 

︽ᠡᠴᠤᠰ ᠤᠨ ᠨᠢᠭᠡ ᠺᠢᠯᠣᠮᠧᠲᠷ︾ ᠢ ᠪᠦᠬᠦ ᠬᠦᠴᠦᠨ ᠢᠶᠠᠷ ᠢᠶᠠᠨ ᠰᠢᠪᠲᠣᠯᠰᠣᠭᠠᠢ

2019-12-28 20:54
  214
  0
︽ᠡᠴᠤᠰ ᠤᠨ ᠨᠢᠭᠡ ᠺᠢᠯᠣᠮᠧᠲᠷ︾ ᠢ ᠪᠦᠬᠦ ᠬᠦᠴᠦᠨ ᠢᠶᠠᠷ ᠢᠶᠠᠨ ᠰᠢᠪᠲᠣᠯᠰᠣᠭᠠᠢ

  ᠰᠠᠶ᠋ᠢᠬᠠᠨ ᠲᠡᠭᠦᠰᠦᠭᠰᠡᠡ ᠦᠪᠡᠷᠲᠡᠭᠡᠡ ᠵᠠᠰᠬᠠᠤ ᠤᠷᠤᠨ ᠤ ᠨᠠᠮ ᠤᠨ ᠬᠤᠷᠢᠶᠠᠠ ᠤ ᠠᠷᠪᠠᠲᠤᠭᠠᠷ ᠬᠤᠭᠤᠴᠠᠭᠠᠠ ᠤ ᠠᠷᠪᠠᠠ ᠨᠢᠭᠡᠲᠦᠭᠡᠷ ᠤᠲᠠᠭ᠎ᠠ ᠶᠢᠨ ᠪᠦᠬᠦᠲᠠ ᠬᠤᠷᠠᠯ ᠵᠢᠴᠢ ᠪᠦᠬᠦ ᠤᠷᠤᠨ ᠤ ᠠᠵᠦ ᠠᠬᠤᠢ ᠶᠢᠨ ᠠᠵᠢᠯ ᠤᠨ ᠬᠤᠷᠠᠯ ᠨᠢ ᠡᠨᠡ ᠵᠢᠯ ᠤᠨ ᠠᠵᠦ ᠠᠬᠤᠢ ᠶᠢᠨ ᠠᠵᠢᠯ ᠢ ᠨᠠᠷᠢᠨ ᠬᠢᠨᠠᠮᠠᠭᠠᠢ ᠳ᠋ᠦᠩᠨᠡᠵᠦ᠂ ᠤᠲᠤᠬᠠᠠ ᠤ ᠠᠵᠦ ᠠᠬᠤᠢ ᠶᠢᠨ ᠪᠠᠶᠢᠲᠠᠯ ᠳᠤ ᠬᠦᠨᠵᠡᠭᠡᠢ ᠵᠠᠲᠠᠯᠤᠯᠲᠠ ᠬᠢᠵᠦ᠂ ᠢᠷᠡᠬᠦ ᠵᠢᠯ ᠤᠨ ᠠᠵᠦ ᠠᠬᠤᠢ ᠶᠢᠨ ᠠᠵᠢᠯ ᠢ ᠪᠦᠬᠦ ᠲᠠᠯ᠎ᠠ ᠪᠠᠷ ᠪᠠᠶᠢᠷᠢᠯᠠᠭᠤᠯᠵᠠᠢ᠂ ᠡᠨᠡ ᠨᠢ ᠪᠠᠶᠢᠯᠲᠤᠬᠤ ᠪᠤᠲᠤᠯᠭ᠎ᠠ ᠶᠢᠨ ᠲᠤᠭᠲᠠᠯ ᠬᠦᠴᠤ ᠪᠠᠨ ᠬᠠᠮᠠᠭᠠᠯᠠᠵᠦ᠂ ᠵᠠᠪᠠᠯ ᠢᠯᠠᠬᠤ ᠢᠲᠡᠭᠡᠯ ᠢᠶᠠᠨ ᠴᠢᠩᠭᠠᠳᠬᠠᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ︽ᠡᠴᠤᠰ ᠤᠨ ᠨᠢᠭᠡ ᠺᠢᠯᠣᠮᠧᠲᠷ︾ ᠢ ᠰᠠᠶᠢᠳᠤᠷ ᠰᠢᠪᠲᠤᠯᠬᠤ ᠳᠤ ᠴᠢᠬᠤᠯᠠ ᠶᠡᠭᠡ ᠪᠦᠭᠡᠳ ᠠᠯᠤᠰ ᠭᠡᠲᠦ ᠶᠢᠨ ᠠᠴᠢ ᠬᠤᠯᠪᠤᠭᠲᠠᠯ ᠲᠠᠢ ᠶᠤᠮ᠃
  ᠡᠨᠡ ᠵᠢᠯ ᠠᠴᠠ ᠨᠠᠭᠠᠰᠢ᠂ ᠤᠯᠤᠰ ᠤᠨ ᠲᠤᠲᠤᠭᠠᠲᠤ ᠭᠠᠲᠠᠭᠠᠲᠤ ᠶᠢᠨ ᠠᠶᠤᠯ ᠲᠦᠭᠰᠢᠬᠦᠷᠢ ᠦᠷᠢᠰᠦᠯᠲᠦᠭᠡᠡ ᠮᠡᠲᠡᠭᠲᠡᠮ᠎ᠠ ᠲᠡᠭᠡᠭᠰᠢᠯᠡᠵᠦ ᠪᠠᠶᠢᠬᠤ ᠨᠠᠷᠢᠨ ᠪᠤᠲᠤᠯᠢᠶᠠᠠᠲᠠᠢ ᠪᠠᠶᠢᠲᠠᠯ ᠳᠤ ᠬᠠᠨᠲᠤᠵᠦ᠂ ᠪᠦᠬᠦ ᠤᠷᠤᠨ ᠲᠠᠶᠠᠭᠠᠷ ᠶᠡᠷᠦᠩᠭᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠠᠵᠢᠯ ᠤᠨ ᠲᠤᠬᠠᠢ ᠰᠢᠷᠢᠰ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠠ ᠲᠤᠭᠤᠰᠢᠯᠠᠭᠤᠯᠵᠦ᠂ ᠰᠢᠨ᠎ᠠ ᠬᠦᠭᠵᠢᠯᠲᠠ ᠶᠢᠨ ᠤᠢᠢᠯᠠᠭᠠᠭᠲᠠᠬᠤᠨ ᠢ ᠨᠠᠷᠢᠨ ᠬᠢᠨᠠᠮᠠᠭᠠᠢ ᠨᠠᠶᠢᠲᠠᠪᠤᠷᠢᠵᠢᠭᠤᠯᠵᠦ᠂ ᠲᠤᠭᠲᠠᠭᠤᠨ ᠤ ᠲᠤᠮᠲᠠ ᠤᠷᠤᠭᠰᠢᠯᠠᠠ ᠲᠠᠪᠰᠢᠬᠤ ᠠᠵᠢᠯ ᠤᠨ ᠶᠡᠷᠦᠩᠭᠡᠢ ᠬᠦᠭ ᠠᠶᠠᠰ ᠢ ᠪᠠᠷᠢᠮᠲᠠᠯᠠᠵᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠦᠷᠬᠦᠯᠵᠢᠯᠡᠡ ᠬᠦᠨᠵᠡᠭᠡᠶᠢᠷᠡᠭᠦᠯᠵᠦ᠂ ᠭᠤᠷᠪᠠᠠ ᠲᠤᠮᠤ ᠪᠤᠭᠤᠮᠲᠠ ᠰᠢᠪᠲᠤᠯᠬᠤ ᠲᠠᠶᠢᠯᠠᠯᠲᠤᠭᠠᠠ ᠵᠠᠩᠭᠢᠯᠠᠭ᠎ᠠ ᠶᠢᠨ ᠠᠬᠢᠯᠲᠠ ᠲᠠᠢ ᠪᠤᠯᠵᠦ᠂ ᠬᠦᠲᠡᠭᠡ ᠲᠤᠰᠬᠤᠨ ᠢ ᠬᠦᠭᠵᠢᠭᠦᠯᠦᠨ ᠮᠠᠠᠲᠤᠭᠤᠯᠬᠤ ᠪᠠᠶᠢᠯᠲᠤᠬᠤ ᠪᠤᠲᠤᠯᠭ᠎ᠠ ᠶᠢ ᠬᠦᠨᠵᠡᠭᠡᠢ ᠭᠡᠷᠡᠭᠵᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠪᠦᠲᠦᠭᠡᠡ ᠪᠠᠶᠢᠭᠤᠯᠤᠯᠲᠠ ᠮᠡᠲᠡᠭᠲᠡᠮ᠎ᠠ ᠠᠮᠵᠢᠯᠲᠠ ᠪᠦᠲᠦᠮᠵᠢ ᠤᠯᠵᠦ᠂ ᠠᠷᠠᠳ ᠤᠯᠠᠠ ᠤ ᠬᠦᠷᠲᠡᠮᠵᠢ ᠶᠢᠨ ᠲᠦᠷᠦᠭᠲᠡᠯ᠂ ᠵᠢᠷᠭᠠᠯᠲᠦ ᠲᠦᠷᠦᠭᠲᠡᠯ᠂ ᠠᠮᠤᠷ ᠲᠦᠪᠰᠢᠨ ᠤ ᠲᠦᠷᠦᠭᠲᠡᠯ ᠲᠠᠰᠤᠷᠠᠯᠲᠠ ᠦᠭᠡᠢ ᠲᠡᠭᠡᠭᠰᠢᠯᠡᠵᠦ᠂ ᠪᠦᠬᠦ ᠤᠷᠤᠨ ᠤ ᠠᠵᠦ ᠠᠬᠤᠢ ᠨᠡᠶᠢᠭᠡᠮ ᠦᠷᠭᠦᠯᠵᠢᠯᠡᠡ ᠡᠷᠡᠭᠦᠯ ᠢᠶᠠᠷ ᠬᠦᠭᠵᠢᠪᠠ᠃ ᠬᠢᠯᠪᠠᠷ ᠪᠤᠰᠤ ᠪᠠᠷ ᠢᠷᠡᠭᠰᠡᠡ ᠡᠲᠡᠭᠡᠷ ᠠᠮᠵᠢᠯᠲᠠ ᠶᠢ ᠪᠦᠬᠦ ᠤᠷᠤᠨ ᠤ ᠦᠨᠲᠦᠰᠦᠲᠡᠡ ᠨᠦᠭᠦᠳ ᠤᠨ ᠺᠠᠳ᠋ᠷ ᠤᠯᠠᠠ ᠲᠦᠮᠡᠡ ᠪᠦᠯᠬᠦᠮᠲᠡᠡ ᠨᠢᠭᠡᠳᠴᠤ᠂ ᠬᠠᠲᠠᠭᠤᠵᠢᠯᠲᠠᠢ ᠪᠤᠲᠠᠲᠠᠢ ᠠᠵᠢᠯᠯᠠᠵᠦ ᠪᠠᠶᠢᠭᠠᠳ ᠤᠯᠤᠬᠰᠠᠨ ᠶᠤᠮ᠂ ᠪᠠᠰᠠ ᠴᠤ ᠮᠠᠠ ᠤ 2020 ᠤᠨ ᠤ ᠠᠵᠦ ᠠᠬᠤᠢ ᠶᠢᠨ ᠠᠵᠢᠯ ᠢᠶᠠᠨ ᠰᠠᠶᠢᠳᠤᠷ ᠬᠢᠬᠦ ᠢᠲᠡᠭᠡᠯ ᠪᠠ ᠡᠷᠴᠢ ᠵᠤᠷᠢᠭ ᠮᠦ᠋ᠨ᠃
  2020 ᠤᠨ ᠪᠤᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ︽ᠠᠷᠪᠠᠠ ᠭᠤᠷᠪᠠᠲᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠮᠦᠨ᠂ ᠨᠢᠭᠡᠲᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ︽ᠠᠷᠪᠠᠠ ᠲᠦᠷᠪᠡᠲᠦᠭᠡᠷ ᠲᠠᠪᠤᠠ ᠵᠢᠯ︾ ᠤᠨ ᠬᠦᠭᠵᠢᠯᠲᠠ ᠪᠤᠯᠤᠨ ᠬᠤᠶᠠᠲᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠰᠠᠭᠤᠷᠢ ᠶᠢ ᠰᠠᠶᠢᠳᠤᠷ ᠲᠠᠯᠪᠢᠬᠤ ᠳᠤ ᠠᠵᠦ ᠠᠬᠤᠢ ᠶᠢᠨ ᠠᠵᠢᠯ ᠢ ᠰᠠᠶᠢᠨ ᠬᠢᠬᠦ ᠳᠤ ᠲᠦᠢᠯ ᠤᠨ ᠴᠢᠬᠤᠯᠠ ᠪᠠᠶᠢᠲᠠᠭ᠃ ᠤᠲᠤᠬᠠᠠ ᠤ ᠮᠠᠠ ᠤ ᠤᠯᠤᠰ ᠤᠨ ᠬᠦᠭᠵᠢᠯᠲᠠ ᠴᠦᠭᠡᠡ ᠪᠤᠰᠤ ᠬᠦᠴᠢᠷᠲᠡᠯ ᠪᠠ ᠦᠷᠢᠰᠦᠯᠲᠦᠭᠡᠡ ᠳᠤ ᠲᠤᠯᠭᠠᠷᠠᠵᠦ ᠪᠠᠶᠢᠨ᠎ᠠ᠂ ᠭᠡᠲᠡᠯ᠎ᠠ ᠠᠵᠦ ᠠᠬᠤᠢ ᠲᠤᠭᠲᠠᠭᠤᠨ ᠤ ᠲᠤᠮᠲᠠ ᠰᠠᠶᠢᠵᠢᠷᠠᠬᠤ᠂ ᠤᠷᠲᠤ ᠬᠤᠭᠤᠴᠠᠭ᠎ᠠ ᠪᠠᠷ ᠰᠠᠶᠢᠵᠢᠷᠠᠬᠤ ᠦᠨᠲᠦᠰᠦᠨ ᠬᠠᠨᠲᠤᠰᠢ ᠬᠤᠪᠢᠷᠠᠭᠰᠠᠠ ᠦᠭᠡᠢ᠂ ︽ᠡᠨᠡ ᠲᠠᠯ᠎ᠠ ᠶᠢᠨ ᠦᠵᠡᠮᠵᠢ ᠤᠨᠴᠠᠭᠠᠢ ᠰᠠᠶᠢᠨ︾ ᠭᠡᠰᠡᠡ ᠦᠵᠡᠰᠭᠦᠯᠡᠩᠳᠤ ᠰᠠᠶᠢᠬᠠᠠ ᠵᠢᠷᠤᠭ ᠢ ᠲᠡᠯᠭᠡᠭᠰᠡᠡ ᠪᠠᠶᠢᠨ᠎ᠠ︔ ᠤᠲᠤᠬᠠᠠ ᠤ ᠮᠠᠠ ᠤ ᠤᠷᠤᠨ ᠤ ᠠᠵᠦ ᠠᠬᠤᠢ ᠶᠢᠨ ᠠᠵᠢᠯᠯᠠᠭᠠᠠ ᠶᠡᠷᠦᠩᠭᠡᠢ ᠳᠡᠭᠡᠨ ᠲᠤᠭᠲᠠᠭᠤᠨ ᠪᠠᠶᠢᠵᠦ᠂ ᠲᠤᠭᠲᠠᠭᠤᠨ ᠤ ᠲᠤᠮᠲᠠ ᠰᠠᠶᠢᠵᠢᠷᠠᠯᠲᠠ ᠲᠠᠢ ᠪᠤᠯᠵᠦ᠂ ᠬᠦᠭᠵᠢᠯᠲᠠ ᠶᠢᠨ ᠶᠠᠰᠤ ᠴᠢᠨᠠᠷ ᠠᠯᠬᠤᠮ ᠠᠯᠬᠤᠮ ᠢᠶᠠᠷ ᠲᠡᠭᠡᠭᠰᠢᠯᠡᠭᠰᠡᠡ ᠪᠤᠯᠪᠠᠴᠤ ᠴᠢᠨᠠᠷ ᠰᠠᠶᠢᠲᠠᠢ ᠬᠦᠭᠵᠢᠯᠲᠠ ᠶᠢ ᠨᠦᠯᠦᠭᠡᠯᠡᠬᠦ ᠬᠦᠨ ᠲᠠᠪᠬᠤᠷᠭ᠎ᠠ ᠲᠡᠰ ᠤᠨ ᠠᠰᠠᠭᠤᠲᠠᠯ ᠮᠦᠨ ᠴᠤ ᠲᠤᠪᠤᠶᠢᠮ᠎ᠠ ᠪᠠᠶᠢᠬᠤ ᠶᠢ ᠬᠦᠨᠵᠡᠭᠡᠢ ᠲᠠᠨᠢᠵᠦ ᠤᠯᠬᠤ ᠭᠡᠷᠡᠭᠲᠡᠢ᠃ ᠤᠯᠤᠰ ᠤᠨ ᠲᠤᠲᠤᠭᠠᠲᠤ ᠭᠠᠲᠠᠭᠠᠲᠤ ᠶᠢᠨ ᠨᠠᠷᠢᠨ ᠪᠤᠲᠤᠯᠢᠶᠠᠠᠲᠠᠢ ᠪᠠᠶᠢᠲᠠᠯ ᠳᠤ ᠬᠠᠨᠲᠤᠵᠦ᠂ ᠪᠢᠲᠠ ᠲᠤᠮᠲᠠᠲᠤ ᠶᠢᠨ ᠦᠨᠲᠦᠰᠦᠲᠡᠡ ᠤ ᠠᠭᠤᠤ ᠶᠡᠭᠡ ᠰᠡᠷᠭᠦᠠ ᠮᠠᠠᠲᠤᠯᠲᠠ ᠶᠢᠨ ᠪᠠᠶᠢᠯᠲᠤᠬᠤ ᠪᠤᠲᠤᠯᠭ᠎ᠠ ᠶᠢᠨ ᠪᠦᠬᠦ ᠲᠠᠯ᠎ᠠ ᠪᠠ ᠲᠡᠯᠡᠭᠡᠢ ᠶᠢᠷᠲᠢᠠᠴᠤ ᠶᠢᠨ ᠵᠠᠭᠤᠨ ᠵᠢᠯ ᠳ᠋ᠤ᠋ ᠲᠤᠬᠢᠶᠠᠯᠲᠤᠭ᠎ᠠ ᠦᠭᠡᠢ ᠶᠡᠭᠡ ᠬᠤᠪᠢᠷᠠᠯᠲᠠ ᠶᠢᠨ ᠦᠨᠲᠦᠷᠴᠠ ᠠᠴᠠ᠂ ᠤᠲᠤᠬᠠᠠ ᠤ ᠪᠠᠶᠢᠲᠠᠯ ᠳᠤ ᠰᠢᠨᠵᠢᠯᠡᠬᠦ ᠤᠬᠠᠭᠠᠠᠴᠢ ᠪᠠᠷ ᠮᠠᠭᠠᠳᠯᠠᠯᠲᠠ ᠬᠢᠵᠦ᠂ ᠪᠦᠬᠦ ᠲᠠᠯ᠎ᠠ ᠠᠴᠠ ᠭᠡᠰᠡᠭ ᠲᠠᠯ᠎ᠠ ᠶᠢ ᠦᠵᠡᠵᠦ᠂ ᠢᠷᠡᠭᠡᠲᠦᠢ ᠠᠴᠠ ᠤᠲᠤᠬᠠᠠ ᠤ ᠪᠠᠶᠢᠲᠠᠯ ᠢ ᠦᠵᠡᠵᠦ᠂ ᠭᠡᠷᠡᠭ ᠦᠭᠡᠢ ᠶᠠᠭᠤᠮ᠎ᠠ ᠶᠢᠨ ᠲᠦᠯᠦᠭᠡ ᠦᠯᠦ ᠵᠤᠪᠠᠵᠦ᠂ ᠪᠡᠯᠡᠳᠭᠡᠯ ᠦᠭᠡᠢ ᠲᠠᠶᠢᠨ ᠢ ᠬᠢᠬᠦ ᠦᠭᠡᠢ᠂ ᠪᠠᠶᠢᠯᠲᠤᠬᠤ ᠪᠤᠲᠤᠯᠭ᠎ᠠ ᠶᠢᠨ ᠲᠤᠭᠲᠠᠯ ᠬᠦᠴᠤ ᠪᠠᠨ ᠬᠠᠮᠠᠭᠠᠯᠠᠵᠦ᠂ ᠰᠠᠨᠠᠭᠠᠰᠢᠷᠠᠠ ᠵᠤᠪᠠᠨᠢᠬᠤ ᠤᠬᠠᠮᠰᠠᠷ ᠢᠶᠠᠨ ᠴᠢᠩᠭᠠᠳᠬᠠᠵᠦ᠂ ᠬᠦᠭᠵᠢᠯᠲᠠ ᠶᠢᠨ ᠢᠲᠡᠭᠡᠯ ᠢᠶᠠᠨ ᠪᠠᠲᠤᠳᠬᠠᠬᠤ ᠭᠡᠷᠡᠭᠲᠡᠢ᠃
  ᠪᠤᠳᠤᠯ ᠰᠡᠳᠬᠢᠯ ᠳᠡᠭᠡᠨ ᠵᠤᠷᠢᠯᠳᠠ ᠲᠠᠢ ᠪᠤᠯ ᠠᠵᠢᠯ ᠬᠢᠬᠦ ᠳᠤ ᠬᠦᠴᠦᠨ ᠲᠠᠢ᠃ ᠲᠠᠷᠠᠭ᠎ᠠ ᠵᠢᠯ ᠤᠨ ᠠᠵᠤ ᠠᠬᠤᠢ ᠶᠢᠨ ᠠᠵᠢᠯ ᠢ ᠰᠠᠶᠢᠳᠤᠷ ᠬᠢᠬᠦ ᠳᠤ᠂ ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠪᠤᠯᠤᠨ ᠨᠠᠮ ᠤᠨ ᠠᠷᠪᠠ ᠶᠢᠰᠤᠳᠤᠭᠡᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠲᠦᠷᠪᠡᠳᠤᠭᠡᠷ ᠪᠦᠬᠦᠳᠠ ᠬᠤᠷᠠᠯ ᠤᠨ ᠵᠤᠷᠢᠬ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠦᠨᠳᠤᠰᠤᠨ ᠤᠨᠤᠯ᠂ ᠦᠨᠳᠤᠰᠤᠨ ᠱᠤᠭᠤᠮ᠂ ᠦᠨᠳᠤᠰᠤᠨ ᠠᠷᠭ᠎ᠠ ᠪᠤᠳᠤᠯᠭ᠎ᠠ ᠶᠢ ᠡᠷᠡᠰ ᠲᠤᠭᠤᠰᠢᠯᠠᠭᠤᠯᠵᠤ᠂ ︽ᠲᠦᠷᠪᠡᠨ    ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠳᠡᠬᠡᠯ︾ ᠢᠶᠠᠨ ᠪᠠᠳᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠵᠥ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠬᠠᠷᠠᠯᠳᠠ ᠡᠬᠦᠷᠬᠡ ᠶᠢ ᠴᠢᠩᠭ᠎ᠠ ᠡᠵᠡᠮᠳᠡᠵᠤ᠂ ᠲᠤᠭᠳᠠᠭᠤᠨ ᠤ ᠲᠤᠮᠳᠠ ᠤᠷᠤᠬᠰᠢᠯᠠᠨ ᠲᠠᠪᠰᠢᠬᠤ ᠠᠵᠢᠯ ᠤᠨ ᠶᠠᠷᠤᠩᠬᠡᠢ ᠬᠦᠭ ᠠᠶᠠᠰ ᠢ ᠪᠠᠷᠢᠮᠳᠠᠯᠠᠵᠤ᠂ ᠰᠢᠨ᠎ᠠ ᠬᠦᠭᠵᠢᠯᠳᠠ ᠶᠢᠨ ᠤᠢᠢᠯᠠᠭᠠᠭᠳᠠᠬᠤᠨ ᠢ ᠪᠠᠷᠢᠮᠳᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠳᠤᠴᠠ ᠶᠢᠨ ᠴᠢᠨᠠᠷᠳᠠᠢ ᠦᠬᠡᠷᠡᠴᠢᠯᠠᠯᠳᠠ ᠪᠠᠷ ᠭᠤᠤᠯ ᠱᠤᠭᠤᠮ ᠪᠤᠯᠭᠠᠬᠤ᠂ ᠦᠬᠡᠷᠡᠴᠢᠯᠠᠯᠳᠠ ᠨᠡᠬᠡᠬᠡᠯᠳᠠ ᠬᠢᠬᠦ ᠪᠠᠷ ᠬᠦᠳᠡᠯᠬᠡᠬᠦ ᠬᠦᠴᠤᠨ ᠪᠤᠯᠭᠠᠬᠤ ᠶᠢ ᠪᠠᠷᠢᠮᠳᠠᠯᠠᠵᠤ᠂ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠵᠤ᠂ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠲᠡᠮᠡᠴᠡᠨ ᠤᠯᠵᠤ᠂ ︽ᠵᠢᠷᠭᠤᠭ᠎ᠠ ᠶᠢ ᠲᠤᠭᠳᠠᠭᠤᠨ ᠪᠠᠶᠢᠯᠭᠠᠬᠤ ᠠᠵᠢᠯ︾ ᠢ ᠪᠦᠬᠦ ᠲᠠᠯ᠎ᠠ ᠪᠠᠷ ᠰᠠᠶᠢᠳᠤᠷ ᠬᠢᠵᠤ᠂ ᠨᠡᠮᠡᠭᠳᠡᠯ ᠢ ᠲᠤᠭᠳᠠᠭᠤᠨ ᠪᠠᠶᠢᠯᠭᠠᠬᠤ᠂ ᠦᠬᠡᠷᠡᠴᠢᠯᠠᠯᠳᠠ ᠶᠢ ᠠᠬᠢᠭᠤᠯᠬᠤ᠂ ᠪᠦᠳᠤᠴᠠ ᠳᠤ ᠲᠤᠬᠢᠷᠠᠭᠤᠯᠤᠯᠳᠠ ᠬᠢᠬᠦ᠂ ᠠᠷᠠᠳ ᠲᠤ ᠠᠰᠢᠬ ᠬᠦᠷᠳᠡᠬᠡᠬᠦ᠂ ᠠᠶᠤᠯ ᠲᠦᠭᠰᠢᠬᠦᠷᠢ ᠶᠢ ᠰᠡᠷᠬᠡᠶᠢᠯᠡᠬᠦ᠂ ᠲᠤᠭᠳᠠᠭᠤᠨ ᠢ ᠬᠠᠮᠠᠭᠠᠯᠠᠬᠤ ᠶᠢ ᠨᠢᠬᠡᠳᠤᠯᠳᠠᠢ ᠲᠦᠯᠤᠪᠵᠢᠬᠦᠯᠤᠨ ᠠᠬᠢᠭᠤᠯᠵᠤ᠂ ᠠᠵᠤ ᠠᠬᠤᠢ ᠶᠢᠨ ᠠᠵᠢᠯᠯᠠᠭᠠᠨ ᠤ ᠵᠤᠬᠢᠰᠳᠠᠢ ᠤᠷᠤᠨ ᠵᠠᠢ ᠳᠤ ᠪᠠᠶᠢᠬᠤ ᠶᠢ ᠪᠠᠳᠤᠯᠠᠵᠤ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠤᠪᠵᠢᠬᠦᠯᠬᠡ ᠶᠢᠨ ᠲᠡᠬᠦᠰ ᠠᠮᠵᠢᠯᠳᠠ ᠲᠠᠢ ᠪᠡᠶᠡᠯᠡᠭᠳᠡᠬᠦ ᠶᠢ ᠪᠠᠳᠤᠯᠠᠵᠤ᠂ ᠠᠷᠠᠳ ᠲᠦᠮᠡᠨ ᠳᠤ ᠮᠡᠳᠡᠷᠡᠭᠳᠡᠵᠤ᠂ ᠲᠡᠤᠬᠡ ᠶᠢᠨ ᠰᠢᠯᠭᠠᠯᠳᠠ ᠶᠢ ᠲᠠᠭᠠᠭᠠᠬᠤ ᠭᠡᠷᠡᠭᠳᠠᠢ᠃
  ᠲᠠᠷᠠᠭ᠎ᠠ ᠵᠢᠯ ᠤᠨ ᠠᠵᠤ ᠠᠬᠤᠢ ᠶᠢᠨ ᠠᠵᠢᠯ ᠢ ᠰᠠᠶᠢᠳᠤᠷ ᠬᠢᠬᠦ ᠳᠤ᠂ ᠡᠷᠬᠡᠪᠰᠢ ᠤᠳᠤᠬᠠᠨ ᠤ ᠪᠠᠶᠢᠳᠠᠯ ᠠᠴᠠ ᠡᠬᠦᠰᠴᠤ᠂ ᠠᠯᠤᠰ ᠬᠡᠳᠤ ᠶᠢᠨ ᠵᠤᠷᠢᠯᠳᠠ ᠲᠠᠢ ᠪᠠᠶᠢᠵᠤ᠂ ᠡᠬᠦᠷᠬᠡᠯᠡᠪᠡᠰᠤ ᠵᠤᠬᠢᠬᠤ ᠡᠬᠦᠷᠬᠡ ᠪᠠᠨ ᠡᠬᠦᠷᠬᠡᠯᠠᠵᠤ᠂ ᠬᠠᠷᠢᠭᠤᠴᠠᠪᠠᠰᠤ ᠵᠤᠬᠢᠬᠤ ᠬᠠᠷᠢᠭᠤᠴᠠᠯᠭ᠎ᠠ ᠪᠠᠨ ᠬᠠᠷᠢᠭᠤᠴᠠᠬᠤ ᠭᠡᠷᠡᠭᠳᠠᠢ᠃ ᠰᠢᠨ᠎ᠠ ᠴᠠᠬ ᠦᠶ᠎ᠠ ᠳᠤ ᠠᠵᠤ ᠠᠬᠤᠢ ᠨᠡᠶᠢᠬᠡᠮ ᠤᠨ ᠬᠦᠭᠵᠢᠯᠳᠠ ᠶᠢ ᠠᠬᠢᠭᠤᠯᠬᠤ ᠳᠤ ᠡᠷᠬᠡᠪᠰᠢ ᠰᠢᠨ᠎ᠠ ᠬᠦᠭᠵᠢᠯᠳᠠ ᠶᠢᠨ ᠤᠢᠢᠯᠠᠭᠠᠭᠳᠠᠬᠤᠨ ᠢ ᠡᠷᠡᠰ ᠭᠤᠶᠢᠪᠢᠰᠢ ᠦᠬᠡᠢ ᠲᠤᠭᠤᠰᠢᠯᠠᠭᠤᠯᠵᠤ᠂ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠵᠤ᠂ ᠪᠤᠳᠠᠳᠠᠢ ᠠᠴᠠ ᠡᠬᠦᠰᠴᠤ ᠪᠦᠳᠤᠬᠡᠯᠴᠢ ᠴᠢᠨᠠᠷᠳᠠᠢ ᠪᠠᠷ ᠠᠵᠢᠯ ᠢᠶᠠᠨ ᠦᠷᠨᠢᠬᠦᠯᠵᠤ᠂ ᠬᠡᠯᠪᠡᠷᠢ ᠶᠢ ᠬᠤᠪᠢᠷᠠᠭᠤᠯᠬᠤ᠂ ᠪᠦᠳᠤᠴᠠ ᠳᠤ ᠲᠤᠬᠢᠷᠠᠭᠤᠯᠤᠯᠳᠠ ᠬᠢᠬᠦ᠂ ᠰᠢᠨ᠎ᠠ ᠶᠢ ᠡᠬᠦᠳᠬᠦ᠂ ᠲᠤᠳᠠᠭᠤᠳᠠᠯ ᠢ ᠨᠦᠬᠦᠪᠤᠷᠢᠯᠡᠬᠦ ᠲᠠᠯ᠎ᠠ ᠪᠠᠷ ᠰᠢᠪᠳᠤᠯᠤᠯᠳᠠ ᠲᠠᠢ ᠪᠠᠶᠢᠵᠤ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠵᠤ᠂ ᠪᠤᠬᠢᠷᠳᠤᠯ ᠦᠬᠡᠢ ᠬᠦᠭᠵᠢᠬᠦᠯᠬᠦ ᠪᠠᠷ ᠤᠳᠤᠷᠢᠳᠤᠮᠵᠢ ᠪᠤᠯᠭᠠᠬᠤ ᠶᠢ ᠲᠠᠷᠢᠬᠢ ᠲᠤᠯᠤᠭᠠᠢ ᠳᠠᠭᠠᠨ ᠬᠠᠳᠠᠩᠰᠢᠭᠤᠯᠵᠤ᠂ ᠤᠢᠢᠯᠡᠳᠤᠯᠬᠡ ᠲᠤᠮᠳᠠ ᠨᠠᠶᠢᠳᠠᠪᠤᠷᠢᠵᠢᠭᠤᠯᠬᠤ ᠭᠡᠷᠡᠭᠳᠠᠢ︔ ᠨᠡᠩ ᠰᠢᠢᠳᠪᠤᠷᠢᠳᠤ ᠲᠠᠶᠢᠨ ᠤ ᠦᠶ᠎ᠠ ᠳᠤ ᠤᠯᠠᠮ ᠠᠴᠠ ᠭᠤᠤᠯ ᠰᠡᠳᠤᠪ ᠢᠶᠠᠨ ᠲᠤᠪᠤᠶᠢᠯᠭᠠᠵᠤ᠂ ᠲᠤᠬᠳᠠᠬᠰᠠᠨ ᠴᠠᠬ ᠲᠠᠭᠠᠨ ᠪᠦᠬᠦ ᠤᠯᠤᠰ ᠲᠠᠢ ᠬᠠᠮᠳᠤ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠶᠢ ᠮᠠᠨ ᠤ ᠤᠷᠤᠨ ᠤ ᠪᠠᠨ ᠲᠡᠷᠢᠬᠦᠨ ᠴᠢᠬᠤᠯᠠ ᠡᠬᠦᠷᠬᠡ ᠪᠤᠯᠭᠠᠵᠤ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠲᠤᠳᠠᠭᠤᠳᠠᠯ ᠢ ᠨᠦᠬᠦᠪᠤᠷᠢᠯᠡᠬᠦ ᠶᠢ ᠪᠦᠬᠦ ᠤᠷᠤᠨ ᠤ ᠡᠯ᠎ᠠ ᠱᠠᠳᠤᠨ ᠤ ᠨᠠᠮ ᠤᠨ ᠬᠤᠷᠢᠶ᠎ᠠ ᠪᠤᠯᠥᠨ ᠵᠠᠰᠠᠬ ᠤᠨ ᠤᠷᠳᠤᠨ ᠤ ᠲᠡᠷᠢᠬᠦᠨ ᠴᠢᠬᠤᠯᠠ ᠡᠬᠦᠷᠬᠡ ᠪᠤᠯᠭᠠᠬᠤ ᠭᠡᠷᠡᠭᠳᠠᠢ︔ ᠬᠠᠷᠠᠯᠳᠠ ᠡᠬᠦᠷᠬᠡ ᠬᠡᠳᠤᠢ ᠬᠠᠳᠠᠭᠤ ᠪᠡᠷᠬᠡ ᠦᠶ᠎ᠠ ᠳᠤ᠂ ᠲᠤᠭᠳᠠᠭᠤᠨ ᠤ ᠲᠤᠮᠳᠠ ᠤᠷᠤᠬᠰᠢᠯᠠᠨ ᠲᠠᠪᠰᠢᠬᠤ ᠠᠵᠢᠯ ᠤᠨ ᠶᠡᠷᠤᠩᠬᠡᠢ ᠬᠦᠭ ᠠᠶᠠᠰ ᠢ ᠲᠡᠳᠤᠢ ᠪᠠᠷᠢᠮᠳᠠᠯᠠᠵᠤ᠂ ᠠᠵᠤ ᠠᠬᠤᠢ ᠶᠢᠨ ᠬᠦᠭᠵᠢᠯᠳᠠ ᠶᠢᠨ ᠶᠠᠰᠤ ᠴᠢᠨᠠᠷ ᠪᠤᠯᠤᠨ ᠦᠷ᠎ᠠ ᠠᠰᠢᠬ ᠢ ᠬᠦᠴᠤᠯᠠᠨ ᠲᠡᠭᠡᠭᠰᠢᠯᠡᠬᠦᠯᠵᠤ᠂ ᠠᠵᠤ ᠠᠬᠤᠢ ᠶᠢᠨ ᠪᠡᠶᠡᠯᠡᠬᠦᠯᠬᠦ ᠬᠡᠮᠵᠢᠶᠠᠨ ᠤ ᠵᠤᠬᠢᠰᠳᠠᠢ ᠨᠡᠮᠡᠭᠳᠡᠯ ᠪᠤᠯᠤᠨ ᠴᠢᠨᠠᠷ ᠤᠨ ᠲᠤᠭᠳᠠᠭᠤᠨ ᠲᠡᠭᠡᠭᠰᠢᠯᠠᠯᠳᠠ ᠶᠢ ᠪᠠᠳᠤᠯᠠᠬᠤ ᠭᠡᠷᠡᠭᠳᠠᠢ︔ ᠠᠵᠤ ᠠᠬᠤᠢ ᠶᠢᠨ ᠪᠠᠶᠢᠳᠠᠯ ᠬᠡᠳᠤᠢ ᠬᠡᠴᠡᠬᠦᠤ ᠪᠤᠳᠤᠯᠢᠶᠠᠨᠳᠠᠢ ᠦᠶ᠎ᠠ ᠳᠤ᠂ ᠨᠠᠮ ᠤᠨ ᠲᠦᠪ ᠬᠤᠷᠢᠶᠠᠨ ᠤ ᠲᠦᠪᠯᠡᠷᠡᠩᠬᠦᠢ ᠨᠢᠬᠡᠳᠤᠯᠳᠠᠢ ᠤᠳᠤᠷᠢᠳᠤᠯᠭ᠎ᠠ ᠶᠢᠨ ᠲᠤᠯᠭᠠᠭᠤᠷᠢ ᠬᠦᠴᠤᠨ ᠤ ᠤᠢᠢᠯᠡᠳᠤᠯ ᠢ ᠲᠡᠳᠤᠢ ᠪᠠᠳᠠᠷᠠᠭᠤᠯᠵᠤ᠂ ᠨᠠᠮ ᠠᠴᠠ ᠠᠵᠤ ᠠᠬᠤᠢ ᠶᠢᠨ ᠠᠵᠢᠯ ᠢ ᠤᠳᠤᠷᠢᠳᠬᠤ ᠲᠦᠷᠢᠮ ᠤᠨ ᠲᠠᠪᠠᠭᠤᠯᠢᠬ ᠢ ᠵᠠᠰᠠᠯᠳᠠ ᠶᠢᠨ ᠦᠷ᠎ᠠ ᠠᠰᠢᠬ ᠪᠤᠯᠭᠠᠨ ᠬᠤᠪᠢᠷᠠᠭᠤᠯᠬᠤ ᠭᠡᠷᠡᠭᠳᠠᠢ᠃
  ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠬᠦᠰᠡᠯ ᠵᠡᠬᠦᠳᠤ ᠤᠳᠠᠯ ᠦᠬᠡᠢ ᠲᠡᠷᠬᠡᠯᠰᠢᠬᠦ ᠪᠤᠯᠤᠨ᠎ᠠ᠂ ᠡᠨᠡ ᠨᠢ ᠪᠢᠳᠡᠨ ᠤ ᠬᠠᠷᠢᠭᠤᠴᠠᠯᠭ᠎ᠠ ᠪᠤᠯᠬᠤ ᠪᠠᠷ ᠪᠠᠷᠠᠬᠤ ᠦᠬᠡᠢ᠂ ᠨᠡᠩ ᠴᠤ ᠪᠢᠳᠡᠨ ᠤ ᠢᠷᠠᠭᠤ ᠠᠯᠳᠠᠷ ᠪᠤᠯᠬᠤ ᠶᠤᠮ᠃ ᠵᠠᠭᠤᠨ ᠭᠠᠵᠠᠷ ᠤᠨ ᠵᠠᠮ ᠢ ᠶᠠᠷᠡᠨ ᠭᠠᠵᠠᠷ ᠶᠠᠪᠤᠬᠰᠠᠨ ᠠᠨᠤ ᠬᠠᠭᠠᠰ ᠵᠠᠮ ᠳᠡᠳᠦᠢ ᠪᠤᠯᠠᠢ᠂ ᠤᠯᠠᠮ ᠵᠠᠩᠬᠢᠯᠠᠭ᠎ᠠ ᠶᠢᠨ ᠦᠶ᠎ᠠ ᠪᠤᠯᠬᠤ ᠳᠤᠳᠤᠮ ᠤᠯᠠᠮ ᠨᠢᠬᠡ ᠵᠤᠷᠢᠬ ᠢᠶᠠᠷ ᠬᠢᠵᠤ᠂ ᠪᠦᠬᠦ ᠬᠦᠴᠤᠨ ᠢᠶᠠᠷ ᠢᠶᠠᠨ ᠰᠢᠪᠳᠤᠯᠬᠤ ᠭᠡᠷᠡᠭᠳᠠᠢ᠃ ᠪᠢᠳᠡ ᠡᠷᠬᠡᠪᠰᠢ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠢᠬᠳᠠᠷᠠᠨ ᠪᠦᠯᠬᠦᠮᠳᠡᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠤ᠂ ᠮᠤᠩᠭᠤᠯ ᠮᠤᠷᠢᠨ ᠤ ᠵᠤᠷᠢᠬ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠥᠭᠰᠡᠨ ᠦᠪᠡᠳᠡᠭᠰᠢ ᠪᠠᠶᠢᠳᠠᠯ ᠤᠨ ᠬᠡᠷᠡᠯ ᠬᠢᠯᠪᠠᠭ᠎ᠠ ᠶᠢ ᠲᠠᠯ᠎ᠠ ᠨᠤᠳᠤᠬ ᠲᠤ ᠰᠠᠴᠤᠷᠠᠭᠤᠯᠤᠶ᠎ᠠ᠃



  
     
     