 

ᠠᠷᠪᠠᠨ ᠨᠢᠭᠡᠳᠤᠭᠡᠷ ᠬᠤᠭᠤᠴᠠᠭᠠᠨ ᠤ ᠪᠥᠬᠦ ᠤᠯᠤᠰ ᠤᠨ ᠲᠠᠮᠢᠷ ᠤᠨ ᠴᠤᠬᠯᠠᠭᠠᠨ ᠤ ᠮᠤᠷᠢᠨ ᠤᠷᠤᠯᠳᠤᠭᠠᠨ ᠬᠥᠬᠡᠬᠤᠳᠠ ᠳᠤ ᠡᠬᠢᠯᠠᠪᠠ

2019-07-13 20:34
  763
  0
 
   7 ᠰᠠᠷ᠎ᠠ ᠶᠢᠨ 12 ᠤᠨ ᠡᠳᠦᠷ᠂ ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ᠴᠦᠭᠡᠨ ᠲᠤᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠮᠤᠷᠢᠨ ᠤᠷᠤᠯᠳᠤᠭᠠᠨ ᠬᠦᠬᠡᠬᠤᠲᠠ ᠳᠠᠬᠢ ᠦᠪᠦᠷ ᠮᠤᠩᠭᠤᠯ ᠤᠨ ᠴᠦᠭᠡᠨ ᠲᠤᠭᠠᠲᠤ ᠦᠨᠳᠦᠰᠦᠲᠡᠨ ᠤ ᠤᠯᠠᠨ ᠲᠦᠮᠡᠨᠴᠢ ᠰᠤᠶᠤᠯ ᠪᠡᠶ᠎ᠡ ᠶᠢᠨ ᠲᠠᠮᠢᠷ ᠤᠨ ᠬᠦᠳᠡᠯᠭᠡᠭᠡᠨ ᠤ ᠲᠦᠪ ᠲᠤ ᠡᠬᠢᠯᠡᠪᠡ᠃
   ᠥᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠥᠵᠢ᠂ ᠥᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠥ᠋ ᠰᠢᠶᠤᠤ ᠯᠢᠨ᠂ ᠤᠯᠤᠰ ᠤᠨ ᠥᠨᠳᠤᠰᠤᠳᠠᠨ ᠤ ᠭᠡᠷᠡᠭ ᠡᠷᠬᠢᠯᠡᠬᠦ ᠵᠥᠪᠯᠠᠯ ᠤᠨ ᠲᠡᠳ᠋ ᠡᠷᠬᠢᠯᠡᠭᠴᠢ ᠬᠥᠸᠧ ᠸᠧᠢ ᠫᠢᠡᠭ᠂ ᠾᠧᠨᠠᠨ ᠮᠤᠵᠢ ᠶᠢᠨ ᠵᠠᠰᠠᠬ ᠤᠨ ᠤᠷᠳᠤᠨ ᠤ ᠲᠡᠳ᠋ ᠲᠡᠷᠢᠬᠦᠯᠡᠭᠴᠢ ᠳ᠋ᠠᠢ ᠪᠦᠸᠧ ᠬᠤᠸᠠ᠂ ᠥᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠸᠠᠩ ᠯᠢ ᠰᠢᠶᠠ᠂ ᠪᠠᠢ ᠢᠤᠢ ᠭᠠᠨᠭ᠌᠂ ᠪᠤᠤ ᠭᠠᠨᠭ᠌᠂ ᠯᠢᠤ ᠰᠢᠨ ᠯᠧ ᠵᠢᠴᠢ ᠤᠯᠤᠰ ᠤᠨ ᠪᠡᠶ᠎ᠠ ᠶᠢᠨ ᠲᠠᠮᠢᠷ ᠤᠨ ᠲᠤᠪᠴᠢᠶ᠎ᠠ ᠶᠢᠨ ᠬᠤᠯᠪᠤᠬᠳᠠᠯ ᠪᠥᠬᠦᠢ ᠬᠠᠷᠢᠭᠤᠴᠠᠯᠭᠠᠳᠠᠨ ᠨᠦᠬᠦᠳ ᠡᠬᠢᠯᠡᠯᠳᠠ ᠶᠢᠨ ᠶᠤᠰᠤᠯᠠᠯ ᠳᠤ ᠤᠷᠤᠯᠴᠠᠵᠠᠢ᠃
   9 ᠴᠠᠭ 55 ᠮᠢᠨᠦ᠋ᠲ ᠲᠤ᠂ ᠬᠥᠸᠧ ᠸᠧᠢ ᠫᠢᠡᠭ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠠᠷᠪᠠᠨ ᠨᠢᠬᠡᠳᠤᠭᠡᠷ ᠬᠤᠭᠤᠴᠠᠭᠠᠨ ᠤ ᠪᠥᠬᠦ ᠤᠯᠤᠰ ᠤᠨ ᠴᠥᠭᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠴᠤᠬᠯᠠᠭᠠᠨ ᠤ ᠮᠤᠷᠢᠨ ᠤᠷᠤᠯᠳᠤᠭᠠᠨ ᠡᠬᠢᠯᠡᠭᠰᠡᠨ ᠢ ᠵᠠᠷᠯᠠᠪᠠ᠃ ᠲᠠᠷᠠᠭ᠎ᠠ ᠨᠢ ᠪᠥ᠋ ᠰᠢᠶᠤᠤ ᠯᠢᠨ ᠲᠦᠪ ᠭᠤᠤᠯᠴᠢ ᠪᠠᠷ ᠤᠷᠤᠯᠳᠤᠬᠤ ᠪᠠ ᠡᠷᠡᠮᠡᠬᠡᠶᠢᠯᠡᠨ ᠲᠠᠮᠡᠴᠡᠬᠦ ᠵᠤᠷᠢᠭ ᠰᠠᠨᠠᠭ᠎ᠠ ᠶᠢ ᠪᠡᠯᠬᠡᠳᠡᠭᠰᠡᠨ ᠮᠤᠷᠢᠨ ᠮᠡᠷᠭᠡᠵᠢᠯ ᠤᠨ ᠤᠷᠤᠯᠳᠤᠭᠠᠨ ᠤ ᠪᠠᠷᠢᠶᠠᠨ ᠤ ᠭᠠᠵᠠᠷ ᠤᠨ ᠳᠤᠬᠢᠶᠠᠨ ᠲᠤᠭ ᠢ ᠤᠷᠤᠯᠳᠤᠭᠠᠨ ᠤ ᠬᠢᠨᠠᠬᠴᠢ ᠶᠢᠨ ᠲᠠᠷᠤᠭ᠎ᠠ ᠳᠤ ᠭᠠᠷᠳᠠᠭᠤᠯᠤᠭᠰᠠᠨ ᠪᠠᠶᠢᠨ᠎ᠠ᠃
   ᠡᠬᠢᠯᠠᠯᠳᠠ ᠶᠢᠨ ᠶᠤᠰᠤᠯᠠᠯ ᠲᠡᠭᠡᠷ᠎ᠠ ︽ᠡᠯᠢᠭᠡ ᠨᠢᠭᠡᠲᠡᠢ ᠳᠤᠮᠳᠠᠳᠤ ᠶᠢᠨ ᠦᠨᠳᠦᠰᠦᠲᠡᠨ ᠭᠠᠷ ᠬᠤᠯᠪᠤᠯᠴᠠᠨ ᠰᠢᠨ᠎ᠡ ᠴᠠᠭ ᠦᠶ᠎ᠡ ᠳᠤ ᠡᠷᠡᠮᠡᠭᠡᠶᠢᠯᠡᠨ ᠤᠷᠤᠭᠰᠢᠯᠠᠶ᠎ᠠ︾ ᠭᠡᠬᠦ ᠭᠤᠤᠯ ᠰᠡᠳᠦᠪᠲᠦ ᠤᠷᠠᠨ ᠰᠠᠶᠢᠬᠠᠨ ᠤ ᠲᠤᠭᠯᠠᠯᠲᠠ ᠭᠠᠷᠭᠠᠵᠤ᠂ ᠲᠤᠰ ᠤᠳᠠᠭ᠎ᠠ ᠶᠢᠨ ᠤᠷᠤᠯᠳᠤᠭᠠᠨ ᠤ ᠦᠨᠳᠦᠰᠦᠲᠡᠨ ᠤ ᠤᠨᠴᠠᠯᠢᠭ ᠪᠠ ᠤᠷᠤᠨ ᠨᠤᠲᠤᠭ ᠤᠨ ᠤᠨᠴᠠᠯᠢᠭ ᠢ ᠳᠤᠪᠤᠶᠢᠯᠭᠠᠨ᠂ ᠪᠦᠬᠦ ᠤᠯᠤᠰ ᠤᠨ ᠴᠦᠭᠡᠨ ᠲᠤᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠪᠦᠯᠬᠦᠮᠳᠡᠯ ᠳᠠᠪᠰᠢᠯᠲᠠ ᠶᠢᠨ ᠪᠠᠶᠠᠷ ᠪᠠᠶᠠᠰᠤᠯᠲᠤ ᠠᠭᠤᠷ ᠠᠮᠢᠰᠬᠤᠯ ᠢ ᠦᠳᠭᠡᠷᠡᠭᠦᠯᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠲᠠᠨᠢᠯᠲᠠ ᠶᠢ ᠪᠠᠲᠤᠳᠬᠠᠨ᠂ ᠠᠭᠤᠤ ᠶᠡᠭᠡ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠴᠠᠭ ᠦᠶ᠎ᠡ ᠶᠢᠨ ᠬᠡᠪ ᠨᠠᠮᠪᠠ ᠶᠢ ᠬᠠᠷᠠᠭᠤᠯᠤᠭᠰᠠᠨ ᠪᠠᠶᠢᠨ᠎ᠠ᠃
   ᠲᠤᠰ ᠤᠳᠠᠭ᠎ᠠ ᠶᠢᠨ ᠮᠤᠷᠢᠨ ᠤᠷᠤᠯᠳᠤᠭᠠᠨ ᠪᠤᠯ ᠪᠥᠬᠦ ᠤᠯᠤᠰ ᠤᠨ ᠴᠥᠭᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠴᠤᠬᠯᠠᠭᠠᠨ ᠤ ᠠᠩᠬᠠᠨ ᠤ ᠤᠷᠤᠯᠳᠤᠭᠠᠨ ᠤ ᠲᠥᠷᠥᠯ ᠪᠤᠯᠤᠨ᠎ᠠ᠃ ᠤᠷᠤᠯᠳᠤᠭᠠᠨ ᠳᠤ ᠥᠨᠳᠤᠰᠤᠳᠠᠨ ᠤ ᠮᠤᠷᠢᠨ ᠮᠡᠷᠭᠡᠵᠢᠯ ︵ᠬᠤᠷᠳᠤᠨ ᠮᠤᠷᠢ᠂ ᠵᠢᠷᠤᠭ᠎ᠠ ᠮᠤᠷᠢ᠂ ᠨᠠᠮᠨᠠᠭ᠎ᠠ᠂ ᠮᠤᠷᠢᠨ ᠳᠡᠭᠡᠷ᠎ᠡ ᠠᠴᠠ ᠬᠠᠳᠠᠭ ᠰᠢᠭᠦᠷᠬᠦ︶ ᠪᠠ ᠮᠤᠷᠢᠨ ᠨᠢᠷᠤᠭᠤᠨ ᠲᠡᠭᠡᠷᠡᠬᠢ ᠲᠤᠬᠯᠠᠯᠳᠠ ᠵᠡᠷᠭᠡ ᠬᠤᠶᠠᠷ ᠶᠡᠭᠡ ᠲᠥᠷᠥᠯ ᠤᠨ ᠤᠷᠤᠯᠳᠤᠭᠠᠨ ᠶᠠᠪᠤᠬᠳᠠᠵᠥ᠂ ᠾᠧᠪᠸᠢ᠂ ᠱᠠᠨ ᠰᠢ᠂ ᠥᠪᠥᠷ ᠮᠤᠩᠭᠤᠯ᠂ ᠾᠧᠨᠠᠨ᠂ ᠶᠥᠨᠨᠠᠨ᠂ ᠲᠥᠪᠡᠳ᠂ ᠬᠥᠭᠡᠨᠡᠭᠤᠷ᠂ ᠰᠢᠨᠵᠢᠶᠠᠩ᠂ ᠰᠢᠨᠵᠢᠶᠠᠩ ᠤᠨ ᠥᠢᠯᠡᠳᠪᠤᠷᠢᠯᠡᠯ ᠪᠥᠳᠥᠭᠡᠨ ᠪᠠᠶᠢᠭᠤᠯᠤᠯᠳᠠ ᠶᠢᠨ ᠪᠢᠡᠭᠲ᠋ᠤᠸᠠᠨ ᠵᠡᠷᠭᠡ 9 ᠲᠥᠯᠥᠭᠡᠯᠡᠭᠴᠢ ᠶᠢᠨ ᠪᠥᠯᠬᠦᠮ ᠤᠨ 305 ᠲᠠᠮᠢᠷᠴᠢᠨ᠂ 365 ᠮᠤᠷᠢ᠂ 13 ᠲᠡᠮᠡᠭᠡ ᠤᠷᠤᠯᠳᠤᠭᠠᠨ ᠳᠤ ᠤᠷᠤᠯᠴᠠᠵᠤ᠂ ᠤᠷᠤᠯᠳᠤᠭᠠᠨ ᠨᠢ 7 ᠰᠠᠷ᠎ᠠ ᠶᠢᠨ 17 ᠤ ᠡᠳᠤᠷ ᠲᠤ ᠦᠨᠳᠤᠷᠯᠡᠬᠦ ᠪᠤᠯᠤᠨ᠎ᠠ᠃ ᠲᠤᠰ ᠤᠳᠠᠭ᠎ᠠ ᠶᠢᠨ ᠤᠷᠤᠯᠳᠤᠭᠠᠨ ᠢ ᠤᠯᠤᠰ ᠤᠨ ᠥᠨᠳᠤᠰᠤᠳᠠᠨ ᠤ ᠭᠡᠷᠡᠭ ᠡᠷᠭᠢᠯᠡᠬᠦ ᠵᠥᠪᠯᠠᠯ᠂ ᠤᠯᠤᠰ ᠤᠨ ᠪᠡᠶ᠎ᠠ ᠶᠢᠨ ᠲᠠᠮᠢᠷ ᠤᠨ ᠶᠡᠷᠥᠩᠭᠡᠢ ᠲᠤᠪᠴᠢᠶ᠎ᠠ ᠠᠴᠠ ᠭᠤᠤᠯᠯᠠᠨ ᠡᠷᠬᠢᠯᠡᠵᠥ᠂ ᠬᠥᠬᠡᠬᠤᠳᠠ ᠶᠢᠨ ᠵᠠᠰᠠᠬ ᠤᠨ ᠤᠷᠳᠤᠨ ᠠᠴᠠ ᠲᠠᠭᠠᠭᠠᠴᠢᠯᠠᠨ ᠡᠷᠬᠢᠯᠡᠪᠡ ᠵᠣᠬᠢᠶᠠᠭᠴᠢ᠄  ᠦᠷᠭᠡᠨ 



  
     
     