠠᠮᠠᠭᠠᠯᠠᠬᠤ ᠲᠤᠪᠴᠢᠶ᠎ᠠ ᠶᠢᠨ ᠵᠠᠮ ᠬᠠᠷᠢᠯᠴᠠᠭᠠᠨ ᠤ ᠰᠠᠯᠪᠦᠷᠢ ᠠᠩᠬᠢ ᠶᠢᠨ ᠤᠢᠢᠷ᠎ᠠ ᠶᠢᠨ ᠵᠢᠯ ᠤᠳ ᠲᠠᠬᠢ ᠠᠮᠵᠢᠯᠲᠠ ᠪᠦᠲᠦᠮᠵᠢ ᠶᠢ ᠬᠠᠷᠠᠭᠤᠯᠤᠨ᠎ᠠ︔ ᠤᠯᠠᠨ ᠲᠦᠮᠡᠨ ᠤ ᠭᠤᠮᠤᠲᠠᠯ ᠲᠤᠭᠠᠴᠢᠯᠲᠠ ᠵᠢᠯ ᠲᠠᠷᠠᠭᠠᠯᠠᠨ ᠪᠠᠭᠠᠰᠴᠦ᠂ 200 ᠭᠠᠷᠤᠢ ᠲᠦᠮᠡᠨ ᠰᠠᠭᠤᠭᠠᠯᠢ ᠠᠷᠠᠳ ᠠᠷᠢᠭᠤᠨ ᠴᠡᠪᠡᠷ ᠤᠰᠤ ᠭᠡᠷᠡᠭᠯᠡᠬᠦ ᠪᠤᠯᠵᠦ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ 80% ᠳᠤ ᠬᠦᠷᠦᠭᠰᠡᠨ ᠁ ᠡᠳᠡᠭᠡᠷ ᠨᠢ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠤᠯᠪᠠᠰᠤᠨ ᠨᠢᠬᠡᠴᠢ︾ — ᠪᠤᠭᠤᠲᠤ ᠬᠤᠲᠠ ᠶᠢᠨ ᠤᠰᠤ ᠬᠠᠨᠭ᠍ᠭᠠᠬᠤ ᠶᠡᠷᠦᠩᠭᠡᠢ ᠺᠤᠮᠫᠠᠨᠢ ᠶᠢᠨ ᠪᠤᠯᠪᠠᠰᠤᠠ ᠬᠤᠲᠠ ᠶᠢᠨ ᠪᠦᠲᠦᠭᠡᠨ ᠪᠠᠶᠢᠭᠤᠯᠤᠯᠲᠠ ᠳᠤ ᠦᠵᠡᠬᠦᠯᠦᠭᠰᠡᠨ ᠬᠤᠪᠢ ᠨᠡᠮᠡᠷᠢ ᠶᠢ ᠦᠵᠡᠬᠦᠯᠦᠨ᠎ᠡ︔ 5 ᠵᠢᠯ ᠤᠨ ᠡᠮᠦᠨᠡᠬᠢ ᠬᠤᠲᠠ ᠶᠢᠨ ᠲᠤᠮᠲᠠᠬᠢ ᠲᠤᠰᠬᠤᠨ — ᠪᠤᠷᠤ ᠰᠢᠯᠢ ᠰᠢᠨ᠎ᠡ ᠲᠤᠭᠤᠷᠢᠭ ᠲᠤ ᠤᠲᠤ ᠦᠨᠲᠦᠷ ᠠᠰᠠᠷ ᠰᠦᠭᠯᠡᠶᠢᠨ᠂ ᠡᠮᠨᠡᠯᠬᠡ ᠶᠢᠨ ᠬᠤᠷᠢᠶ᠎ᠠ ᠪᠠ ᠰᠤᠷᠭᠠᠭᠤᠯᠢ ᠢᠵᠢ ᠪᠦᠷᠢᠲᠦᠭᠡᠳ᠂ ᠨᠡᠶᠢᠬᠡᠮ ᠲᠤᠭᠤᠷᠢᠭ ᠤᠨ ᠬᠦᠳᠡᠯᠬᠡᠬᠡᠨ ᠤ ᠭᠡᠷ ᠠᠴᠠ ᠬᠤᠭᠤᠷ ᠤᠨ ᠡᠬᠡᠰᠢᠭ ᠬᠠᠨᠭ᠍ᠬᠢᠨᠠᠵᠦ᠂ ᠬᠡᠦᠬᠡᠳ ᠤᠨ ᠪᠠᠶᠠᠷᠲᠦ ᠢᠨᠢᠶᠡᠲᠦ ᠴᠠᠯᠬᠢᠨ᠎ᠠ ᠁
   2005 ᠤᠨ ᠳᠤ᠂ ᠪᠤᠭᠤᠲᠤ ᠬᠤᠲᠠ ᠪᠦᠬᠦ ᠤᠯᠤᠰ ᠤᠨ 116 ᠬᠤᠲᠠ ᠶᠢᠨ ᠲᠤᠲᠤᠷ᠎ᠠ ᠠᠴᠠ ᠴᠤᠯᠭᠤᠷᠠᠨ ᠭᠠᠷᠴᠦ᠂ ᠲᠦᠷᠦᠬᠦᠤ ᠪᠦᠯᠦᠭ ᠤᠨ ︽ᠪᠦᠬᠦ ᠤᠯᠤᠰ ᠤᠨ ᠪᠤᠯᠪᠠᠰᠤᠨ ᠬᠤᠲᠠ︾ ᠪᠤᠯᠤᠭᠰᠠᠨ ᠶᠤᠮ᠃ 12 ᠵᠢᠯ ᠤᠨ ᠲᠠᠷᠠᠭ᠎ᠠ᠂ ᠪᠤᠭᠤᠲᠤ ᠬᠤᠲᠠ ᠲᠦᠷᠪᠡ ᠤᠲᠠᠭ᠎ᠠ ᠲᠠᠬᠢᠨ ᠬᠢᠨᠠᠯᠲᠠ ᠶᠢ ᠦᠩᠭᠡᠷᠡᠬᠦᠯᠵᠦ᠂ ᠲᠠᠪᠤᠨ ᠬᠤᠭᠤᠴᠠᠭ᠎ᠠ ᠲᠠᠷᠠᠭᠠᠯᠠᠨ ᠪᠤᠯᠪᠠᠰᠤᠨ ᠬᠤᠲᠠ ᠶᠢᠨ ᠢᠷᠠᠭᠤ ᠠᠯᠲᠠᠷ ᠢ ᠬᠦᠷᠳᠡᠭᠰᠡᠨ ᠪᠦᠬᠦ ᠤᠯᠤᠰ ᠤᠨ ᠬᠤᠶᠠᠷᠬᠠᠨ ᠲᠤᠰᠬᠠᠢ ᠤᠷᠤᠨ ᠤ ᠲᠡᠰ ᠤᠨ ᠬᠤᠲᠠ ᠶᠢᠨ ᠨᠢᠬᠡ ᠪᠤᠯᠤᠬᠰᠠᠨ ᠪᠢᠯᠡ᠃
   ︽ᠪᠤᠭᠤᠲᠤ ᠬᠤᠳᠠ ᠶᠠᠭᠠᠬᠢᠭᠠᠳ 5 ᠤᠲᠠᠭ᠎ᠠ ᠲᠠᠷᠠᠭᠠᠯᠠᠨ ᠪᠦᠬᠦ ᠤᠯᠤᠰ ᠤᠨ ᠪᠤᠯᠪᠠᠰᠤᠨ ᠬᠤᠲᠠ ᠪᠠᠷ ᠦᠨᠡᠯᠡᠭᠳᠡᠭᠰᠡᠨ ᠪᠤᠢ︖ ᠲᠠᠬᠡᠳᠤ ᠱᠠᠲᠦ ᠠᠴᠠ ᠬᠦᠨᠲᠦᠳᠭᠡᠨ ᠦᠵᠡᠵᠦ᠂ ᠤᠷᠴᠢᠨ ᠲᠤᠭᠤᠷᠢᠨ ᠢ ᠭᠤᠶᠤᠵᠢᠭᠤᠯᠤᠬᠰᠠᠨ ᠵᠡᠷᠭᠡ ᠰᠢᠯᠲᠠᠭᠠᠨ ᠠᠴᠠ ᠭᠠᠲᠠᠨ᠎ᠠ ᠮᠢᠨᠦ ᠦᠵᠡᠬᠦ ᠪᠠᠷ ᠬᠠᠮᠤᠭ ᠤᠨ ᠴᠢᠬᠤᠯᠠ ᠨᠢ ᠦᠷᠭᠡᠨ ᠤᠯᠠᠨ ᠬᠤᠲᠠ ᠶᠢᠨ ᠠᠷᠠᠳ ᠢᠳᠡᠪᠬᠢᠳᠡᠢ ᠤᠷᠤᠯᠴᠠᠵᠦ᠂ ᠪᠤᠯᠪᠠᠰᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠤᠲᠤᠬᠠᠨ ᠪᠤᠯᠲᠠᠯ᠎ᠠ ᠦᠴᠦᠭᠡᠨ ᠴᠦ ᠰᠤᠯᠠᠷᠠᠭᠤᠯᠤᠯ ᠦᠬᠡᠢ ᠴᠢᠩᠭ᠎ᠠ ᠠᠳᠬᠤᠬᠰᠠᠨ ᠠᠴᠠ ᠪᠤᠯᠵᠠᠢ᠃ ᠡᠨᠡ ᠪᠤᠯ ᠲᠠᠷᠤᠢ ᠪᠤᠭᠤᠲᠤ ᠬᠤᠲᠠ ᠶᠢᠨ ᠦᠪᠡᠷ ᠤᠨ ᠢᠶᠠᠨ ᠭᠡᠰᠡᠨ ︿ᠨᠢᠭᠤᠴᠠ ᠵᠤᠷ﹀ ᠶᠤᠮ︾ ᠭᠡᠵᠦ ᠪᠤᠭᠤᠲᠤ ᠬᠤᠲᠠ ᠶᠢᠨ ᠤᠶᠤᠨ ᠤ ᠪᠤᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠤᠨ ᠱᠠᠯᠠᠪᠲᠠᠭᠤᠯᠤᠨ ᠪᠠᠶᠢᠴᠠᠭᠠᠬᠤ ᠰᠠᠯᠠᠭ᠎ᠠ ᠶᠢᠨ ᠲᠠᠷᠤᠭ᠎ᠠ ᠸᠠᠩ ᠯᠢᠶᠠᠩ ᠴᠢᠩ ᠶᠠᠷᠢᠨ᠎ᠠ᠃
   ᠠᠵᠢᠯ ᠢᠶᠠᠨ ᠬᠠᠶᠢᠷᠠᠯᠠᠵᠦ ᠦᠢᠯᠡᠰ ᠢᠶᠠᠨ ᠲᠡᠭᠡᠲᠦᠯᠡᠳᠡᠭ ︽ᠶᠡᠭᠡ ᠤᠯᠤᠰ ᠤᠨ ᠤᠷᠠᠨ ᠲᠠᠷᠬᠠᠨ︾᠂ ᠦᠷᠦᠪᠴᠢ ᠵᠦᠬᠡᠯᠡᠨ ᠰᠡᠳᠬᠢᠯ ᠢᠶᠠᠷ ᠭᠠᠴᠢᠬᠲᠠᠬᠰᠠᠨ ᠨᠢᠬᠡ ᠪᠠᠨ ᠲᠤᠰᠠᠯᠠᠲᠠᠭ ᠰᠠᠶᠢᠨ ᠲᠤᠷ᠎ᠠ ᠶᠢᠨ ᠠᠵᠢᠯᠲᠠᠨ᠂ ᠠᠵᠢᠯ ᠤᠨ ᠪᠠᠶᠢᠷᠢ ᠲᠡᠭᠡᠷ᠎ᠡ ᠪᠠᠨ ᠬᠤᠪᠢ ᠨᠡᠮᠡᠷᠢ ᠭᠠᠷᠭᠠᠨ ᠪᠤᠯᠪᠠᠰᠤᠨ ᠤ ᠪᠠᠶᠢᠭᠤᠯᠤᠯᠲᠠ ᠳᠤ ᠨᠢᠬᠡ ᠮᠦᠷᠦ ᠶᠢᠨ ᠬᠦᠴᠦ ᠪᠠᠨ ᠦᠭᠴᠦ ᠪᠠᠶᠢᠭ᠎ᠠ ᠪᠠᠶᠢᠭᠤᠯᠭ᠎ᠠ ᠨᠢᠬᠡᠴᠢ ᠶᠢᠨ ᠠᠵᠢᠯᠲᠠᠨ ᠠᠴᠠ ᠪᠤᠯᠤᠳ ᠤᠨ ᠬᠤᠳᠠ ᠳᠤ ᠠᠵᠦ ᠲᠦᠷᠦᠵᠦ ᠠᠮᠢᠲᠤᠷᠠᠭ᠎ᠠ ᠡᠭᠡᠯ ᠵᠢᠷ ᠤᠨ ᠬᠦᠮᠦᠨ ᠨᠢᠬᠡ ᠪᠦᠷᠢ ᠳᠤ ᠬᠦᠷᠳᠡᠯ᠎ᠡ ᠪᠦᠷ ᠪᠤᠭᠤᠲᠤ ᠬᠤᠲᠠ ᠶᠢᠨ ᠪᠤᠯᠪᠠᠰᠤᠨ ᠤ ᠪᠠᠶᠢᠭᠤᠯᠤᠯᠲᠠ ᠶᠢᠨ ᠲᠤᠲᠠᠭᠲᠠᠵᠦ ᠪᠤᠯᠤᠰᠢ ᠦᠬᠡᠢ ᠨᠢᠬᠡᠨ ︽ᠡᠰ︾ ᠪᠤᠯᠬᠤ ᠶᠤᠮ᠃ 1997 ᠤᠨ ᠳᠤ ᠪᠦᠬᠦ ᠤᠯᠤᠰ ᠤᠨ ᠪᠤᠯᠪᠠᠰᠤᠨ ᠬᠤᠲᠠ ᠶᠢ ᠪᠦᠲᠦᠭᠡᠨ ᠪᠠᠶᠢᠭᠤᠯᠬᠤ ᠬᠠᠷᠠᠯᠲᠠ ᠶᠢ ᠲᠤᠷᠠᠲᠤᠭᠰᠠᠨ ᠠᠴᠠ ᠨᠠᠭᠠᠰᠢᠬᠢ 22 ᠵᠢᠯ ᠳᠤ᠂ ᠪᠤᠭᠤᠲᠤ ᠬᠤᠲᠠ ᠶᠢᠨ ᠶᠡᠷᠦᠩᠭᠡᠶᠢᠯᠡᠭᠰᠡᠨ ᠦᠷᠢᠰᠦᠯᠲᠦᠬᠦ ᠬᠦᠴᠦᠨ ᠶᠡᠭᠡ ᠪᠠᠷ ᠲᠡᠭᠡᠭᠰᠢᠯᠡᠵᠦ᠂ ᠬᠤᠲᠠ ᠶᠢᠨ ᠲᠦᠷᠢ ᠲᠦᠷᠬᠦ ᠶᠡᠭᠡ ᠪᠠᠷ ᠰᠠᠶᠢᠵᠢᠷᠠᠬᠰᠠᠨ ᠢᠶᠠᠷ ᠦᠯᠦ ᠪᠠᠷᠠᠮ ᠠᠷᠠᠳ ᠲᠦᠮᠡᠨ ᠤ ᠬᠦᠷᠳᠡᠮᠵᠢ ᠶᠢᠨ ᠲᠦᠷᠦᠭᠳᠡᠯ᠂ ᠵᠢᠷᠭᠠᠯᠲᠦ ᠲᠦᠷᠦᠭᠳᠡᠯ ᠴᠦ ᠤᠯᠠᠮ ᠢᠶᠠᠷ ᠨᠡᠮᠡᠭᠳᠡᠵᠦ᠂ ︽ᠪᠤᠭᠤᠲᠤ ᠪᠠᠨ ᠬᠠᠶᠢᠷᠠᠯᠠᠵᠦ ᠪᠤᠭᠤᠲᠤ ᠪᠠᠨ ᠪᠦᠲᠦᠭᠡᠨ ᠪᠠᠶᠢᠭᠤᠯᠬᠤ︾ ᠪᠠᠷ ᠵᠢᠳᠬᠦᠳᠡᠭ ᠬᠦᠮᠦᠨ ᠪᠦᠬᠦᠨ ᠤ ᠴᠢᠷᠮᠠᠶᠢᠯᠭ᠎ᠠ ᠪᠠᠷ ᠪᠤᠭᠤᠲᠤ ᠬᠤᠲᠠ ᠨᠢᠬᠡᠨᠳᠡ ᠦᠪᠦᠷ ᠮᠤᠩᠭᠤᠯ ᠤᠷᠤᠨ ᠤ ᠪᠠᠨ ᠤᠶᠤᠨ ᠤ ᠪᠤᠯᠪᠠᠰᠤᠨ ᠤ ᠪᠠᠶᠢᠭᠤᠯᠤᠯᠲᠠ ᠶᠢᠨ ᠬᠢᠯᠠᠯᠵᠠᠭᠰᠠᠨ ᠨᠢᠬᠡᠨ ᠨᠡᠷ᠎ᠡ ᠶᠢᠨ ᠬᠠᠭᠤᠲᠠᠰᠦ ᠪᠤᠯᠤᠬᠰᠠᠨ ᠪᠢᠯᠡ᠃
 ᠴᠡᠭ ᠲᠤ ᠰᠠᠭᠤᠭᠰᠠᠨ ᠡᠪᠦᠷ ᠲᠡᠮᠳᠡᠭᠯᠡᠯ
   ︽ᠤᠯᠠᠨ ᠤ ᠬᠦᠴᠦ ᠤᠯᠤᠮ ᠦᠬᠡᠢ ᠲᠠᠯᠠᠢ︾ ᠭᠡᠳᠡᠭ ᠢᠶᠠᠷ 5 ᠤᠲᠠᠭ᠎ᠠ ᠲᠠᠷᠠᠭᠠᠯᠠᠨ ᠪᠦᠬᠦ ᠤᠯᠤᠰ ᠤᠨ ᠪᠤᠯᠪᠠᠰᠤᠨ ᠬᠤᠲᠠ ᠪᠤᠯᠤᠬᠰᠠᠨ ᠪᠤᠭᠤᠲᠤ ᠬᠤᠲᠠ ᠶᠢᠨ ᠦᠨᠦᠲᠦᠷ ᠤᠨ ᠠᠮᠵᠢᠯᠲᠠ ᠨᠢ ᠤᠯᠠᠨ ᠲᠦᠮᠡᠨ ᠤ ᠬᠦᠴᠦᠨ
 ᠠᠴᠠ ᠰᠠᠯᠵᠦ ᠲᠡᠶᠢᠯᠬᠦ ᠦᠬᠡᠢ᠃
   1997 ᠤᠨ ᠳᠤ ᠪᠤᠭᠤᠲᠤ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠲᠤᠨ ᠠᠴᠠ ᠪᠦᠬᠦ ᠤᠯᠤᠰ ᠤᠨ ᠪᠤᠯᠪᠠᠰᠤᠨ ᠬᠤᠲᠠ ᠶᠢ ᠪᠦᠲᠦᠭᠡᠨ ᠪᠠᠶᠢᠭᠤᠯᠬᠤ ᠬᠠᠷᠠᠯᠲᠠ ᠶᠢ ᠲᠤᠷᠠᠲᠤᠭᠰᠠᠨ ᠪᠦᠭᠡᠳ ᠪᠦᠬᠦ ᠲᠠᠯ᠎ᠠ ᠶᠢᠨ᠂ ᠪᠠᠶᠢᠯᠲᠤᠬᠤ ᠪᠤᠲᠤᠯᠭ᠎ᠠ ᠶᠢᠨ ᠬᠠᠷᠠᠭᠠᠰᠦ ᠲᠠᠢ ᠴᠢᠬᠤᠯᠠ ᠠᠭᠤᠯᠭ᠎ᠠ ᠪᠤᠯᠭᠠᠨ ᠠᠳᠬᠤᠬᠰᠠᠨ ᠶᠤᠮ᠃ ᠲᠡᠭᠡᠬᠦ ᠳᠤ ᠲᠦᠷᠦᠯ ᠵᠦᠢᠯ ᠢ ᠨᠢᠬᠡᠳ ᠨᠢᠬᠡ ᠪᠠᠷ ᠨᠠᠶᠢᠲᠠᠪᠦᠷᠢᠵᠢᠭᠤᠯᠤᠨ ᠲᠤᠭᠤᠰᠢᠯᠠᠭᠤᠯᠵᠦ᠂ ᠡᠨᠡ ᠬᠦ ᠬᠠᠷᠠᠯᠲᠠ ᠶᠢ ᠠᠯᠬᠤᠮ ᠠᠯᠬᠤᠮ ᠢᠶᠠᠷ ᠪᠡᠶᠡᠯᠡᠬᠦᠯᠦᠭᠰᠡᠨ ᠨᠢ ᠬᠠᠰᠢᠯᠠ ᠪᠤᠭᠤᠲᠤ ᠬᠤᠲᠠ ᠶᠢᠨ 280 ᠲᠦᠮᠡᠨ ᠡᠬᠡᠯ ᠵᠢᠷ ᠤᠨ ᠠᠷᠠᠳ ᠲᠦᠮᠡᠨ ᠪᠤᠯᠬᠤ ᠰᠠᠨ᠃
   ᠷᠦᠩ ᠫᠧᠩ ᠴᠢᠶᠠᠩ ᠪᠤᠯ ᠪᠤᠭᠤᠲᠤ ᠬᠤᠳᠠ ᠶᠢᠨ ᠦᠨᠦᠲᠦᠷ ᠤᠨ ᠬᠦᠭᠵᠢᠯᠳᠡ ᠳᠤ ᠨᠢᠬᠡ ᠮᠦᠷᠦ ᠶᠢᠨ ᠬᠦᠴᠦ ᠪᠠᠨ ᠡᠷᠬᠦᠭᠰᠡᠨ 280 ᠲᠦᠮᠡᠨ ᠬᠤᠲᠠ ᠶᠢᠨ ᠠᠷᠠᠳ ᠤᠨ ᠨᠢᠬᠡ ᠬᠡᠰᠢᠬᠦᠨ︔ ᠯᠢᠦ ᠰᠧ ᠳ᠋ᠥᠩ ᠪᠤᠯ ᠪᠤᠭᠤᠲᠤ ᠬᠤᠳᠠ ᠶᠢᠨ 34.8 ᠲᠦᠮᠡᠨ ᠰᠠᠶᠢᠨ ᠲᠤᠷ᠎ᠠ ᠶᠢᠨ ᠠᠵᠢᠯᠲᠠᠨ ᠤ ᠨᠢᠬᠡ ᠬᠡᠰᠢᠬᠦᠨ︔ ᠤᠰᠤ ᠬᠠᠨᠭ᠍ᠭᠠᠬᠤ ᠶᠡᠷᠦᠩᠭᠡᠢ ᠦᠢᠯᠡᠳᠪᠦᠷᠢ᠂ ᠲᠤᠲᠤᠭᠠᠲᠦ ᠶᠢ ᠬᠠᠮᠠᠭᠠᠯᠠᠬᠤ ᠲᠤᠪᠴᠢᠶ᠎ᠠ ᠶᠢᠨ ᠵᠠᠮ ᠬᠠᠷᠢᠯᠴᠠᠭᠠᠨ ᠤ ᠶᠡᠷᠦᠩᠭᠡᠢ ᠠᠩᠬᠢ᠂ ᠡᠳᠡᠭᠡᠷ ᠪᠤᠯ ᠬᠠᠷᠢᠭᠤᠴᠠᠯᠭ᠎ᠠ ᠪᠠᠨ ᠪᠠᠲᠦ ᠴᠡᠭᠡᠵᠢᠯᠡᠵᠦ ᠬᠤᠪᠢᠲᠠᠭᠰᠠᠨ ᠠᠵᠢᠯ ᠳᠠᠭᠠᠨ ᠲᠤᠪᠤᠶᠢᠮ᠎ᠠ ᠠᠮᠵᠢᠯᠲᠠ ᠭᠠᠷᠭᠠᠭᠰᠠᠨ ᠪᠤᠭᠤᠲᠤ ᠬᠤᠲᠠ ᠶᠢᠨ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠬᠡᠴᠢ ᠶᠢᠨ ᠲᠦᠯᠦᠬᠡᠯᠡᠭᠴᠢ ᠪᠤᠯᠤᠨ᠎ᠠ᠃ ( ᠵᠣᠬᠢᠶᠠᠭᠴᠢ᠄  ᠤᠶᠤᠨᠪᠠᠳᠤ ᠪᠤᠷᠮ᠎ᠠ ᠸ᠊ · ᠭᠡᠷᠡᠯᠳᠦ )
 



  
     
     