 

ᠤᠬ ᠰᠠᠨᠠᠭ᠎ᠠ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠦ ᠰᠡᠷᠬᠦᠨ ᠮᠠᠨᠳᠤᠯᠳᠠ ᠶᠢᠨ ᠠᠶᠠᠨ ᠳᠤ 

2019-07-02 08:59
  287
  0
     — ᠳᠤᠮᠳᠠᠳᠤ ᠤᠯᠤᠰ ᠤᠨ ᠡᠪ ᠬᠠᠮᠳᠦ ᠨᠠᠮ ᠪᠠᠶᠢᠭᠤᠯᠤᠭᠳᠠᠭᠰᠠᠨ ᠶᠡᠷᠡᠨ ᠨᠠᠢᠮᠠᠨ ᠵᠢᠯ ᠤᠨ ᠤᠢ ᠶᠢ ᠪᠠᠶᠠᠷᠯᠠᠨ ᠪᠡᠯᠭᠡᠯᠡᠶ᠎ᠡ 
  ᠲᠣᠮᠲᠠᠲᠣ ᠤᠯᠤᠰ ᠤᠨ ᠠᠷᠠᠳ ᠲᠦᠮᠡᠨ ᠳᠤ ᠵᠤᠯ ᠵᠢᠷᠭᠠᠯ ᠡᠳ᠋ᠯᠡᠭᠦᠯᠵᠤ᠂ ᠳᠤᠮᠳᠠᠳᠤ ᠶᠢᠨ ᠦᠨᠳᠦᠰᠦᠳᠡᠨ ᠤ ᠰᠡᠷᠬᠦᠨ ᠮᠠᠨᠳᠤᠯᠳᠠ ᠶᠢ ᠪᠡᠶᠡᠯᠡᠭᠦᠯᠬᠦ ᠪᠤᠯ ᠳᠤᠮᠳᠠᠳᠤ ᠤᠯᠤᠰ ᠤᠨ ᠡᠪ ᠬᠠᠮᠳᠦᠴᠤᠳ ᠤᠨ ᠤᠬ ᠰᠠᠨᠠᠭ᠎ᠠ ᠪᠠ ᠡᠬᠦᠷᠭᠡ ᠬᠠᠷᠢᠭᠤᠴᠠᠯᠭ᠎ᠠ ᠮᠦᠨ᠂ ᠦᠶ᠎ᠡ ᠦᠶ᠎ᠡ ᠶᠢᠨ ᠳᠤᠮᠳᠠᠳᠤ ᠤᠯᠤᠰ ᠤᠨ ᠡᠪ ᠬᠠᠮᠳᠤᠴᠤᠳ ᠢ ᠤᠷᠮᠠᠰᠢᠭᠤᠯᠤᠨ ᠵᠤᠷᠢᠬᠵᠢᠭᠤᠯᠵᠥ ᠬᠤᠶᠢᠨᠠᠬᠢ ᠨᠢ ᠡᠮᠦᠨᠡᠬᠢ ᠪᠠᠨ ᠵᠠᠯᠭᠠᠮᠵᠢᠯᠠᠨ ᠡᠷᠡᠯᠬᠡᠭᠯᠡᠨ ᠤᠷᠤᠬᠰᠢᠯᠠᠭᠤᠯᠬᠤ ᠦᠨᠳᠦᠰᠦᠨ ᠬᠦᠳᠡᠯᠬᠡᠬᠦ ᠬᠦᠴᠦᠨ ᠮᠦᠨ᠃ 7 ᠰᠠᠷ᠎ᠠ ᠶᠢᠨ 1 ᠤ ᠡᠳᠦᠷ᠂ ᠪᠢᠳᠠ ᠳᠤᠮᠳᠠᠳᠤ ᠤᠯᠤᠰ ᠤᠨ ᠡᠪ ᠬᠠᠮᠳᠦ ᠨᠠᠮ ᠪᠠᠶᠢᠭᠤᠯᠤᠭᠳᠠᠭᠰᠠᠨ 98 ᠵᠢᠯ ᠤᠨ ᠤᠢ ᠪᠠᠨ ᠤᠬᠳᠤᠨ ᠠᠪᠤᠯ᠎ᠠ᠃ ︽ᠲᠤᠮᠲᠠᠲᠤ ᠤᠯᠤᠰ ᠤᠨ ᠡᠪ ᠬᠠᠮᠲᠤ ᠨᠠᠮ ᠲᠤᠮᠲᠠᠲᠤ ᠶᠢᠨ ᠦᠨᠲᠦᠰᠦᠲᠡᠡ ᠤ ᠮᠢᠩᠭᠠᠠ ᠤᠨ ᠤ ᠠᠭᠤᠤ ᠦᠢᠯᠡᠰ ᠤᠨ ᠲᠦᠯᠦᠭᠡ ᠡᠷᠴᠢ ᠬᠦᠪᠴᠢᠯᠡᠨ ᠠᠵᠢᠯᠯᠠᠵᠦ ᠪᠤᠢ᠂ ᠵᠠᠭᠤᠨ ᠵᠢᠯ ᠪᠤᠯ ᠶᠠᠭ ᠬᠦᠭᠵᠢᠯ ᠪᠠᠲᠠᠷᠠᠯ ᠲᠠᠢ ᠴᠠᠭ ᠦᠶ᠎ᠠ ᠮᠦᠨ︕︾ ᠪᠦᠬᠦ ᠲᠠᠯ᠎ᠠ ᠪᠠᠷ ᠴᠢᠨᠡᠭᠡᠯᠢᠭᠵᠢᠬᠦ ᠰᠢᠢᠳᠪᠤᠷᠢᠳᠦ ᠢᠯᠠᠯᠳᠠ ᠶᠢ ᠤᠯᠵᠤ᠂ ᠦᠨᠳᠦᠰᠦᠳᠡᠨ ᠤ ᠰᠡᠷᠬᠦᠨ ᠮᠠᠨᠳᠤᠯᠳᠠ ᠲᠡᠶᠢᠰᠢ ᠤᠷᠤᠬᠰᠢᠯᠠᠵᠦ᠂ ᠮᠢᠩᠭᠠᠨ ᠤᠨ ᠤ ᠠᠭᠤᠤ ᠦᠢᠯᠡᠰ ᠡᠪ ᠬᠠᠮᠳᠦ ᠨᠠᠮ ᠤᠨ ᠭᠡᠰᠢᠬᠦᠨ ᠨᠢᠭᠡᠪᠦᠷᠢ ᠶᠢ ᠤᠬ ᠰᠠᠨᠠᠭ᠎ᠠ ᠡᠬᠦᠷᠭᠡ ᠬᠠᠷᠢᠭᠤᠴᠠᠯᠭ᠎ᠠ ᠪᠠᠨ ᠪᠠᠳᠤ ᠰᠠᠬᠢᠵᠦ᠂ ᠰᠢᠨ᠎ᠠ ᠴᠠᠭ ᠦᠶ᠎ᠠ ᠶᠢᠨ ᠰᠢᠨ᠎ᠠ ᠢᠷᠠᠭᠤ ᠲᠤᠤᠯᠢᠰ ᠢ ᠪᠢᠴᠢᠭᠯᠡᠬᠦ ᠶᠢ ᠤᠷᠢᠶᠠᠯᠠᠵᠦ ᠪᠠᠶᠢᠨ᠎ᠠ᠃ 
  98 ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠳᠦ ᠨᠠᠮ ᠠᠷᠠᠳ ᠲᠦᠮᠡᠨ ᠳᠤ ᠴᠢᠩᠭ᠎ᠠ ᠲᠦᠰᠢᠭᠯᠡᠵᠦ᠂ ᠬᠦᠴᠢᠷ ᠪᠡᠷᠭᠡ ᠬᠠᠷᠰᠢ ᠰᠠᠭᠠᠳ ᠪᠦᠬᠦᠨ ᠢ ᠤᠳᠠᠭ᠎ᠠ ᠲᠠᠷᠠᠭᠠᠯᠠᠨ ᠢᠯᠠᠨ ᠲᠠᠪᠠᠵᠤ᠂ ᠢᠯᠠᠯᠳᠠ ᠠᠴᠠ ᠢᠯᠠᠯᠳᠠ ᠳᠤ ᠲᠠᠪᠰᠢᠵᠤ᠂ ᠬᠦᠮᠦᠨ ᠲᠦᠷᠦᠯᠬᠢᠳᠡᠨ ᠤ ᠬᠦᠭᠵᠢᠯᠳᠠ ᠶᠢᠨ ᠲᠡᠦᠭᠡᠨ ᠳᠡᠭᠡᠷᠡᠬᠢ ᠲᠡᠭᠷᠢ ᠭᠠᠵᠠᠷ ᠢ ᠲᠤᠩᠰᠤᠯᠭᠠᠭᠰᠠᠨ ᠭᠠᠶᠢᠬᠠᠮᠰᠢᠬ ᠢ ᠡᠬᠦᠳᠴᠦ᠂ ᠳᠤᠮᠳᠠᠳᠤ ᠶᠢᠨ ᠪᠤᠯᠪᠠᠰᠤᠨ ᠢ ᠤᠳᠤᠬᠢᠴᠢᠯᠠᠯᠳᠠ ᠶᠢᠨ ᠠᠬᠢᠴᠠ ᠳᠤᠮᠳᠠ ᠰᠢᠨ᠎ᠠ ᠠᠮᠢᠵᠢᠷᠠᠯ ᠤᠨ ᠬᠦᠴᠦᠨ ᠪᠠᠳᠠᠷᠠᠭᠤᠯᠬᠤ ᠪᠤᠯᠭᠠᠵᠦ᠂ ᠰᠢᠨᠵᠢᠯᠡᠬᠦ ᠤᠬᠠᠭᠠᠨᠴᠢ ᠨᠡᠶᠢᠭᠡᠮ ᠵᠢᠷᠤᠮ ᠢ 21 ᠳ᠋ᠤᠭᠡᠷ ᠵᠠᠭᠤᠨ ᠳᠤ ᠰᠢᠨ᠎ᠠ ᠠᠮᠢᠵᠢᠷᠡᠯ ᠤᠨ ᠬᠦᠴᠦᠨ ᠲᠠᠢ ᠪᠤᠯᠭᠠᠵᠦ᠂ ᠳᠤᠮᠳᠠᠳᠤ ᠶᠢᠨ ᠦᠨᠳᠦᠰᠦᠳᠡᠨ ᠢ ᠰᠢᠨ᠎ᠠ ᠠᠮᠢᠵᠢᠷᠠᠯ ᠤᠨ ᠬᠦᠴᠦᠨ ᠢᠶᠠᠷ ᠪᠢᠯᠬᠠᠭᠤᠯᠤᠭᠰᠠᠨ ᠶᠤᠮ᠃ ᠡᠨᠡ ᠵᠢᠯ ᠪᠤᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠪᠤᠯᠤᠨ᠎ᠠ᠂ ᠪᠠᠰᠠ ᠴᠤ ᠮᠠᠨ ᠤ ᠨᠠᠮ ᠪᠦᠬᠦ ᠤᠯᠤᠰ ᠲᠤ ᠲᠦᠷᠦ ᠪᠠᠷᠢᠭᠰᠠᠨ 70 ᠳ᠋ᠤᠭᠠᠷ ᠵᠢᠯ ᠪᠤᠯᠤᠨ᠎ᠠ᠃ 70 ᠵᠢᠯ ᠬᠦᠴᠢᠷ ᠢ ᠲᠤᠭᠤᠯᠤᠨ ᠠᠶᠠᠯᠠᠵᠤ᠂ 70 ᠵᠢᠯ ᠡᠷᠡᠮᠡᠬᠡᠶᠢᠯᠡᠨ ᠤᠷᠤᠭᠰᠢᠯᠠᠵᠤ᠂ ᠮᠠᠨ ᠤ ᠨᠠᠮ ᠳᠤᠮᠳᠠᠳᠤ ᠤᠯᠤᠰ ᠤᠨ ᠡᠪ ᠬᠠᠮᠳᠤ ᠨᠠᠮ ᠶᠠᠭᠠᠬᠢᠭᠠᠳ ︽ᠬᠢᠵᠤ ᠲᠡᠶᠢᠯᠬᠦ︾᠂ ᠮᠠᠷᠺᠰ ᠤᠨ ᠦᠵᠡᠯ ᠶᠠᠭᠠᠬᠢᠭᠠᠳ ︽ᠪᠤᠯᠵᠤ ᠪᠠᠶᠢᠬᠤ︾᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠶᠠᠭᠠᠬᠢᠭᠠᠳ ︽ᠰᠠᠶᠢᠨ ᠪᠠᠶᠢᠬᠤ︾ ᠪᠤᠢ ᠭᠡᠬᠦ ᠠᠰᠠᠭᠤᠯᠳᠠ ᠶᠢᠨ ᠬᠠᠷᠢᠭᠤᠯᠳᠠ ᠶᠢ ᠬᠤᠪᠢᠯᠭᠠᠨ ᠤᠷᠤᠨ ᠤ ᠠᠰᠤᠷᠤ ᠬᠤᠪᠢᠷᠠᠯᠳᠠ ᠪᠠᠷ ᠳᠠᠮᠵᠢᠨ ᠪᠢᠴᠢᠭᠯᠡᠵᠤ᠂ ᠲᠦᠭ ᠲᠦᠮᠡᠨ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠢᠶᠠᠷ ᠳᠠᠮᠵᠢᠨ ᠪᠢᠴᠢᠭᠯᠡᠪᠡ᠃ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠬᠦᠴᠢᠷ ᠢ ᠰᠦᠷᠦᠨ ᠤᠷᠤᠭᠰᠢᠯᠠᠵᠤ᠂ ᠵᠠᠮ ᠨᠡᠬᠡᠬᠡᠨ ᠡᠷᠡᠯᠬᠡᠭᠯᠡᠨ ᠲᠡᠮᠡᠴᠡᠵᠤ᠂ ᠨᠠᠮ ᠪᠤᠯᠤᠨ ᠤᠯᠤᠰ ᠤᠨ ᠠᠵᠢᠯ ᠦᠢᠯᠡᠰ ᠤᠨ ᠬᠦᠭᠵᠢᠯᠳᠡ ᠶᠢᠨ ᠲᠡᠤᠬᠡᠳᠤ ᠴᠢᠨᠠᠷᠳᠠᠢ ᠠᠮᠵᠢᠯᠳᠠ ᠪᠠ ᠬᠤᠪᠢᠰᠤᠯᠳᠠ ᠪᠠᠷ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠰᠢᠨ᠎ᠠ ᠴᠠᠭ ᠦᠶ᠎ᠠ ᠳᠤ ᠤᠷᠤᠭᠤᠯᠵᠤ᠂ ᠳᠤᠮᠳᠠᠳᠤ ᠶᠢᠨ ᠦᠨᠳᠦᠰᠦᠳᠡᠨ ᠪᠤᠰᠴᠤ ᠵᠤᠭᠰᠤᠭᠰᠠᠨ᠂ ᠪᠠᠶᠠᠵᠢᠨ ᠴᠢᠨᠡᠭᠡᠯᠢᠭᠵᠢᠭᠰᠡᠨ ᠠᠴᠠ ᠬᠦᠴᠦᠷᠬᠡᠭᠵᠢᠭᠰᠡᠨ ᠠᠭᠤᠤ ᠶᠡᠭᠡ ᠦᠰᠦᠷᠦᠯᠳᠡ ᠶᠢ ᠤᠭᠳᠤᠨ ᠠᠪᠴᠤ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠭᠦᠨ ᠮᠠᠨᠳᠤᠯᠳᠠ ᠶᠢ ᠪᠡᠶᠡᠯᠡᠭᠦᠯᠬᠦ ᠰᠠᠷᠠᠭᠤᠯ ᠢᠷᠡᠭᠡᠳᠦᠢ ᠶᠢ ᠤᠭᠳᠤᠨ ᠠᠪᠴᠠᠢ᠃ ᠦᠨᠦᠳᠦᠷ᠂ ᠳᠤᠮᠳᠠᠳᠤ ᠤᠯᠤᠰ ᠭᠡᠬᠦ ᠡᠨᠡ ᠬᠦ ᠡᠷᠳᠡ ᠤᠵᠠᠭᠤᠷ ᠤᠨ ᠪᠦᠭᠡᠳ ᠤᠳᠤ ᠦᠶ᠎ᠠ ᠶᠢᠨ ᠳᠤᠷᠤᠨᠠᠳᠠᠬᠢᠨ ᠤ ᠲᠤᠮᠤ ᠤᠯᠤᠰ ᠵᠢᠪᠬᠤᠭ᠎ᠠ ᠳᠡᠭᠦᠯᠳᠡᠷ ᠪᠦᠭᠡᠳ ᠦᠨᠢᠷ ᠬᠦᠭᠵᠢᠯ ᠲᠠᠢ ᠪᠤᠯᠵᠤ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠵᠠᠮ᠂ ᠤᠨᠤᠯ᠂ ᠪᠠᠶᠢᠭᠤᠯᠤᠯ᠂ ᠰᠤᠶᠤᠯ ᠬᠦᠴᠦᠷᠬᠡᠭ ᠶᠡᠭᠡ ᠠᠮᠢᠵᠢᠷᠠᠯ ᠤᠨ ᠬᠦᠴᠦᠨ ᠢ ᠪᠠᠳᠠᠷᠠᠭᠤᠯᠵᠤ᠂ ᠳᠤᠮᠳᠠᠳᠤ ᠶᠢᠨ ᠠᠭᠤᠳᠠᠮ ᠨᠤᠳᠤᠬ ᠲᠤ ᠭᠠᠶᠢᠬᠠᠮᠰᠢᠭ ᠤᠳ ᠲᠠᠰᠤᠷᠠᠯᠳᠠ ᠦᠭᠡᠢ ᠢᠯᠡᠷᠡᠵᠤ ᠪᠠᠶᠢᠨ᠎ᠠ᠃

  ᠦᠩᠭᠡᠷᠡᠭᠰᠡᠨ ᠢ ᠬᠠᠷᠠᠬᠤᠶ᠎ᠠ᠂ ᠡᠨᠡ ᠨᠢ ᠬᠡᠴᠢᠨᠡᠨ ᠭᠡᠷᠡᠯ ᠰᠠᠴᠤᠷᠠᠩᠭᠤᠢ ᠠᠮᠵᠢᠯᠳᠠ ᠪᠦᠲᠦᠮᠵᠢ ᠪᠤᠢ︕ ᠢᠷᠡᠭᠡᠳᠦᠢ ᠶᠢ ᠪᠠᠷᠠᠯᠠᠬᠤᠶ᠎ᠠ᠂ ᠡᠨᠡ ᠨᠢ ᠬᠡᠴᠢᠨᠡᠨ ᠰᠦᠷ ᠳᠠᠯᠠᠶᠢᠴᠠᠳᠠᠢ ᠠᠶᠠᠨ ᠵᠠᠮ ᠪᠤᠢ︕ ᠭᠠᠭᠴᠠ ᠬᠦ ᠳᠤᠮᠳᠠᠳᠤ ᠤᠯᠤᠰ ᠤᠨ ᠡᠪ ᠬᠠᠮᠳᠤ ᠨᠠᠮ ᠰᠠᠶ᠋ᠢ ᠳᠤᠮᠳᠠᠳᠤ ᠤᠯᠤᠰ ᠢ ᠠᠪᠤᠷᠠᠵᠤ ᠴᠢᠳᠠᠨ᠎ᠠ︔ ᠭᠠᠭᠴᠠ ᠬᠦ ᠳᠤᠮᠳᠠᠳᠤ ᠤᠯᠤᠰ ᠤᠨ ᠡᠪ ᠬᠠᠮᠳᠤ ᠨᠠᠮ ᠰᠠᠶ᠋ᠢ ᠳᠤᠮᠳᠠᠳᠤ ᠤᠯᠤᠰ ᠢ ᠬᠦᠭᠵᠢᠭᠦᠯᠵᠤ᠂ ᠳᠤᠮᠳᠠᠳᠤ ᠶᠢᠨ ᠦᠨᠳᠦᠰᠦᠳᠡᠨ ᠢ ᠳᠠᠭᠠᠭᠤᠯᠵᠤ ᠠᠭᠤᠤ ᠶᠡᠭᠡ ᠰᠡᠷᠭᠦᠨ ᠮᠠᠨᠳᠤᠯᠳᠠ ᠶᠢ ᠪᠡᠶᠡᠯᠡᠭᠦᠯᠵᠤ ᠴᠢᠳᠠᠨ᠎ᠠ ᠭᠡᠳᠡᠭ ᠢ ᠲᠡᠤᠭᠡ ᠭᠦᠢᠴᠡᠳ ᠭᠡᠷᠡᠴᠢᠯᠡᠵᠠᠢ᠃ 
  ᠡᠨᠡ ᠡᠲᠦᠷ᠂ ᠪᠢᠲᠠ ᠶᠠᠭ ᠤᠢᠢᠷ᠎ᠠ ᠦᠶ᠎ᠠ ᠠᠴᠠ ᠨᠠᠭᠠᠰᠢᠬᠢ ᠬᠠᠮᠤᠭ ᠤᠨ ᠰᠠᠶᠢᠨ ᠬᠦᠭᠵᠢᠯᠲᠠ ᠶᠢᠨ ᠴᠠᠭ ᠬᠤᠭᠤᠴᠠᠭ᠎ᠠ ᠳᠤ ᠤᠷᠤᠰᠢᠵᠦ᠂ ᠪᠠᠰᠠ ᠲᠡᠯᠡᠭᠡᠢ ᠳ᠋ᠡᠬᠢᠨ ᠤ ᠵᠠᠭᠤᠨ ᠵᠢᠯ ᠳᠤ ᠲᠤᠬᠢᠶᠠᠯᠲᠤᠭ᠎ᠠ ᠦᠭᠡᠢ ᠶᠡᠭᠡ ᠬᠤᠪᠢᠷᠠᠯᠲᠠ ᠳᠤ ᠲᠤᠯᠭᠠᠷᠠᠵᠦ ᠪᠠᠶᠢᠨ᠎ᠠ᠃ ᠪᠢᠲᠠ ᠨᠢᠭᠡᠨᠲᠡ ᠮᠢᠩᠭᠠᠨ ᠠᠭᠤᠯᠠ ᠲᠦᠮᠡᠨ ᠤᠰᠤ ᠶᠢ ᠭᠡᠲᠦᠯᠦᠭᠰᠡᠡ ᠪᠤᠯᠪᠠᠴᠤ ᠪᠠᠰᠠ ᠦᠨᠳᠦᠷ ᠠᠭᠤᠯᠠ ‍ᠦᠷᠭᠡᠨ ᠮᠦᠷᠡᠨ ᠢ ᠲᠠᠪᠠᠭ᠋ᠤ ᠴᠢᠬᠤᠯᠠᠲᠠᠢ᠂ ᠪᠦᠬᠦ ᠨᠠᠮ ᠪᠦᠬᠦ ᠤᠯᠤᠰ ᠤᠨ ᠦᠨᠲᠦᠰᠦᠲᠡᠠ ᠨᠦᠭᠦᠳ ᠤᠨ ᠠᠷᠠᠳ ᠲᠦᠮᠡᠡ ᠤ ᠡᠮᠦᠨ᠎ᠠ ᠲᠠᠯᠪᠢᠭᠲᠠᠵᠦ ᠪᠠᠶᠢᠭ᠎ᠠ ᠡᠬᠦᠷᠭᠡ ᠬᠠᠷᠢᠭᠤᠴᠠᠯᠭ᠎ᠠ ᠨᠡᠩ ᠦᠩᠭᠡ ᠭᠡᠷᠡᠯ ᠲᠠᠢ᠂ ᠡᠬᠦᠷᠭᠡ ᠨᠡᠩ ᠰᠢᠷᠭᠠᠭᠤ ᠬᠠᠲᠠᠭᠤᠵᠢᠯᠲᠠᠢ᠂ ᠦᠷᠢᠰᠦᠯᠲᠦᠭᠡᠡ ᠨᠡᠩ ᠬᠦᠨᠳᠤ ᠨᠤᠴᠢᠳᠠᠢ᠂ ᠠᠵᠢᠯ ᠨᠡᠩ ᠠᠭᠤᠤ ᠶᠡᠭᠡ ᠪᠠᠶᠢᠨ᠎ᠠ᠃ ᠡᠶᠢᠮᠦ ᠠᠴᠠ᠂ ᠪᠢᠲᠠ ᠨᠡᠩ ᠤᠭ ᠰᠠᠨᠠᠭ᠎ᠠ ᠪᠠᠨ ᠦᠯᠦ ᠮᠠᠷᠲᠠᠠ ᠡᠷᠡᠮᠡᠭᠡᠶᠢᠯᠡᠡ ᠤᠷᠤᠭᠰᠢᠯᠠᠬᠤ ᠵᠤᠷᠢᠭ ᠢᠶᠠᠷ᠂ ᠡᠬᠦᠷᠭᠡ ᠬᠠᠷᠢᠭᠤᠴᠠᠯᠭ᠎ᠠ ᠪᠠᠷ ᠢᠶᠠᠨ ᠤᠷᠤᠭᠰᠢᠯᠠᠠ ᠲᠠᠪᠰᠢᠬᠤ ᠶᠢ ᠤᠷᠮᠠᠰᠢᠭᠤᠯᠤᠨ ᠵᠤᠷᠢᠠᠠᠵᠢᠭᠤᠯᠬᠤ ᠡᠷᠴᠢ ᠵᠤᠷᠢᠭ ᠢᠶᠠᠷ᠂ ᠭᠡᠵᠢᠶᠡᠲᠠ ᠦᠯᠦ ᠴᠠᠯᠠᠭᠠᠢᠢᠷᠠᠬᠤ ᠵᠤᠷᠢᠭ ᠰᠠᠨᠠᠭ᠎ᠠ ᠤᠪᠤᠷ ᠪᠠᠶᠢᠲᠠᠯ ᠪᠠ ᠤᠷᠢᠳ ᠡᠮᠦᠨ᠎ᠠ ᠪᠠᠶᠢᠭ᠎ᠠ ᠦᠭᠡᠢ ᠲᠡᠮᠡᠴᠡᠬᠦ ᠤᠪᠤᠷ ᠢᠶᠠᠷ᠂ ᠵᠤᠷᠢᠠᠠᠲᠠᠢ ᠪᠠᠷ ᠡᠯ᠎ᠠ ᠵᠦᠢᠯ ᠤᠨ ᠬᠦᠴᠢᠷ ᠪᠡᠷᠭᠡᠰᠢᠶᠠᠯ ᠬᠠᠷᠰᠢ ᠰᠠᠭᠠᠳ᠂ ᠠᠶᠤᠯ ᠲᠦᠭᠰᠢᠬᠦᠷᠢ ᠦᠷᠢᠰᠦᠯᠲᠦᠭᠡᠡ ᠢ ᠢᠯᠠᠠ ᠲᠠᠪᠠᠵᠦ᠂ ᠲᠠᠰᠤᠷᠠᠯᠲᠠ ᠦᠭᠡᠢ ᠢᠯᠠᠯᠲᠠ ᠠᠴᠠ ᠢᠯᠠᠯᠲᠠ ᠲᠡᠶᠢᠰᠢ ᠤᠷᠤᠭᠰᠢᠯᠠᠬᠤ ᠭᠡᠷᠡᠭᠲᠡᠢ᠃ ᠪᠦᠬᠦ ᠨᠠᠮ ᠳᠤ ᠤᠳᠤ ︽ᠤᠭ ᠰᠠᠨᠠᠭ᠎ᠠ ᠪᠠᠨ ᠦᠯᠦ ᠮᠠᠷᠲᠠᠵᠦ᠂ ᠡᠬᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠲᠦᠪᠲᠦ ᠬᠦᠮᠦᠵᠢᠯ ᠢ ᠦᠷᠨᠢᠭᠦᠯᠵᠦ ᠪᠤᠢ᠂ ᠦᠨᠲᠦᠰᠦᠨ ᠡᠬᠦᠷᠭᠡ ᠪᠤᠯ ᠲᠠᠷᠤᠢ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠠ ᠲᠤᠭᠤᠰᠢᠯᠠᠭᠤᠯᠵᠦ᠂ ᠦᠨᠡᠡᠴᠢ ᠰᠢᠳᠤᠷᠭᠤ ᠠᠷᠢᠭᠤᠨ ᠴᠢᠭᠡᠴᠢ ᠬᠠᠷᠢᠭᠤᠴᠠᠯᠭ᠎ᠠ ᠡᠭᠦᠷᠬᠡᠯᠡᠳᠡᠭ ᠤᠯᠤᠰ ᠲᠦᠷᠦ ᠶᠢᠨ ᠤᠤᠷ ᠴᠢᠨᠠᠷ ᠢ ᠲᠠᠪᠳᠠᠨ ᠪᠤᠯᠪᠠᠰᠤᠷᠠᠭᠤᠯᠵᠤ᠂ ᠪᠦᠬᠦ ᠤᠯᠤᠰ ᠤᠨ ᠦᠨᠲᠦᠰᠦᠲᠡᠡ ᠨᠦᠭᠦᠳ ᠤᠨ ᠠᠷᠠᠳ ᠲᠦᠮᠡᠡ ᠢ ᠪᠦᠯᠬᠦᠮᠲᠡᠭᠦᠯᠦᠨ ᠲᠠᠶᠢᠴᠢᠯᠠᠵᠦ ᠠᠭᠤᠤ ᠶᠡᠭᠡ ᠬᠦᠰᠡᠯ ᠵᠡᠭᠦᠲᠦ ᠶᠢ ᠲᠡᠷᠭᠡᠯᠰᠢᠭᠦᠯᠬᠦ ᠪᠠᠷ ᠬᠠᠮᠲᠤ ᠪᠠᠷ ᠲᠡᠮᠡᠴᠡᠬᠦ ᠶᠠᠪᠤᠳᠠᠯ ᠪᠤᠯᠤᠨ᠎ᠠ᠃  
  ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠲᠠ ᠪᠤᠯ ᠤᠲᠤ ᠦᠶ᠎ᠠ ᠶᠢᠨ ᠲᠤᠮᠲᠠᠲᠤ ᠤᠯᠤᠰ ᠤᠨ ᠡᠪ ᠬᠠᠮᠲᠤᠴᠤᠳ ᠤᠨ ᠬᠠᠮᠤᠭ ᠤᠨ ᠴᠢᠬᠤᠯᠠ ᠬᠠᠮᠤᠭ ᠤᠨ ᠪᠤᠲᠠᠲᠠᠢ ᠡᠬᠦᠷᠭᠡ ᠬᠠᠷᠢᠭᠤᠴᠠᠯᠭ᠎ᠠ ᠪᠤᠯᠤᠨ᠎ᠠ᠂ ᠡᠨᠡ ᠡᠲᠦᠷ᠂ ᠪᠢᠲᠠ ᠶᠠᠭ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠲᠠ ᠪᠠᠨ ᠪᠡᠶᠡᠯᠡᠭᠦᠯᠬᠦ ᠲᠡᠤᠭᠡ ᠶᠢᠨ ᠠᠭᠤᠯᠵᠠᠷ ᠲᠤ ᠤᠷᠤᠰᠢᠵᠦ ᠪᠠᠶᠢᠨ᠎ᠠ᠂ ᠨᠢᠭᠡᠲᠦᠭᠡᠷ ᠵᠠᠭᠤᠨ ᠵᠢᠯ ᠤᠨ ᠬᠠᠷᠠᠯᠲᠠ ᠶᠢ ᠪᠡᠶᠡᠯᠡᠭᠦᠯᠦᠮᠡᠷ ᠪᠠᠶᠢᠨ᠎ᠠ᠂ ᠬᠤᠶᠠᠲᠤᠭᠠᠷ ᠵᠠᠭᠤᠨ ᠵᠢᠯ ᠤᠨ ᠬᠠᠷᠠᠯᠲᠠ ᠶᠢ ᠡᠬᠢᠯᠡᠭᠦᠯᠬᠦ ᠪᠠᠷ ᠪᠤᠢ᠃ ᠦᠵᠡᠯ ᠰᠠᠨᠠᠭ᠎ᠠ ᠪᠠᠷ ᠨᠠᠮ ᠪᠠᠶᠢᠭᠤᠯᠵᠦ᠂ ᠤᠨᠤᠯ ᠢᠶᠠᠷ ᠨᠠᠮ ᠢ ᠬᠦᠴᠦᠷᠭᠡᠭᠵᠢᠬᠦᠯᠵᠦ᠂ ᠦᠵᠡᠯ ᠰᠠᠨᠠᠭ᠎ᠠ ᠪᠠᠨ ᠤᠯᠠᠮ ᠲᠡᠭᠡᠭᠰᠢᠯᠡᠭᠦᠯᠵᠦ᠂ ᠤᠶᠤᠨ ᠰᠠᠨᠠᠭ᠎ᠠ ᠪᠠᠨ ᠤᠯᠠᠮ ᠠᠷᠢᠭᠤᠳᠬᠠᠬᠤ ᠳᠤ ᠬᠦᠷᠪᠡᠯ᠂ ᠪᠢᠲᠠ ᠲᠠᠷᠤᠢ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠨᠡᠩ ᠰᠠᠶᠢᠨ ᠪᠠᠲᠤ ᠴᠡᠭᠡᠵᠢᠯᠡᠵᠦ᠂ ᠰᠡᠷᠭᠦᠨ ᠮᠠᠠᠲᠤᠯᠳᠠ ᠶᠢᠨ ᠠᠶᠠᠠ ᠳᠠᠭᠠᠨ ᠡᠷᠡᠮᠡᠭᠡᠶᠢᠯᠡᠡ ᠤᠷᠤᠭᠰᠢᠯᠠᠵᠦ ᠴᠢᠲᠠᠨ᠎ᠠ᠃ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠤᠯᠤᠭᠠᠢ ᠪᠠᠨ ᠵᠡᠪᠰᠡᠭᠯᠡᠵᠦ᠂ ᠢᠲᠡᠭᠡᠯ ᠪᠢᠰᠢᠷᠠᠯ ᠤᠨ ᠰᠠᠭᠤᠷᠢ ᠶᠢ ᠪᠠᠲᠤ ᠴᠤᠬᠴᠠᠯᠠᠵᠤ᠂ ᠤᠶᠤᠨ ᠰᠠᠨᠠᠭᠠᠠ ᠤ ᠰᠢᠮ᠎ᠡ ᠶᠢ ᠬᠦᠢᠴᠡᠳ ᠨᠦᠬᠦᠪᠦᠷᠢᠯᠡᠠ᠂ ᠦᠵᠡᠯ ᠰᠠᠨᠠᠭᠠᠨ ᠤ ᠴᠢᠭᠯᠡᠯ ᠢ ᠯᠠᠪᠲᠠᠭᠤᠨ ᠡᠵᠡᠮᠲᠡᠬᠦ ᠭᠡᠷᠡᠭᠲᠡᠢ︔ ᠰᠢᠨ᠎ᠠ ᠴᠠᠭ ᠦᠶ᠎ᠠ ᠶᠢᠨ ᠨᠠᠮ ᠤᠨ ᠪᠠᠶᠢᠭᠤᠯᠤᠯᠳᠠ ᠶᠢᠨ ᠶᠡᠷᠤᠩᠭᠡᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠮᠠᠨ ᠤ ᠨᠠᠮ ᠢ ᠨᠡᠩ ᠪᠠᠲᠤ ᠴᠢᠩᠭ᠎ᠠ ᠭᠦᠴᠤᠨ ᠲᠠᠢ ᠪᠤᠯᠭᠠᠨ ᠪᠠᠶᠢᠭᠤᠯᠬᠤ ᠭᠡᠷᠡᠭᠲᠡᠢ︔ ᠨᠠᠮ ᠤᠨ ᠦᠨᠳᠤᠰᠤᠨ ᠵᠤᠷᠢᠯᠲᠠ ᠶᠢ ᠰᠠᠨᠠᠭᠠᠴᠢᠯᠠᠭ᠎ᠠ ᠠᠴᠠ ᠪᠠᠨ ᠦᠢᠯᠡᠳᠦᠯᠭᠡᠵᠢᠭᠦᠯᠵᠤ᠂ ᠨᠠᠮ ᠤᠨ ᠤᠷᠳᠤ ᠬᠤᠭᠤᠴᠠᠭ᠎ᠠ ᠪᠠᠷ ᠲᠦᠷᠦ ᠪᠠᠷᠢᠬᠤ ᠬᠠᠮᠤᠭ ᠤᠨ ᠨᠠᠶᠢᠳᠠᠪᠤᠷᠢᠳᠠᠢ ᠠᠩᠬᠢ ᠶᠢᠨ ᠰᠠᠭᠤᠷᠢ ᠪᠤᠯᠤᠨ ᠤᠯᠠᠨ ᠲᠦᠮᠡᠨ ᠤ ᠦᠨᠳᠤᠰᠤ ᠰᠠᠭᠤᠷᠢ ᠶᠢ ᠪᠠᠬᠢᠵᠢᠭᠦᠯᠬᠦ ᠭᠡᠷᠡᠭᠲᠡᠢ︔ ᠬᠤᠪᠢᠰᠬᠠᠯ ᠤᠨ ᠤᠯᠠᠮᠵᠢᠯᠠᠯ ᠪᠤᠯᠤᠨ ᠰᠢᠯᠢᠳᠡᠭ ᠬᠡᠪ ᠰᠤᠷᠳᠠᠯ ᠢ ᠪᠠᠳᠠᠷᠠᠭᠤᠯᠵᠤ᠂ ᠠᠷᠠᠳ ᠲᠦᠮᠡᠨ ᠢ ᠪᠦᠯᠬᠦᠮᠳᠡᠭᠦᠯᠤᠨ ᠲᠠᠭᠠᠭᠤᠯᠵᠤ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠠᠴᠠ ᠵᠢᠷᠤᠭᠯᠠᠭᠰᠠᠨ ᠠᠤᠭ᠎ᠠ ᠲᠦᠰᠦᠪ ᠢ ᠠᠯᠬᠤᠮ ᠠᠯᠬᠤᠮ ᠢᠶᠠᠷ ᠰᠠᠶᠢᠨ ᠰᠠᠶᠢᠬᠠᠨ ᠪᠤᠳᠠᠳᠤ ᠪᠠᠶᠢᠳᠠᠯ ᠪᠤᠯᠭᠠᠨ ᠬᠤᠪᠢᠷᠠᠭᠤᠯᠬᠤ ᠭᠡᠷᠡᠭᠳᠠᠢ᠃ ᠪᠢᠳᠠ ᠰᠢᠨ᠎ᠠ ᠪᠠᠶᠢᠳᠠᠯ ᠢ ᠨᠡᠭᠡᠭᠡᠵᠤ ᠠᠭᠤᠤ ᠶᠡᠭᠡ ᠨᠡᠶᠢᠭᠡᠮ ᠤᠨ ᠬᠤᠪᠢᠰᠬᠠᠯ ᠬᠢᠵᠤ᠂ ᠪᠡᠶ᠎ᠠ ᠮᠠᠬᠠᠪᠤᠳ ᠢᠶᠠᠨ ᠴᠢᠬᠢᠷᠠᠭᠵᠢᠭᠤᠯᠵᠤ ᠦᠪᠡᠷ ᠤᠨ ᠪᠡᠶ᠎ᠡ ᠳᠡᠭᠡᠨ ᠠᠭᠤᠤ ᠶᠡᠭᠡ ᠬᠤᠪᠢᠰᠬᠠᠯ ᠬᠢᠵᠤ᠂ ᠰᠠᠨᠠᠭᠠᠴᠢᠯᠠᠭ᠎ᠠ ᠠᠴᠠ ᠪᠠᠨ ᠠᠷᠠᠳ ᠲᠦᠮᠡᠨ ᠲᠠᠢ ᠪᠤᠳᠤᠯ ᠢᠶᠠᠨ ᠨᠢᠭᠡᠳᠭᠡᠵᠤ᠂ ᠠᠷᠠᠳ ᠲᠦᠮᠡᠨ ᠲᠠᠢ ᠬᠦᠴᠦ ᠪᠠᠨ ᠬᠠᠮᠳᠤᠳᠬᠠᠪᠠᠯ᠂ ᠲᠤᠮᠳᠠᠳᠤ ᠶᠢᠨ ᠦᠨᠳᠤᠰᠤᠳᠠᠨ ᠤ ᠠᠭᠤᠤ ᠶᠡᠭᠡ ᠬᠦᠰᠡᠯ ᠵᠡᠭᠦᠳᠤ ᠪᠠᠨ ᠪᠡᠶᠡᠯᠡᠭᠦᠯᠬᠦ ᠠᠯᠬᠤᠭ᠎ᠠ ᠶᠢ ᠶᠡᠭᠤ ᠴᠤ ᠬᠤᠷᠢᠬᠯᠠᠵᠦ ᠴᠢᠳᠠᠬᠤ ᠦᠭᠡᠢ ᠶᠤᠮ᠃  
  ᠬᠦᠭᠡ ᠤᠬᠳᠠᠷᠭᠤᠢ ᠳᠤ ᠬᠦᠴᠦᠳᠦ ᠪᠦᠷᠬᠦᠳ ᠲᠡᠬᠦᠯᠢᠨ ᠨᠢᠰᠴᠦ᠂ ᠰᠢᠨ᠎ᠠ ᠠᠶᠠᠨ ᠳᠤ ᠤᠭ ᠰᠠᠨᠠᠭ᠎ᠠ ᠪᠠᠨ ᠪᠠᠷᠢᠮᠳᠠᠯᠠᠨ ᠡᠷᠡᠮᠡᠭᠡᠶᠢᠯᠡᠨ ᠲᠡᠮᠡᠴᠡᠨᠠᠮ᠃ 98 ᠵᠢᠯ ᠢ ᠲᠤᠭᠤᠯᠵᠤ᠂ ᠪᠢᠳᠠ ᠶᠠᠭ ᠰᠠᠶᠢᠬᠠᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠠᠯᠡᠭᠦᠯᠭᠦ ᠰᠢᠨ᠎ᠠ ᠠᠶᠠᠨ ᠵᠠᠮ ᠢᠶᠠᠷ ᠵᠠᠮᠨᠠᠵᠤ᠂ ᠨᠠᠮ ᠪᠠᠶᠢᠭᠤᠯᠬᠤ ᠦᠶ᠎ᠠ ᠶᠢᠨ ᠲᠤᠮᠳᠠᠳᠤ ᠤᠯᠤᠰ ᠤᠨ ᠡᠪ ᠬᠠᠮᠲᠦᠴᠤᠳ ᠤᠨ ᠲᠡᠮᠡᠴᠠᠯ ᠤᠨ ᠵᠤᠷᠢᠭ ᠰᠠᠨᠠᠭ᠎ᠠ ᠶᠢ ᠡᠭᠦᠷᠢᠳᠠ ᠪᠠᠳᠤᠯᠠᠵᠤ᠂ ᠠᠷᠠᠳ ᠲᠦᠮᠡᠨ ᠳᠤ ᠦᠢᠯᠠᠴᠢᠯᠡᠭᠦ ᠴᠢᠩ ᠦᠨᠡᠨᠴᠢ ᠰᠡᠳᠭᠢᠯ ᠢ ᠦᠨᠢᠳᠠ ᠪᠠᠳᠤᠯᠠᠬᠤ ᠭᠡᠷᠡᠭᠲᠡᠢ᠃ ᠪᠢᠳᠠ ᠰᠢ ᠶᠢᠨ ᠫᠢᠡᠭ ᠨᠦᠭᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠡᠩ ᠨᠢᠭᠳᠠᠷᠠᠨ ᠪᠦᠯᠭᠦᠮᠳᠠᠵᠤ᠂ ︽ᠲᠦᠷᠪᠠᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠠᠨ ᠢᠳᠡᠭᠡᠯ︾ ᠢᠶᠠᠨ ᠪᠠᠳᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠠᠶᠠᠯᠠᠭᠦᠯᠵᠤ᠂ ᠵᠤᠷᠢᠬ ᠢᠶᠠᠨ ᠬᠦᠪᠴᠢᠯᠡᠨ᠂ ᠵᠢᠯᠤᠭᠤ ᠪᠠᠨ ᠴᠢᠩᠭᠠᠯᠠᠵᠤ᠂ ᠬᠦᠴᠦ ᠪᠠᠨ ᠡᠷᠴᠢᠯᠡᠵᠤ᠂ 14 ᠳ᠋ᠦᠡᠭᠰᠢᠭᠤᠷ ᠰᠢᠬᠠᠮ ᠲᠤᠮᠳᠠᠳᠤ ᠤᠯᠤᠰ ᠤᠨ ᠠᠷᠠᠳ ᠲᠦᠮᠡᠨ ᠤ ᠠᠭᠤᠤ ᠶᠡᠭᠡ ᠭᠦᠰᠡᠯ ᠵᠡᠭᠦᠳᠤ ᠶᠢ ᠠᠴᠢᠶᠠᠯᠠᠭᠰᠠᠨ ᠲᠤᠮᠳᠠᠳᠤ ᠶᠢᠨ ᠲᠤᠮᠤ ᠬᠦᠯᠭᠡ ᠤᠡᠭᠭᠤᠴᠠ ᠶᠢ ᠦᠷᠭᠦᠯᠵᠢᠯᠠᠨ ᠳᠠᠪᠠᠯᠭᠠᠨ ᠢ ᠰᠦᠷᠦᠨ ᠤᠷᠤᠬᠰᠢᠯᠠᠭᠤᠯᠵᠤ᠂ ᠳᠠᠷᠪᠠᠭᠤᠯ ᠬᠡᠶᠢᠰᠭᠡᠨ ᠠᠯᠤᠰ ᠲᠤ ᠠᠶᠠᠯᠠᠭᠤᠯᠵᠤ᠂ ᠬᠦᠰᠡᠯ ᠪᠢᠯᠬᠠᠬᠰᠠᠨ ᠮᠠᠷᠭᠠᠰᠢ ᠶᠢ ᠵᠤᠷᠢᠨ ᠢᠯᠠᠯᠲᠠ ᠲᠠᠢ ᠤᠷᠤᠬᠰᠢᠯᠠᠭᠤᠯᠰᠤᠭᠠᠢ᠃  
     ︵ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 30 ᠤ ᠴᠠᠬᠢᠯᠭᠠᠨ ᠮᠡᠳᠡᠭᠡ︶



  
     
     