-
2110225
ᠬᠤᠷᠢᠬᠯᠠᠭᠳᠠᠰᠢ ᠦᠭᠡᠢ ᠤᠷᠤᠭᠰᠢᠯᠠᠯᠳᠠ ᠶᠢᠨ ᠠᠯᠬᠤᠭ᠎ᠠ
2019-10-07 11:39
285
0
— ᠶᠡᠷᠦᠩᠬᠡᠢ ᠱᠦᠵᠢ ᠰᠢ ᠶᠢᠨ ᠫᠢᠩ ᠤᠨ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ
70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠶᠠᠷᠢᠶ᠎ᠠ ᠶᠢ ᠰᠤᠷᠤᠯᠴᠠᠨ ᠲᠤᠭᠤᠰᠢᠯᠠᠭᠤᠯᠬᠤ ᠲᠤᠬᠠᠢ ᠦᠭᠦᠯᠡᠬᠦ ᠨᠢ
ᠲᠡᠤᠬᠡ ᠶᠢᠨ ᠬᠦᠷᠳᠤ ᠡᠷᠭᠢᠯᠳᠤᠨ ᠤᠷᠴᠢᠵᠤ᠂ ᠴᠠᠭ ᠦᠶ᠎ᠠ ᠶᠢᠨ ᠤᠷᠤᠰᠬᠠᠯ ᠴᠠᠯᠭᠢᠯᠠᠨ ᠳᠠᠪᠠᠯᠭᠠᠯᠠᠨ᠎ᠠ᠃
︽ᠥᠨᠥᠳᠥᠷ ᠨᠡᠶᠢᠭᠡᠮ ᠵᠢᠷᠤᠮᠲᠤ ᠳᠤᠮᠳᠠᠳᠤ ᠤᠯᠤᠰ ᠳᠡᠯᠡᠬᠡᠶ ᠶᠢᠨ ᠳᠣᠷᠣᠨᠠᠳᠠᠬᠢᠨ ᠳᠤ ᠰᠡᠬᠦ᠋ᠢᠨ ᠰᠦᠨᠳᠡᠷᠯᠡᠵᠦ ᠪᠠᠶᠢᠨ᠎ᠠ᠂ ᠶᠠᠮᠠᠷᠪᠠ ᠬᠦᠴᠦᠨ ᠴᠦ ᠭᠡᠳ ᠮᠠᠨ ᠤ ᠠᠭᠤᠤ ᠶᠡᠭᠡ ᠡᠬᠡ ᠤᠯᠤᠰ ᠤᠨ ᠪᠠᠶᠢᠷᠢ ᠰᠠᠭᠤᠷᠢ ᠶᠢ ᠭᠤᠶᠢᠪᠢᠯᠵᠠᠭᠤᠯᠵᠤ ᠴᠢᠳᠠᠬᠤ ᠦᠭᠡᠢ ᠶᠤᠮ᠂ ᠶᠠᠮᠠᠷᠪᠠ ᠬᠦᠴᠦᠨ ᠴᠦ ᠭᠡᠳ ᠳᠤᠮᠳᠠᠳᠤ ᠤᠯᠤᠰ ᠤᠨ ᠠᠷᠠᠳ ᠲᠦᠮᠡᠨ ᠪᠤᠯᠤᠨ ᠳᠤᠮᠳᠠᠳᠤ ᠶᠢᠨ ᠦᠨᠳᠦᠰᠦᠲᠡᠨ ᠤ ᠤᠷᠤᠭᠰᠢᠯᠠᠯᠲᠠ ᠶᠢᠨ ᠠᠯᠬᠤᠭ᠎ᠠ ᠶᠢ ᠬᠤᠷᠢᠬᠯᠠᠵᠤ ᠴᠢᠳᠠᠬᠤ ᠦᠭᠡᠢ ᠶᠤᠮ︾ ᠭᠡᠵᠤ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷ᠎ᠠ᠂ ᠶᠡᠷᠦᠩᠬᠡᠢ ᠱᠦᠵᠢ ᠰᠢ ᠶᠢᠨ ᠫᠢᠩ ᠰᠢᠨ᠎ᠠ ᠳᠤᠮᠳᠠᠳᠤ ᠤᠯᠤᠰ ᠤᠨ 70 ᠵᠢᠯ ᠤᠨ ᠲᠤᠷᠰᠢᠬᠢ ᠠᠭᠤᠤ ᠶᠡᠭᠡ ᠠᠮᠵᠢᠯᠳᠠ ᠶᠢ ᠭᠦᠨ ᠰᠡᠳᠭᠢᠯᠭᠡ ᠪᠠᠷ ᠮᠠᠭᠳᠠᠨ ᠰᠠᠶᠢᠰᠢᠶᠠᠵᠤ᠂ ᠦᠷᠭᠦᠯᠵᠢᠯᠡᠨ ᠮᠠᠨ ᠤ ᠪᠦᠭᠦᠳᠡ ᠨᠠᠶᠢᠷᠠᠮᠳᠠᠬᠤ ᠠᠷᠠᠳ ᠤᠯᠤᠰ ᠢᠶᠠᠨ ᠰᠠᠶᠢᠳᠤᠷ ᠪᠠᠬᠢᠵᠢᠭᠦᠯᠬᠦ᠂ ᠰᠠᠶᠢᠳᠤᠷ ᠬᠦᠭᠵᠢᠭᠦᠯᠬᠦ ᠪᠠᠳᠤ ᠢᠳᠡᠭᠡᠯ ᠢ ᠤᠮᠤᠭ ᠲᠡᠭᠦᠯᠳᠡᠷ ᠢᠶᠠᠷ ᠲᠤᠩᠬᠠᠭᠯᠠᠵᠤ᠂ ᠳᠤᠮᠳᠠᠳᠤ ᠤᠯᠤᠰ ᠤᠨ ᠠᠷᠠᠳ ᠲᠦᠮᠡᠨ ᠤ ᠬᠦᠰᠡᠯᠡᠩ ᠢᠶᠠᠨ ᠴᠢᠭᠯᠡᠨ ᠤᠷᠤᠭᠰᠢᠯᠠᠬᠤ ᠯᠤᠳᠤ ᠶᠡᠭᠡ ᠤᠷᠮ᠎ᠠ ᠵᠤᠷᠢᠭ ᠢ ᠬᠦᠪᠴᠢᠯᠡᠵᠤ᠂ ᠳᠤᠮᠳᠠᠳᠤ ᠶᠢᠨ ᠦᠨᠳᠦᠰᠦᠳᠡᠨ ᠤ ᠳᠠᠬᠢᠨᠳᠠ ᠭᠠᠶᠢᠬᠠᠮᠰᠢᠭ ᠢ ᠡᠭᠦᠳᠬᠦ ᠠᠤᠭ᠎ᠠ ᠰᠠᠨᠠᠭ᠎ᠠ ᠡᠷᠡᠯᠬᠡᠭ ᠵᠤᠷᠢᠭ ᠢ ᠬᠦᠭᠵᠢᠭᠡᠪᠡ᠃
ᠰᠢᠨ᠎ᠠ ᠳᠤᠮᠳᠠᠳᠤ ᠤᠯᠤᠰ ᠤᠨ 70 ᠵᠢᠯ ᠬᠡᠴᠢᠨᠡᠨ ᠭᠡᠷᠡᠯ ᠰᠠᠴᠤᠷᠠᠩᠭᠤᠢ ᠪᠤᠢ︕ 70 ᠵᠢᠯ ᠤᠨ ᠲᠤᠷᠰᠢ᠂ ᠤᠯᠤᠰ ᠠᠷᠠᠳ ᠤᠨ ᠤᠷᠤᠯᠭ᠎ᠠ ᠬᠦᠮᠦᠨ ᠳᠤᠮᠳᠠᠴᠢ ᠪᠠᠷ 27 ᠳ᠋ᠤᠯᠯᠠᠷ ᠲᠤ ᠯᠡ ᠬᠦᠷᠴᠦ ᠪᠠᠶᠢᠭᠰᠠᠨ ᠠᠴᠠ ᠳᠡᠯᠡᠬᠡᠢ ᠶᠢᠨ ᠬᠤᠶᠠᠳᠤᠭᠠᠷ ᠶᠡᠭᠡ ᠠᠵᠤ ᠠᠬᠤᠢ ᠶᠢᠨ ᠴᠤᠭᠴᠠ ᠪᠤᠯᠪᠠ︔ ︽ᠨᠢᠬᠡ ᠲᠷᠠᠺᠲ᠋ᠤᠷ ᠢ ᠴᠤ ᠦᠢᠯᠡᠳᠪᠦᠷᠢᠯᠡᠵᠤ ᠴᠢᠳᠠᠬᠤ ᠦᠭᠡᠢ︾ ᠪᠠᠶᠢᠭᠰᠠᠨ ᠠᠴᠠ ᠳᠡᠯᠡᠬᠡᠢ ᠶᠢᠨ ᠬᠠᠮᠤᠭ ᠤᠨ ᠪᠦᠷᠢᠨ ᠲᠡᠭᠦᠯᠳᠡᠷ ᠠᠵᠤ ᠦᠢᠯᠡᠳᠪᠦᠷᠢ ᠶᠢᠨ ᠰᠢᠰᠲ᠋ᠧᠮ ᠲᠠᠢ ᠪᠤᠯᠪᠠ︔ ᠶᠠᠳᠠᠭᠤ ᠬᠤᠭᠤᠰᠤᠨ᠂ ᠠᠯᠢᠪᠠ ᠪᠦᠬᠦᠨ ᠬᠤᠴᠤᠷᠤᠩᠭᠤᠢ ᠪᠠᠶᠢᠭᠰᠠᠨ ᠠᠴᠠ ᠳᠡᠯᠡᠬᠡᠢ ᠶᠢᠨ ᠨᠢᠭᠡᠳᠦᠭᠡᠷ ᠶᠡᠭᠡ ᠪᠠᠷᠠᠭᠠᠨ ᠤ ᠠᠷᠠᠯᠵᠢᠶᠠᠨ ᠤ ᠤᠯᠤᠰ᠂ ᠨᠢᠭᠡᠳᠦᠭᠡᠷ ᠶᠡᠭᠡ ᠭᠠᠳᠠᠭᠠᠳᠤ ᠭᠤᠪᠢᠭᠤᠯᠭ᠎ᠠ ᠶᠢᠨ ᠬᠠᠳᠠᠭᠠᠯᠠᠮᠵᠢ ᠲᠠᠢ ᠤᠯᠤᠰ ᠪᠤᠯᠪᠠ ᠁ ᠳᠤᠮᠳᠠᠳᠤ ᠤᠯᠤᠰ ᠤᠨ ᠡᠪ ᠬᠠᠮᠳᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠤᠳᠤᠷᠢᠳᠤᠨ ᠠᠯᠢ ᠤᠯᠠᠨ ︽ᠪᠤᠯᠤᠯᠴᠠᠭ᠎ᠠ ᠦᠭᠡᠢ︾ ᠵᠦᠢᠯ ᠢ ᠪᠡᠶᠡᠯᠡᠭᠦᠯᠵᠤ᠂ ᠠᠯᠢ ᠤᠯᠠᠨ ᠢᠳᠡᠭᠡᠭᠳᠡᠰᠢ ᠦᠭᠡᠢ ᠭᠠᠶᠢᠬᠠᠮᠰᠢᠭ ᠢ ᠡᠭᠦᠳᠴᠠᠢ᠃ ᠦᠨᠦᠳᠦᠷ᠂ ᠦᠩᠭᠡᠷᠡᠭᠰᠡᠨ ᠳᠤ ᠢᠳᠡᠵᠤ ᠡᠮᠦᠰᠬᠦ ᠳᠡᠭᠡᠨ ᠵᠦᠪ ᠦᠭᠡᠢ ᠪᠠᠶᠢᠭᠰᠠᠨ ᠬᠦᠮᠦᠰ ᠤᠳᠠᠯ ᠦᠭᠡᠢ ᠪᠦᠬᠦ ᠲᠠᠯ᠎ᠠ ᠶᠢᠨ ᠴᠢᠨᠡᠭᠡᠯᠢᠭ ᠨᠡᠶᠢᠭᠡᠮ ᠳᠤ ᠤᠷᠤᠬᠤ ᠪᠠᠷ ᠪᠠᠶᠢᠨ᠎ᠠ︔ ᠦᠩᠭᠡᠷᠡᠭᠰᠡᠨ ᠳᠤ ᠶᠠᠳᠠᠭᠤ ᠬᠤᠭᠤᠰᠤᠨ ᠪᠠᠶᠢᠭᠰᠠᠨ ᠳᠤᠮᠳᠠᠳᠤ ᠤᠯᠤᠰ ᠬᠦᠭᠵᠢᠯ ᠴᠡᠴᠡᠭᠯᠡᠯ ᠲᠡᠶᠢᠰᠢ ᠵᠠᠮᠨᠠᠵᠤ ᠪᠠᠶᠢᠨ᠎ᠠ︔ ᠦᠩᠭᠡᠷᠡᠭᠰᠡᠨ ᠳᠤ ᠶᠠᠳᠠᠭᠤ ᠪᠠᠭᠤᠷᠠᠢ ᠪᠠᠶᠢᠭᠰᠠᠨ ᠦᠨᠳᠦᠰᠦᠳᠡᠨ ᠠᠭᠤᠤ ᠶᠡᠭᠡ ᠰᠡᠷᠭᠦᠨ ᠮᠠᠨᠳᠤᠯᠳᠠ ᠶᠢᠨ ᠰᠠᠷᠠᠭᠤᠯ ᠢᠷᠡᠭᠡᠳᠦᠢ ᠪᠠᠨ ᠤᠭᠳᠤᠨ ᠠᠪᠤᠯ᠎ᠠ᠃ ᠪᠤᠰᠴᠤ ᠵᠤᠭᠰᠤᠭᠰᠠᠨ᠂ ᠪᠠᠶᠠᠵᠢᠭᠰᠠᠨ ᠠᠴᠠ ᠬᠦᠴᠦᠷᠬᠡᠭᠵᠢᠵᠤ᠂ ᠳᠤᠮᠳᠠᠳᠤ ᠶᠢᠨ ᠦᠨᠳᠦᠰᠦᠳᠡᠨ ᠠᠭᠤᠯᠠ ᠤᠰᠤ ᠶᠢ ᠳᠤᠩᠰᠤᠯᠭᠠᠮ᠎ᠠ ᠲᠡᠤᠬᠡᠳᠤ ᠴᠢᠨᠠᠷᠳᠠᠢ ᠳᠠᠪᠠᠯᠳᠠ ᠶᠢ ᠪᠡᠶᠡᠯᠡᠭᠦᠯᠪᠡ︔ ︽ᠴᠠᠭ ᠦᠶ᠎ᠠ ᠶᠢ ᠬᠦᠭᠡᠭᠡᠵᠤ ᠭᠦᠢᠴᠡᠭᠰᠡᠨ︾ ᠠᠴᠠ ︽ᠴᠠᠭ ᠦᠶ᠎ᠠ ᠶᠢ ᠬᠦᠳᠦᠯᠦᠨ ᠳᠠᠭᠠᠭᠤᠯᠵᠤ︾᠂ ᠳᠤᠮᠳᠠᠳᠤ ᠤᠯᠤᠰ ᠤᠨ ᠠᠷᠠᠳ ᠲᠦᠮᠡᠨ ᠤᠮᠤᠭ ᠲᠡᠭᠦᠯᠳᠡᠷ ᠢᠶᠠᠷ ᠴᠠᠭ ᠦᠶ᠎ᠠ ᠶᠢᠨ ᠡᠮᠦᠨ᠎ᠠ ᠡᠩᠨᠡᠭᠡᠨ ᠳᠤ ᠬᠤᠰᠢᠭᠤᠴᠢᠯᠠᠪᠠ᠃ ᠳᠤᠮᠳᠠᠳᠤ ᠤᠯᠤᠰ ᠤᠨ ᠠᠷᠠᠳ ᠲᠦᠮᠡᠨ ᠯᠠᠪᠲᠠᠢ ᠬᠢᠵᠦ ᠳᠡᠶᠢᠯᠦᠨ᠎ᠠ᠂ ᠳᠤᠮᠳᠠᠳᠤ ᠤᠯᠤᠰ ᠯᠠᠪᠲᠠᠢ ᠬᠢᠵᠦ ᠳᠡᠶᠢᠯᠦᠨ᠎ᠠ ᠭᠡᠳᠡᠭ ᠢ ᠲᠡᠦᠬᠡ ᠪᠠ ᠪᠤᠳᠠᠳᠤ ᠪᠠᠶᠢᠳᠠᠯ ᠮᠠᠷᠭᠤᠰᠢ ᠦᠭᠡᠢ ᠭᠡᠷᠡᠴᠢᠯᠡᠪᠡ︕
ᠤᠷᠤᠬᠰᠢᠯᠠᠯᠲᠠ ᠶᠢᠨ ᠠᠯᠬᠤᠭ᠎ᠠ ᠬᠤᠷᠢᠬᠯᠠᠬᠲᠠᠰᠢ ᠦᠭᠡᠢ ᠶᠤᠮ᠂ ᠤᠴᠢᠷ ᠨᠢ ᠪᠢᠳᠡ ᠲᠡᠦᠬᠡ ᠶᠢᠨ ᠤᠷᠤᠬᠰᠢᠯᠠᠯᠲᠠ ᠶᠢᠨ ᠯᠤᠬᠢᠭ ᠳᠤᠮᠳᠠ ᠤᠷᠤᠬᠰᠢᠯᠠᠵᠤ ᠪᠠᠶᠢᠭ᠎ᠠ ᠶᠤᠮ᠃ ᠶᠡᠷᠦᠩᠬᠡᠢ ᠱᠦᠵᠢ ᠰᠢ ᠶᠢᠨ ᠫᠢᠩ᠄ ︽ᠳᠤᠮᠳᠠᠳᠤ ᠶᠢᠨ ᠦᠨᠳᠦᠰᠦᠲᠡᠨ ᠡᠨᠧᠷᠬᠢ ᠶᠢ ᠬᠤᠷᠠᠮᠳᠤᠭᠤᠯᠤᠭᠠᠳ ᠤᠳᠠᠵᠤ ᠪᠠᠶᠢᠨ᠎ᠠ᠂ ᠡᠨᠧᠷᠬᠢ ᠪᠠᠨ ᠠᠰᠢᠬᠯᠠᠨ ᠠᠭᠤᠤ ᠶᠡᠭᠡ ᠳᠤᠮᠳᠠᠳᠤ ᠶᠢᠨ ᠵᠡᠬᠦᠳᠦ ᠪᠠᠨ ᠪᠠᠶᠠᠯᠡᠭᠦᠯᠦᠶᠠ︾ ᠭᠡᠵᠦ ᠴᠢᠬᠤᠯᠠᠴᠢᠯᠠᠪᠠ᠃ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠤᠯ᠂ ᠤᠷᠴᠢᠨ ᠦᠶ᠎ᠠ ᠠᠴᠠ ᠨᠠᠭᠠᠰᠢᠬᠢ ᠳᠤᠮᠳᠠᠳᠤ ᠶᠢᠨ ᠦᠨᠳᠦᠰᠦᠲᠡᠨ ᠤ ᠬᠠᠮᠤᠭ ᠤᠨ ᠠᠭᠤᠤ ᠶᠡᠭᠡ ᠬᠦᠰᠡᠯ ᠵᠡᠭᠦᠳᠦ ᠪᠤᠯᠬᠤ ᠶᠤᠮ᠃ ᠳᠤᠮᠳᠠᠳᠤ ᠶᠢᠨ ᠵᠡᠬᠦᠳᠦ ᠪᠤᠯ᠂ ᠪᠢᠳᠡᠨ ᠤ ᠪᠦᠬᠦ ᠦᠨᠳᠦᠰᠦᠲᠡᠨ ᠤ ᠬᠠᠮᠲᠤ ᠶᠢᠨ ᠤᠢ ᠰᠠᠭᠤᠬᠳᠠᠯ ᠢ ᠬᠤᠷᠠᠮᠳᠤᠭᠤᠯᠤᠬᠰᠠᠨ ᠲᠡᠦᠬᠡ ᠠᠴᠠ ᠬᠦᠪᠦᠷᠡᠨ ᠪᠤᠶᠢᠵᠢᠬᠰᠠᠨ ᠶᠤᠮ᠂ ᠭᠤᠲᠤᠮᠰᠢᠭ ᠳᠤᠷᠤᠮᠵᠢᠯᠡᠯ ᠪᠠ ᠭᠠᠰᠠᠯᠠᠩ ᠵᠤᠪᠠᠯᠠᠩ ᠪᠤᠯ ᠡᠭᠦᠨ ᠤ ᠬᠦᠷᠦᠰᠦ ᠰᠢᠷᠤᠢ ᠪᠤᠯᠬᠤ ᠶᠤᠮ᠂ ᠡᠶᠢᠮᠦ ᠠᠴᠠ ᠲᠡᠷᠡ ᠨᠢ ᠰᠠᠶᠢ ᠡᠶᠢᠮᠦ ᠬᠦᠨᠳᠦ ᠨᠦᠰᠡᠷ᠂ ᠡᠶᠢᠮᠦ ᠬᠦᠮᠦᠰ ᠤᠨ ᠰᠡᠳᠭᠢᠯ ᠵᠢᠷᠦᠭᠡ ᠶᠢ ᠲᠤᠬᠳᠤᠯᠤᠭᠤᠯᠤᠮᠠ ᠪᠠᠶᠢᠭ᠎ᠠ ᠶᠤᠮ︔ ᠳᠤᠮᠳᠠᠳᠤ ᠶᠢᠨ ᠵᠡᠭᠦᠳᠦ ᠪᠤᠯ᠂ ᠤᠯᠤᠰ ᠤᠨ ᠪᠠᠶᠠᠨ ᠬᠦᠴᠦᠷᠬᠡᠭ᠂ ᠦᠨᠳᠦᠰᠦᠲᠡᠨ ᠤ ᠰᠡᠷᠭᠦᠨ ᠮᠠᠨᠳᠤᠯᠲᠠ᠂ ᠠᠷᠠᠳ ᠲᠦᠮᠡᠨ ᠤ ᠵᠤᠯ ᠵᠢᠷᠭᠠᠯ ᠤᠨ ᠬᠦᠰᠡᠯ ᠪᠠ ᠡᠷᠡᠮᠡᠯᠵᠡᠯ ᠠᠴᠠ ᠦᠰᠦᠨ ᠪᠤᠶᠢᠵᠢᠬᠰᠠᠨ ᠶᠤᠮ᠂ ᠤᠯᠤᠰ ᠤᠨ ᠢᠳᠡ ᠲᠤᠷᠪᠢᠳᠠᠢ ᠬᠦᠭᠵᠢᠯᠲᠡ ᠪᠤᠯ ᠡᠭᠦᠨ ᠤ ᠪᠤᠳᠠᠲᠤ ᠲᠤᠯᠭᠠᠭᠤᠷᠢᠯᠠᠯ ᠪᠤᠯᠬᠤ ᠶᠤᠮ᠂ ᠡᠶᠢᠮᠦ ᠠᠴᠠ ᠲᠡᠷᠡ ᠨᠢ ᠰᠠᠶᠢ ᠡᠶᠢᠮᠦ ᠡᠷᠡᠰ ᠴᠢᠩᠭ᠎ᠠ᠂ ᠡᠶᠢᠮᠦ ᠰᠡᠳᠭᠢᠯ ᠢ ᠬᠦᠳᠡᠯᠭᠡᠮ᠎ᠠ᠂ ᠬᠦᠮᠦᠰ ᠢ ᠡᠶᠢᠨ ᠬᠦ ᠤᠷᠮᠠᠰᠢᠭᠤᠯᠵᠤ ᠪᠠᠶᠢᠭ᠎ᠠ ᠶᠤᠮ᠃ ᠳᠤᠮᠳᠠᠳᠤ ᠶᠢᠨ ᠵᠡᠭᠦᠳᠦ ᠶᠢᠨ ᠮᠦᠨ ᠴᠢᠨᠠᠷ ᠪᠤᠯ᠂ ᠠᠷᠠᠳ ᠲᠦᠮᠡᠨ ᠤ ᠰᠠᠶᠢᠨ ᠰᠠᠶᠢᠬᠠᠠ ᠠᠮᠢᠳᠤᠷᠠᠯ ᠤᠨ ᠬᠦᠰᠡᠯ ᠡᠷᠡᠮᠡᠯᠵᠡᠯ ᠪᠤᠯᠤᠨ᠎ᠠ᠂ ᠡᠨᠡ ᠪᠤᠯ ᠪᠤᠯᠢᠶᠠᠬᠳᠠᠰᠢ ᠦᠭᠡᠢ ᠠᠷᠢᠭᠤᠨ ᠳᠠᠷᠬᠠᠨ ᠡᠷᠬᠡ ᠠᠰᠢᠭ ᠪᠤᠯᠬᠤ ᠶᠤᠮ︔ ᠳᠤᠮᠳᠠᠳᠤ ᠶᠢᠨ ᠵᠡᠭᠦᠳᠦ ᠶᠢ ᠪᠠᠶᠠᠯᠡᠭᠦᠯᠬᠦ ᠪᠤᠯ ᠠᠷᠠᠳ ᠲᠦᠮᠡᠨ ᠤ ᠬᠦᠰᠡᠯ ᠵᠤᠷᠢᠯᠲᠠ ᠲᠠᠢ ᠨᠡᠶᠢᠴᠡᠭᠰᠡᠨ᠂ ᠲᠡᠦᠬᠡ ᠶᠢᠨ ᠯᠤᠭᠢᠭ ᠲᠠᠢ ᠨᠡᠶᠢᠴᠡᠭᠰᠡᠨ ᠲᠦᠪ ᠶᠤᠰᠤᠨ ᠤ ᠦᠢᠯᠡᠰ ᠮᠦᠨ᠂ ︽ᠲᠦᠪ ᠶᠤᠰᠤᠨ ᠤ ᠦᠢᠯᠡᠰ ᠢ ᠶᠠᠮᠠᠷᠪᠠ ᠲᠠᠶᠢᠰᠤᠨ ᠴᠤ ᠪᠦᠷ ᠡᠪᠳᠡᠵᠦ ᠳᠡᠶᠢᠯᠬᠦ ᠦᠭᠡᠢ ᠶᠤᠮ︾᠃ ᠪᠢᠳᠡ ᠪᠠᠲᠤ ᠬᠦᠰᠡᠯᠡᠩ ᠢᠲᠡᠭᠡᠯ ᠪᠢᠰᠢᠷᠡᠯ ᠪᠤᠯᠤᠨ ᠡᠷᠡᠰ ᠴᠢᠩᠭ᠎ᠠ ᠬᠤᠪᠢᠰᠬᠠᠯ ᠤᠨ ᠡᠷᠴᠢ ᠵᠤᠷᠢᠭ ᠢ ᠪᠠᠲᠤᠯᠠᠬᠤ ᠳᠤ ᠯᠡ ᠬᠦᠷᠪᠡᠯ᠂ ᠯᠠᠪᠲᠠᠢ ᠬᠠᠲᠠᠭᠤ ᠪᠡᠷᠬᠡᠰᠢᠶᠡᠯ ᠨᠤᠭᠤᠳ ᠢ ᠲᠤᠭᠤᠯᠵᠤ᠂ ᠶᠠᠮᠠᠷᠪᠠ ᠠᠷᠭ᠎ᠠ ᠮᠡᠭᠡ᠂ ᠶᠠᠮᠠᠷᠪᠠ ᠪᠦᠰᠡᠯᠡᠯᠲᠡ ᠨᠡᠬᠡᠮᠵᠢᠯᠡᠯᠳᠡ ᠬᠤᠷᠢᠬᠯᠠᠯᠳᠠ᠂ ᠶᠠᠮᠠᠷᠪᠠ ᠪᠢᠳᠡᠭᠦᠮᠵᠢᠯᠡᠯᠳᠡ ᠶᠢᠨ ᠱᠤᠭᠤᠮ ᠢ ᠪᠦᠬᠦᠨ ᠢ ᠢᠯᠡᠨ ᠳᠠᠪᠠᠵᠤ ᠳᠡᠶᠢᠯᠦᠨ᠎ᠠ︕
ᠤᠷᠤᠬᠰᠢᠯᠠᠯᠳᠠ ᠶᠢᠨ ᠠᠯᠬᠤᠭ᠎ᠠ ᠬᠤᠷᠢᠬᠯᠠᠭᠳᠠᠰᠢ ᠦᠭᠡᠢ ᠪᠠᠶᠢᠬᠤ ᠶᠢᠨ ᠰᠢᠯᠳᠠᠭᠠᠨ ᠨᠢ ᠪᠢᠳᠡ ᠴᠠᠬ ᠦᠶ᠎ᠠ ᠶᠢᠨ ᠬᠦᠭᠵᠢᠯᠳᠠ ᠶᠢᠨ ᠤᠷᠤᠰᠬᠠᠯ ᠲᠤᠮᠳᠠ ᠬᠦᠭᠵᠢᠵᠤ ᠪᠠᠶᠢᠬᠤ ᠳᠤ ᠪᠠᠶᠢᠨ᠎ᠠ᠃ ᠶᠠᠳᠠᠭᠤ ᠪᠠᠭᠤᠷᠠᠢ ᠬᠤᠴᠤᠷᠤᠩᠭᠤᠢ ᠤᠯᠤᠰ ᠠᠴᠠ ᠬᠦᠭᠵᠢᠬᠡᠳ ᠲᠡᠯᠡᠬᠡᠢ ᠶᠢᠨ ᠬᠤᠶᠠᠳᠤᠭᠠᠷ ᠶᠡᠭᠡ ᠠᠵᠤ ᠠᠬᠤᠢ ᠶᠢᠨ ᠴᠤᠬᠴᠠ ᠪᠤᠯᠤᠬᠰᠠᠨ ᠨᠢ ᠳᠤᠮᠳᠠᠳᠤ ᠤᠯᠤᠰ ᠭᠠᠳᠠᠬᠰᠢ ᠲᠦᠷᠢᠯᠳᠡ ᠬᠢᠬᠦ ᠪᠠ ᠺᠤᠯᠤᠨᠢᠴᠢᠯᠠᠵᠤ ᠪᠤᠯᠢᠶᠠᠨ ᠲᠡᠭᠡᠷᠡᠮᠳᠡᠬᠦ ᠳᠤ ᠲᠦᠰᠢᠭᠯᠡᠭᠰᠡᠨ ᠪᠢᠰᠢ ᠶᠤᠮ᠂ ᠬᠠᠷᠢᠨ ᠡᠷᠡᠰ ᠭᠤᠶᠢᠪᠢᠰᠢ ᠦᠬᠡᠢ ᠪᠠᠷ ᠡᠩᠬᠡ ᠲᠠᠶᠢᠪᠤᠩ ᠬᠦᠭᠵᠢᠯᠳᠠ ᠶᠢᠨ ᠵᠠᠮ ᠢᠶᠠᠷ ᠵᠠᠮᠨᠠᠬᠰᠠᠨ ᠳᠤ ᠪᠠᠶᠢᠨ᠎ᠠ᠃ ᠤᠳᠤ ᠶᠢᠨ ᠲᠡᠯᠡᠬᠡᠢ ᠶᠢᠷᠳᠢᠨᠴᠤ ᠵᠠᠭᠤᠨ ᠵᠢᠯ ᠳᠤ ᠭᠠᠷᠤᠭ᠎ᠠ ᠦᠭᠡᠢ ᠶᠡᠭᠡ ᠬᠤᠪᠢᠰᠤᠯᠳᠠ ᠶᠢ ᠦᠩᠬᠡᠷᠡᠭᠡᠵᠤ ᠪᠠᠶᠢᠨ᠎ᠠ᠂ ᠡᠩᠬᠡ ᠲᠠᠶᠢᠪᠤᠩ ᠪᠤᠯᠤᠨ ᠬᠦᠭᠵᠢᠯᠳᠠ ᠨᠢ ᠮᠦᠨ ᠯᠠ ᠴᠠᠬ ᠦᠶ᠎ᠠ ᠶᠢᠨ ᠭᠤᠤᠯ ᠰᠡᠳᠤᠪ ᠪᠤᠯᠵᠤ ᠪᠠᠶᠢᠨ᠎ᠠ᠃ ᠰᠢᠨ᠎ᠠ ᠳᠤᠮᠳᠠᠳᠤ ᠤᠯᠤᠰ ᠪᠠᠶᠢᠭᠤᠯᠤᠬᠳᠠᠬᠰᠠᠨ 70 ᠵᠢᠯ ᠤᠨ ᠲᠤᠷᠰᠢ ᠢᠯᠠᠩᠭᠤᠶ᠎ᠠ ᠦᠬᠡᠷᠡᠴᠢᠯᠠᠯᠳᠠ ᠨᠡᠬᠡᠬᠡᠯᠳᠠ ᠬᠢᠭᠰᠡᠨ ᠠᠴᠠ ᠨᠠᠭᠠᠰᠢ᠂ ᠪᠢᠳᠡ ᠢᠮᠠᠬᠳᠠ ᠪᠡᠶ᠎ᠠ ᠪᠠᠨ ᠲᠠᠭᠠᠭᠠᠵᠤ ᠡᠵᠡᠨ ᠮᠡᠳᠡᠬᠦ ᠨᠠᠶᠢᠷᠠᠮᠳᠠᠯ ᠤᠨ ᠭᠠᠳᠠᠭᠠᠳᠤ ᠪᠤᠳᠤᠯᠭ᠎ᠠ ᠶᠢ ᠪᠠᠷᠢᠮᠳᠠᠯᠠᠵᠤ᠂ ᠡᠷᠡᠰ ᠭᠤᠶᠢᠪᠢᠰᠢ ᠦᠬᠡᠢ ᠪᠠᠷ ᠡᠩᠬᠡ ᠲᠠᠶᠢᠪᠤᠩ ᠬᠦᠭᠵᠢᠯᠳᠠ ᠶᠢᠨ ᠵᠠᠮ ᠢᠶᠠᠷ ᠵᠠᠮᠨᠠᠵᠤ᠂ ᠬᠠᠷᠢᠯᠴᠠᠨ ᠠᠰᠢᠬᠳᠠᠢ ᠬᠠᠮᠳᠤ ᠪᠠᠷ ᠠᠰᠢᠬ ᠬᠦᠷᠳᠡᠬᠦ ᠨᠡᠬᠡᠬᠡᠯᠳᠠ ᠶᠢᠨ ᠪᠠᠶᠢᠯᠳᠤᠬᠤ ᠪᠤᠳᠤᠯᠭ᠎ᠠ ᠶᠢ ᠭᠡᠷᠡᠭᠵᠢᠬᠦᠯᠵᠤ᠂ ᠬᠦᠮᠤᠨ ᠲᠦᠷᠤᠯᠬᠢᠳᠠᠨ ᠤ ᠬᠠᠮᠳᠤ ᠶᠢᠨ ᠬᠦᠭᠵᠢᠯᠳᠠ ᠶᠢ ᠠᠬᠢᠭᠤᠯᠬᠤ ᠶᠢᠨ ᠲᠦᠯᠤᠬᠡ ᠦᠵᠡᠬᠦᠯᠪᠡᠰᠤ ᠵᠤᠬᠢᠬᠤ ᠬᠤᠪᠢ ᠨᠡᠮᠡᠷᠢ ᠦᠵᠡᠬᠦᠯᠵᠠᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠨᠡᠬᠡᠬᠡᠯᠳᠡᠳᠤ ᠮᠠᠶ᠋ᠢᠬ ᠤᠨ ᠲᠡᠯᠡᠬᠡᠢ ᠶᠢᠨ ᠠᠵᠤ ᠠᠬᠤᠢ ᠶᠢ ᠪᠦᠳᠤᠬᠡᠨ ᠪᠠᠶᠢᠭᠤᠯᠬᠤ᠂ ᠰᠢᠨ᠎ᠠ ᠮᠠᠶ᠋ᠢᠬ ᠤᠨ ᠤᠯᠤᠰ ᠤᠨ ᠬᠤᠭᠤᠷᠤᠨᠳᠤᠬᠢ ᠬᠠᠷᠢᠯᠴᠠᠭ᠎ᠠ ᠶᠢ ᠪᠠᠶᠢᠭᠤᠯᠬᠤ᠂ ᠬᠦᠮᠤᠨ ᠲᠦᠷᠤᠯᠬᠢᠳᠠᠨ ᠤ ᠬᠤᠪᠢ ᠵᠠᠶᠠᠭᠠᠨ ᠤ ᠬᠠᠮᠳᠤ ᠶᠢᠨ ᠴᠤᠬᠴᠠ ᠶᠢ ᠪᠠᠶᠢᠭᠤᠯᠬᠤ ᠶᠢ ᠢᠳᠡᠪᠬᠢᠳᠠᠢ ᠠᠬᠢᠭᠤᠯᠵᠤ᠂ ᠭᠠᠳᠠᠭᠠᠳᠤ ᠨᠡᠬᠡᠭᠡᠯᠳᠡ ᠶᠢᠨ ᠶᠠᠪᠤᠴᠠ ᠳᠤ ᠶᠡᠭᠡ ᠤᠯᠤᠰ ᠤᠨ ᠬᠠᠷᠢᠭᠤᠴᠠᠯᠭ᠎ᠠ ᠡᠬᠦᠷᠬᠡᠯᠡᠯ ᠢ ᠢᠯᠡᠷᠡᠬᠦᠯᠦᠭᠰᠡᠨ ᠪᠠᠶᠢᠨ᠎ᠠ᠃ ᠤᠷᠤᠬᠰᠢᠯᠠᠯᠳᠠ ᠶᠢᠨ ᠠᠶᠠᠨ ᠳᠤ᠂ ᠡᠩᠬᠡ ᠲᠠᠶᠢᠪᠤᠩ᠂ ᠬᠦᠭᠵᠢᠯᠳᠠ᠂ ᠬᠠᠮᠳᠤᠷᠠᠯᠴᠠᠭ᠎ᠠ᠂ ᠬᠠᠮᠳᠤ ᠪᠠᠷ ᠠᠰᠢᠬ ᠬᠦᠷᠳᠡᠬᠦ ᠡᠨᠡ ᠬᠦ ᠬᠤᠷᠢᠬᠯᠠᠬᠳᠠᠰᠢ ᠦᠬᠡᠢ ᠴᠠᠬ ᠦᠶ᠎ᠠ ᠶᠢᠨ ᠤᠷᠤᠰᠬᠠᠯ ᠢ ᠲᠠᠭᠠᠵᠤ᠂ ᠳᠤᠮᠳᠠᠳᠤ ᠤᠯᠤᠰ ᠡᠷᠡᠰ ᠭᠤᠶᠢᠪᠢᠰᠢ ᠦᠬᠡᠢ ᠪᠠᠷ ᠡᠩᠬᠡ ᠲᠠᠶᠢᠪᠤᠩ ᠬᠦᠭᠵᠢᠯᠳᠠ ᠶᠢᠨ ᠵᠠᠮ ᠢᠶᠠᠷ ᠵᠠᠮᠨᠠᠵᠤ᠂ ᠢᠮᠠᠬᠳᠠ ᠲᠡᠯᠡᠬᠡᠢ ᠶᠢᠨ ᠡᠩᠬᠡ ᠲᠠᠶᠢᠪᠤᠩ ᠤᠨ ᠪᠦᠳᠤᠬᠡᠨ ᠪᠠᠶᠢᠭᠤᠯᠤᠬᠴᠢ᠂ ᠪᠦᠬᠦ ᠪᠦᠮᠪᠦᠷᠴᠡᠭ ᠤᠨ ᠬᠦᠭᠵᠢᠯᠳᠠ ᠶᠢᠨ ᠬᠠᠨᠳᠢᠪᠯᠠᠬᠴᠢ᠂ ᠲᠡᠯᠡᠬᠡᠢ ᠶᠢᠨ ᠡᠮᠬᠢ ᠲᠢᠭᠯᠢᠮ ᠤᠨ ᠬᠠᠮᠠᠭᠠᠯᠠᠬᠴᠢ ᠪᠤᠯᠤᠨ᠎ᠠ᠃
︽ᠬᠦᠴᠢᠷ ᠪᠡᠷᠬᠡᠰᠢᠶᠠᠯ ᠢ ᠲᠤᠭᠤᠯᠪᠠᠯ ᠲᠠᠷᠳᠠᠩ ᠵᠠᠮ ᠳᠤ ᠤᠷᠤᠨ᠎ᠠ︾᠃ ᠳᠤᠮᠳᠠᠳᠤ ᠶᠢᠨ ᠦᠨᠳᠤᠰᠤᠳᠠᠨ ᠪᠤᠯ ᠵᠤᠪᠠᠭᠤᠷᠢ ᠵᠦᠳᠡᠬᠦᠷᠢ ᠶᠢ ᠲᠤᠭᠤᠯᠵᠤ᠂ ᠨᠤᠭᠤᠷᠠᠰᠢ ᠦᠬᠡᠢ ᠲᠡᠮᠡᠴᠡᠳᠡᠭ ᠠᠭᠤᠤ ᠶᠡᠭᠡ ᠦᠨᠳᠤᠰᠤᠳᠠᠨ᠂ ᠳᠤᠮᠳᠠᠲᠤ ᠤᠯᠤᠰ ᠤᠨ ᠠᠷᠠᠳ ᠲᠦᠮᠡᠨ ᠪᠤᠯ ᠠᠵᠢᠯᠴᠢ ᠬᠦᠳᠡᠯᠮᠤᠷᠢᠴᠢ ᠡᠷᠡᠯᠭᠡᠭ ᠪᠠᠭᠠᠳᠤᠷᠯᠢᠬ᠂ ᠬᠦᠴᠦᠷᠭᠡᠭᠵᠢᠬᠦ ᠪᠠᠷ ᠬᠦᠴᠤᠯᠠᠨ ᠴᠢᠷᠮᠠᠶᠢᠳᠠᠬ ᠠᠭᠤᠤ ᠶᠡᠭᠡ ᠠᠷᠠᠳ ᠲᠦᠮᠡᠨ᠂ ᠳᠤᠮᠳᠠᠳᠤ ᠤᠯᠤᠰ ᠤᠨ ᠡᠪ ᠬᠠᠮᠳᠤ ᠨᠠᠮ ᠪᠤᠯ ᠵᠤᠷᠢᠬᠳᠠᠢ ᠲᠡᠮᠡᠴᠡᠵᠤ᠂ ᠵᠤᠷᠢᠬᠳᠠᠢ ᠢᠯᠠᠯᠳᠠ ᠤᠯᠳᠠᠬ ᠠᠭᠤᠤ ᠶᠡᠭᠡ ᠲᠦᠷᠤ ᠶᠢᠨ ᠨᠠᠮ ᠮᠦᠨ᠃ ᠦᠨᠳᠤᠰᠤᠳᠠᠨ ᠤ ᠰᠡᠷᠬᠦᠨ ᠮᠠᠨᠳᠤᠯᠳᠠ ᠶᠢᠨ ᠢᠷᠠᠭᠤ ᠭᠠᠶᠢᠬᠠᠮᠰᠢᠬᠳᠤ ᠢᠷᠡᠬᠡᠳᠤᠢ ᠶᠢ ᠤᠬᠳᠤᠵᠤ᠂ ᠦᠶ᠎ᠠ ᠦᠶ᠎ᠠ ᠶᠢᠨ ᠬᠦᠮᠤᠰ ᠤᠨ ᠪᠤᠤᠬᠢᠶ᠎ᠠ ᠲᠠᠮᠵᠢᠭᠤᠯᠭ᠎ᠠ ᠳᠤ᠂ ᠳᠤᠮᠳᠠᠳᠤ ᠤᠯᠤᠰ ᠤᠨ ᠠᠷᠠᠳ ᠲᠦᠮᠡᠨ ᠪᠤᠯᠤᠨ ᠳᠤᠮᠳᠠᠳᠤ ᠶᠢᠨ ᠦᠨᠳᠤᠰᠤᠳᠠᠨ ᠯᠠᠪᠳᠠᠢ ᠵᠡᠬᠦᠳᠤ ᠪᠠᠨ ᠲᠡᠷᠬᠡᠯᠰᠢᠬᠦᠯᠦᠭᠰᠡᠨ ᠬᠢᠯᠠᠯᠵᠠᠮ᠎ᠠ ᠠᠮᠵᠢᠯᠳᠠ ᠪᠠᠨ ᠢᠷᠡᠬᠡᠳᠤᠢ ᠶᠢᠨ ᠬᠠᠭᠤᠳᠠᠰᠤᠨ ᠳᠤ ᠪᠢᠴᠢᠭᠯᠡᠬᠦ ᠶᠤᠮ︕ ᠠᠷᠠᠳ ᠤᠨ ᠡᠳᠦᠷ ᠤᠨ ᠰᠤᠨᠢᠨ ᠤ ᠰᠢᠭᠦᠮᠵᠢᠯᠡᠭᠴᠢ
︵ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 3 ᠤ ᠴᠠᠬᠢᠯᠭᠠᠨ ᠮᠡᠳᠡᠭᠡ︶