 

ᠪᠠᠶᠢᠭᠤᠯᠤᠯ ᠭᠡᠬᠦ ᠡᠨᠡ ᠬᠦ ᠲᠦᠷᠦ ᠶᠢ ᠲᠦᠪᠰᠢᠷᠡᠬᠦᠯᠵᠤ ᠤᠯᠤᠰ ᠢ ᠠᠮᠤᠷᠵᠢᠭᠤᠯᠬᠤ ᠰᠠᠭᠤᠷᠢ ᠶᠢ ᠪᠠᠳᠤ ᠡᠵᠡᠮᠳᠡᠰᠦᠭᠡᠢ

2019-11-14 06:49
  229
  0
 
     — ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠳᠦᠷᠪᠡᠳᠦᠭᠡᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠦᠭᠦᠯᠡᠬᠦ ᠨᠢ

  ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠳᠦᠷᠪᠡᠳᠦᠭᠡᠷ ᠪᠦᠭᠦᠳᠡ ᠬᠤᠷᠠᠯ ᠠᠴᠠ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠳᠠᠯᠠᠨ ᠲᠡᠭᠦᠯᠳᠡᠷᠵᠢᠭᠦᠯᠬᠦ᠂ ᠤᠯᠤᠰ ᠤᠨ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠬᠤ ᠠᠤᠭ᠎ᠠ ᠶᠡᠭᠡ ᠲᠦᠰᠦᠪ ᠢ ᠵᠢᠷᠤᠭᠯᠠᠵᠠᠢ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠳᠦᠷᠪᠡᠳᠦᠭᠡᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠰᠠᠶᠢᠳᠤᠷ ᠰᠤᠷᠤᠯᠴᠠᠵᠤ ᠰᠠᠶᠢᠳᠤᠷ ᠲᠤᠭᠤᠰᠢᠯᠠᠭᠤᠯᠤᠨ ᠰᠠᠶᠢᠳᠤᠷ ᠨᠠᠶᠢᠳᠠᠪᠤᠷᠢᠵᠢᠭᠤᠯᠬᠤ ᠪᠤᠯ ᠤᠳᠤᠬᠠᠨ ᠪᠠ ᠬᠤᠶᠢᠰᠢᠳᠠ ᠶᠢᠨ ᠬᠡᠰᠡᠭ ᠬᠤᠭᠤᠴᠠᠭᠠᠨ ᠳᠠᠬᠢ ᠪᠢᠳᠡ ᠪᠦᠬᠦᠨ ᠤ ᠴᠢᠬᠤᠯᠠ ᠤᠯᠤᠰ ᠲᠦᠷᠦ ᠶᠢᠨ ᠡᠭᠦᠷᠭᠡ ᠪᠤᠯᠤᠨ᠎ᠠ᠃
  ᠲᠤᠰ ᠤᠳᠠᠭ᠎ᠠ ᠶᠢᠨ ᠪᠦᠭᠦᠳᠡ ᠬᠤᠷᠠᠯ ᠪᠤᠯ ᠨᠠᠮ ᠤᠨ ᠲᠦᠪ ᠬᠤᠷᠢᠶ᠎ᠠ ᠠᠴᠠ ᠰᠢᠨ᠎ᠠ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢᠨ ᠲᠠᠰᠢᠷᠠᠮ ᠳᠤ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠭᠦᠨ ᠮᠠᠨᠳᠤᠯᠳᠠ ᠶᠢ ᠪᠡᠶᠡᠯᠡᠭᠦᠯᠬᠦ ᠵᠠᠩᠭᠢᠯᠠᠭ᠎ᠠ ᠶᠢᠨ ᠦᠶ᠎ᠠ ᠳᠤ ᠬᠤᠷᠠᠯᠳᠤᠭᠤᠯᠤᠭᠰᠠᠨ ᠨᠢᠭᠡ ᠤᠳᠠᠭ᠎ᠠ ᠶᠢᠨ ᠴᠢᠬᠤᠯᠠ ᠬᠤᠷᠠᠯ ᠪᠤᠯᠤᠨ᠎ᠠ᠂ ᠡᠨᠡ ᠨᠢ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠪᠡᠷ ᠢ ᠪᠠᠨ ᠲᠡᠭᠦᠯᠳᠡᠷᠵᠢᠭᠦᠯᠦᠨ ᠬᠦᠭᠵᠢᠭᠦᠯᠬᠦ᠂ ᠤᠯᠤᠰ ᠤᠨ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠤᠷᠢᠳᠦ ᠢᠯᠠᠯᠳᠠ ᠶᠢ ᠤᠯᠬᠤ᠂ ᠨᠡᠶᠢᠭᠡᠮ ᠵᠢᠷᠤᠮ ᠤᠨ ᠤᠳᠤᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠨᠠᠮ ᠤᠨ ᠲᠦᠷᠦ ᠪᠠᠷᠢᠬᠤ ᠪᠠᠶᠢᠷᠢ ᠰᠠᠭᠤᠷᠢ ᠶᠢ ᠪᠠᠬᠢᠵᠢᠭᠦᠯᠬᠦ᠂ ᠨᠠᠮ ᠪᠤᠯᠤᠨ ᠤᠯᠤᠰ ᠤᠨ ᠤᠷᠳᠤ ᠤᠳᠠᠭᠠᠨ ᠤ ᠠᠮᠤᠷ ᠲᠤᠭᠳᠠᠭᠤᠨ ᠢ ᠪᠠᠳᠤᠯᠠᠬᠤ ᠳᠤ ᠴᠢᠬᠤᠯᠠ ᠶᠡᠭᠡ ᠪᠦᠭᠡᠳ ᠠᠯᠤᠰ ᠬᠡᠳᠤ ᠶᠢᠨ ᠠᠴᠢ ᠬᠤᠯᠪᠤᠭᠳᠠᠯ ᠲᠠᠢ ᠶᠤᠮ᠃ ᠤᠷᠤᠨ ᠳᠠᠶᠠᠭᠠᠷ ᠢᠶᠠᠨ ᠤᠨᠤᠪᠴᠢᠳᠠᠢ ᠡᠵᠡᠮᠳᠡᠨ ᠭᠦᠨᠵᠡᠭᠡᠢ ᠤᠢᠢᠯᠠᠭᠠᠵᠤ᠂ ᠳᠡᠭᠡᠳᠤ ᠬᠡᠮᠵᠢᠶᠠᠨ ᠤ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠷ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠠᠵᠢᠯ ᠢ ᠰᠠᠶᠢᠳᠤᠷ ᠠᠳᠬᠤᠵᠤ᠂ ᠪᠦᠭᠦᠳᠡ ᠬᠤᠷᠠᠯ ᠤᠨ ᠵᠤᠷᠢᠭ ᠰᠠᠨᠠᠭ᠎ᠠ ᠶᠢᠨ ᠮᠠᠨ ᠤ ᠤᠷᠤᠨ ᠳᠤ ᠲᠤᠭᠤᠰᠢᠯᠠᠭᠳᠠᠨ ᠨᠠᠶᠢᠳᠠᠪᠤᠷᠢᠵᠢᠬᠳᠠᠵᠤ᠂ ᠪᠤᠳᠠᠳᠠᠢ ᠦᠷ᠎ᠠ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠳᠠᠢ᠃
  ᠪᠠᠶᠢᠭᠤᠯᠤᠯ ᠪᠤᠯ ᠲᠦᠷᠦ ᠶᠢ ᠲᠦᠪᠰᠢᠷᠡᠬᠦᠯᠵᠤ ᠤᠯᠤᠰ ᠢ ᠠᠮᠤᠷᠵᠢᠭᠤᠯᠬᠤ ᠰᠠᠭᠤᠷᠢ᠂ ᠠᠤᠭ᠎ᠠ ᠦᠢᠯᠡᠰ ᠢ ᠪᠦᠲᠦᠭᠡᠬᠦ ᠪᠠᠲᠤᠯᠠᠭ᠎ᠠ ᠮᠦᠨ᠃ ᠰᠢᠨ᠎ᠠ ᠲᠤᠮᠲᠠᠲᠤ ᠤᠯᠤᠰ ᠪᠠᠶᠢᠭᠤᠯᠤᠭᠲᠠᠭᠰᠠᠠ 70 ᠵᠢᠯ ᠤᠨ ᠲᠤᠷᠰᠢ᠂ ᠮᠠᠠ ᠤ ᠨᠠᠮ ᠠᠷᠠᠳ ᠲᠦᠮᠡᠡ ᠢ ᠤᠲᠤᠷᠢᠳᠴᠤ ᠲᠠᠰᠤᠷᠠᠯᠲᠠ ᠦᠭᠡᠢ ᠬᠠᠶᠢᠨ ᠰᠦᠪᠡᠭᠴᠢᠯᠡᠵᠦ ᠦᠢᠯᠡᠲᠦᠯᠭᠡᠵᠢᠬᠦᠯᠦᠨ᠂ ᠨᠢᠭᠡᠨ ᠢᠵᠢ ᠬᠦᠴᠦᠷᠭᠡᠭ ᠶᠡᠭᠡ ᠠᠮᠢᠵᠢᠷᠠᠯ ᠤᠨ ᠬᠦᠴᠤᠨ ᠲᠠᠢ ᠪᠦᠭᠡᠳ ᠯᠤᠲᠦ ᠶᠡᠭᠡ ᠲᠠᠪᠠᠭᠤᠯᠢᠭ ᠲᠠᠢ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠪᠤᠯᠤᠨ ᠤᠯᠤᠰ ᠤᠨ ᠵᠠᠰᠠᠯᠲᠠ ᠶᠢᠨ ᠰᠢᠰᠲ᠋ᠧᠮ ᠢ ᠪᠦᠷᠢᠯᠲᠦᠭᠦᠯᠵᠠᠢ᠃ ᠨᠠᠮ ᠤᠨ ᠠᠷᠪᠠ ᠶᠢᠰᠦᠲᠦᠭᠡᠷ ᠬᠤᠭᠤᠴᠠᠭᠠᠠ ᠤ ᠲᠦᠪ ᠬᠤᠷᠢᠶᠠᠠ ᠤ ᠲᠦᠷᠪᠡᠲᠦᠭᠡᠷ ᠪᠦᠬᠦᠲᠠ ᠬᠤᠷᠠᠯ ᠠᠴᠠ ᠮᠠᠠ ᠤ ᠤᠯᠤᠰ ᠤᠨ ᠤᠯᠤᠰ ᠤᠨ ᠪᠠᠶᠢᠭᠤᠯᠤᠯ ᠪᠤᠯᠤᠨ ᠤᠯᠤᠰ ᠤᠨ ᠵᠠᠰᠠᠯᠲᠠ ᠶᠢᠨ ᠰᠢᠰᠲ᠋ᠧᠮ ᠤᠨ 13 ᠲᠠᠯ᠎ᠠ ᠶᠢᠨ ᠢᠯᠠᠳᠳᠡ ᠲᠠᠪᠠᠭᠤᠯᠢᠭ ᠢ ᠲᠦᠪᠯᠡᠷᠡᠭᠦᠯᠦᠠ ᠬᠤᠷᠢᠶᠠᠩᠭᠤᠢᠢᠯᠠᠪᠠ᠂ ᠡᠨᠡ ᠪᠤᠯ ᠮᠠᠠ ᠤ ︽ᠲᠦᠷᠪᠡᠡ ᠢᠲᠡᠭᠡᠯ︾ ᠢᠶᠠᠨ ᠪᠠᠲᠤᠳᠬᠠᠬᠤ ᠶᠢᠨ ᠦᠨᠲᠦᠰᠦᠨ ᠵᠢᠷᠤᠮᠯᠠᠯ ᠮᠦᠨ᠃ ᠨᠠᠮ ᠤᠨ ᠠᠷᠪᠠ ᠶᠢᠰᠦᠲᠦᠭᠡᠷ ᠬᠤᠭᠤᠴᠠᠭᠠᠠ ᠤ ᠲᠦᠪ ᠬᠤᠷᠢᠶᠠᠠ ᠤ ᠲᠦᠷᠪᠡᠲᠦᠭᠡᠷ ᠪᠦᠬᠦᠲᠠ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠠ ᠲᠤᠭᠤᠰᠢᠯᠠᠭᠤᠯᠬᠤ ᠳᠤ ᠡᠷᠭᠡᠪᠰᠢ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠲᠤᠯᠭᠠᠭᠤᠷᠢᠯᠠᠬᠤ ᠦᠨᠲᠦᠰᠦᠨ ᠲᠦᠷᠢᠮ᠂ ᠰᠠᠭᠤᠷᠢ ᠲᠦᠷᠢᠮ᠂ ᠴᠢᠬᠤᠯᠠ ᠲᠦᠷᠢᠮ ᠢ ᠪᠠᠷᠢᠮᠲᠠᠯᠠᠠ ᠲᠡᠭᠦᠯᠲᠡᠷᠵᠢᠭᠦᠯᠵᠦ᠂ ᠦᠠᠲᠦᠰᠦ ᠶᠢ ᠪᠠᠬᠢᠵᠢᠭᠦᠯᠬᠦ᠂ ᠲᠠᠪᠠᠭᠤᠯᠢᠭ ᠢ ᠪᠠᠲᠠᠷᠠᠭᠤᠯᠬᠤ᠂ ᠲᠤᠲᠠᠭᠤᠲᠠᠯ ᠢ ᠨᠦᠬᠦᠪᠦᠷᠢᠯᠡᠬᠦ᠂ ᠪᠠᠭᠤᠷᠠᠢ ᠵᠦᠢᠯ ᠢᠶᠠᠨ ᠬᠦᠴᠦᠷᠬᠡᠭᠵᠢᠬᠦᠯᠬᠦ ᠲᠡᠭᠡᠷ᠎ᠠ ᠬᠦᠴᠤ ᠲᠠᠯᠪᠢᠵᠦ᠂ ᠰᠢᠰᠲ᠋ᠧᠮ ᠨᠢ ᠪᠦᠷᠢᠠ ᠲᠡᠭᠦᠯᠲᠡᠷ᠂ ᠰᠢᠨᠵᠢᠯᠡᠬᠦ ᠤᠬᠠᠭᠠᠠᠴᠢ ᠵᠢᠷᠤᠮᠵᠢᠯ ᠲᠠᠢ᠂ ᠡᠷᠬᠢᠯᠳᠡ ᠨᠢ ᠪᠦᠲᠦᠮᠵᠢᠲᠠᠢ ᠲᠦᠷᠢᠮ ᠤᠨ ᠰᠢᠰᠲ᠋ᠧᠮ ᠢ ᠪᠠᠶᠢᠭᠤᠯᠵᠦ᠂ ᠰᠢᠰᠲ᠋ᠧᠮ ᠲᠠᠢ ᠪᠠᠷ ᠵᠠᠰᠠᠬᠤ᠂ ᠬᠠᠤᠯᠢ ᠶᠤᠰᠤᠭᠠᠷ ᠵᠠᠰᠠᠬᠤ᠂ ᠶᠡᠷᠦᠩᠭᠡᠶᠢᠯᠡᠡ ᠵᠠᠰᠠᠬᠤ᠂ ᠡᠬᠢ ᠡᠬᠦᠰᠦᠯ ᠠᠴᠠ ᠨᠢ ᠵᠠᠰᠠᠬᠤ ᠶᠢ ᠴᠢᠩᠭᠠᠳᠬᠠᠨ᠂ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠠ ᠲᠡᠭᠦᠯᠲᠡᠷᠵᠢᠭᠦᠯᠬᠦ᠂ ᠤᠯᠤᠰ ᠤᠨ ᠵᠠᠰᠠᠯᠲᠠ ᠶᠢᠨ ᠰᠢᠰᠲ᠋ᠧᠮ ᠪᠤᠯᠤᠨ ᠵᠠᠰᠠᠯᠲᠠ ᠶᠢᠨ ᠴᠢᠲᠠᠪᠤᠷᠢ ᠶᠢᠨ ᠤᠲᠤᠬᠢᠴᠢᠯᠠᠯᠲᠠ ᠶᠢ ᠠᠬᠢᠭᠤᠯᠬᠤ ᠳᠤ ᠦᠪᠦᠷ ᠮᠤᠩᠭᠤᠯ ᠤᠨ ᠤᠶᠤᠨ ᠤᠬᠠᠭᠠᠠ ᠬᠦᠴᠤᠨ ᠴᠢᠲᠠᠯ ᠢᠶᠠᠨ ᠬᠠᠨᠳᠢᠪᠯᠠᠬᠤ ᠬᠡᠷᠡᠭᠲᠡᠢ᠃
  ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠳᠠᠯᠠᠨ ᠳᠡᠬᠦᠯᠳᠡᠷᠵᠢᠬᠦᠯᠬᠦ᠂ ᠤᠯᠤᠰ ᠤᠨ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠬᠤ ᠪᠤᠯ ᠪᠦᠬᠦ ᠨᠡᠮ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠡᠬᠦᠷᠬᠡ ᠪᠤᠯᠤᠨ᠎ᠠ᠃ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠰᠢᠨᠵᠢᠯᠡᠬᠦ ᠤᠬᠠᠭᠠᠨᠴᠢ ᠪᠠᠷ ᠳᠦᠰᠤᠪᠯᠡᠵᠦ᠂ ᠨᠠᠷᠢᠯᠢᠬ ᠵᠤᠬᠢᠶᠠᠨ ᠪᠠᠶᠢᠭᠤᠯᠤᠨ᠂ ᠰᠤᠷᠤᠯᠴᠠᠨ ᠳᠤᠭᠤᠰᠢᠯᠠᠭᠤᠯᠬᠤ ᠠᠵᠢᠯ ᠢ ᠦᠨᠡᠨ ᠪᠤᠳᠠᠳᠠᠢ ᠰᠠᠶᠢᠳᠤᠷ ᠠᠳᠬᠤᠵᠦ᠂ ᠨᠠᠮ ᠤᠨ ᠠᠷᠪᠠ ᠶᠢᠰᠦᠲᠦᠭᠡᠷ ᠬᠤᠭᠤᠴᠠᠭᠠᠠ ᠤ ᠲᠦᠪ ᠬᠤᠷᠢᠶᠠᠠ ᠤ ᠪᠦᠬᠦᠳᠡ ᠬᠤᠷᠠᠯ ᠤᠨ ᠵᠤᠷᠢᠬ ᠰᠠᠨᠠᠭ᠎ᠠ ᠶᠢ ᠦᠳᠳᠡᠷ ᠳᠦᠷᠬᠡᠨ ᠢᠶᠠᠷ ᠡᠯ᠎ᠠ ᠱᠠᠳᠤᠨ ᠤ ᠨᠠᠮ ᠤᠨ ᠬᠡᠰᠢᠬᠦᠨ ᠺᠠᠳ᠋ᠷᠴᠤᠳ ᠲᠤ ᠤᠯᠠᠮᠵᠢᠯᠠᠨ ᠦᠨᠳᠤᠰᠤᠨ ᠱᠠᠳᠤᠨ ᠳᠤ ᠤᠯᠠᠮᠵᠢᠯᠠᠵᠦ᠂ ᠪᠦᠬᠦᠳᠠ ᠬᠤᠷᠠᠯ ᠤᠨ ᠵᠤᠷᠢᠬ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠬᠤ ᠦᠳᠭᠡᠨ ᠵᠤᠵᠠᠭᠠᠨ ᠠᠭᠤᠷ ᠠᠮᠢᠰᠬᠤᠯ ᠢ ᠪᠦᠷᠢᠯᠳᠦᠬᠦᠯᠬᠦ ᠬᠡᠷᠡᠭᠳᠡᠢ᠃ ᠬᠤᠯᠠ ᠤᠢᠢᠷ᠎ᠠ ᠶᠢ ᠤᠶᠠᠯᠳᠤᠭᠤᠯᠤᠨ ᠪᠦᠬᠦᠯᠢ ᠴᠤᠬᠴᠠ ᠪᠠᠷ ᠠᠬᠢᠭᠤᠯᠵᠦ᠂ ᠱᠠᠳᠤ ᠳᠠᠪᠬᠤᠷᠭ᠎ᠠ ᠳᠦᠷᠦᠯ ᠵᠦᠢᠯ ᠬᠤᠪᠢᠶᠠᠨ ᠤᠬᠠᠭᠤᠯᠵᠦ ᠬᠦᠮᠦᠵᠢᠬᠦᠯᠬᠦ ᠠᠵᠢᠯ ᠢ ᠰᠠᠶᠢᠳᠤᠷ ᠬᠢᠵᠦ᠂ ᠳᠤᠰᠬᠠᠢ ᠰᠡᠳᠦᠪ ᠢᠶᠠᠷ ᠤᠬᠠᠭᠤᠯᠵᠤ ᠳᠠᠶᠢᠯᠪᠤᠷᠢᠯᠡᠬᠤ᠂ ᠳᠤᠭᠤᠷᠢᠨ ᠤᠬᠠᠭᠤᠯᠵᠦ ᠳᠠᠶᠢᠯᠪᠤᠷᠢᠯᠠᠬᠤ᠂ ᠰᠤᠳᠤᠯᠵᠦ ᠳᠤᠳᠤᠷᠬᠠᠢᠢᠯᠠᠨ ᠦᠬᠦᠯᠡᠬᠦ ᠠᠵᠢᠯ ᠢ ᠳᠦᠪᠯᠡᠷᠡᠬᠦᠯᠦᠨ ᠰᠠᠶᠢᠳᠤᠷ ᠬᠢᠵᠦ᠂ ᠨᠠᠮ ᠤᠨ ᠠᠷᠪᠠ ᠶᠢᠰᠦᠳᠦᠬᠡᠷ ᠬᠤᠭᠤᠴᠠᠭᠠᠨ ᠤ ᠳᠦᠪ ᠬᠤᠷᠢᠶᠠᠨ ᠤ ᠳᠦᠷᠪᠡᠳᠦᠬᠡᠷ ᠪᠦᠬᠦᠳᠡ ᠬᠤᠷᠠᠯ ᠤᠨ ᠵᠤᠷᠢᠬ ᠰᠠᠨᠠᠭ᠎ᠠ ᠶᠢ ᠬᠦᠮᠦᠰ ᠤᠨ ᠰᠡᠳᠬᠢᠯ ᠳᠤ ᠬᠠᠳᠠᠩᠰᠢᠭᠤᠯᠬᠤ ᠬᠡᠷᠡᠭᠳᠡᠢ᠃
  ᠰᠠᠯᠬᠢᠨ ᠤ ᠠᠶ᠎ᠠ ᠪᠠᠷ ᠳᠠᠷᠪᠠᠭᠤᠯ ᠬᠡᠶᠢᠰᠬᠡᠨ ᠠᠶᠠᠯᠠᠵᠦ᠂ ᠤᠷᠤᠰᠬᠠᠯ ᠤᠨ ᠡᠮᠦᠨ᠎ᠠ ᠵᠤᠷᠢᠬᠳᠠᠢ ᠬᠤᠰᠢᠭᠤᠴᠢᠯᠠᠮᠤᠢ᠃ ᠰᠢᠨ᠎ᠠ ᠴᠠᠬ ᠦᠶ᠎ᠠ ᠳᠤ ᠡᠷᠡᠮᠡᠬᠡᠶᠢᠯᠡᠨ ᠤᠷᠤᠭᠰᠢᠯᠠᠬᠤ ᠠᠭᠤᠤ ᠶᠡᠭᠡ ᠠᠶᠠᠨ ᠳᠠᠭᠠᠨ ᠪᠢᠳᠡ ᠪᠦᠬᠦᠨ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠳᠦᠪ ᠬᠤᠷᠢᠶᠠᠨ ᠤ ᠳᠤᠭᠤᠷᠢᠨ ᠳᠤ ᠨᠡᠩ ᠨᠢᠬᠳᠠᠷᠠᠨ ᠪᠦᠯᠬᠦᠮᠳᠠᠵᠦ᠂ ᠨᠠᠮ ᠤᠨ ᠠᠷᠪᠠ ᠶᠢᠰᠦᠳᠦᠬᠡᠷ ᠬᠤᠭᠤᠴᠠᠭᠠᠨ ᠤ ᠳᠦᠪ ᠬᠤᠷᠢᠶᠠᠨ ᠤ ᠳᠦᠷᠪᠡᠳᠦᠬᠡᠷ ᠪᠦᠬᠦᠳᠠ ᠬᠤᠷᠠᠯ ᠤᠨ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠳᠤᠭᠤᠰᠢᠯᠠᠭᠤᠯᠤᠨ᠂ ᠮᠠᠨ ᠤ ᠤᠷᠤᠨ ᠤ ᠡᠯ᠎ᠠ ᠳᠦᠷᠦᠯ ᠤᠨ ᠠᠵᠢᠯ ᠦᠢᠯᠡᠰ ᠤᠨ ᠬᠦᠭᠵᠢᠯᠳᠡ ᠶᠢ ᠪᠦᠬᠦ ᠬᠦᠴᠦᠨ ᠢᠶᠠᠷ ᠢᠶᠠᠨ ᠠᠬᠢᠭᠤᠯᠵᠦ᠂ ︽ᠳᠤᠮᠳᠠᠳᠤ ᠤᠯᠤᠰ ᠤᠨ ᠵᠠᠰᠠᠯᠳᠠ︾ ᠶᠢᠨ ᠦᠪᠦᠷ ᠮᠤᠩᠭᠤᠯ ᠤᠨ ᠬᠠᠭᠤᠳᠠᠰᠤ ᠶᠢ ᠰᠠᠶᠢᠳᠤᠷ ᠪᠢᠴᠢᠭᠯᠡᠰᠦᠭᠡᠢ᠃



  
     
     