- ᠵᠥ ᠰᠡᠴᠡᠩᠭᠤᠸ᠎ᠠ
503
ᠮᠣᠩᠭᠣᠯ ᠬᠥᠵᠥᠷ ᠢᠶᠠᠷ ᠦᠰᠦᠭ ᠲᠠᠨᠢᠭᠤᠯᠬᠤ ᠠᠷᠭ᠎ᠠ
2019-12-26 23:52
339
0
ᠮᠣᠩᠭᠣᠯ ᠬᠥᠵᠥᠷ ᠢᠶᠠᠷ ᠦᠰᠦᠭ ᠲᠠᠨᠢᠭᠤᠯᠬᠤ ᠠᠷᠭ᠎ᠠ ᠶᠢᠨ ᠠᠴᠢ ᠬᠣᠯᠪᠣᠭᠳᠠᠯ ᠂
ᠦᠢᠯᠡᠳᠦᠯ ᠵᠢᠴᠢ ᠬᠡᠷᠡᠭᠯᠡᠬᠦ ᠠᠷᠭ᠎ᠠ
ᠪᠣᠤ ᠯᠦᠩ ᠱᠠᠨ ᠭᠣᠣᠯ ᠰᠤᠷᠭᠠᠭᠤᠯᠢ ᠵᠥ ᠰᠡᠴᠡᠩᠭᠤᠸ᠎ᠠ
ᠦᠰᠦᠭ ᠲᠠᠨᠢᠬᠤ ᠪᠣᠯ ᠤᠩᠰᠢᠬᠤ ᠪᠠ ᠵᠣᠬᠢᠶᠠᠨ ᠪᠢᠴᠢᠬᠦ ᠶᠢᠨ ᠰᠠᠭᠤᠷᠢ ᠮᠥᠨ ᠂ ᠳᠣᠸᠷ᠎ᠠ ᠣᠨ ᠤ ᠬᠡᠯᠡ ᠪᠢᠴᠢᠭ ᠦᠨ ᠵᠢᠭᠠᠨ ᠰᠤᠷᠭᠠᠯᠲᠠ ᠶᠢᠨ ᠰᠠᠭᠤᠷᠢ ᠮᠥᠨ ᠂ ᠲᠡᠷᠡ ᠨᠢ ᠰᠤᠷᠤᠭᠴᠢᠳ ᠤᠨ ᠤᠩᠰᠢᠬᠤ ᠴᠢᠳᠠᠪᠤᠷᠢ ᠪᠠ ᠵᠣᠬᠢᠶᠠᠨ ᠪᠢᠴᠢᠬᠦ ᠴᠢᠳᠠᠪᠤᠷᠢ ᠶᠢᠨ ᠬᠥᠮᠦᠵᠢᠯ ᠲᠡᠶ ᠰᠢᠭᠤᠳ ᠬᠣᠯᠪᠣᠭᠳᠠᠵᠤ ᠪᠠᠶᠢᠳᠠᠭ ᠃ ᠭᠡᠲᠡᠯ᠎ᠡ ᠴᠡᠴᠡᠷᠯᠢᠭ ᠦᠨ ᠬᠡᠤᠭᠡᠳ ᠪᠠᠭ᠎ᠠ ᠰᠤᠷᠭᠠᠭᠤᠯᠢ ᠳᠤ ᠰᠢᠯᠵᠢᠩᠭᠦᠲᠡ ᠦᠰᠦᠭ ᠲᠠᠨᠢᠬᠤ ᠳᠦ ᠮᠠᠰᠢ ᠬᠦᠴᠢᠷᠳᠡᠳᠡᠭ᠃ ᠲᠡᠭᠡᠪᠡᠯ ᠂ ᠬᠡᠷᠬᠢᠨ ᠨᠢᠭᠡᠳᠦᠭᠡᠷ ᠣᠨ ᠤ ᠰᠤᠷᠤᠭᠴᠢᠳ ᠢ ᠰᠠᠨᠠᠭᠠᠴᠢᠯᠠᠭ᠎ᠠ ᠠᠴᠠ ᠪᠠᠨ ᠦᠰᠦᠭ ᠲᠠᠨᠢᠬᠤ ᠪᠠ ᠦᠰᠦᠭ ᠲᠠᠨᠢᠬᠤ ᠴᠢᠳᠠᠪᠤᠷᠢ ᠶᠢ ᠨᠢ ᠳᠡᠭᠡᠭᠰᠢᠯᠡᠭᠦᠯᠬᠦ ᠪᠤᠢ ︖ ᠮᠣᠩᠭᠣᠯ ᠬᠥᠵᠥᠷ ᠢᠶᠠᠷ ᠦᠰᠦᠭ ᠲᠠᠨᠢᠭᠤᠯᠬᠤ ᠠᠷᠭ᠎ᠠ ᠪᠣᠯ ᠬᠡᠤᠭᠡᠳ ᠤᠨ ᠣᠨᠴᠠᠯᠢᠭ ᠲᠤ ᠲᠣᠬᠢᠷᠠᠭᠰᠠᠨ᠂ ᠬᠦᠮᠦᠨ ᠦ ᠲᠠᠨᠢᠯᠲᠠ ᠶᠢᠨ ᠵᠢᠮ᠎ᠡ ᠶᠣᠰᠤ ᠶᠢ ᠦᠨᠳᠦᠰᠦᠯᠡᠭᠰᠡᠨ᠂ ᠦᠢᠯᠡᠳᠦᠯᠭᠡ ᠶᠢᠨ ᠴᠢᠨᠠᠷ ᠲᠠᠢ᠂ ᠰᠢᠨ᠎ᠡ ᠬᠢᠴᠢᠶᠡᠯ ᠦᠨ ᠦᠭᠡᠷᠡᠴᠢᠯᠡᠯᠲᠡ ᠶᠢᠨ ᠵᠣᠷᠢᠭ ᠰᠠᠨᠠᠭ᠎ᠠ ᠶᠢ ᠲᠤᠰᠬᠠᠭᠰᠠᠨ ᠪᠦᠲᠦᠮᠵᠢᠲᠡᠢ ᠠᠷᠭ᠎ᠠ ᠪᠣᠯᠤᠨ᠎ᠠ᠃
ᠨᠢᠭᠡ ᠂ ᠮᠣᠩᠭᠣᠯ ᠬᠥᠵᠥᠷ ᠢᠶᠠᠷ ᠦᠰᠦᠭ ᠲᠠᠨᠢᠭᠤᠯᠬᠤ ᠠᠷᠭ᠎ᠠ ᠭᠡᠵᠦ ᠶᠠᠭᠤ ᠪᠤᠢ ︖
ᠲᠡᠷᠡ ᠪᠣᠯ ᠬᠢᠩᠭᠠᠨ ᠠᠶᠢᠮᠠᠭ ᠤᠨ ᠪᠠᠶᠠᠨᠬᠤᠰᠢᠭᠤ ᠲᠥᠷᠪᠡᠳᠦᠭᠡᠷ ᠪᠠᠭ᠎ᠠ ᠰᠤᠷᠭᠠᠭᠤᠯᠢ ᠶᠢᠨ ᠲᠤᠰᠬᠠᠶ ᠮᠡᠷᠭᠡᠵᠢᠯᠲᠡᠨ ᠪᠠᠶᠠᠨᠸ᠋ᠴᠢᠷ ᠪᠠᠭᠰᠢ ᠶᠢᠨ ᠳᠠᠭᠠᠭᠤᠯᠤᠨ ᠬᠢᠵᠦ ᠪᠠᠶᠢᠭ᠎ᠠ ︽ ᠬᠦᠵᠦᠷ ᠺᠠᠷᠲ ᠢᠶᠠᠷ ᠦᠰᠦᠭᠯᠡᠯ ᠦᠨ ᠪᠣᠭᠤᠮᠲᠠ ᠶᠢ ᠲᠠᠪᠠᠭᠤᠯᠬᠤ ︾ ᠰᠡᠳᠦᠪ ᠰᠤᠳᠤᠯᠭᠠᠨ ᠤ ᠭᠣᠣᠯ ᠠᠭᠤᠯᠭ᠎ᠠ ᠪᠣᠯᠤᠨ᠎ᠠ ᠃ ᠲᠡᠷᠡ ᠨᠢ ᠮᠣᠩᠭᠣᠯ ᠬᠡᠯᠡᠨ ᠦ ᠬᠦᠵᠦᠷ ᠺᠠᠷᠲ ᠢ ᠠᠰᠢᠭᠯᠠᠵᠤ ᠵᠢᠭᠠᠨ ᠰᠤᠷᠭᠠᠬᠤ ᠠᠵᠢᠯᠯᠠᠭ᠎ᠠ ᠦᠷᠨᠢᠭᠦᠯᠬᠦ ᠰᠢᠨ᠎ᠡ ᠨᠢᠭᠡ ᠵᠦᠢᠯ ᠦᠨ ᠬᠡᠯᠡ ᠪᠢᠴᠢᠭ ᠵᠢᠭᠠᠨ ᠰᠤᠷᠭᠠᠬᠤ ᠠᠷᠭ᠎ᠠ ᠬᠡᠯᠪᠡᠷᠢ ᠪᠣᠯᠤᠨ᠎ᠠ᠃ᠰᠣᠨᠢᠷᠬᠠᠯᠲᠤ ᠴᠢᠨᠠᠷ ᠢᠶᠠᠷ ᠴᠢᠩᠭ᠎ᠠ ᠂ ᠰᠤᠷᠤᠯᠴᠠᠬᠤ ᠴᠠᠭ ᠂ ᠭᠠᠵᠠᠷ ᠂ ᠣᠷᠣᠯᠴᠠᠬᠤ ᠬᠥᠮᠦᠰ ᠴᠥᠮ ᠲᠤᠶᠢᠯ ᠤᠨ ᠠᠮᠢᠳᠤᠯᠢᠭ ᠪᠠᠶᠢᠳᠠᠭ᠃