 

︽ᠰᠦᠬᠡ ᠠᠪᠠᠭ᠎ᠠ︾᠎ ᠶᠢᠨ ᠮᠤᠩᠭᠤᠯ ᠬᠡᠯᠡᠨ ᠤ ᠬᠢᠴᠢᠶᠡᠯ

2020-11-10 14:38
  127
  0
   ᠤᠶᠢᠷ᠎ᠠ ᠶᠢᠨ ᠡᠳᠤᠷ᠂ ᠤᠯᠠᠭᠠᠨᠬᠠᠳᠠ ᠬᠤᠲᠠ ᠶᠢᠨ ᠬᠤᠩᠱᠠᠨ ᠲᠤᠭᠤᠷᠢᠭ ᠤᠨ ᠰᠦᠩ ᠱᠦ ᠶᠤᠸᠠᠨ ᠨᠡᠶᠢᠭᠡᠮ ᠲᠤᠭᠤᠷᠢᠭ ᠲᠤ ᠬᠡᠦᠬᠡᠳ ᠪᠠᠭᠠᠴᠤᠳ ᠬᠦᠭᠰᠢᠳ ᠵᠠᠯᠠᠭᠤᠰ ᠴᠤᠭᠯᠠᠷᠠᠵᠤ᠂ ᠠᠯᠲᠠᠨᠰᠦ᠋ᠬᠡ ᠶᠢᠨ ᠡᠷᠬᠢᠯᠡᠭᠰᠡᠨ ᠮᠤᠩᠭᠤᠯ ᠬᠡᠯᠡᠨ ᠤ ᠬᠢᠴᠢᠶᠡᠯ ᠢ ᠰᠤᠨᠤᠰᠬᠤ ᠪᠠᠷ ᠬᠦᠯᠢᠶᠡᠵᠡᠬᠡᠨ᠎ᠡ᠃ ᠡᠨᠡ ᠬᠦ ᠬᠢᠴᠢᠶᠡᠯ ᠨᠢ ᠲᠡᠳᠡᠨᠦᠰ ᠲᠤ ᠮᠤᠩᠭᠤᠯ ᠦᠨᠳᠦᠰᠦᠲᠡᠨ ᠤ ᠰᠤᠶᠤᠯ ᠲᠡᠦᠬᠡ ᠶᠢ ᠤᠶᠢᠯᠠᠭᠠᠭᠤᠯᠵᠤ᠂ ᠮᠤᠩᠭᠤᠯ ᠬᠡᠯᠡ ᠰᠤᠷᠬᠤ ᠬᠦᠰᠡᠯ ᠢ ᠬᠠᠩᠭᠠᠭᠰᠠᠨ ᠠᠴᠠ ᠤᠳᠠᠭ᠎ᠠ ᠪᠦᠷᠢ ᠶᠢᠨ ᠬᠢᠴᠢᠶᠡᠯ ᠳᠡᠭᠡᠷ᠎ᠠ ᠰᠤᠷᠤᠭᠴᠢᠳ ᠳᠦᠬᠦᠷᠡᠩ ᠪᠠᠶᠢᠳᠠᠭ᠃
    ᠠᠯᠲᠠᠨᠰᠦ᠋ᠬᠡ ᠪᠤᠯ ᠬᠤᠩᠱᠠᠨ ᠲᠤᠭᠤᠷᠢᠭ ᠤᠨ ᠴᠢᠶᠤᠤ ᠪᠸᠢ ᠵᠡᠭᠡᠯᠢ ᠭᠤᠲᠤᠮᠵᠢ ᠶᠢᠨ ᠰᠦᠩ ᠱᠦ ᠶᠤᠸᠠᠨ ᠨᠡᠶᠢᠭᠡᠮ ᠲᠤᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠴᠢ᠂ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠲᠡᠭᠦᠨ ᠢ ᠰᠦᠬᠡ ᠠᠪᠠᠭ᠎ᠠ ᠬᠡᠮᠡᠨ ᠲᠤᠳᠤᠨᠤᠴᠢᠯᠠᠨ ᠳᠠᠭᠤᠳᠠᠳᠠᠭ᠃ ᠰᠦᠩ ᠱᠦ ᠶᠤᠸᠠᠨ ᠨᠡᠶᠢᠭᠡᠮ ᠲᠣᠭᠤᠷᠢᠭ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠢ ᠶᠢ ᠡᠭᠦᠳᠦᠨ ᠪᠠᠶᠢᠭᠤᠯᠬᠤ ᠦᠶ᠎ᠠ ᠳᠤ᠂ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠳᠤ ᠨᠠᠩ ᠰᠠᠶᠢᠨ ᠦᠢᠯᠡᠴᠢᠯᠡᠬᠦ ᠶᠢᠨ ᠲᠥᠯᠥᠭᠡ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠴᠥᠭᠡᠨ ᠲᠣᠭᠠᠲᠤ ᠦᠨᠳᠦᠰᠦᠲᠡᠨ ᠤ ᠰᠠᠶᠢᠨ ᠳᠤᠷᠠᠴᠤᠳ ᠤᠨ ᠦᠢᠯᠡᠴᠢᠯᠡᠭᠡᠨ ᠤ ᠴᠣᠩᠬᠤᠪᠴᠢ ᠭᠠᠷᠭᠠᠵᠤ᠂ ᠮᠣᠩᠭᠤᠯ ᠬᠢᠲᠠᠳ ᠬᠡᠯᠡᠨ ᠳᠤ ᠨᠡᠪᠲᠡᠷᠡᠭᠰᠡᠨ ᠰᠠᠶᠢᠨ ᠳᠤᠷ᠎ᠠ ᠶᠢᠨ ᠠᠵᠢᠯᠲᠠᠨ ᠡᠯᠰᠡᠵᠡᠢ᠃ ᠡᠨᠡ ᠬᠦ ᠴᠢᠮᠡᠭᠡ ᠶᠢ ᠲᠤᠭᠤᠯᠤᠭᠰᠠᠨ ᠠᠯᠲᠠᠨᠰᠦ᠋ᠬᠡ ᠬᠠᠮᠤᠭ ᠤᠨ ᠲᠦᠷᠦᠭᠦᠨ ᠳᠤ ᠨᠡᠷ᠎ᠡ ᠮᠡᠳᠡᠭᠦᠯᠪᠡ᠃ ᠨᠡᠶᠢᠭᠡᠮ ᠲᠣᠭᠤᠷᠢᠭ ᠠᠴᠠ ᠲᠡᠭᠦᠨ ᠤ ᠦᠨᠳᠦᠰᠦᠨ ᠪᠠᠶᠢᠳᠠᠯ ᠢ ᠣᠶᠢᠯᠠᠭᠠᠭᠰᠠᠨ ᠰᠠᠭᠤᠷᠢᠨ ᠳᠡᠭᠡᠷ᠎ᠡ ᠲᠡᠭᠦᠨ ᠢᠶᠠᠷ ᠴᠥᠭᠡᠨ ᠲᠣᠭᠠᠲᠤ ᠦᠨᠳᠦᠰᠦᠲᠡᠨ ᠤ ᠰᠠᠶᠢᠨ ᠳᠤᠷᠠᠴᠤᠳ ᠤᠨ ᠦᠢᠯᠡᠴᠢᠯᠡᠭᠡᠨ ᠤ ᠴᠣᠩᠬᠤᠪᠴᠢ ᠶᠢ ᠬᠠᠷᠢᠭᠤᠴᠠᠭᠤᠯᠪᠠ᠃ ᠲᠡᠷᠡ ᠨᠡᠶᠢᠭᠡᠮ ᠲᠣᠭᠤᠷᠢᠭ ᠲᠤ ᠤᠴᠢᠷ ᠶᠠᠪᠤᠳᠠᠯ ᠲᠠᠢ ᠢᠷᠡᠭᠰᠡᠨ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠳᠤ ᠤᠷᠭᠢᠯᠤᠮ᠎ᠠ ᠬᠠᠯᠠᠭᠤᠨ ᠰᠡᠳᠬᠢᠯᠭᠡ ᠪᠠᠷ ᠦᠢᠯᠡᠴᠢᠯᠡᠵᠥ᠂ ᠲᠥᠷᠥ ᠶᠢᠨ ᠪᠣᠳᠣᠯᠭ᠎ᠠ ᠶᠢ ᠬᠦᠯᠢᠴᠡᠩᠬᠦᠢ ᠨᠢᠮᠪᠠᠢ ᠲᠠᠶᠢᠯᠪᠤᠷᠢᠯᠠᠨ ᠦᠭᠬᠦ ᠶᠢᠨ ᠳᠠᠭᠠᠤ ᠳᠤ ᠠᠯᠢ ᠴᠢᠳᠠᠬᠤ ᠬᠢᠷᠢ ᠪᠠᠷ ᠢᠶᠠᠨ ᠳᠥᠭᠦᠮ ᠦᠵᠡᠭᠦᠯᠵᠥ ᠪᠠᠶᠢᠯ᠎ᠠ᠃  ᠪᠢ ᠬᠢᠲᠠᠳ ᠬᠡᠯᠡᠨ ᠳᠡᠭᠡᠨ ᠮᠠᠭᠤ᠂ ᠥᠩᠭᠡᠷᠡᠭᠰᠡᠨ ᠳᠤ ᠨᠡᠶᠢᠭᠡᠮ ᠲᠣᠭᠤᠷᠢᠭ ᠤᠴᠢᠷ ᠶᠠᠪᠤᠳᠠᠯ ᠲᠠᠢ ᠢᠷᠡᠭᠰᠡᠬᠡᠷ ᠮᠠᠰᠢ ᠤᠷᠲᠤ ᠬᠤᠭᠤᠴᠠᠭ᠎ᠠ ᠬᠡᠷᠡᠭᠰᠡᠳᠡᠭ᠂ ᠡᠨᠡ ᠬᠦ ᠴᠣᠩᠬᠤᠪᠴᠢ ᠶᠢ ᠭᠠᠷᠭᠠᠭᠰᠠᠨ ᠨᠢ ᠨᠠᠳᠠ ᠳᠤ ᠲᠤᠩ ᠲᠦᠬᠦᠮ ᠪᠤᠯᠤᠭᠰᠠᠨ ᠬᠡᠵᠥ ᠰᠠᠭᠤᠭᠠᠯᠢ ᠠᠷᠠᠳ ᠮᠠᠨᠳᠤᠯ᠎ᠠ ᠬᠠᠨᠤᠮᠵᠢᠲᠠᠶᠢᠬᠠᠨ ᠶᠠᠷᠢᠵᠦ ᠪᠠᠶᠢᠯ᠎ᠠ᠃ ᠰᠠᠭᠤᠭᠠᠯᠢ ᠠᠷᠠᠳ ᠲᠤ ᠦᠢᠯᠡᠴᠢᠯᠡᠬᠦ ᠶᠠᠪᠤᠴᠠ ᠳᠤ᠂ ᠠᠯᠲᠠᠨᠰᠦ᠋ᠬᠡ ᠮᠠᠰᠢ ᠤᠯᠠᠨ ᠰᠠᠭᠤᠭᠠᠯᠢ ᠠᠷᠠᠳ ᠮᠣᠩᠭᠤᠯ ᠦᠨᠳᠦᠰᠦᠲᠡᠨ ᠤ ᠲᠡᠦᠬᠡ ᠰᠣᠶᠣᠯ ᠪᠠ ᠮᠣᠩᠭᠤᠯ ᠬᠡᠯᠡ ᠰᠤᠷᠤᠯᠴᠠᠬᠤ ᠪᠤᠳᠤᠯ ᠵᠤᠷᠢᠯ ᠲᠠᠢ ᠪᠠᠶᠢᠬᠤ ᠶᠢ ᠣᠶᠢᠯᠠᠭᠠᠵᠤ ᠮᠡᠳᠡᠭᠡᠳ ᠨᠡᠶᠢᠭᠡᠮ ᠲᠣᠭᠤᠷᠢᠭ ᠤᠨ ᠨᠠᠮ ᠤᠨ ᠡᠭᠦᠷ ᠲᠤ ᠡᠨᠡ ᠬᠦ ᠪᠠᠶᠢᠢᠳᠠᠯ ᠢ ᠲᠤᠰᠬᠠᠨ ᠮᠣᠩᠭᠤᠯ ᠬᠡᠯᠡᠨ ᠤ ᠬᠢᠴᠢᠶᠡᠯ ᠡᠷᠬᠢᠯᠡᠬᠦ ᠪᠠᠷ ᠡᠷᠡᠮᠡᠯᠵᠡᠵᠡᠢ᠃ ᠲᠡᠷᠡ᠄  ᠮᠣᠩᠭᠤᠯ ᠬᠡᠯᠡᠨ ᠤ ᠬᠢᠴᠢᠶᠡᠯ ᠨᠢ ᠨᠡᠶᠢᠭᠡᠮ ᠲᠣᠭᠤᠷᠢᠭ ᠤᠨ ᠠᠵᠢᠯᠲᠠᠳ ᠲᠤ ᠡᠳᠦᠷ ᠲᠤᠳᠤᠮ ᠤᠨ ᠬᠡᠷᠡᠭᠯᠡᠬᠡᠨ ᠤ ᠮᠣᠩᠭᠤᠯ ᠬᠡᠯᠡ ᠶᠢ ᠡᠵᠡᠮᠰᠢᠬᠦᠯᠵᠥ᠂ ᠲᠡᠳᠡᠨ ᠤ ᠣᠯᠠᠨ ᠲᠦᠮᠡᠨ ᠲᠠᠢ ᠬᠠᠷᠢᠯᠴᠠᠬᠤ ᠳᠤ ᠲᠤᠰᠠ ᠳᠥᠭᠦᠮ ᠦᠵᠡᠬᠦᠯᠬᠦ ᠪᠤᠯᠤᠨ᠎ᠠ᠂ ᠮᠣᠩᠭᠤᠯ ᠦᠨᠳᠦᠰᠦᠲᠡᠨ ᠤ ᠰᠣᠶᠣᠯ ᠳᠤ ᠪᠠᠭ᠋ᠠᠲᠠᠶ ᠰᠠᠭᠤᠭᠠᠯᠢ ᠠᠷᠠᠳ ᠲᠤ ᠮᠣᠩᠭᠤᠯ ᠦᠨᠳᠦᠰᠦᠲᠡᠨ ᠤ ᠲᠡᠤᠬᠡ ᠶᠢ ᠴᠤ ᠨᠠᠩ ᠰᠠᠶᠢᠨ ᠣᠶᠢᠯᠠᠭᠠᠭᠤᠯᠵᠤ ᠪᠣᠯᠤᠨ᠎ᠠ ᠭᠡᠵᠦ ᠪᠤᠳᠤᠯ ᠢᠶᠠᠨ ᠳᠡᠯᠭᠡᠪᠠ᠃ ᠲᠡᠭᠦᠨ ᠤ ᠡᠨᠡ ᠬᠦ ᠰᠠᠨᠠᠯ ᠨᠢ ᠨᠡᠶᠢᠭᠡᠮ ᠲᠣᠭᠤᠷᠢᠭ ᠤᠨ ᠳᠡᠮᠵᠢᠯᠭᠡ ᠶᠢ ᠣᠯᠵᠤ᠂ ᠨᠡᠶᠢᠭᠡᠮ ᠲᠣᠭᠤᠷᠢᠭ ᠠᠴᠠ ᠮᠣᠩᠭᠤᠯ ᠬᠡᠯᠡᠨ ᠤ ᠬᠢᠴᠢᠶᠡᠯ ᠡᠷᠬᠢᠯᠡᠬᠦ ᠳᠤᠰᠬᠠᠢ ᠲᠠᠯᠠᠪᠤᠷ᠂ ᠭᠡᠷᠡᠭᠯᠡᠬᠦ ᠲᠥᠬᠦᠭᠡᠷᠦᠮᠵᠢ ᠬᠠᠩᠭᠠᠵᠤ᠂ ᠮᠣᠩᠭᠤᠯ ᠨᠣᠮ ᠬᠤᠳᠠᠯᠳᠤᠨ ᠠᠪᠴᠤ ᠪᠠᠰᠠ ᠮᠣᠩᠭᠤᠯ ᠢᠶᠠᠷ ᠬᠢᠴᠢᠶᠡᠯᠯᠡᠬᠦ ᠲᠤᠰᠬᠠᠢ ᠬᠢᠴᠢᠶᠡᠯ ᠤᠨ ᠫᠷᠦᠭᠷᠡᠮ ᠢ ᠵᠢᠭᠡᠯᠡᠵᠥ ᠠᠪᠴᠢᠷᠠᠵᠠᠢ᠃
     ᠠᠯᠲᠠᠨᠰᠦ᠋ᠬᠡ᠂ ᠮᠣᠩᠭᠤᠯ ᠬᠡᠯᠡᠨ ᠤ ᠬᠢᠴᠢᠶᠡᠯ ᠤᠨ ᠲᠠᠩᠬᠢᠮ ᠢ ᠠᠵᠢᠯ ᠠᠴᠠ ᠪᠠᠨ ᠠᠮᠠᠷᠠᠭᠰᠠᠨ ᠤ ᠳᠠᠷᠠᠭᠠᠬᠢ ᠬᠤᠶᠠᠳᠡᠬᠢ ᠠᠵᠢᠯ ᠦᠢᠯᠡᠰ ᠢᠶᠠᠨ ᠪᠤᠯᠭᠠᠨ᠂ ᠬᠢᠴᠢᠶᠡᠯ ᠢᠶᠠᠨ ᠰᠠᠶᠢᠨ ᠵᠢᠭᠠᠬᠤ ᠪᠠᠷ ᠴᠢᠷᠮᠠᠶᠢᠨ᠎ᠠ᠃ ᠲᠡᠭᠦᠨ ᠤ ᠬᠢᠴᠢᠶᠡᠯ ᠢ ᠰᠤᠨᠤᠰᠤᠭᠴᠢ ᠳᠤ ᠪᠠᠶᠢᠭᠤᠯᠭ᠎ᠠ ᠶᠢᠨ ᠺᠠᠳ᠋ᠷ᠂ ᠬᠡᠦᠬᠡᠳ ᠪᠠᠭᠠᠴᠤᠳ᠂ ᠦᠲᠡᠯᠦᠭᠡ ᠨᠠᠰᠤᠲᠠᠳ ᠵᠡᠷᠬᠡ ᠪᠠᠶᠢᠵᠤ᠂ ᠤᠯᠠᠩᠬᠢ ᠨᠢ ᠮᠤᠩᠭᠤᠯ ᠬᠡᠯᠡᠨ ᠤ ᠰᠠᠭᠤᠷᠢ ᠮᠡᠳᠡᠯᠭᠡ ᠦᠭᠡᠢ ᠲᠤᠯᠠ ᠡᠭᠡᠰᠢᠭ ᠪᠠ ᠭᠡᠶᠢᠭᠦᠯᠦᠭᠴᠢ ᠠᠴᠠ ᠡᠬᠢᠯᠡᠵᠦ ᠵᠢᠭᠠᠬᠤ ᠬᠡᠷᠡᠭᠲᠡᠶ᠃ ᠬᠢᠴᠢᠶᠡᠯ ᠤᠨ ᠲᠠᠩᠬᠢᠮ ᠳᠤ ᠶᠡᠷᠦ ᠨᠢ ᠡᠯ᠎ᠡ ᠵᠦᠢᠯ ᠤᠨ ᠠᠰᠠᠭᠤᠯᠲᠠ ᠲᠠᠰᠤᠷᠠᠬᠤ ᠦᠭᠡᠢ᠂ ᠤᠯᠠᠨ ᠤ ᠳᠤᠷᠠᠳᠤᠭᠰᠠᠨ ᠠᠰᠠᠭᠤᠯᠲᠠ ᠪᠤᠯᠭᠠᠨ ᠢ ᠲᠡᠷᠡ ᠬᠦᠯᠢᠴᠡᠩᠭᠦᠶ ᠰᠤᠨᠤᠰᠴᠤ ᠨᠠᠷᠢᠨ ᠲᠠᠶᠢᠢᠯᠪᠤᠷᠢᠯᠠᠵᠤ ᠦᠭᠳᠡᠭ᠃ ᠣᠲᠣ ᠠᠯᠳᠠᠨᠰᠦ᠋ᠬᠡ ᠶᠢᠨ ᠡᠷᠬᠢᠯᠡᠭᠰᠡᠡ ᠮᠣᠩᠭᠤᠯ ᠬᠡᠯᠡᠨ ᠤ ᠬᠢᠴᠢᠶᠡᠯ ᠤᠨ ᠲᠠᠩᠬᠢᠮ ᠨᠢᠭᠡᠨᠲᠡ ᠬᠤᠩᠱᠠᠨ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠨᠠᠷᠠᠲᠤ ᠲᠥᠷᠥᠯ ᠲᠡᠮᠳᠡᠭ ᠤᠨ ᠲᠥᠷᠥᠯ ᠵᠦᠶᠯ ᠪᠣᠯᠤᠭᠠᠳ ᠪᠠᠶᠢᠨ᠎ᠠ᠃︵ᠸᠠᠩ ᠲᠠᠨ᠎ᠠ︶ 



  
     
     