-
6434366
︽ᠠᠯᠳᠠᠰᠢ ᠦᠭᠡᠢ ᠲᠤᠬᠢᠶᠠᠯ︾ᠦᠵᠡᠭᠴᠢᠳ ᠲᠠᠢ ᠪᠠᠨ ᠵᠤᠯᠭᠠᠯ᠎ᠠ
2018-07-12 14:53
625
0
7 ᠰᠠᠷ᠎ᠠ ᠶᠢᠨ 6 ᠤ ᠡᠳᠤᠷ᠂ ᠳᠤᠮᠳᠠᠳᠤ ᠤᠯᠤᠰ ᠤᠨ ᠺᠢᠨᠤᠴᠢᠳ ᠤᠨ ᠨᠡᠶᠢᠬᠡᠮᠯᠢᠭ᠂ ᠬᠦᠬᠡᠬᠤᠳᠠ ᠶᠢᠨ ᠵᠠᠰᠠᠭ ᠤᠨ ᠤᠷᠳᠤᠨ᠂ ᠪᠡᠭᠡᠵᠢᠩ ᠤᠨ ᠮᠠᠶᠢᠯᠠᠰᠤ ᠺᠢᠨᠣ᠋ ᠵᠦᠴᠦᠭᠡ ᠰᠤᠶᠤᠯ ᠤᠨ ᠬᠢᠵᠠᠭᠠᠷᠳᠤ ᠺᠤᠮᠫᠠᠨᠢ ᠠᠴᠠ ᠬᠠᠮᠳᠤᠷᠠᠵᠤ ᠰᠡᠭᠦᠳᠡᠷᠯᠡᠡ ᠦᠢᠯᠡᠳᠦᠭᠰᠡᠨ ᠪᠠᠷᠢᠮᠳᠠᠳᠤ ᠺᠢᠨᠣ᠋ ︽ᠠᠯᠳᠠᠰᠢ ᠦᠭᠡᠢ ᠲᠤᠬᠢᠶᠠᠯ︾ ᠪᠦᠬᠦ ᠤᠯᠤᠰ ᠤᠨ ᠡᠯ᠎ᠡ ᠶᠡᠭᠡ ᠺᠢᠨᠣ᠋ ᠶᠢᠨ ᠤᠷᠳᠤᠨ ᠳᠤ ᠦᠵᠡᠭᠴᠢᠳ ᠲᠠᠢ ᠪᠠᠨ ᠵᠤᠯᠭᠠᠯ᠎ᠠ᠃
ᠪᠠᠷᠢᠮᠳᠠᠳᠤ ᠺᠢᠨᠣ᠋ ︽ᠠᠯᠳᠠᠰᠢ ᠦᠭᠡᠢ ᠲᠤᠬᠢᠶᠠᠯ︾ ᠳᠤ ᠦᠭᠡᠷᠡᠴᠢᠯᠡᠯᠳᠡ ᠨᠡᠭᠡᠭᠡᠯᠳᠡ ᠠᠴᠠ ᠡᠮᠦᠨᠡᠬᠢ ᠦᠪᠦᠷ ᠮᠤᠩᠭᠤᠯ ᠤᠨ ︽ ᠬᠠᠭᠤᠴᠢᠨ ᠺᠢᠨᠣ᠋︾ ᠬᠢᠬᠡᠳ ᠦᠭᠡᠷᠡᠴᠢᠯᠡᠯᠳᠡ ᠨᠡᠬᠡᠬᠡᠯᠳᠡ ᠶᠢᠨ ᠳᠠᠷᠠᠭᠠᠬᠢ ᠤᠯᠠᠨ ᠤᠯᠤᠰ ᠤᠨ ᠲᠤᠮᠤ ᠱᠠᠩᠨᠠᠯ᠂ ᠤᠯᠤᠰ ᠤᠨ ᠳᠡᠰ ᠤᠨ ᠲᠤᠮᠤ ᠱᠠᠩᠨᠠᠯ ᠬᠦᠷᠳᠡᠭᠰᠡᠨ ᠪᠦᠳᠦᠭᠡᠯ ᠤᠳ ᠢᠶᠠᠷ ᠭᠤᠤᠯ ᠠᠭᠤᠯᠭ᠎ᠠ ᠪᠠᠨ ᠪᠤᠯᠭᠠᠵᠤ᠂ ︽ᠬᠠᠭᠤᠴᠢᠨ ᠺᠢᠨᠣ᠋︾ ᠶᠢᠨ ᠬᠤᠪᠤᠷ ᠨᠠᠨᠳᠢᠨ ᠦᠵᠡᠭᠳᠡᠯ ᠬᠢᠬᠡᠳ ᠠᠯᠳᠠᠷᠳᠦ ᠺᠢᠨᠣ᠋ ᠤᠷᠠᠯᠢᠭᠴᠢᠳ ᠤᠨ ᠰᠤᠷᠪᠤᠯᠵᠢᠯᠠᠭ᠎ᠠ ᠪᠠᠷ ᠦᠪᠦᠷ ᠮᠤᠩᠭᠤᠯ ᠤᠨ ᠦᠨᠳᠦᠰᠦᠳᠡᠨ ᠤ ᠺᠢᠨᠣ᠋ ᠶᠢᠨ ᠤᠨᠴᠠᠯᠢᠭ᠂ ᠤᠯᠠ ᠮᠦᠷ ᠬᠢᠬᠡᠳ ᠬᠡᠷᠡᠯ ᠰᠠᠴᠤᠷᠠᠩᠭᠤᠢ ᠤᠯᠠᠮᠵᠢᠯᠠᠯ ᠢ ᠬᠠᠷᠠᠭᠤᠯᠪᠠ᠃ ᠲᠤᠰ ᠪᠠᠷᠢᠮᠳᠠᠳᠤ ᠺᠢᠨᠣ᠋ ᠨᠢ ᠠᠩᠬ᠎ᠠ ᠤᠳᠠᠭ᠎ᠠ ᠳᠡᠭᠡᠳᠦ ᠰᠢᠨ᠎ᠡ ᠰᠢᠨᠵᠢᠯᠡᠬᠦ ᠤᠬᠠᠭᠠᠨ ᠮᠡᠷᠭᠡᠵᠢᠯ ᠢ ᠠᠰᠢᠬᠯᠠᠨ ᠰᠡᠭᠦᠳᠡᠷᠯᠡᠵᠤ᠂ ᠦᠪᠦᠷ ᠮᠤᠩᠭᠤᠯ ᠤᠨ 76 ᠺᠢᠨᠣ᠋᠂ ᠠᠬᠠᠮᠠᠳ ᠢᠳᠡᠷ ᠵᠠᠯᠠᠭᠤ ᠭᠤᠷᠪᠠᠨ ᠦᠶ᠎ᠡ ᠶᠢᠨ 117 ᠺᠢᠨᠣ᠋ ᠤᠷᠠᠯᠢᠭᠴᠢᠨ ᠢ ᠬᠠᠮᠤᠷᠴᠤ᠂ ᠤᠷᠢᠳ ᠬᠤᠵᠢᠳ 56 ᠰᠢᠯᠢᠳᠡᠭ ᠺᠢᠨᠣ᠋ ᠤᠷᠠᠯᠢᠭᠴᠢᠨ ᠢ ᠰᠤᠷᠪᠤᠯᠵᠢᠯᠠᠨ ᠳᠡᠮᠳᠡᠭᠯᠡᠭᠰᠡᠨ ᠪᠠᠶᠢᠨ᠎ᠠ᠃ ᠲᠤᠰ ᠺᠢᠨᠣ᠋ ᠪᠤᠯ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠳᠤ ᠵᠤᠷᠢᠭᠤᠯᠤᠭᠰᠠᠨ ︽ᠦᠪᠦᠷ ᠮᠤᠩᠭᠤᠯ ᠤᠨ ᠦᠨᠳᠦᠰᠦᠲᠡᠨ ᠤ ᠺᠢᠨᠣ᠋ ᠶᠢᠨ 70 ᠵᠢᠯ︾ ᠬᠡᠬᠦ ᠪᠠᠷᠢᠮᠳᠠᠳᠤ ᠺᠢᠨᠣ᠋ ᠪᠠᠶᠢᠵᠤ᠂ ᠰᠡᠭᠦᠯᠡᠷ ᠨᠢ ᠺᠢᠨᠣ᠋ ᠲᠤᠳᠤᠷᠠᠬᠢ ᠼᠦᠢ ᠶᠦᠩ ᠶᠤᠸᠠᠨ ᠤ ᠤᠤᠯ ᠦᠭᠡ ︽ᠠᠯᠳᠠᠰᠢ ᠦᠭᠡᠢ ᠲᠤᠬᠢᠶᠠᠯ︾ ᠢᠶᠠᠷ ᠲᠠᠬᠢᠨ ᠨᠡᠷᠡᠯᠡᠭᠰᠡᠨ ᠪᠠᠶᠢᠨ᠎ᠠ᠃
︽ᠮᠤᠩᠭᠤᠯ ᠦᠨᠳᠦᠰᠦᠲᠡᠨ ᠪᠤᠯ ᠬᠡᠷᠡᠯ ᠰᠠᠴᠤᠷᠠᠩᠭᠤᠢ ᠳᠡᠦᠭᠡ ᠲᠠᠢ᠂ ᠪᠠᠭᠠᠳᠤᠷᠯᠢᠭ ᠦᠨᠳᠤᠰᠤᠳᠡᠨ ᠮᠦᠨ᠃ ᠡᠭᠦᠨ ᠢ ᠪᠢᠳᠡ ᠬᠡᠭᠡᠷ᠎ᠡ ᠭᠠᠳᠠᠨ᠎ᠡ ᠬᠤᠨᠤᠵᠤ ᠬᠡᠪᠳᠡᠨ ᠴᠦᠬᠦᠷᠡᠰᠢ ᠦᠭᠡᠢ ᠴᠢᠷᠮᠠᠶᠢᠵᠤ ᠪᠠᠶᠢᠭᠠᠳ ᠺᠢᠨᠣ᠋ ᠶᠢᠨ ᠬᠡᠯᠪᠡᠷᠢ ᠪᠠᠷ ᠬᠠᠷᠠᠭᠤᠯᠵᠤ ᠪᠠᠶᠢᠭ᠎ᠠ ᠨᠢ ᠦᠪᠡᠷ ᠤᠨ ᠦᠨᠳᠦᠰᠦᠲᠡᠨ ᠤ ᠰᠤᠶᠤᠯ ᠳᠠᠭᠠᠨ ᠤᠰᠤᠯᠳᠠᠬᠤ ᠦᠭᠡᠢ ᠭᠡᠵᠤ ᠴᠢᠷᠮᠠᠶᠢᠵᠤ ᠪᠠᠶᠢᠭ᠎ᠠ ᠶᠠᠪᠤᠳᠠᠯ ᠪᠤᠯᠤᠨ᠎ᠠ᠂ ᠡᠨᠡ ᠪᠤᠯ ᠦᠪᠦᠷ ᠮᠤᠩᠭᠤᠯ ᠤᠨ ᠺᠢᠨᠤᠴᠢᠳ ᠰᠤᠶᠤᠯ ᠤᠷᠠᠯᠢᠭ ᠤᠨ ᠲᠦᠯᠦᠭᠡ ᠪᠡᠶ᠎ᠡ ᠪᠠᠨ ᠦᠷᠡᠭᠳᠡᠭᠦᠯᠬᠦ ᠵᠤᠷᠢᠭ ᠬᠦᠴᠦᠨ ᠮᠦᠨ︾ ᠬᠡᠵᠤ ᠠᠯᠳᠠᠷᠳᠤ ᠤᠳᠤᠷᠢᠳᠤᠭᠠᠴᠢ ᠮᠠᠶᠢᠯᠠᠰᠤ ᠰᠤᠷᠪᠤᠯᠵᠢᠯᠠᠭ᠎ᠠ ᠬᠦᠯᠢᠶᠡᠬᠦ ᠳᠡᠭᠡᠨ ᠶᠠᠷᠢᠵᠤ ᠪᠠᠶᠢᠯ᠎ᠠ᠃ ︽ᠠᠯᠳᠠᠰᠢ ᠦᠭᠡᠢ ᠲᠤᠬᠢᠶᠠᠯ︾ ᠠᠴᠠ ᠪᠢᠳᠡ ᠦᠪᠦᠷ ᠮᠤᠩᠭᠤᠯ ᠤᠨ ᠦᠨᠳᠦᠰᠦᠲᠡᠨ ᠤ ᠺᠢᠨᠤᠴᠢᠳ ᠤᠯᠤᠰ ᠤᠷᠤᠨ ᠲᠠᠢ ᠪᠠᠨ ᠬᠤᠪᠢ ᠵᠠᠶᠠᠭ᠎ᠠ ᠪᠠᠨ ᠬᠤᠯᠪᠤᠨ᠂ ᠪᠠᠭᠠᠳᠤᠷ ᠢᠳᠡᠳᠡᠳ ᠢᠶᠠᠨ ᠮᠠᠭᠳᠠᠨ ᠳᠠᠭᠤᠯᠠᠵᠤ᠂ ᠰᠤᠶᠤᠯ ᠤᠨ ᠢᠳᠡᠭᠡᠯ ᠢᠶᠠᠨ ᠴᠢᠩᠭᠠᠳᠬᠠᠵᠤ ᠶᠠᠪᠤᠭ᠎ᠠ ᠶᠢ ᠤᠯᠵᠤ ᠬᠠᠷᠠᠨ᠎ᠠ᠃