-
2144406
ᠠᠮᠢ ᠠᠬᠤᠢ ᠶᠢᠨ ᠵᠠᠰᠠᠯᠲᠠ · ᠠᠭᠤᠷᠬᠠᠢ ᠶᠢᠨ ᠲᠤᠭᠤᠷᠢᠭ ᠤᠨ ᠨᠤᠭᠤᠭᠠᠨ ᠠᠮᠢᠯᠠᠯ
2019-07-23 09:38
454
0
ᠠᠯᠠᠱᠠ᠄ ᠠᠯᠠᠱᠠ ᠠᠭᠤᠯᠠ ᠶᠢᠨ ᠤᠩᠭᠤᠨ ᠲᠦᠷᠬᠦ ᠶᠢ ᠰᠡᠷᠭᠦᠭᠡᠨ᠎ᠡ
ᠠᠯᠠᠱᠠ ᠠᠭᠤᠯᠠ ᠶᠢᠨ ᠲᠡᠷᠡ ᠨᠢᠭᠡ ᠰᠠᠯᠪᠤᠷᠢ ᠶᠢᠨ ᠬᠢᠷ᠎ᠠ ᠪᠡᠯ ᠢ ᠦᠭᠰᠦᠨ ᠤᠷᠤᠭᠤᠳᠠᠨ ᠤᠯᠠᠨ ᠬᠦᠮᠦᠨ ᠨᠠᠭᠠᠰᠢ ᠴᠠᠭᠠᠰᠢ ᠰᠦᠯᠵᠢᠯᠳᠦᠨ᠂ ᠪᠦᠬᠦ᠋ᠢᠵᠦ ᠳᠤᠩᠭᠤᠢᠢᠨ ᠪᠤᠰᠤᠨ ᠰᠠᠭᠤᠨ ᠶᠠᠭᠤ ᠨᠢᠭᠡ ᠶᠢ ᠬᠢᠵᠦ ᠪᠠᠶᠢᠭ᠎ᠠ ᠪᠠᠶᠢᠳᠠᠯ ᠨᠢ ᠰᠤᠨᠢᠷᠬᠠᠯᠳᠠᠢ — ᠠᠯᠠᠱᠠ ᠨᠤᠳᠤᠭ ᠤᠨ ᠺᠠᠳ᠋ᠷ ᠤᠯᠠᠨ ᠳᠦᠮᠡᠨ ᠠᠮᠢᠯᠠᠯ ᠳᠦᠯᠵᠢᠯ ᠤᠨ ᠰᠠᠶᠢᠬᠠᠨ ᠴᠠᠭ ᠢ ᠵᠠᠪᠳᠤᠨ ᠠᠯᠠᠱᠠ ᠠᠭᠤᠯᠠ ᠶᠢᠨ ᠦᠢᠯᠡᠳᠪᠦᠷᠢ ᠠᠭᠤᠷᠬᠠᠢ ᠶᠢᠨ ᠤᠷᠤᠨ ᠤ ᠳᠠᠴᠢᠷᠰᠢᠨ ᠪᠤᠬᠢᠷᠳᠤᠭᠰᠠᠨ ᠭᠠᠵᠠᠷ ᠲᠤ ᠡᠪᠡᠰᠦᠨ ᠤ ᠦᠷ᠎ᠡ ᠰᠠᠴᠤᠵᠤ ᠨᠤᠳᠤᠭ ᠤᠰᠤᠨ ᠤ ᠪᠠᠨ ᠤᠨᠠᠭᠠᠨ ᠳᠦᠷᠬᠦ ᠶᠢ ᠰᠡᠷᠭᠦᠭᠡᠬᠦ ᠠᠵᠢᠯᠯᠠᠭ᠎ᠠ ᠳᠤ ᠤᠷᠤᠯᠴᠠᠵᠤ ᠪᠠᠶᠢᠭ᠎ᠠ ᠨᠢ ᠡᠨᠡ ᠶᠤᠮ ᠪᠠᠶᠢᠨ᠎ᠠ᠃ ᠠᠯᠠᠱᠠ ᠠᠶᠢᠮᠠᠭ ᠤᠢᠢᠷ᠎ᠠ ᠶᠢᠨ ᠵᠢᠯ ᠠᠴᠠ ᠦᠢᠯᠡᠳᠪᠦᠷᠢ ᠠᠭᠤᠷᠬᠠᠢ ᠶᠢᠨ ᠠᠵᠤ ᠠᠬᠤᠢᠢᠯᠠᠯ ᠢ ᠴᠢᠩᠭ᠎ᠠ ᠪᠠᠷ ᠴᠡᠭᠴᠡᠯᠡᠵᠦ᠂ ᠠᠮᠢ ᠠᠬᠤᠢ ᠶᠢᠨ ᠤᠷᠴᠢᠨ ᠳᠤᠭᠤᠷᠢᠨ ᠢᠶᠠᠨ ᠰᠡᠷᠭᠦᠭᠡᠨ ᠬᠠᠮᠠᠭᠠᠯᠠᠬᠤ ᠬᠦᠴᠦᠳᠠᠢ ᠠᠷᠭ᠎ᠠ ᠬᠡᠮᠵᠢᠶ᠎ᠠ ᠠᠪᠴᠠᠢ᠃
ᠦᠪᠦᠷ ᠮᠤᠩᠭᠤᠯ ᠨᠢᠩᠰᠢᠶᠠ ᠶᠢ ᠵᠠᠭᠠᠭᠯᠠᠨ ᠪᠠᠶᠢᠷᠢᠯᠠᠭᠰᠠᠨ ᠠᠯᠠᠱᠠ ᠠᠭᠤᠯᠠ ︵ᠾᠧ ᠯᠠᠨ ᠱᠠᠨ︶ ᠪᠤᠯ ᠮᠠᠨ ᠤ ᠤᠯᠤᠰ ᠤᠨ ᠪᠠᠷᠠᠭᠤᠨ ᠭᠡᠰᠡᠭ ᠤᠨ ᠴᠢᠬᠤᠯᠠ ᠪᠠᠶᠢᠭᠠᠯᠢ ᠭᠠᠵᠠᠷ ᠵᠦᠢ ᠶᠢᠨ ᠬᠠᠯᠬᠠᠪᠴᠢ ᠪᠠ ᠤᠰᠤᠨ ᠤ ᠡᠬᠢ ᠰᠤᠷᠪᠤᠯᠵᠢ ᠶᠢᠨ ᠰᠢᠭᠤᠢᠢᠳᠤ ᠤᠷᠤᠨ ᠪᠤᠯᠤᠨ᠎ᠠ᠃ ᠮᠦᠨ ᠴᠤ ᠠᠯᠠᠱᠠ ᠨᠤᠳᠤᠭ ᠤᠨ ᠳᠦᠰᠢᠭ ᠬᠠᠶᠢᠷᠬᠠᠨ᠂ ᠲᠡᠭᠷᠢ ᠡᠯᠡᠰᠦᠨ ᠤ ᠵᠡᠭᠦᠨᠰᠢ ᠳᠦᠷᠢᠬᠦ ᠶᠢ ᠬᠠᠰᠢᠵᠤ᠂ ᠰᠢᠪᠧᠷᠢᠶ᠎ᠠ ᠶᠢᠨ ᠬᠦᠢᠳᠡᠨ ᠤᠷᠤᠰᠬᠠᠯ ᠤᠨ ᠰᠢᠷᠦᠭᠦᠨ ᠳᠠᠭᠠᠷᠢᠯᠳᠠ ᠶᠢ ᠳᠤᠯᠵᠤ᠂ ᠬᠠᠳᠤᠨ ᠭᠤᠤᠯ᠂ ᠪᠤᠷᠤᠳᠤᠬᠤᠢ ᠶᠢᠨ ᠳᠠᠯ᠎ᠠ ᠭᠠᠵᠠᠷ᠂ ᠨᠢᠩᠰᠢᠶᠡ ᠶᠢᠨ ᠳᠠᠯ᠎ᠠ ᠭᠠᠵᠠᠷ ᠳᠡᠷᠡᠴᠢᠯᠡᠨ ᠮᠠᠨ ᠤ ᠤᠯᠤᠰ ᠤᠨ ᠪᠠᠷᠠᠭᠤᠨ ᠬᠤᠶᠢᠳᠤ ᠤᠷᠤᠨ᠂ ᠤᠮᠠᠷᠠᠳᠤ ᠤᠷᠤᠨ ᠤ ᠠᠮᠢ ᠠᠬᠤᠢ ᠶᠢᠨ ᠠᠮᠤᠷ ᠳᠦᠪᠰᠢᠨ ᠤ ᠬᠠᠯᠬᠠᠪᠴᠢ ᠳᠦᠰᠢᠭ ᠶᠤᠮ᠃
ᠠᠯᠠᠱᠠ ᠠᠭᠤᠯᠠ ᠶᠢᠨ ᠠᠯᠠᠱᠠ ᠠᠶᠢᠮᠠᠭ ᠤᠨ ᠬᠠᠷᠢᠶᠠᠨ ᠳᠠᠬᠢ ᠭᠡᠰᠡᠭ ᠲᠤ ᠨᠠᠭᠦᠷᠡᠰᠦᠨ ᠤ ᠡᠬᠢ ᠪᠠᠶᠠᠯᠢᠬ ᠡᠯᠪᠡᠭ ᠪᠠᠶᠢᠵᠤ᠂ 20 ᠳ᠋ᠤᠭᠠᠷ ᠵᠠᠭᠤᠨ ᠤ ᠳᠠᠪᠢ ᠵᠢᠷᠠᠭᠠᠳ ᠤᠷᠤᠨ ᠠᠴᠠ ᠡᠭᠢᠯᠡᠨ ᠶᠡᠭᠡ ᠬᠡᠪᠴᠢᠶ᠎ᠠ ᠪᠠᠷ ᠨᠡᠭᠦᠷᠡᠰᠦ ᠮᠠᠯᠳᠠᠵᠠᠢ᠃ ᠳᠡᠭᠡᠭᠡᠳ ᠠᠵᠤ ᠠᠬᠤᠢᠢᠯᠠᠯ ᠤᠨ ᠬᠢᠨᠢ ᠦᠢᠯᠡᠳᠪᠦᠷᠢᠯᠠᠯ ᠤᠨ ᠠᠷᠭ᠎ᠠ ᠬᠡᠯᠪᠡᠷᠢ ᠨᠢ ᠬᠤᠴᠤᠷᠤᠩᠭᠤᠢ᠂ ᠤᠷᠴᠢᠨ ᠳᠤᠭᠤᠷᠢᠨ ᠢ ᠬᠠᠮᠠᠭᠠᠯᠠᠬᠤ ᠤᠬᠠᠮᠰᠠᠷ ᠳᠤᠤᠷ᠎ᠠ ᠵᠡᠷᠭᠡ ᠤᠯᠠᠨ ᠳᠠᠯ᠎ᠠ ᠶᠢᠨ ᠰᠢᠯᠳᠠᠭᠠᠨ ᠠᠴᠠ ᠪᠤᠯᠵᠤ᠂ ᠠᠮᠢ ᠠᠬᠤᠢ ᠶᠢᠨ ᠤᠷᠴᠢᠨ ᠳᠤᠭᠤᠷᠢᠨ ᠨᠢ ᠰᠦᠷᠡᠬᠡᠢ ᠡᠪᠳᠡᠭᠳᠡᠭᠰᠡᠨ ᠪᠠᠶᠢᠨ᠎ᠠ᠃ ᠪᠠᠶᠢᠴᠠᠭᠠᠯᠳᠠ ᠠᠴᠠ ᠦᠵᠡᠪᠡᠯ᠂ ᠠᠯᠠᠱᠠ ᠠᠶᠢᠮᠠᠬ ᠤᠨ ᠬᠠᠷᠢᠶᠠᠨ ᠳᠠᠬᠢ ᠠᠯᠠᠱᠠ ᠠᠭᠤᠯᠠᠨ ᠤᠷᠤᠨ ᠳᠤ ᠠᠭᠤᠷᠬᠠᠢ ᠮᠠᠯᠳᠠᠭᠠᠳ ᠦᠯᠡᠳᠡᠭᠰᠡᠨ ᠶᠡᠭᠡ ᠪᠠᠭ᠎ᠠ ᠨᠦᠭᠡ 30 ᠭᠠᠷᠤᠢ᠂ ᠠᠭᠤᠷᠬᠠᠢ ᠶᠢᠨ ᠬᠠᠶᠠᠬᠳᠠᠮᠠᠯ ᠤᠨ ᠳᠠᠯᠠᠪᠠᠢ 1000 ᠳᠦᠮᠡᠨ ᠳᠡᠭᠰᠢ ᠳᠦᠷᠪᠡᠯᠵᠢᠨ ᠮᠧᠳ᠋ᠷ ᠢᠯᠡᠭᠦᠦ᠂ ᠠᠭᠤᠷᠬᠠᠢ ᠶᠢᠨ ᠤᠷᠤᠨ ᠤ ᠠᠮᠢ ᠠᠬᠤᠢ ᠡᠪᠳᠡᠭᠳᠡᠭᠰᠡᠨ ᠳᠠᠯᠠᠪᠠᠢ ᠨᠢ 300 ᠭᠠᠷᠤᠢ ᠳᠦᠮᠡᠨ ᠳᠡᠭᠰᠢ ᠳᠦᠷᠪᠡᠯᠵᠢᠨ ᠮᠧᠳ᠋ᠷ ᠲᠤ ᠬᠦᠷᠴᠦ᠂ ᠨᠠᠭᠦᠷᠡᠰᠦᠨ ᠠᠭᠤᠷᠬᠠᠢ ᠶᠢᠨ ᠠᠵᠢᠯᠴᠢᠳ ᠤᠨ ᠠᠮᠢᠳᠤᠷᠠᠯ ᠤᠨ ᠳᠤᠭᠤᠷᠢᠬ ᠢ ᠳᠤᠷ᠎ᠠ ᠪᠠᠷ ᠢᠶᠠᠨ ᠪᠠᠶᠢᠭᠤᠯᠵᠤ᠂ ᠵᠢᠵᠢᠭ ᠬᠡᠯᠪᠡᠷᠢ ᠶᠢᠨ ᠨᠡᠭᠦᠷᠡᠰᠦ ᠤᠭᠢᠶᠠᠬᠤ ᠦᠢᠯᠡᠳᠪᠦᠷᠢ ᠶᠢᠨ ᠳᠤᠭᠤᠰᠤ ᠳᠤᠷᠳᠤᠭ ᠤᠨ ᠪᠤᠬᠢᠷᠳᠤᠯ ᠬᠦᠨᠳᠦ ᠨᠤᠴᠢᠳᠠᠢ ᠠᠭᠠᠷ ᠮᠠᠨᠳᠠᠯ ᠤᠷᠴᠢᠨ ᠳᠤᠭᠤᠷᠢᠨ ᠤ ᠪᠤᠬᠢᠷᠳᠤᠯ ᠪᠤᠯᠵᠤ ᠪᠠᠶᠢᠵᠠᠢ᠃
2016 ᠤᠨ ᠠᠴᠠ ᠨᠠᠭᠠᠰᠢ᠂ ᠠᠯᠠᠱᠠ ᠠᠶᠢᠮᠠᠭ ᠠᠯᠠᠱᠠ ᠠᠭᠤᠯᠠᠨ ᠤᠷᠤᠨ ᠤ ᠠᠮᠢ ᠠᠬᠤᠢ ᠶᠢᠨ ᠤᠷᠴᠢᠨ ᠳᠤᠭᠤᠷᠢᠨ ᠤ ᠠᠰᠠᠭᠤᠳᠠᠯ ᠳᠤ ᠴᠢᠭᠯᠡᠭᠦᠯᠦᠨ ᠵᠠᠰᠠᠨ ᠴᠡᠭᠴᠡᠯᠡᠬᠦ ᠠᠷᠭ᠎ᠠ ᠬᠡᠮᠵᠢᠶ᠎ᠠ ᠠᠪᠤᠭᠰᠠᠨ ᠪᠠᠶᠢᠨ᠎ᠠ᠃ ᠦᠪᠦᠷ ᠮᠤᠩᠭᠤᠯ ᠤᠨ ᠠᠯᠠᠱᠠ ᠠᠭᠤᠯᠠ ᠶᠢᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠬᠠᠮᠢᠶᠠᠷᠤᠯᠳᠠ ᠶᠢᠨ ᠤᠷᠤᠨ ᠤ ᠬᠠᠮᠢᠶ᠎ᠠ ᠪᠦᠬᠦᠢ ᠬᠠᠷᠢᠭᠤᠴᠠᠯᠭᠠᠳᠠᠨ ᠤ ᠳᠠᠨᠢᠯᠴᠠᠭᠤᠯᠤᠭᠰᠠᠨ ᠢᠶᠠᠷ᠂ ᠳᠤᠬᠠᠢ ᠶᠢᠨ ᠬᠠᠮᠠᠭᠠᠯᠠᠯᠳᠠ ᠶᠢᠨ ᠤᠷᠤᠨ ᠠᠴᠠ ᠠᠭᠤᠷᠬᠠᠢ ᠶᠢᠨ ᠡᠬᠢ ᠪᠠᠶᠠᠯᠢᠬ ᠢ ᠨᠡᠭᠡᠭᠡᠨ ᠠᠰᠢᠬᠯᠠᠬᠤ ᠵᠡᠷᠭᠡ ᠪᠠᠷ ᠠᠵᠢᠯᠯᠠᠵᠤ ᠪᠠᠶᠢᠬᠰᠠᠨ 15 ᠠᠵᠤ ᠠᠬᠤᠢᠢᠯᠠᠯ ᠤᠨ ᠦᠢᠯᠡᠳᠪᠦᠷᠢᠯᠡᠯ ᠠᠮᠢᠳᠤᠷᠠᠯ ᠤᠨ ᠳᠦᠬᠦᠭᠡᠷᠦᠮᠵᠢ ᠶᠢ ᠴᠡᠪᠡᠷᠯᠡᠨ ᠭᠠᠷᠭᠠᠵᠤ᠂ 17 ᠠᠭᠤᠷᠬᠠᠢ ᠶᠢᠨ ᠬᠤᠳᠳᠤᠭ ᠨᠦᠭᠡ ᠶᠢ ᠳᠠᠬᠢᠵᠤ ᠮᠠᠯᠳᠠᠬᠤ ᠦᠭᠡᠢ ᠪᠠᠷ ᠪᠢᠳᠡᠭᠦᠮᠵᠢᠯᠡᠵᠦ᠂ 300 ᠢᠯᠡᠭᠦᠦ ᠳᠦᠮᠡᠨ ᠳᠡᠭᠰᠢ ᠳᠦᠷᠪᠡᠯᠵᠢᠨ ᠮᠧᠳ᠋ᠷ ᠳᠠᠯᠠᠪᠠᠢ ᠪᠦᠬᠦᠢ ᠠᠭᠤᠷᠬᠠᠢ ᠶᠢᠨ ᠨᠦᠬᠡ ᠶᠢ ᠪᠦᠭᠯᠡᠵᠦ᠂ 180 ᠳᠦᠮᠡᠨ ᠳᠡᠭᠰᠢ ᠳᠦᠷᠪᠡᠯᠵᠢᠨ ᠮᠧᠳ᠋ᠷ ᠬᠠᠶᠠᠬᠳᠠᠮᠠᠯ ᠤᠨ ᠳᠠᠯᠠᠪᠠᠢ ᠶᠢ ᠴᠡᠪᠡᠷ ᠰᠢᠷᠦᠢ ᠪᠠᠷ ᠪᠦᠳᠡᠭᠡᠵᠦ᠂ ᠠᠭᠤᠷᠬᠠᠢ ᠶᠢᠨ ᠤᠷᠤᠨ ᠤ ᠤᠷᠭᠤᠮᠠᠯ ᠤᠨ ᠪᠦᠷᠭᠦᠴᠠ ᠶᠢ 1 ᠲᠦᠮᠡᠨ ᠮᠦ ᠰᠡᠷᠭᠦᠭᠡᠵᠡᠢ᠃
ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠭᠠᠳᠠᠨᠠᠬᠢ ᠨᠡᠭᠦᠷᠡᠰᠦᠨ ᠠᠭᠤᠷᠬᠠᠢ ᠪᠠ ᠳᠡᠦᠬᠡᠨ ᠠᠴᠠ ᠦᠯᠡᠳᠡᠭᠳᠡᠵᠦ ᠢᠷᠡᠭᠰᠡᠨ ᠭᠠᠵᠠᠷ ᠵᠦᠢ ᠤᠷᠴᠢᠨ ᠳᠤᠭᠤᠷᠢᠨ ᠤ ᠨᠦᠯᠦᠭᠡ ᠪᠦᠬᠦᠢ ᠤᠷᠤᠨ ᠳᠤᠭᠤᠷᠢᠭ ᠢ ᠪᠦᠲᠦᠮᠵᠢᠳᠠᠢ ᠵᠠᠰᠠᠵᠤ ᠴᠡᠭᠴᠡᠯᠡᠪᠠ᠃ ᠹᠧᠩ ᠶᠤᠸᠠᠨ ᠨᠡᠭᠦᠷᠡᠰᠦᠨ ᠠᠭᠤᠷᠬᠠᠢ ᠶᠢᠨ ᠤᠷᠤᠨ ᠤ ᠨᠢᠭᠡ ᠭᠡᠰᠡᠭ ᠤᠨ ᠬᠦᠷᠦᠰᠦ ᠶᠢ ᠢᠷᠠᠵᠤ ᠮᠠᠯᠳᠠᠭᠰᠠᠨ ᠨᠦᠬᠡᠨ ᠤ ᠬᠠᠵᠠᠭᠤ ᠪᠠᠷ ᠦᠩᠭᠡᠷᠡᠬᠦ ᠳᠤ᠂ ᠠᠭᠤᠷᠬᠠᠢ ᠶᠢᠨ ᠨᠦᠭᠡᠨ ᠳᠤ ᠠᠭᠤᠷᠬᠠᠢ ᠶᠢᠨ ᠬᠤᠳᠳᠤᠭ ᠠᠴᠠ ᠳᠠᠳᠠᠵᠤ ᠭᠠᠷᠭᠠᠭᠰᠠᠨ ︵ᠪᠤᠬᠢᠷ︶ ᠤᠰᠤ ᠳᠤᠭᠳᠠᠨ ᠨᠠᠭᠤᠷ ᠪᠤᠯᠵᠤ᠂ ᠨᠠᠷᠠᠨ ᠤ ᠭᠡᠷᠡᠯ ᠠᠷᠮᠠᠨ ᠢᠷᠡᠯᠵᠡᠨᠠ᠂ ᠨᠠᠭᠤᠷ ᠤᠨ ᠬᠦᠪᠡᠭᠡ ᠪᠠᠷ ᠨᠤᠭᠤᠭᠠᠷᠠᠭᠤᠯᠵᠤ᠂ ᠰᠡᠭᠦᠳᠡᠷᠦᠪᠴᠢ ᠰᠠᠨᠳᠠᠯᠢ ᠵᠡᠷᠭᠡ ᠦᠵᠡᠮᠵᠢ ᠶᠢᠨ ᠳᠦᠬᠦᠭᠡᠷᠦᠮᠵᠢ ᠳᠤᠬᠢᠷᠠᠭᠤᠯᠤᠭᠠᠳ ᠵᠢᠵᠢᠭ ᠬᠡᠯᠪᠡᠷᠢ ᠶᠢᠨ ᠠᠮᠠᠷᠠᠵᠤ ᠰᠡᠯᠡᠭᠦᠴᠡᠬᠦ ᠭᠠᠵᠠᠷ ᠪᠤᠯᠭᠠᠭᠰᠠᠨ ᠪᠠᠶᠢᠨ᠎ᠠ᠃ ᠠᠭᠤᠷᠬᠠᠢ ᠶᠢᠨ ᠪᠤᠬᠢᠷ ᠤᠰᠤ ᠶᠢ ᠴᠡᠪᠡᠷᠰᠢᠭᠦᠯᠵᠦ ᠰᠢᠢᠳᠪᠦᠷᠢᠯᠡᠭᠰᠡᠨ ᠨᠢ ᠢᠯᠡᠳᠳᠡ᠃
ᠤᠷᠳᠤ ᠬᠤᠭᠤᠴᠠᠭᠠᠨ ᠤ ᠪᠦᠲᠦᠮᠵᠢᠳᠠᠢ ᠬᠢᠨᠠᠯᠳᠠ ᠬᠠᠮᠢᠶᠠᠷᠤᠯᠳᠠ ᠶᠢᠨ ᠳᠤᠭᠳᠠᠴᠠ ᠶᠢ ᠪᠤᠢ ᠪᠤᠯᠭᠠᠬᠤ ᠶᠢᠨ ᠳᠦᠯᠦᠭᠡ᠂ ᠠᠯᠠᠱᠠ ᠠᠶᠢᠮᠠᠬ ᠤᠨ ᠬᠢᠨ ᠦᠢᠯᠡᠳᠪᠦᠷᠢᠯᠡᠯ ᠤᠨ ᠴᠢᠳᠠᠪᠤᠷᠢ ᠨᠢ ᠪᠠᠷᠢᠮᠵᠢᠶ᠎ᠠ ᠳᠤ ᠬᠦᠷᠬᠦ ᠦᠭᠡᠢ᠂ ᠤᠷᠴᠢᠨ ᠳᠤᠭᠤᠷᠢᠨ ᠤ ᠪᠠᠷᠢᠮᠵᠢᠶ᠎ᠠ ᠬᠢᠷᠢ ᠳᠡᠩᠴᠡᠭᠰᠡᠨ ᠦᠭᠡᠢ ᠠᠵᠤ ᠠᠬᠤᠢᠢᠯᠠᠯ ᠢ ᠠᠯᠬᠤᠮ ᠳᠠᠷᠠᠭ᠎ᠠ ᠲᠠᠢ ᠪᠠᠷ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠠᠴᠠ ᠴᠡᠪᠡᠷᠯᠡᠨ ᠭᠠᠷᠭᠠᠭᠰᠠᠨ ᠰᠠᠭᠤᠷᠢᠨ ᠳᠡᠭᠡᠷ᠎ᠡ᠂ ᠬᠢᠷᠢ ᠭᠡᠮ ᠪᠦᠬᠦᠢ ᠠᠵᠤ ᠠᠬᠤᠢᠢᠯᠠᠯ ᠳᠤ ᠴᠤ ᠴᠢᠩᠭ᠎ᠠ ᠬᠢᠨᠠᠯᠳᠠ ᠳᠠᠯᠪᠢᠵᠤ᠂ ᠤᠷᠴᠢᠨ ᠳᠤᠭᠤᠷᠢᠨ ᠢ ᠵᠠᠰᠠᠨ ᠴᠡᠭᠴᠡᠯᠡᠭᠰᠡᠨ ᠦᠷ᠎ᠡ ᠪᠦᠲᠦᠮᠵᠢ ᠪᠠᠨ ᠪᠠᠳᠤᠳᠬᠠᠵᠤ ᠤᠯᠠᠡ ᠰᠠᠶᠢᠵᠢᠷᠠᠭᠤᠯᠬᠤ ᠳᠦᠰᠦᠯ ᠳᠤᠭᠳᠠᠭᠠᠨ᠂ ᠠᠮᠢ ᠠᠬᠤᠢ ᠶᠢᠨ ᠤᠷᠴᠢᠨ ᠳᠤᠭᠤᠷᠢᠨ ᠤ ᠳᠠᠯ᠎ᠠ ᠪᠠᠷ ᠬᠢ ᠦᠷᠢ ᠳᠦᠯᠦᠭᠡᠰᠦ ᠪᠠᠨ ᠴᠡᠪᠡᠷᠯᠡᠨ ᠳᠤᠭᠠᠴᠠᠵᠤ ᠪᠠᠶᠢᠨ᠎ᠠ᠃
ᠤᠳᠤᠬᠠᠨ ᠳᠤ᠂ ᠠᠯᠠᠱᠠ ᠠᠶᠢᠮᠠᠭ ᠤᠨ ᠬᠢᠨ ᠡᠯ᠎ᠠ ᠴᠢᠳᠠᠪᠬᠢᠳᠤ ᠰᠠᠯᠠᠭ᠎ᠠ ᠮᠦᠴᠢᠷ ᠤᠨ ᠬᠢᠨᠠᠯᠳᠠ ᠬᠠᠮᠢᠶᠠᠷᠤᠯᠳᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠬᠠᠮᠢᠶ᠎ᠠ ᠪᠦᠬᠦᠢ ᠺᠠᠳ᠋ᠷ ᠪᠠ ᠰᠠᠯᠠᠭ᠎ᠠ ᠮᠦᠴᠢᠷ ᠤᠨ ᠬᠢᠨ ᠢ ᠬᠠᠷᠢᠴᠠᠭᠤᠯᠭ᠎ᠠ ᠶᠢᠨ ᠤᠷᠤᠨ ᠬᠤᠪᠢᠶᠠᠨ ᠬᠠᠮᠢᠶᠠᠷᠬᠤ ᠶᠢ ᠱᠠᠭᠠᠷᠳᠠᠵᠤ᠂ ᠢᠯᠡᠴᠢᠯᠡᠨ ᠮᠡᠳᠡᠭᠦᠯᠬᠦ ᠤᠳᠠᠰᠤ ᠨᠡᠪᠳᠡᠷᠡᠭᠦᠯᠵᠦ᠂ ᠠᠯᠠᠱᠠ ᠠᠭᠤᠯᠠᠨ ᠤᠷᠤᠨ ᠤ ᠠᠵᠤ ᠠᠬᠤᠢᠢᠯᠠᠯ ᠢ ᠴᠢᠩᠭ᠎ᠠ ᠬᠢᠨᠠᠵᠤ᠂ ᠳᠠᠯᠳᠠᠭᠤᠷ ᠭᠠᠳᠠᠭᠰᠢᠯᠠᠭᠤᠯᠬᠤ ᠶᠢ ᠰᠡᠷᠭᠡᠶᠢᠯᠡᠨ᠂ ᠴᠡᠭᠴᠡᠯᠡᠨ ᠵᠠᠰᠠᠬᠰᠠᠨ ᠦᠷ᠎ᠡ ᠪᠦᠳᠦᠮᠵᠢ ᠪᠠᠨ ᠬᠠᠮᠠᠭᠠᠯᠠᠵᠤ ᠪᠠᠶᠢᠨ᠎ᠠ᠃
ᠠᠯᠠᠱᠠ ᠠᠶᠢᠮᠠᠭ ᠤᠨ ᠵᠠᠷᠢᠮ ᠺᠠᠳ᠋ᠷ ᠤᠨ ᠶᠠᠷᠢᠵᠤ ᠪᠠᠶᠢᠭ᠎ᠠ ᠪᠠᠷ᠂ ᠠᠯᠠᠱᠠ ᠠᠭᠤᠯᠠᠨ ᠤᠷᠤᠨ ᠤ ᠬᠠᠭᠠᠵᠤ ᠵᠤᠬᠰᠤᠭᠠᠭᠰᠠᠨ ᠳᠡᠳᠡᠭᠡᠷ ᠦᠢᠯᠡᠳᠪᠦᠷᠢ ᠠᠭᠤᠷᠬᠠᠢ ᠶᠢᠨ ᠠᠵᠤ ᠠᠬᠤᠢᠢᠯᠠᠯ ᠠᠴᠠ ᠢᠷᠡᠬᠦ ᠤᠷᠤᠯᠭ᠎ᠠ ᠨᠢ ᠪᠠᠷᠤᠭ ᠪᠦᠬᠦ ᠠᠶᠢᠮᠠᠭ ᠤᠨ ᠡᠳ᠋ ᠤᠨ ᠵᠠᠰᠠᠭ ᠤᠨ ᠤᠷᠤᠯᠭ᠎ᠠ ᠶᠢᠨ 1/6 ᠢ ᠡᠵᠡᠯᠡᠵᠦ ᠪᠠᠶᠢᠵᠠᠢ᠂ ᠭᠡᠪᠡᠴᠦ ᠤᠯᠤᠰ ᠤᠨ ᠴᠢᠬᠤᠯᠠ ᠠᠮᠢ ᠠᠬᠤᠢ ᠶᠢᠨ ᠴᠢᠳᠠᠪᠬᠢᠳᠤ ᠤᠷᠤᠨ ᠪᠤᠯᠤᠭᠰᠠᠨ ᠤ ᠬᠤᠪᠢ ᠳᠤ ᠠᠯᠠᠱᠠ ᠠᠶᠢᠮᠠᠭ ᠨᠢ ᠡᠷᠭᠡᠪᠰᠢ ᠪᠤᠬᠢᠷᠳᠤᠯ ᠦᠭᠡᠢ ᠬᠦᠭᠵᠢᠯᠳᠡ ᠳᠤ ᠳᠦᠰᠢᠭᠯᠡᠮᠡᠨᠵᠢᠨ ᠰᠠᠶ᠋ᠢ ᠡᠨᠡ ᠬᠦ ᠴᠢᠳᠠᠪᠬᠢᠳᠤ ᠤᠷᠤᠨ ᠤ ᠦᠢᠯᠡᠳᠦᠯ ᠢᠶᠠᠨ ᠪᠠᠳᠠᠷᠠᠭᠤᠯᠵᠤ ᠴᠢᠳᠠᠨ᠎ᠠ᠂ ᠡᠨᠡ ᠬᠦ ᠠᠮᠢ ᠠᠬᠤᠢ ᠶᠢᠨ ᠴᠢᠳᠠᠪᠬᠢ ᠶᠢ ᠮᠦᠩᠭᠦ ᠪᠠᠷ ᠳᠤᠭᠠᠴᠠᠯᠠᠬᠤ ᠶᠢᠨ ᠠᠷᠭ᠎ᠠ ᠦᠭᠡᠢ ᠭᠡᠵᠤ ᠤᠢᠢᠯᠠᠭᠠᠵᠤ ᠤᠬᠠᠭᠠᠷᠠᠵᠤ ᠪᠠᠶᠢᠭ᠎ᠠ ᠶᠤᠮ ᠪᠠᠶᠢᠨ᠎ᠠ᠃
ᠦᠬᠠᠢ᠄ ᠤᠢ ᠰᠢᠭᠤᠢ ᠡᠯᠡᠰᠦᠨ ᠤ ᠠᠵᠦ ᠦᠢᠯᠡᠰ ᠢ ᠭᠦᠭᠵᠢᠭᠦᠯᠦᠨ᠎ᠡ
ᠤᠯᠠᠭᠠᠨᠪᠤᠬ᠎ᠠ ᠶᠢᠨ ᠡᠯᠡᠰᠦ᠂ ᠬᠦᠪᠴᠢ ᠶᠢᠨ ᠡᠯᠡᠰᠦ᠂ ᠮᠤᠤᠠᠤᠰᠤ ᠶᠢᠨ ᠡᠯᠡᠰᠦᠷᠭᠡ ᠭᠠᠵᠠᠷ ᠤᠨ ᠠᠭᠤᠯᠵᠠᠭᠤᠷ ᠲᠤ ᠪᠠᠶᠢᠷᠢᠯᠠᠭᠰᠠᠨ ᠦᠬᠠᠢ ᠬᠤᠳᠠ ᠶᠢᠨ ᠬᠢᠨ ᠤᠯᠠᠨ ᠵᠢᠯ ᠬᠠᠯᠠᠰᠢᠷᠠᠯ ᠦᠭᠡᠢ ᠬᠠᠶᠢᠨ ᠰᠦᠪᠡᠭᠴᠢᠯᠡᠵᠦ᠂ ᠰᠢᠨᠵᠢᠯᠡᠬᠦ ᠤᠬᠠᠭᠠᠨᠴᠢ ᠪᠠᠷ ᠤᠢᠢᠵᠢᠭᠤᠯᠤᠭᠠᠳ ᠶᠡᠭᠡ ᠰᠠᠶᠢᠨ ᠠᠮᠢ ᠠᠬᠤᠢ ᠶᠢᠨ ᠦᠷ᠎ᠡ ᠠᠰᠢᠬ ᠢ ᠤᠯᠤᠭᠰᠠᠨ ᠢᠶᠠᠷ ᠪᠠᠷᠠᠬᠤ ᠦᠭᠡᠢ ᠴᠢᠮᠠᠯᠠᠰᠢ ᠦᠭᠡᠢ ᠠᠵᠤ ᠠᠬᠤᠢ ᠶᠢᠨ ᠦᠷ᠎ᠡ ᠠᠰᠢᠬ ᠤᠯᠤᠭᠰᠠᠨ ᠪᠠᠶᠢᠨ᠎ᠠ᠃ ᠤᠳᠤ ᠶᠢᠨ ᠪᠠᠶᠢᠳᠠᠯ ᠢᠶᠠᠷ᠂ ᠦᠬᠠᠢ ᠬᠤᠳᠠ ᠶᠢᠨ ᠤᠢ ᠰᠢᠭᠤᠢ ᠪᠠ ᠡᠯᠡᠰᠦᠨ ᠤ ᠠᠵᠤ ᠦᠢᠯᠡᠰ ᠤᠨ ᠵᠢᠯ ᠤᠨ ᠦᠢᠯᠡᠳᠪᠦᠷᠢᠯᠡᠯ ᠤᠨ ᠦᠷᠳᠡᠭ ᠨᠢ 7 ᠳ᠋ᠦᠩᠰᠢᠭᠤᠷ ᠰᠢᠬᠠᠮ ᠳᠦᠭᠦᠷᠢᠭ ᠲᠤ ᠬᠦᠷᠴᠦ ᠦᠵᠦᠮ᠂ ᠵᠠᠬ᠂ ᠴᠢᠬᠢ ᠪᠤᠶᠢᠵᠢᠭᠤᠯᠬᠤ᠂ ᠠᠮᠢ ᠠᠬᠤᠢ ᠶᠢᠨ ᠵᠢᠭᠤᠯᠴᠢᠯᠠᠯ ᠢᠶᠠᠷ ᠭᠤᠤᠯ ᠪᠤᠯᠭᠠᠭᠰᠠᠨ 10 ᠳᠦᠮᠡᠨ ᠮᠦ ᠶᠢᠨ ᠤᠢ ᠰᠢᠭᠤᠢ ᠡᠯᠡᠰᠦᠨ ᠤ ᠠᠵᠤ ᠦᠢᠯᠡᠰ ᠤᠨ ᠰᠠᠭᠤᠷᠢᠨ ᠭᠠᠵᠠᠷ ᠲᠠᠢ ᠪᠤᠯᠵᠠᠢ᠃
ᠦᠬᠠᠢ ᠬᠤᠳᠠ ᠪᠤᠯ ᠭᠠᠩ ᠬᠠᠭᠤᠷᠠᠢ ᠬᠤᠷ᠎ᠠ ᠳᠤᠨᠳᠠᠰᠤ ᠪᠠᠭ᠎ᠠ᠂ ᠰᠠᠯᠬᠢ ᠶᠡᠭᠡ ᠡᠯᠡᠰᠦ ᠠᠷᠪᠢᠨ᠂ ᠮᠠᠨ ᠤ ᠤᠷᠤᠨ ᠤ ᠬᠦᠨᠳᠦ ᠭᠡᠴᠡᠭᠦᠦ ᠡᠯᠡᠰᠦᠷᠭᠡᠭᠵᠢᠵᠦ ᠳᠠᠴᠢᠷᠰᠢᠬᠰᠠᠨ ᠤᠷᠤᠨ ᠤ ᠨᠢᠭᠡ ᠶᠤᠮ᠃ ᠮᠠᠨ ᠤ ᠤᠯᠤᠰ ᠤᠨ ᠪᠠᠶᠢᠭᠠᠯᠢ ᠶᠢᠨ ᠠᠮᠢ ᠠᠬᠤᠢ ᠶᠢᠨ ᠰᠢᠰᠲ᠋ᠧᠮ ᠨᠢ ᠤᠨᠴᠠᠭᠠᠢ ᠭᠡᠪᠡᠷᠡᠭ᠂ ᠠᠮᠢ ᠠᠬᠤᠢ ᠶᠢᠨ ᠡᠬᠢ ᠪᠠᠶᠠᠯᠢᠬ ᠬᠤᠮᠰᠠ᠂ ᠪᠠᠶᠢᠭᠠᠯᠢ ᠶᠢᠨ ᠭᠠᠮᠰᠢᠬ ᠦᠷᠭᠦᠯᠵᠢ ᠳᠤᠬᠢᠶᠠᠯᠳᠤᠳᠠᠭ ᠬᠤᠳᠠ ᠰᠠᠭᠤᠷᠢᠨ ᠤ ᠨᠢᠭᠡ ᠪᠤᠯᠤᠨ᠎ᠠ᠃ ᠪᠦᠷᠢᠳᠭᠡᠯ ᠢᠶᠠᠷ᠂ ᠦᠬᠠᠢ ᠬᠤᠳᠠ ᠨᠢ ᠨᠡᠶᠢᠳᠡᠯᠢᠭ ᠭᠠᠩ ᠬᠠᠭᠤᠷᠠᠢ ᠴᠦᠯᠯᠡᠷᠭᠡᠭ ᠤᠷᠤᠨ ᠤ ᠳᠤᠭᠠᠨ ᠳᠤ ᠪᠠᠭᠳᠠᠵᠤ᠂ ᠨᠢᠭᠡ ᠦᠶ᠎ᠠ ᠴᠦᠯᠯᠡᠷᠬᠡᠭᠵᠢᠭᠰᠡᠨ ᠳᠠᠯᠠᠪᠠᠢ ᠨᠢ ᠪᠦᠬᠦ ᠬᠤᠳᠠ ᠶᠢᠨ ᠨᠡᠶᠢᠳᠡ ᠭᠠᠵᠠᠷ ᠨᠤᠳᠤᠭ ᠤᠨ ᠳᠠᠯᠠᠪᠠᠢ ᠶᠢᠨ 60% ᠳᠤ ᠬᠦᠷᠴᠦ ᠪᠠᠶᠢᠵᠡᠢ᠃ ᠠᠩᠬ᠎ᠠ ᠦᠠᠬᠠᠢ ᠬᠤᠳᠠ ᠶᠢ ᠪᠠᠶᠢᠭᠤᠯᠬᠤ ᠦᠶ᠎ᠠ ᠳᠤ᠂ ᠪᠦᠬᠦ ᠬᠤᠳᠠ ᠶᠢᠨ ᠤᠢ ᠰᠢᠭᠤᠢ ᠶᠢᠨ ᠪᠦᠷᠬᠦᠴᠡ ᠶᠢᠨ ᠨᠤᠷᠮ᠎ᠠ ᠨᠢ ᠵᠦᠳᠡᠭᠦᠦ 0.38% ᠪᠠᠶᠢᠵᠤ᠂ ᠦᠨᠦᠳᠦᠷ ᠬᠤᠳᠠ ᠳᠤᠭᠤᠷᠢᠬ ᠤᠨ ᠨᠤᠭᠤᠭᠠᠷᠠᠭᠤᠯᠤᠯᠳᠠ ᠶᠢᠨ ᠨᠤᠷᠮ᠎ᠠ ᠨᠢ 43% ᠳᠤ ᠬᠦᠷᠴᠦ᠂ ᠬᠦᠮᠦᠨ ᠳᠤᠮᠳᠠᠴᠢ ᠴᠡᠴᠡᠷᠯᠢᠭᠵᠢᠭᠦᠯᠦᠨ ᠨᠤᠭᠤᠭᠠᠷᠠᠭᠤᠯᠤᠭᠰᠠᠨ ᠭᠠᠵᠠᠷ ᠤᠨ ᠳᠠᠯᠠᠪᠠᠢ ᠨᠢ 19.9 ᠳᠡᠭᠰᠢ ᠳᠦᠷᠪᠡᠯᠵᠢᠨ ᠮᠧᠳ᠋ᠷ ᠪᠤᠯᠤᠭᠰᠠᠨ ᠪᠠᠶᠢᠨ᠎ᠠ᠃
ᠡᠯᠡᠰᠦᠨ ᠤ ᠬᠦᠪᠡᠭᠡ ᠳᠠᠭᠠᠭᠤᠯᠤᠨ ᠮᠤᠳᠤ ᠳᠠᠷᠢᠵᠤ ᠡᠳᠡᠭᠡᠷᠡᠭᠦᠯᠦᠨᠠ ᠭᠡᠳᠡᠭ ᠨᠠᠭᠠᠳᠤᠮ ᠪᠢᠰᠢ᠂ ᠭᠤᠤᠯ ᠨᠢ ᠤᠰᠤ ᠪᠠᠶᠢᠬᠤ ᠦᠭᠡᠢ᠃ ᠤᠰᠤ ᠶᠢ ᠰᠢᠨᠵᠢᠯᠡᠬᠦ ᠤᠬᠠᠭᠠᠨᠴᠢ ᠪᠠᠷ ᠠᠰᠢᠬᠯᠠᠵᠤ᠂ ᠳᠠᠷᠢᠬᠰᠠᠨ ᠮᠤᠳᠤ ᠪᠠᠨ ᠡᠳᠡᠭᠡᠷᠡᠭᠦᠯᠬᠦ ᠶᠢᠨ ᠳᠦᠯᠦᠭᠡ᠂ 2009 ᠤᠨ ᠠᠴᠠ ᠡᠭᠢᠯᠡᠨ᠂ ᠦᠬᠠᠢ ᠬᠤᠳᠠ ᠪᠦᠬᠦ ᠳᠠᠯ᠎ᠠ ᠪᠠᠷ ᠤᠰᠤ ᠠᠷᠪᠢᠯᠠᠨ ᠤᠰᠤᠯᠠᠬᠤ ᠳᠦᠬᠦᠭᠡᠷᠦᠮᠵᠢ ᠤᠬᠰᠠᠷᠠᠵᠤ᠂ ᠤᠰᠤᠨ ᠠᠰᠢᠬᠯᠠᠯᠳᠠ ᠶᠢᠨ ᠳᠦᠬᠦᠭᠡᠷᠦᠮᠵᠢ ᠨᠢ ᠬᠠᠮᠢᠭ᠎ᠠ ᠬᠦᠷᠪᠡᠯ ᠳᠡᠨᠳᠡ ᠬᠦᠷᠳᠡᠯ᠎ᠠ ᠤᠢᠢᠵᠢᠭᠤᠯᠵᠤ ᠨᠤᠭᠤᠭᠠᠷᠠᠭᠤᠯᠬᠤ ᠠᠷᠭ᠎ᠠ ᠶᠢ ᠪᠠᠷᠢᠮᠳᠠᠯᠠᠪᠠ᠃ ᠠᠭᠤᠯᠠᠨ ᠬᠢᠷ᠎ᠠ᠂ ᠵᠠᠮ ᠤᠨ ᠬᠠᠵᠠᠭᠤ᠂ ᠴᠡᠴᠡᠷᠯᠢᠭ᠂ ᠳᠠᠯᠠᠪᠠᠢ᠂ ᠬᠠᠮᠢᠭ᠎ᠠ ᠴᠤ ᠳᠡᠷᠡ᠂ ᠡᠳᠡᠭᠡᠷᠡᠵᠦ ᠪᠦᠳᠦᠭᠦᠷᠡᠭᠰᠡᠨ ᠮᠤᠳᠤᠨ ᠤ ᠦᠨᠳᠦᠰᠤᠨ ᠳᠤ ᠴᠤ ᠲᠡᠷᠡ ᠪᠦᠷ ᠳᠤᠰᠤᠯᠭᠠᠨ ᠤᠰᠤᠯᠠᠬᠤ ᠬᠤᠭᠤᠯᠠᠢ ᠶᠢ ᠵᠠᠯᠭᠠᠵᠤ ᠬᠦᠷᠭᠡᠪᠡ᠃ ᠢᠰᠷᠧᠯ ᠠᠴᠠ ᠱᠦᠭᠦᠵᠦ ᠳᠤᠩᠭᠠᠬᠤ ᠮᠡᠷᠭᠡᠵᠢᠯ ᠪᠠ ᠳᠦᠬᠦᠭᠡᠷᠦᠮᠵᠢ ᠤᠷᠤᠭᠤᠯᠤᠨ ᠠᠪᠴᠢᠷᠠᠵᠤ᠂ ᠬᠤᠶᠠᠷ ᠱᠠᠳᠤᠯᠠᠨ ᠤᠰᠤ ᠳᠠᠳᠠᠵᠤ᠂ ᠬᠠᠳᠤᠨ ᠭᠤᠤᠯ ᠤᠨ ᠤᠰᠤ ᠶᠢ ᠠᠰᠢᠬᠯᠠᠨ ᠦᠷ᠎ᠡ ᠪᠦᠲᠦᠮᠵᠢ ᠰᠠᠶᠢᠳᠠᠢ ᠤᠰᠤ ᠠᠷᠪᠢᠯᠠᠨ ᠤᠰᠤᠯᠠᠬᠤ ᠶᠢ ᠪᠡᠶᠡᠯᠡᠭᠦᠯᠪᠡ᠃ ᠡᠳᠡᠭᠡᠷ ᠵᠢᠯ ᠤᠳ ᠤᠨ ᠤᠷᠴᠢᠨ ᠳᠤᠭᠤᠷᠢᠨ ᠤ ᠬᠢᠨᠠᠨ ᠭᠡᠮᠵᠢᠯᠳᠡ ᠠᠴᠠ ᠦᠵᠡᠪᠡᠯ᠂ ᠳᠤᠰᠤᠯᠭᠠᠨ ᠤᠰᠤᠯᠠᠵᠤ ᠤᠢᠢᠵᠢᠭᠤᠯᠤᠭᠰᠠᠨ ᠵᠢᠯ ᠳᠤᠮᠳᠠᠴᠢ ᠶᠢᠨ ᠡᠳᠡᠭᠡᠷᠡᠯᠳᠡ ᠶᠢᠨ ᠨᠤᠷᠮ᠎ᠠ ᠪᠠ ᠤᠨᠳᠤᠷᠠᠯᠳᠠ ᠶᠢᠨ ᠨᠤᠷᠮ᠎ᠠ ᠨᠢ 90% ᠪᠠ 80% ᠶᠢ ᠳᠠᠪᠠᠵᠤ᠂ ᠵᠠᠳᠠᠭᠠᠢ ᠤᠷᠤᠰᠬᠠᠨ ᠤᠰᠤᠯᠠᠬᠤ ᠲᠠᠢ ᠬᠠᠷᠢᠭᠤᠴᠠᠭᠤᠯᠪᠠᠯ ᠮᠦ ᠳᠤᠰᠤᠮ ᠢ ᠤᠰᠤᠯᠠᠬᠤ ᠤᠰᠤᠨ ᠤ ᠬᠡᠮᠵᠢᠶ᠎ᠠ ᠨᠢ 60 ᠳᠤᠨ ᠠᠴᠠ ᠪᠠᠨ 12 ᠳᠤᠨ ᠪᠤᠯᠵᠤ ᠬᠠᠰᠤᠭᠳᠠᠨ᠂ 80% ᠪᠠᠷ ᠤᠰᠤ ᠠᠷᠪᠢᠯᠠᠭᠰᠠᠨ ᠪᠠᠶᠢᠨ᠎ᠠ᠃
ᠳᠤᠬᠢᠷᠠᠭᠰᠠᠨ ᠭᠠᠵᠠᠷ ᠲᠤᠨᠢ ᠳᠤᠬᠢᠷᠠᠭᠰᠠᠨ ᠮᠤᠳᠤ ᠳᠠᠷᠢᠬᠤ ᠵᠠᠷᠴᠢᠮ ᠢ ᠦᠨᠳᠦᠰᠦᠯᠡᠨ᠂ ᠦᠬᠠᠢ ᠬᠤᠳᠠ ᠶᠢᠨ ᠬᠢᠨ ᠪᠠᠶᠢᠭᠠᠯᠢ ᠶᠢᠨ ᠠᠭᠤᠷ ᠠᠮᠢᠰᠬᠤᠯ ᠤᠨ ᠨᠦᠬᠦᠴᠡᠯ ᠢᠶᠠᠷ ᠤᠢᠢᠷᠠᠯᠴᠠᠭ᠎ᠠ ᠭᠠᠵᠠᠷ ᠤᠷᠤᠨ ᠠᠴᠠ ᠵᠢᠭᠠᠷᠳᠤ ᠨᠠᠷᠠᠰᠤ᠂ ᠭᠠᠴᠤᠷ᠎ᠠ᠂ ᠵᠤᠷᠯᠤᠭ᠂ ᠡᠯᠡᠰᠦᠨ ᠰᠢᠮᠡᠯᠳᠡᠭ ᠵᠡᠷᠭᠡ ᠭᠠᠩ ᠬᠠᠭᠤᠷᠠᠢ ᠤᠷᠤᠨ ᠳᠤ ᠤᠷᠭᠤᠳᠠᠭ ᠭᠠᠩ ᠳᠤ ᠳᠠᠭᠠᠭᠠᠴᠠ ᠲᠠᠢ ᠮᠤᠳᠤᠨ ᠤ ᠳᠦᠷᠦᠯ ᠢ ᠰᠤᠩᠭᠤᠨ ᠤᠷᠤᠭᠤᠯᠵᠤ᠂ ᠳᠦᠭᠦᠮ ᠤᠷᠭᠤᠮᠠᠯ ᠤᠨ ᠬᠤᠴᠢᠯᠭ᠎ᠠ ᠶᠢᠨ ᠳᠠᠪᠢᠰᠭᠡᠷ ᠬᠢᠵᠤ ᠨᠠᠯᠠᠤ ᠭᠠᠵᠠᠷ ᠢ ᠤᠢᠢᠵᠢᠭᠤᠯᠬᠤ ᠠᠷᠭ᠎ᠠ ᠶᠢ ᠡᠭᠦᠳᠦᠭᠰᠡᠨ ᠪᠠᠶᠢᠨ᠎ᠠ᠃ ᠭᠠᠨᠳᠢᠷ ᠠᠭᠤᠯᠠ ᠶᠢᠨ ᠠᠮᠢ ᠠᠬᠤᠢ ᠶᠢᠨ ᠪᠤᠯᠪᠠᠰᠤᠨ ᠤ ᠦᠵᠡᠮᠵᠢ ᠶᠢᠨ ᠤᠷᠤᠨ ᠤ ᠨᠤᠭᠤᠭᠠᠷᠠᠭᠤᠯᠤᠯᠳᠠ ᠳᠤ ᠳᠠᠷᠤᠢ ᠳᠦᠭᠦᠮ ᠤᠷᠭᠤᠮᠠᠯ ᠤᠨ ᠬᠤᠴᠢᠯᠭ᠎ᠠ ᠶᠢᠨ ᠳᠡᠪᠢᠰᠭᠡᠷ ᠬᠢᠵᠦ ᠨᠠᠯᠠᠤ ᠭᠠᠵᠠᠷ ᠢ ᠤᠢᠢᠵᠢᠭᠤᠯᠬᠤ ᠠᠷᠭ᠎ᠠ ᠶᠢ ᠭᠡᠷᠡᠭᠯᠡᠭᠰᠡᠨ ᠠᠵᠢ᠃ ᠳᠤᠰ ᠠᠷᠭ᠎ᠠ ᠶᠢ ᠬᠡᠷᠡᠭᠯᠡᠪᠡᠯ ᠡᠩ ᠤᠨ ᠤᠷᠭᠤᠮᠠᠯ ᠤᠨ ᠬᠤᠴᠢᠯᠭ᠎ᠠ ᠶᠢᠨ ᠳᠡᠪᠢᠰᠭᠡᠷ ᠬᠢᠬᠦ ᠠᠴᠠ 3/4 ᠪᠠᠷ ᠵᠠᠷᠤᠳᠠᠯ ᠠᠷᠪᠢᠯᠠᠵᠤ᠂ ᠳᠡᠭᠰᠢ ᠳᠦᠷᠪᠡᠯᠵᠢᠨ ᠮᠧᠳ᠋ᠷ ᠳᠤᠮᠳᠠᠴᠢ ᠳᠤ 7 ᠳᠦᠭᠦᠷᠢᠭ ᠯᠡ ᠭᠡᠷᠡᠭᠯᠡᠳᠡᠭ ᠪᠠᠶᠢᠨ᠎ᠠ᠃ ᠡᠭᠦᠨ ᠠᠴᠠ ᠭᠠᠳᠠᠨ᠎ᠠ᠂ ᠳᠤᠰ ᠬᠤᠳᠠ ᠶᠢᠨ ᠬᠢᠨ ᠪᠠᠰᠠ ᠠᠮᠢ ᠠᠬᠤᠢ ᠶᠢᠨ ᠤᠭᠤᠳᠠ᠂ ᠤᠷᠭᠤᠮᠠᠯ ᠤᠨ ᠳᠡᠪᠢᠰᠭᠡᠷ᠂ ᠠᠮᠢ ᠠᠬᠤᠢ ᠶᠢᠨ ᠪᠠᠭᠯᠠᠭ᠎ᠠ ᠵᠢᠴᠢ ᠰᠢᠷᠦᠢ ᠰᠦᠷᠴᠢᠨ ᠨᠡᠭᠦᠯᠭᠡᠵᠦ ᠡᠪᠡᠰᠦ ᠮᠤᠳᠤ ᠳᠠᠷᠢᠬᠤ ᠵᠡᠷᠭᠡ ᠠᠷᠭ᠎ᠠ ᠮᠡᠷᠭᠡᠵᠢᠯ ᠢ ᠠᠰᠢᠬᠯᠠᠨ ᠠᠭᠤᠷᠬᠠᠢ ᠶᠢᠨ ᠤᠷᠤᠨ ᠤ ᠬᠠᠶᠠᠬᠳᠠᠮᠠᠯ ᠤᠨ ᠤᠪᠤᠭ᠎ᠠ ᠶᠢᠨ ᠠᠮᠢ ᠠᠬᠤᠢ ᠶᠢ ᠵᠠᠰᠠᠵᠤ᠂ ᠨᠠᠯᠠᠤ ᠭᠠᠵᠠᠷ ᠢ ᠤᠢᠢᠵᠢᠭᠤᠯᠵᠤ ᠨᠤᠭᠤᠭᠠᠷᠠᠭᠤᠯᠬᠤ ᠬᠦᠴᠢᠷᠳᠠᠯ ᠢ ᠰᠢᠢᠳᠪᠦᠷᠢᠯᠡᠵᠡᠢ᠃ ᠦᠬᠠᠢ ᠬᠤᠳᠠ ᠶᠢᠨ ᠬᠢᠨ ᠰᠢᠨᠵᠢᠯᠡᠬᠦ ᠤᠬᠠᠭᠠᠨᠴᠢ ᠪᠠᠷ ᠤᠢᠢᠵᠢᠭᠤᠯᠵᠤ ᠡᠷᠡᠰ ᠳᠠᠰᠤ ᠭᠠᠩ ᠬᠠᠭᠤᠷᠠᠢ ᠴᠦᠯᠯᠡᠷᠭᠡᠭ ᠤᠷᠤᠨ ᠳᠤ ᠮᠤᠳᠤ ᠳᠠᠷᠢᠵᠤ ᠡᠳᠡᠭᠡᠷᠡᠵᠦ ᠤᠨᠳᠤᠷᠠᠭᠰᠠᠨ ᠨᠤᠷᠮ᠎ᠠ ᠨᠢ ᠵᠢᠯ ᠵᠢᠯ 85% ᠠᠴᠠ ᠳᠠᠪᠠᠭᠰᠠᠨ ᠭᠠᠶᠢᠬᠠᠮᠰᠢᠬ ᠢ ᠡᠭᠦᠳᠪᠠ᠃ ᠦᠩᠭᠡᠷᠡᠭᠰᠡᠨ ᠳᠤ ᠡᠯᠡᠰᠦ ᠴᠠᠶᠢᠷᠠᠵᠤ ᠪᠠᠶᠢᠬᠰᠠᠨ ᠭᠠᠨᠳᠢᠷ ᠠᠭᠤᠯᠠ ᠶᠢᠨ ᠬᠤᠷᠮᠤᠢ ᠦᠨᠦᠳᠦᠷ ᠪᠤᠯᠬᠤ ᠳᠤ ᠤᠢ ᠮᠤᠳᠤ ᠢᠬᠴᠤᠷᠠᠭᠰᠠᠨ ᠰᠡᠯᠡᠭᠦᠴᠡᠨ ᠳᠤᠭᠤᠷᠢᠬᠤ ᠰᠠᠶᠢᠬᠠᠨ ᠭᠠᠵᠠᠷ ᠪᠤᠯᠤᠭᠠᠳ ᠪᠠᠶᠢᠨ᠎ᠠ᠃
ᠠᠮᠢ ᠠᠬᠤᠢ ᠶᠢᠨ ᠦᠷ᠎ᠡ ᠠᠰᠢᠬ ᠪᠠ ᠠᠵᠤ ᠠᠬᠤᠢ ᠶᠢᠨ ᠦᠷ᠎ᠡ ᠠᠰᠢᠬ ᠢ ᠵᠡᠷᠭᠡ ᠪᠠᠷ ᠴᠢᠬᠤᠯᠠᠴᠢᠯᠠᠵᠤ᠂ ᠡᠯᠡᠰᠦ ᠮᠠᠩᠬᠠᠨ ᠤ ᠪᠤᠬᠢᠷᠳᠤᠯ ᠦᠭᠡᠢ᠂ ᠴᠢᠭᠢᠭ ᠪᠠᠭ᠎ᠠ᠂ ᠨᠠᠷᠠᠨ ᠤ ᠳᠤᠰᠤᠯᠳᠠ ᠰᠠᠶᠢᠨ᠂ ᠳᠤᠯᠠᠭᠠᠨ ᠤ ᠬᠤᠷᠠᠮᠳᠤᠭᠤᠯᠭ᠎ᠠ ᠡᠯᠪᠡᠭ᠂ ᠬᠢᠷᠠᠭᠤ ᠦᠭᠡᠢ ᠬᠤᠭᠤᠴᠠᠭ᠎ᠠ ᠤᠷᠳᠤ᠂ ᠡᠳᠦᠷ ᠰᠦᠨᠢ ᠶᠢᠨ ᠳᠤᠯᠠᠭᠠᠨ ᠤ ᠵᠦᠷᠢᠶ᠎ᠡ ᠶᠡᠭᠡ ᠪᠠᠶᠢᠳᠠᠭ ᠤᠨᠴᠠᠭᠠᠢ ᠪᠠᠶᠢᠭᠠᠯᠢ ᠶᠢᠨ ᠨᠦᠬᠦᠴᠡᠯ ᠢ ᠬᠦᠢᠴᠡᠳ ᠠᠰᠢᠬᠯᠠᠵᠤ ᠦᠵᠦᠮ ᠳᠠᠷᠢᠬᠤ᠂ ᠦᠵᠦᠮ ᠡᠳ᠋ᠰᠢᠭᠦᠯᠬᠦ᠂ ᠵᠠᠬ ᠤᠨ ᠦᠨᠳᠦᠰᠦᠨ ᠳᠤ ᠭᠤᠶᠤᠤ ᠰᠠᠭᠤᠯᠭᠠᠬᠤ᠂ ᠴᠢᠬᠢ ᠪᠤᠶᠢᠵᠢᠭᠤᠯᠬᠤ᠂ ᠬᠤᠸᠠᠷ ᠴᠡᠴᠡᠭ᠂ ᠠᠮᠢ ᠠᠬᠤᠢ ᠶᠢᠨ ᠵᠢᠭᠤᠯᠴᠢᠯᠠᠯ ᠵᠡᠷᠭᠡ ᠤᠢ ᠰᠢᠭᠤᠢ ᠡᠯᠡᠰᠦᠨ ᠤ ᠠᠵᠤ ᠦᠢᠯᠡᠰ ᠢ ᠬᠦᠴᠦ ᠤᠷᠤᠭᠤᠯᠤᠨ ᠠᠬᠢᠭᠤᠯᠵᠤ ᠳᠦᠷᠭᠡᠳᠭᠡᠨ ᠬᠦᠭᠵᠢᠭᠦᠯᠦᠭᠡᠳ ᠭᠠᠵᠠᠷ ᠤᠷᠤᠨ ᠤ ᠠᠵᠤ ᠠᠬᠤᠢ ᠶᠢᠨ ᠬᠦᠭᠵᠢᠯᠳᠡ ᠳᠡᠭᠡᠨ ︽ᠨᠤᠭᠤᠭᠠᠨ ᠦᠩᠭᠡᠳᠦ ᠬᠦᠳᠡᠯᠭᠡᠭᠦ ᠬᠦᠴᠦ︾ ᠨᠡᠮᠡᠷᠢᠯᠡᠭᠰᠡᠨ ᠪᠠᠶᠢᠨ᠎ᠠ᠃
ᠦᠬᠠᠢ ᠬᠤᠳᠠ ᠶᠢᠨ ᠦᠵᠦᠮ ᠤᠨ ᠳᠠᠷᠢᠮᠠᠯ ᠤᠨ ᠳᠠᠯᠠᠪᠠᠢ ᠨᠢ 3.2 ᠳᠦᠮᠡᠨ ᠮᠦ᠂ ᠵᠢᠯ ᠤᠨ ᠤᠨᠠᠯᠳᠠ ᠨᠢ ᠳᠦᠮᠡᠨ ᠳᠤᠨ ᠢ ᠳᠠᠪᠠᠵᠤ᠂ ︽ᠦᠬᠠᠢ ᠤᠨ ᠦᠵᠦᠮ︾ ᠨᠢ ᠤᠯᠤᠰ ᠤᠨ ᠠᠩᠬᠠᠳᠤᠭᠠᠷ ᠪᠦᠯᠦᠭ ᠳᠠᠷᠢᠶᠠᠯᠠᠩ ᠤᠨ ᠪᠦᠲᠦᠭᠡᠭᠳᠡᠭᠦᠨ ᠤ ᠭᠠᠵᠠᠷ ᠵᠦᠢ ᠶᠢᠨ ᠢᠯᠡᠷᠭᠡᠶᠢᠯᠡᠯᠳᠤ ᠳᠡᠮᠳᠡᠭ ᠤᠨ ᠦᠨᠡᠮᠯᠡᠯ ᠢ ᠤᠯᠵᠠᠢ᠃ ᠳᠤᠰ ᠬᠤᠳᠠ ᠳᠤ ᠦᠵᠦᠮ ᠳᠠᠷᠢᠬᠤ᠂ ᠡᠳ᠋ᠰᠢᠭᠦᠯᠬᠦ᠂ ᠬᠠᠳᠠᠭᠠᠯᠠᠬᠤ᠂ ᠬᠦᠢᠯᠭᠡᠭᠡ ᠲᠠᠢ ᠬᠠᠮᠢᠶ᠎ᠠ ᠲᠠᠢ ᠠᠵᠤ ᠠᠬᠤᠢᠢᠯᠠᠯ ᠪᠠᠷᠤᠭ 40 ᠪᠠᠶᠢᠵᠤ᠂ ᠦᠵᠦᠮ ᠤᠨ ᠠᠵᠤ ᠦᠢᠯᠡᠰ ᠤᠨ ᠬᠡᠯᠬᠢᠶ᠎ᠡ ᠶᠢᠨ ᠵᠢᠯ ᠤᠨ ᠦᠢᠯᠡᠳᠪᠦᠷᠢᠯᠡᠯ ᠤᠨ ᠤᠷᠤᠯᠭ᠎ᠠ ᠨᠢ 3 ᠳ᠋ᠦᠩᠰᠢᠭᠤᠷ ᠭᠠᠷᠤᠢ ᠳᠦᠭᠦᠷᠢᠭ ᠲᠤ ᠬᠦᠷᠴᠦ ᠪᠠᠶᠢᠨ᠎ᠠ᠃ ᠦᠢᠯᠡᠳᠪᠦᠷᠢᠯᠡᠭᠰᠡᠨ ᠦᠵᠦᠮ ᠤᠨ ᠠᠷᠢᠬᠢ ᠪᠠᠨ ᠪᠦᠬᠦ ᠤᠯᠤᠰ ᠤᠨ ᠬᠡᠪᠴᠢᠶᠡᠨ ᠳᠤ ᠦᠷᠭᠡᠨ ᠢᠶᠠᠷ ᠪᠤᠷᠤᠯᠠᠭᠤᠯᠵᠤ ᠪᠠᠶᠢᠳᠠᠭ ᠢᠶᠠᠷ ᠪᠠᠷᠠᠬᠤ ᠦᠭᠡᠢ ᠠᠮᠧᠷᠢᠺᠠ᠂ ᠭᠧᠷᠮᠠᠨ᠂ ᠳ᠋ᠠᠨᠮᠠᠷᠺ ᠵᠡᠷᠭᠡ ᠠᠷᠪᠠᠭᠠᠳ ᠤᠯᠤᠰ ᠤᠷᠤᠨ ᠳᠤ ᠪᠤᠷᠤᠯᠠᠭᠤᠯᠵᠤ ᠪᠠᠶᠢᠳᠠᠭ᠃ ᠦᠬᠠᠢ ᠬᠤᠳᠠ ᠶᠢᠨ ᠬᠢᠨ ᠤᠳᠤ ᠶᠠᠬ ︽ᠳᠤᠮᠳᠠᠳᠤ ᠤᠯᠤᠰ · ᠡᠯᠡᠰᠦᠨ ᠤ ᠠᠮᠢ ᠠᠬᠤᠢ ᠶᠢᠨ ᠦᠵᠦᠮ ᠤᠨ ᠠᠷᠢᠬᠢᠨ ᠤ ᠬᠤᠳᠠ︾ ᠶᠢ ᠴᠤᠭᠴᠠᠯᠠᠵᠤ ᠪᠠᠶᠢᠨ᠎ᠠ᠃
ᠤᠷᠳᠤᠰ᠄ ᠠᠭᠤᠷᠬᠠᠢ ᠶᠢᠨ ᠲᠤᠭᠤᠷᠢᠭ ᠤᠨ ᠠᠮᠢ ᠠᠬᠤᠢ ᠶᠢᠨ ᠵᠠᠰᠠᠯᠲᠠ ᠶᠢ ᠬᠦᠴᠦᠲᠡᠢ ᠠᠬᠢᠭᠤᠯᠤᠨ᠎ᠠ
5 ᠰᠠᠷ᠎ᠠ ᠠᠴᠠ ᠨᠠᠭᠠᠰᠢ᠂ ᠵᠦᠩᠭᠠᠷ ᠤᠨ ᠡᠨᠧᠷᠭᠢ ᠶᠢᠨ ᠪᠦᠯᠦᠭᠯᠡᠯ ᠤᠨ ᠦᠢᠯᠡᠳᠪᠦᠷᠢᠯᠡᠯ ᠤᠨ ᠦᠢᠯᠡᠴᠢᠯᠡᠭᠡᠨ ᠤ ᠳᠦᠪ ᠤᠨ ᠨᠤᠭᠤᠭᠠᠷᠠᠭᠤᠯᠤᠯᠳᠠ ᠶᠢᠨ ᠠᠩᠭᠢ ᠶᠢᠨ ᠬᠢᠨ ᠶᠡᠭᠡᠯ᠎ᠠ ᠶᠠᠭᠠᠷᠠᠤ ᠪᠠᠶᠢᠭ᠎ᠠ ᠪᠤᠯᠤᠯᠳᠠᠢ᠃ ᠤᠢᠢᠷ᠎ᠠ ᠶᠢᠨ ᠬᠤᠭᠤᠴᠠᠭᠠᠨ ᠳᠤ 40 ᠭᠠᠷᠤᠢ ᠨᠤᠭᠤᠭᠠᠷᠠᠭᠤᠯᠤᠯᠳᠠ ᠶᠢᠨ ᠢᠨᠵᠧᠨᠧᠷᠢᠩ ᠢ ᠵᠡᠷᠭᠡ ᠪᠠᠷ ᠡᠭᠢᠯᠡᠭᠦᠯᠵᠦ᠂ ᠠᠭᠤᠷᠬᠠᠢ ᠶᠢᠨ ᠳᠤᠭᠤᠷᠢᠬ ᠤᠨ ᠰᠢᠷᠦᠢ ᠭᠠᠳᠠᠭᠰᠢᠯᠠᠭᠤᠯᠬᠤ ᠳᠠᠯᠠᠪᠠᠢ ᠪᠠ ᠵᠡᠮ ᠵᠡᠭᠡᠯᠢ ᠶᠢᠨ ᠳᠠᠭᠠᠦ ᠡᠪᠡᠰᠦ ᠮᠤᠳᠤ ᠴᠡᠴᠡᠭ ᠬᠤᠸᠠᠷ ᠳᠠᠷᠢᠭᠠᠳ ᠪᠤᠷᠪᠢ ᠪᠤᠬᠢᠰᠭᠢᠬᠤ ᠵᠠᠪ ᠦᠭᠡᠢ᠃
ᠵᠦᠩᠭᠠᠷ ᠤᠨ ᠡᠨᠧᠷᠭᠢ ᠶᠢᠨ ᠪᠦᠯᠦᠭᠯᠡᠯ ᠤᠨ 700 ᠭᠠᠷᠤᠢ ᠳᠦᠮᠡᠨ ᠳᠦᠭᠦᠷᠢᠭ ᠤᠨ ᠪᠡᠯᠡ ᠤᠷᠤᠭᠤᠯᠤᠯᠳᠠ ᠲᠠᠢ ᠬᠤᠶᠢᠳᠤ ᠰᠢᠷᠦᠢ ᠭᠠᠳᠠᠭᠰᠢᠯᠠᠭᠤᠯᠬᠤ ᠳᠠᠯᠠᠪᠠᠢ ᠶᠢᠨ ᠵᠤᠬᠢᠶᠠᠮᠠᠯ ᠨᠠᠭᠤᠷ ᠤᠨ ᠳᠦᠷᠦᠯ ᠵᠦᠢᠯ ᠪᠠ ᠳᠤᠳᠤᠭᠠᠳᠤ ᠰᠢᠷᠦᠢ ᠭᠠᠳᠠᠭᠰᠢᠯᠠᠭᠤᠯᠬᠤ ᠳᠠᠯᠠᠪᠠᠢ ᠶᠢᠨ ᠵᠤᠬᠢᠶᠠᠮᠠᠯ ᠨᠠᠭᠤᠷ ᠤᠨ ᠳᠦᠷᠦᠯ ᠵᠦᠢᠯ ᠪᠤᠯ ᠡᠨᠡ ᠵᠢᠯ ᠤᠨ ᠦᠵᠡᠮᠵᠢ ᠶᠢ ᠰᠠᠶᠢᠵᠢᠷᠠᠭᠤᠯᠬᠤ ᠢᠵᠧᠨᠧᠷᠢᠩ ᠤᠨ ᠭᠤᠤᠯᠳᠠᠯᠭ᠎ᠠ ᠪᠤᠯᠤᠨ᠎ᠠ᠃ 2017 ᠤᠨ ᠳᠤ ᠤᠯᠤᠰ ᠤᠨ ᠠᠭᠤᠯᠠ ᠠᠭᠤᠷᠬᠠᠢ ᠶᠢᠨ ᠴᠡᠴᠡᠷᠯᠢᠭ ᠢ ᠪᠠᠶᠢᠭᠤᠯᠬᠤ ᠵᠦᠪᠰᠢᠶᠡᠷᠡᠯ ᠢ ᠤᠯᠤᠭᠰᠠᠨ ᠠᠴᠠ ᠨᠠᠭᠠᠰᠢ᠂ ᠳᠦᠭᠦᠮ ᠢᠶᠠᠷ ᠡᠪᠡᠰᠦ ᠮᠤᠳᠤ ᠳᠠᠷᠢᠳᠠᠭ ᠪᠠᠶᠢᠬᠰᠠᠨ ᠪᠠᠶᠢᠳᠠᠯ ᠢ ᠬᠤᠪᠢᠷᠠᠭᠤᠯᠵᠤ ᠨᠡᠩ ᠨᠠᠷᠢᠯᠢᠬ ᠭᠤᠶᠤᠵᠢᠭᠤᠯᠤᠯᠳᠠ ᠶᠢᠨ ᠠᠵᠢᠯ ᠬᠢᠵᠦ ᠨᠤᠭᠤᠭᠠᠷᠠᠭᠤᠯᠤᠯᠳᠠ ᠶᠢᠨ ᠴᠢᠨᠠᠷ ᠢ ᠳᠡᠭᠡᠭᠰᠢᠯᠡᠭᠦᠯᠦᠨ ᠭᠤᠸ᠎ᠠ ᠳᠠᠭᠠᠰᠢᠶᠠᠯ ᠤᠨ ᠦᠨᠦᠷ ᠠᠮᠳᠠ ᠶᠢ ᠨᠢ ᠨᠡᠮᠡᠭᠳᠡᠭᠦᠯᠬᠦ ᠳᠤ ᠬᠦᠴᠦ ᠳᠠᠯᠪᠢᠳᠠᠭ ᠪᠤᠯᠵᠠᠢ᠃ ᠵᠦᠩᠭᠠᠷ ᠤᠨ ᠡᠨᠧᠷᠭᠢ ᠶᠢᠨ ᠪᠦᠯᠦᠭᠯᠡᠯ ᠨᠢ ᠭᠤᠤ ᠵᠢᠯᠠᠭ᠎ᠠ ᠰᠦᠯᠵᠢᠯᠳᠦᠭᠰᠡᠨ ᠭᠠᠵᠠᠷ ᠪᠠᠶᠢᠷᠢᠯᠠᠳᠠᠭ᠂ ᠢᠢᠮᠦᠷᠬᠦᠦ ︽ᠳᠠᠭᠢᠶᠠᠨ ᠰᠠᠷᠪᠠᠭᠤ ᠶᠢᠨ ᠭᠠᠵᠠᠷ ᠤᠨ ᠭᠠᠳᠠᠷᠭᠤ︾ ᠶᠢᠨ ᠠᠮᠢ ᠠᠬᠤᠢ ᠶᠢᠨ ᠰᠢᠰᠲ᠋ᠧᠮ ᠨᠢ ᠳᠤᠩ ᠭᠡᠪᠡᠷᠡᠭ᠃ ᠭᠡᠪᠡᠴᠦ ᠠᠭᠤᠷᠬᠠᠢ ᠮᠠᠯᠳᠠᠵᠤ᠂ ᠪᠤᠴᠠᠭᠠᠵᠤ ᠪᠦᠭᠯᠡᠵᠦ ᠳᠡᠭᠰᠢᠯᠡᠭᠰᠡᠭᠡᠷ ᠪᠠᠶᠢᠵᠤ ᠭᠠᠵᠠᠷ ᠨᠢ ᠳᠡᠭᠰᠢᠷᠡᠵᠦ᠂ ᠡᠪᠡᠰᠦ ᠮᠤᠳᠤ᠂ ᠳᠠᠷᠢᠮᠠᠯ ᠤᠨ ᠵᠦᠢᠯ ᠳᠠᠷᠢᠬᠤ ᠳᠤ ᠳᠤᠬᠢᠷᠠᠮᠵᠢᠳᠠᠢ᠂ ᠤᠰᠤ ᠶᠢ ᠬᠠᠳᠠᠭᠠᠯᠠᠵᠤ ᠬᠦᠷᠦᠰᠦ ᠶᠢ ᠳᠤᠭᠳᠠᠪᠤᠷᠢᠵᠢᠭᠤᠯᠬᠤ ᠳᠤ ᠳᠤᠬᠢᠷᠠᠮᠵᠢᠳᠠᠢ ᠪᠤᠯᠵᠤ ᠢᠷᠡᠵᠡᠢ᠃ ᠤᠷᠴᠢᠨ ᠳᠤᠭᠤᠷᠢᠨ ᠤ ᠬᠢᠨᠠᠨ ᠬᠡᠮᠵᠢᠯᠳᠡ ᠶᠢᠨ ᠳᠤᠭ᠎ᠠ ᠪᠠᠷᠢᠮᠳᠠ ᠠᠴᠠ ᠦᠵᠡᠪᠡᠯ᠂ ᠠᠭᠤᠷᠬᠠᠢ ᠶᠢᠨ ᠳᠤᠭᠤᠷᠢᠬ ᠲᠤ ᠳᠠᠷᠢᠵᠤ ᠤᠷᠭᠤᠭᠤᠯᠬᠤ ᠶᠢ ᠰᠡᠷᠭᠦᠭᠡᠭᠰᠡᠨ ᠭᠠᠵᠠᠷ ᠤᠨ᠂ ᠬᠦᠷᠦᠰᠦ ᠰᠢᠷᠦᠢ ᠶᠢᠨ ᠢᠳᠡᠭᠳᠡᠯ ᠨᠢ ᠤᠤᠯ ᠤᠨ ᠬᠢ ᠠᠴᠠ ᠪᠠᠨ 80% ᠪᠠᠷ ᠪᠠᠭᠠᠰᠤᠭᠰᠠᠨ ᠪᠠᠶᠢᠨ᠎ᠠ᠃ ᠤᠯᠤᠰ ᠤᠨ ᠠᠭᠤᠯᠠ ᠠᠭᠤᠷᠬᠠᠢ ᠶᠢᠨ ᠴᠡᠴᠡᠷᠯᠢᠭ ᠤᠨ ᠪᠦᠲᠦᠭᠡᠨ ᠪᠠᠶᠢᠭᠤᠯᠤᠯᠳᠠ ᠪᠠ ᠤᠳᠤᠬᠢᠴᠢᠯᠠᠭᠰᠠᠨ ᠠᠵᠤ ᠦᠢᠯᠡᠰ ᠤᠨ ᠬᠦᠭᠵᠢᠯᠳᠡ ᠶᠢᠨ ᠰᠡᠳᠭᠢᠬᠦᠢ ᠪᠠᠷ᠂ ᠤᠢᠢᠷ᠎ᠠ ᠶᠢᠨ ᠵᠢᠯ ᠳᠤ᠂ ᠵᠦᠩᠭᠠᠷ ᠤᠨ ᠡᠨᠧᠷᠭᠢ ᠶᠢᠨ ᠪᠦᠯᠦᠭᠯᠡᠯ ᠨᠢ ᠠᠭᠤᠷᠬᠠᠢ ᠶᠢᠨ ᠳᠤᠭᠤᠷᠢᠬ ᠲᠤ ᠳᠠᠷᠢᠵᠤ ᠤᠷᠭᠤᠭᠤᠯᠬᠤ ᠶᠢ ᠰᠡᠷᠭᠦᠭᠡᠬᠦ ᠳᠠᠯ᠎ᠠ ᠪᠠᠷ ᠪᠦᠬᠦᠯᠢ ᠴᠤᠭᠴᠠ ᠶᠢᠨ ᠳᠦᠯᠦᠪᠯᠡᠭᠡ ᠳᠦᠯᠦᠪᠵᠢᠭᠦᠯᠭᠡ ᠳᠤᠭᠳᠠᠭᠠᠵᠤ᠂ ᠨᠡᠭᠡᠭᠡᠨ ᠠᠰᠢᠬᠯᠠᠵᠤ ᠦᠩᠭᠡᠷᠡᠭᠰᠡᠨ ᠭᠠᠵᠠᠷ ᠢ ᠳᠠᠯ᠎ᠠ ᠨᠤᠳᠤᠭ ᠪᠠ ᠳᠠᠷᠢᠶᠠᠨ ᠭᠠᠵᠠᠷ ᠪᠤᠯᠭᠠᠬᠤ ᠶᠢ ᠪᠠᠷᠢᠮᠳᠠᠯᠠᠵᠤ᠂ 6 ᠵᠢᠯ ᠤᠨ ᠪᠦᠲᠦᠭᠡᠨ ᠪᠠᠶᠢᠭᠤᠯᠤᠯᠳᠠ ᠪᠠᠷ ᠳᠠᠮᠵᠢᠨ᠂ ᠰᠢᠷᠦᠢ ᠭᠠᠳᠠᠭᠰᠢᠯᠠᠭᠤᠯᠬᠤ ᠳᠠᠯᠠᠪᠠᠢ ᠳᠤ ᠪᠤᠳᠠᠯᠢᠬ ᠳᠤᠷᠤᠭ ᠮᠤᠳᠤᠳ ᠦᠨᠳᠦᠷ ᠪᠤᠭᠤᠨᠢ ᠪᠠᠨ ᠠᠳᠠᠯᠢᠳᠬᠠᠨ ᠠᠷᠬᠠᠢᠢᠯᠴᠠᠵᠤ᠂ ᠬᠦᠭᠡ ᠳᠡᠭᠷᠢ᠂ ᠨᠤᠭᠤᠭᠠᠨ ᠳᠠᠯ᠎ᠠ᠂ ᠰᠤᠷᠭᠤᠭ ᠴᠡᠴᠡᠭ ᠦᠩᠭᠡ ᠮᠦᠴᠡᠭᠡᠷᠬᠡᠨ᠂ ᠬᠤᠨᠢ ᠦᠭᠡᠷ ᠳᠠᠪᠠᠳᠠᠢ ᠢᠳᠡᠰᠢᠯᠡᠨ᠂ ᠨᠤᠭᠤᠭ᠎ᠠ ᠵᠢᠮᠢᠰ ᠤᠨ ᠳᠤᠯᠠᠭᠠᠨ ᠬᠦᠯᠡᠮᠵᠢ ᠵᠢᠭᠳᠡᠷᠡᠬᠦ ᠪᠤᠯᠵᠠᠢ᠃ 2000 ᠭᠠᠷᠤᠢ ᠾᠧᠺᠲ᠋ᠡᠷ ᠳᠠᠯᠠᠪᠠᠢ ᠲᠠᠢ ᠰᠢᠷᠦᠢ ᠭᠠᠳᠠᠭᠰᠢᠯᠠᠭᠤᠯᠬᠤ ᠳᠠᠯᠠᠪᠠᠢ ᠭᠠᠩᠭᠠᠩ ᠦᠵᠡᠮᠵᠢ ᠪᠠᠷ ᠢᠶᠠᠨ ᠭᠠᠶᠢᠬᠠᠭᠤᠯᠬᠤ ᠪᠤᠯᠵᠠᠢ᠃
ᠵᠦᠩᠭᠠᠷ ᠤᠨ ᠡᠨᠧᠷᠭᠢ ᠶᠢᠨ ᠪᠦᠯᠦᠭᠯᠡᠯ ᠤᠨ 2 ᠠᠭᠤᠷᠬᠠᠢ ᠶᠢᠨ ᠳᠤᠭᠤᠷᠢᠬ ᠨᠢ 18 ᠲᠦᠮᠡᠨ ᠮᠦ ᠭᠠᠵᠠᠷ ᠡᠵᠡᠯᠡᠳᠡᠭ᠂ ᠨᠡᠭᠦᠷᠡᠰᠦ ᠶᠢ ᠨᠢ ᠮᠠᠯᠳᠠᠭᠠᠳ ᠳᠠᠭᠤᠰᠪᠠᠯ᠂ ᠬᠤᠶᠢᠴᠢ ᠦᠶ᠎ᠠ ᠶᠢᠨ ᠬᠢᠨ ᠳᠡᠭᠡᠨ ᠶᠠᠭᠤ ᠦᠯᠡᠳᠡᠭᠡᠳᠡᠭ ᠪᠢᠯᠡ︖ ᠭᠡᠪᠡᠯ᠂ 18 ᠳᠦᠮᠡᠨ ᠮᠦ ᠶᠢᠨ ᠦᠩ ᠰᠢᠮᠡᠯᠢᠭ ᠳᠠᠷᠢᠶᠠᠨ ᠭᠠᠵᠠᠷ᠃ ᠡᠨᠡ ᠪᠤᠯ ᠵᠦᠩᠭᠠᠷ ᠤᠨ ᠡᠨᠧᠷᠭᠢ ᠶᠢᠨ ᠪᠦᠯᠦᠭᠯᠡᠯ ᠤᠨ ᠦᠭᠴᠦ ᠪᠠᠶᠢᠭ᠎ᠠ ᠬᠠᠷᠢᠭᠤᠯᠳᠠ᠂ ᠮᠦᠨ ᠴᠤ ᠵᠦᠩᠭᠠᠷ ᠤᠨ ᠡᠨᠧᠷᠭᠢ ᠶᠢᠨ ᠪᠦᠯᠦᠭᠯᠡᠯ ᠤᠨ ᠬᠢᠨ ᠠᠭᠤᠯᠠ ᠠᠭᠤᠷᠬᠠᠢ ᠶᠢᠨ ᠳᠤᠬᠠᠢ ᠤᠢᠢᠯᠠᠭᠠᠯᠳᠠ ᠳᠤ ᠨᠡᠮᠡᠷᠢᠯᠡᠭᠰᠡᠨ ᠰᠢᠨ᠎ᠠ ᠠᠭᠤᠯᠬᠤᠨ ᠪᠤᠯᠤᠨ᠎ᠠ᠃
5 ᠰᠠᠷ᠎ᠠ ᠶᠢᠨ 22 ᠤᠨ ᠡᠳᠦᠷ ᠤᠨ᠂ ︽ᠳᠤᠮᠳᠠᠳᠤ ᠤᠯᠤᠰ ᠤᠨ ᠴᠠᠭ ᠠᠭᠤᠷ︾ ᠬᠤᠳᠠ ᠶᠢᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠳᠡᠮᠵᠢᠭᠦ ᠤᠬᠠᠭᠤᠯᠭ᠎ᠠ ᠶᠢᠨ ᠡᠬᠢ ᠪᠠᠶᠠᠯᠢᠬ ᠢ ᠨᠡᠶᠢᠳᠡᠯᠡᠬᠦ ᠬᠤᠷᠠᠯ ᠳᠡᠭᠡᠷ᠎ᠡ᠂ ᠤᠷᠳᠤᠰ ᠬᠤᠳᠠ ᠦᠪᠡᠷᠮᠢᠴᠡ ᠠᠭᠤᠷ ᠠᠮᠢᠰᠬᠤᠯ ᠵᠤᠭᠠᠴᠠᠯ ᠤᠨ ᠡᠬᠢ ᠪᠠᠶᠠᠯᠢᠬ ᠪᠠ ᠰᠠᠶᠢᠨ ᠰᠠᠶᠢᠬᠠᠨ ᠬᠤᠳᠠ ᠶᠢᠨ ᠳᠦᠷᠢ ᠳᠦᠷᠬᠦ ᠳᠡᠭᠡᠨ ᠳᠦᠰᠢᠭᠯᠡᠨ 2018 ᠤᠨ ᠤ ︽ᠳᠤᠮᠳᠠᠳᠤ ᠤᠯᠤᠰ ᠤᠨ ᠴᠠᠭ ᠠᠭᠤᠷ · ᠬᠦᠭᠡ ᠳᠡᠭᠷᠢ ᠲᠠᠢ ᠬᠤᠳᠠ︾ ᠶᠢᠨ ᠢᠷᠠᠭᠤ ᠠᠯᠳᠠᠷ ᠢ ᠬᠦᠷᠳᠡᠭᠰᠡᠨ ᠪᠠᠶᠢᠨ᠎ᠠ᠃ ᠳᠤᠮᠳᠠᠳᠤ ᠤᠯᠤᠰ ᠤᠨ ᠴᠠᠭ ᠠᠭᠤᠷ ᠤᠨ ᠰᠦᠯᠵᠢᠶᠡᠨ ᠤ ᠪᠦᠷᠢᠳᠭᠡᠯ ᠢᠶᠠᠷ᠂ 2018 ᠤᠨ ᠳᠤ᠂ ᠤᠷᠳᠤᠰ ᠬᠤᠳᠠ ᠶᠢᠨ ᠴᠡᠯᠮᠡᠭ ᠬᠦᠭᠡ ᠳᠡᠭᠷᠢ ᠶᠢᠨ ᠬᠠᠷᠢᠴᠠᠯ ᠨᠢ 61% ᠶᠢ ᠡᠵᠡᠯᠡᠭᠰᠡᠨ ᠪᠠᠶᠢᠨ᠎ᠠ᠃ ᠡᠨᠡᠬᠦ ᠢᠷᠠᠭᠤ ᠠᠯᠳᠠᠷ ᠨᠢ ᠤᠷᠳᠤᠰ ᠬᠤᠳᠠ ᠶᠢᠨ ᠠᠭᠤᠷ ᠠᠮᠢᠰᠬᠤᠯ ᠤᠨ ᠨᠦᠬᠦᠴᠡᠯ ᠪᠠ ᠠᠮᠢ ᠠᠬᠤᠢ ᠶᠢᠨ ᠤᠷᠴᠢᠨ ᠳᠤᠭᠤᠷᠢᠨ ᠤ ᠰᠠᠶᠢᠵᠢᠷᠠᠯᠳᠠ ᠶᠢᠨ ᠪᠠᠳᠤᠳᠠᠢ ᠨᠤᠳᠠᠯᠠᠭ᠎ᠠ ᠪᠤᠯᠵᠤ᠂ ᠳᠤᠰ ᠬᠤᠳᠠ ᠶᠢᠨ ᠬᠦᠭᠡ ᠤᠬᠳᠤᠷᠭᠤᠢ ᠪᠠᠨ ᠬᠠᠮᠠᠭᠠᠯᠠᠬᠤ ᠳᠠᠶᠢᠯᠠᠯᠳᠤᠭᠠᠨ ᠤ ᠶᠠᠪᠤᠴᠠ ᠳᠤ ᠤᠯᠤᠭᠰᠠᠨ ᠦᠷ᠎ᠡ ᠪᠦᠳᠦᠮᠵᠢ ᠶᠢᠨ ᠳᠤᠰᠬᠠᠯ ᠪᠤᠯᠵᠤ ᠪᠠᠶᠢᠭ᠎ᠠ ᠶᠤᠮ᠃
ᠨᠡᠭᠦᠷᠡᠰᠦ ᠳᠡᠭᠡᠭᠡᠭᠰᠡᠨ ᠳᠤᠮᠤ ᠳᠤᠮᠤ ᠮᠠᠰᠢᠨ ᠳᠡᠷᠭᠡ ᠨᠤᠭᠤᠳ ᠴᠦᠷᠭᠡᠯᠳᠦᠵᠦ᠂ ᠳᠤᠭᠤᠰᠤ ᠰᠢᠷᠦᠢ ᠪᠤᠳᠠᠷᠠᠨ ᠮᠠᠰᠢᠨ ᠤ ᠳᠠᠭᠤᠨ ᠴᠢᠬᠢ ᠳᠦᠵᠢᠷᠡᠭᠦᠯᠦᠭᠰᠡᠨ ᠪᠠᠶᠢᠳᠠᠯ ᠪᠤᠯ ᠦᠩᠭᠡᠷᠡᠭᠰᠡᠨ ᠤ ᠵᠠᠳᠠᠭᠠᠢ ᠨᠡᠭᠦᠷᠡᠰᠦᠨ ᠠᠭᠤᠷᠬᠠᠢ ᠶᠢᠨ ᠤᠷᠤᠨ ᠤ ᠦᠵᠡᠮᠵᠢ ᠶᠤᠮ᠃ ᠤᠢᠢᠷ᠎ᠠ ᠶᠢᠨ ᠵᠢᠯ ᠳᠤ᠂ ᠤᠷᠳᠤᠰ ᠬᠤᠳᠠ ᠳᠦᠯᠦᠪᠵᠢᠭᠦᠯᠭᠡ ᠬᠠᠮᠢᠶᠠᠷᠤᠯᠳᠠ᠂ ᠶᠡᠷᠦᠩᠬᠡᠶᠢᠯᠡᠭᠰᠡᠨ ᠠᠰᠢᠬᠯᠠᠯᠳᠠ᠂ ᠤᠷᠴᠢᠨ ᠳᠤᠭᠤᠷᠢᠨ ᠤ ᠬᠠᠮᠠᠭᠠᠯᠠᠯᠳᠠ᠂ ᠨᠡᠭᠡᠭᠡᠨ ᠠᠰᠢᠬᠯᠠᠭᠠᠳ ᠦᠩᠭᠡᠷᠡᠭᠰᠡᠨ ᠠᠭᠤᠷᠬᠠᠢ ᠶᠢᠨ ᠨᠦᠭᠡ ᠬᠤᠩᠭᠢᠯ ᠳᠤ ᠳᠠᠷᠢᠵᠤ ᠤᠷᠭᠤᠭᠤᠯᠬᠤ ᠶᠢ ᠰᠡᠷᠭᠦᠭᠡᠬᠦ ᠵᠡᠷᠭᠡ ᠤᠯᠠᠨ ᠳᠠᠯ᠎ᠠ ᠠᠴᠠ ᠭᠠᠷᠳᠠᠵᠤ᠂ ᠠᠭᠤᠷᠬᠠᠢ ᠶᠢᠨ ᠤᠷᠤᠨ ᠢ ᠳᠤᠭᠤᠰᠢᠳᠠᠢ ᠵᠠᠰᠠᠵᠤ᠂ ᠠᠭᠠᠷ ᠮᠠᠨᠳᠠᠯ ᠤᠨ ᠪᠤᠬᠢᠷᠳᠤᠯ ᠢ ᠪᠠᠭᠠᠰᠬᠠᠨ ᠬᠦᠰᠡᠯ ᠤᠨ ᠬᠦᠭᠡ ᠳᠡᠭᠷᠢ ᠪᠠᠨ ᠠᠷᠴᠢᠨ ᠴᠡᠪᠡᠷᠯᠡᠵᠦ ᠡᠭᠢᠯᠡᠭᠰᠡᠨ ᠶᠤᠮ᠃ ᠡᠵᠡᠨ ᠬᠤᠷᠤᠭ᠎ᠠ ᠬᠤᠰᠢᠭᠤᠨ ᠤ ᠨᠡᠭᠡᠭᠡᠨ ᠠᠰᠢᠬᠯᠠᠯᠳᠠ ᠶᠢᠨ ᠳᠠᠷᠠᠭᠠᠬᠢ ᠳᠠᠷᠢᠵᠤ ᠤᠷᠭᠤᠭᠤᠯᠬᠤ ᠶᠢ ᠰᠡᠷᠭᠦᠭᠡᠭᠰᠡᠨ ᠳᠤᠭᠤᠷᠢᠬ ᠲᠤ ᠬᠦᠷᠴᠦ ᠦᠵᠡᠭᠦ ᠳᠤ᠂ ᠨᠤᠮᠢᠨ ᠳᠤᠯᠭᠢᠶ᠎ᠠ ᠬᠠᠶᠠᠯᠠᠵᠤ᠂ ᠰᠦᠷᠴᠢᠨ ᠤᠰᠤᠯᠠᠯᠳᠠ ᠶᠢᠨ ᠮᠠᠰᠢᠨ ᠠᠴᠠ ᠴᠡᠪᠡᠷ ᠳᠤᠩᠭᠠᠯᠠᠭ ᠤᠰᠤ ᠬᠤᠷ᠎ᠠ ᠪᠤᠯᠤᠨ ᠱᠠᠭᠢᠨ᠎ᠠ᠃ ᠡᠨᠡ ᠤᠰᠤ ᠬᠠᠮᠢᠭ᠎ᠠ ᠠᠴᠠ ᠢᠷᠡᠵᠦ ᠪᠠᠶᠢᠨ᠎ᠠ ᠭᠡᠵᠦ ᠰᠠᠨᠠᠨ᠎ᠠ︖ ᠪᠦᠷ ᠠᠭᠤᠷᠬᠠᠢ ᠶᠢᠨ ᠬᠤᠳᠳᠤᠭ ᠠᠴᠠ ᠳᠠᠳᠠᠵᠤ ᠭᠠᠷᠭᠠᠳᠠᠭ ᠪᠤᠬᠢᠷ ᠤᠰᠤ ᠪᠤᠯᠤᠨ᠎ᠠ᠂ ᠨᠡᠭᠦᠷᠡᠰᠦᠨ ᠠᠭᠤᠷᠬᠠᠢ ᠶᠢᠨ ᠬᠢᠨ ᠳᠤᠩᠭᠠᠭᠠᠨ ᠰᠢᠢᠳᠪᠦᠷᠢᠯᠡᠬᠦ᠂ ᠠᠮᠢᠳᠤ ᠪᠤᠳᠠᠰ ᠤᠨ ᠢᠰᠦᠯᠳᠦᠭᠦᠯᠤᠯ ᠵᠡᠷᠭᠡ ᠮᠡᠷᠭᠡᠵᠢᠯ ᠳᠤ ᠳᠦᠰᠢᠭᠯᠡᠨ ᠠᠭᠤᠷᠬᠠᠢ ᠠᠴᠠ ᠳᠠᠳᠠᠵᠤ ᠭᠠᠷᠭᠠᠭᠰᠠᠨ ᠪᠤᠬᠢᠷ ᠤᠰᠤ ᠪᠠᠨ ᠪᠦᠷ ᠳᠠᠬᠢᠨ ᠠᠰᠢᠬᠯᠠᠬᠤ ᠪᠤᠯᠵᠡᠢ᠃ ᠴᠡᠪᠡᠷᠰᠢᠭᠦᠯᠦᠭᠰᠡᠨ ᠤᠰᠤ ᠨᠢ ᠳᠠᠷᠢᠵᠤ ᠤᠷᠭᠤᠭᠤᠯᠬᠤ ᠶᠢ ᠰᠡᠷᠭᠦᠭᠡᠭᠰᠡᠨ ᠤᠷᠤᠨ ᠤ ᠤᠰᠤᠯᠠᠯᠳᠠ ᠶᠢᠨ ᠱᠠᠭᠠᠷᠳᠠᠯᠭ᠎ᠠ ᠶᠢ ᠬᠠᠩᠭᠠᠳᠠᠭ ᠢᠶᠠᠷ ᠪᠠᠷᠠᠬᠤ ᠦᠭᠡᠢ᠂ ᠠᠭᠤᠷᠬᠠᠢ ᠶᠢᠨ ᠤᠷᠤᠨ ᠤ ᠳᠤᠭᠤᠰᠤ ᠳᠤᠷᠳᠤᠭ ᠢ ᠳᠠᠷᠤᠬᠤ ᠳᠤ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ ᠠᠭᠤᠷᠬᠠᠢ ᠶᠢᠨ ᠳᠤᠭᠤᠷᠢᠬ ᠢᠶᠠᠷ ᠤᠷᠤᠵᠤ ᠦᠵᠡᠪᠡᠯ᠂ ᠤᠰᠤ ᠰᠦᠷᠴᠢᠬᠦ᠂ ᠠᠭᠤᠷ ᠦᠯᠢᠶᠡᠬᠦ ᠮᠠᠰᠢᠨ ᠨᠤᠭᠤᠳ ᠴᠤᠪᠤᠷᠠᠯᠳᠤᠨ ᠭᠠᠳᠠᠭᠰᠢᠯᠠᠭᠤᠯᠤᠭᠰᠠᠨ ᠰᠢᠷᠦᠢ ᠳᠡᠭᠡᠭᠦᠷ ᠳᠡᠷᠡ ᠳᠠᠷᠤᠢ ᠳᠤᠨᠢ ᠤᠰᠤ ᠰᠦᠷᠴᠢᠨ ᠳᠤᠭᠤᠰᠤ ᠶᠢ ᠳᠠᠷᠤᠵᠤ᠂ ᠠᠭᠠᠷ ᠲᠤ ᠠᠭᠤᠷ ᠦᠯᠢᠶᠡᠨ ᠳᠡᠭᠳᠡᠭᠰᠡᠨ ᠳᠤᠭᠤᠰᠤ ᠶᠢ ᠨᠠᠮᠬᠠᠷᠠᠭᠤᠯᠤᠨᠠ᠃ ᠨᠢᠳᠤᠨᠤᠨ ᠪᠠᠶᠢᠭᠤᠯᠤᠭᠰᠠᠨ ᠭᠡᠬᠦ ᠨᠢᠭᠡ ᠨᠡᠭᠦᠷᠡᠰᠦ ᠪᠢᠳᠠᠭᠦᠮᠵᠢᠯᠡᠨ ᠬᠤᠷᠢᠶᠠᠬᠤ ᠳᠠᠯᠠᠪᠠᠢ ᠳᠤ ᠦᠨᠳᠦᠷ ᠳᠠᠷᠤᠯᠳᠠ ᠲᠠᠢ ᠤᠰᠤ ᠰᠦᠷᠴᠢᠬᠦ ᠰᠢᠰᠲ᠋ᠧᠮ ᠳᠤᠬᠢᠷᠠᠭᠤᠯᠤᠭᠰᠠᠨ ᠢᠶᠠᠷ᠂ ᠠᠭᠤᠷᠬᠠᠢ ᠮᠠᠯᠳᠠᠬᠤ᠂ ᠨᠡᠭᠦᠷᠡᠰᠦ ᠬᠤᠷᠢᠶᠠᠬᠤ ᠠᠴᠠ ᠵᠦᠭᠡᠭᠡᠪᠦᠷᠢᠯᠡᠬᠦ ᠬᠦᠷᠳᠡᠯᠡᠬᠢ ᠪᠦᠬᠦ ᠶᠠᠪᠤᠴᠠ ᠳᠤ ᠳᠤᠭᠤᠰᠤ ᠳᠡᠭᠳᠡᠬᠦ ᠶᠢ ᠳᠠᠷᠤᠵᠤ ᠳᠡᠶᠢᠯᠦᠭᠰᠡᠨ ᠭᠡᠵᠦ ᠪᠠᠶᠢᠨ᠎ᠠ᠃
ᠤᠷᠳᠤᠰ ᠬᠤᠳᠠ ᠪᠤᠯ ᠨᠡᠶᠢᠳᠡᠯᠢᠭ ᠡᠭᠢ ᠪᠠᠶᠠᠯᠢᠬ ᠲᠤ ᠳᠦᠰᠢᠭᠯᠡᠭᠰᠡᠨ ᠬᠤᠳᠠ ᠶᠤᠮ᠃ ᠨᠡᠭᠦᠷᠡᠰᠦᠨ ᠤ ᠠᠭᠤᠷᠬᠠᠢ ᠶᠢᠨ ᠲᠤᠭᠤᠷᠢᠬ ᠤᠨ ᠳᠤᠭ᠎ᠠ ᠨᠢ ᠠᠷᠪᠢᠨ᠂ ᠬᠡᠪᠴᠢᠶ᠎ᠠ ᠨᠢ ᠶᠡᠭᠡ᠂ ᠦᠩᠭᠡᠷᠡᠭᠰᠡᠨ ᠳᠤ ᠪᠦᠷ ︽ᠨᠡᠭᠦᠷᠡᠰᠦᠨ ᠤ ᠬᠠᠷᠠᠩᠭᠤᠢ ᠬᠤᠩᠭᠢᠯ︾ ᠭᠡᠭᠳᠡᠳᠡᠭ ᠪᠠᠶᠢᠵᠠᠢ᠃ ᠠᠭᠤᠷᠬᠠᠢ ᠶᠢᠨ ᠳᠤᠭᠤᠷᠢᠬ ᠤᠨ ᠤᠷᠴᠢᠨ ᠳᠤᠭᠤᠷᠢᠨ ᠢ ᠰᠠᠶᠢᠵᠢᠷᠠᠭᠤᠯᠬᠤ ᠶᠢᠨ ᠲᠦᠯᠦᠭᠡ᠂ ᠤᠷᠳᠤᠰ ᠬᠤᠳᠠ ᠶᠢᠨ ᠬᠢᠨ ᠠᠭᠤᠷᠬᠠᠢ ᠶᠢᠨ ᠳᠤᠭᠤᠷᠢᠬ ᠢ ᠶᠡᠷᠦᠩᠬᠡᠶᠢᠯᠡᠨ ᠵᠠᠰᠠᠬᠤ ᠳᠦᠰᠦᠯ ᠳᠤᠭᠳᠠᠭᠠᠵᠤ᠂ ᠳᠤᠭᠤᠰᠤ ᠳᠡᠭᠳᠡᠬᠦ ᠶᠢ ᠵᠠᠰᠠᠬᠤ ᠪᠠ ᠠᠮᠢ ᠠᠬᠤᠢ ᠶᠢ ᠰᠡᠷᠭᠦᠭᠡᠬᠦ ᠪᠠᠷ ᠭᠤᠤᠯᠳᠠᠯᠭ᠎ᠠ ᠪᠤᠯᠭᠠᠵᠤ᠂ ᠡᠯ᠎ᠠ ᠠᠭᠤᠷᠬᠠᠢ ᠶᠢᠨ ᠳᠤᠭᠤᠷᠢᠬ ᠲᠤ ᠴᠢᠩᠭ᠎ᠠ ᠱᠠᠭᠠᠷᠳᠠᠯᠭ᠎ᠠ ᠳᠠᠯᠪᠢᠵᠠᠢ᠃ ᠤᠳᠤ ᠪᠤᠯᠳᠠᠯ᠎ᠠ᠂ ᠪᠦᠬᠦ ᠬᠤᠳᠠ ᠶᠢᠨ 151 ᠵᠠᠳᠠᠭᠠᠢ ᠨᠡᠭᠦᠷᠡᠰᠦᠨ ᠠᠭᠤᠷᠬᠠᠢ ᠶᠢᠨ ᠠᠭᠤᠷᠬᠠᠢ ᠳᠤ ᠤᠷᠤᠬᠤ ᠵᠠᠮ ᠪᠠ ᠠᠭᠤᠷᠬᠠᠢ ᠮᠠᠯᠳᠠᠬᠤ ᠳᠤᠭᠤᠷᠢᠬ ᠲᠤ ᠪᠦᠭᠦᠳᠡ ᠳᠤᠨᠢ ᠳᠤᠭᠤᠰᠤ ᠳᠤᠷᠳᠤᠭ ᠢ ᠪᠠᠭᠠᠰᠬᠠᠬᠤ ᠳᠦᠬᠦᠭᠡᠷᠦᠮᠵᠢ ᠤᠬᠰᠠᠷᠠᠪᠠ︔ ᠨᠡᠭᠦᠷᠡᠰᠦ ᠤᠭᠢᠶᠠᠬᠤ ᠦᠢᠯᠡᠳᠪᠦᠷᠢ᠂ ᠨᠡᠭᠦᠷᠡᠰᠦ ᠬᠤᠷᠢᠶᠠᠬᠤ ᠳᠠᠯᠠᠪᠠᠢ ᠪᠠ ᠪᠤᠰᠤᠳ ᠠᠵᠤ ᠦᠢᠯᠡᠳᠪᠦᠷᠢ ᠶᠢᠨ ᠠᠵᠤ ᠠᠬᠤᠢᠢᠯᠠᠯ ᠤᠨ ᠤᠪᠤᠭᠠᠯᠠᠵᠤ ᠬᠤᠷᠢᠶᠠᠬᠤ ᠵᠡᠷᠭᠡ ᠶᠢᠨ 341 ᠳᠠᠯᠠᠪᠤᠷ ᠲᠤ ᠪᠢᠳᠡᠭᠦᠮᠵᠢᠯᠡᠨ ᠬᠤᠷᠢᠶᠠᠬᠤ ᠢᠨᠵᠧᠨᠧᠷᠢᠩ ᠢ ᠪᠦᠬᠦ ᠳᠠᠯ᠎ᠠ ᠪᠠᠷ ᠭᠡᠷᠡᠭᠵᠢᠭᠦᠯᠪᠡ︔ ᠪᠤᠢ ᠪᠦᠬᠦᠢ ᠨᠡᠭᠦᠷᠡᠰᠦᠨ ᠠᠭᠤᠷᠬᠠᠢ ᠪᠠ ᠨᠤᠨᠳᠠᠭ ᠪᠤᠳᠠᠰ ᠤᠪᠤᠭᠠᠯᠠᠨ ᠬᠤᠷᠢᠶᠠᠬᠤ ᠳᠠᠯᠠᠪᠠᠢ ᠳᠤ ᠪᠦᠷ ᠦᠨᠳᠦᠷ ᠳᠡᠭᠡᠷ᠎ᠠ ᠠᠴᠠ ᠳᠤᠷᠠᠨᠳᠠᠬᠤ ᠸᠢᠳᠢᠣ᠋ ᠬᠢᠨᠠᠨ ᠡᠵᠡᠮᠳᠡᠬᠦ ᠳᠤᠷᠠᠨ ᠤᠬᠰᠠᠷᠠᠵᠤ᠂ ᠬᠠᠷᠠᠵᠤ ᠪᠠᠶᠢᠭᠠᠳ ᠬᠠᠮᠢᠶᠠᠷᠬᠤ ᠶᠢ ᠪᠡᠶᠡᠯᠡᠭᠦᠯᠵᠦ᠂ ᠤᠷᠴᠢᠨ ᠳᠤᠭᠤᠷᠢᠨ ᠤ ᠬᠠᠤᠯᠢ ᠭᠡᠷᠡᠭᠵᠢᠭᠦᠯᠵᠤ ᠬᠢᠨᠠᠨ ᠬᠠᠮᠢᠶᠠᠷᠬᠤ ᠳᠦᠪᠰᠢᠨ ᠢᠶᠠᠨ ᠳᠡᠭᠡᠭᠰᠢᠯᠡᠭᠦᠯᠪᠡ᠃ ᠡᠭᠦᠨ ᠤ ᠳᠡᠭᠡᠷ᠎ᠡ ᠡᠪᠡᠰᠦ ᠮᠤᠳᠤ ᠳᠠᠷᠢᠵᠤ᠂ ᠬᠤᠸᠠᠷ ᠴᠡᠴᠡᠭ ᠠᠯᠠᠬᠯᠠᠭᠤᠯᠵᠤ ᠬᠤᠪᠠᠭ᠋ᠠᠢ ᠠᠭᠤᠯᠠ ᠬᠤᠵᠢᠭᠢᠷ ᠬᠢᠷ᠎ᠡ ᠶᠢ ᠭᠤᠶᠤᠵᠢᠭᠤᠯᠤᠨ᠂ ᠠᠭᠤᠷᠬᠠᠢ ᠶᠢᠨ ᠳᠤᠭᠤᠷᠢᠬ ᠤᠨ ᠤᠷᠴᠢᠨ ᠳᠤᠭᠤᠷᠢᠨ ᠢ ᠪᠦᠬᠦ ᠳᠠᠯ᠎ᠠ ᠪᠠᠷ ᠵᠠᠰᠠᠭᠰᠠᠨ ᠢᠶᠠᠷ ᠤᠷᠳᠤᠰ ᠬᠤᠳᠠ ᠶᠢᠨ ︽ᠬᠦᠭᠡ ᠳᠡᠭᠷᠢ ᠲᠠᠢ ᠬᠤᠳᠠ︾ ᠪᠤᠯᠬᠤ ᠰᠠᠭᠤᠷᠢ ᠪᠠᠨ ᠪᠠᠳᠤ ᠳᠠᠯᠪᠢᠵᠠᠢ᠃
ᠵᠣᠬᠢᠶᠠᠭᠴᠢ᠄ ᠳᠦᠮᠡᠨᠳᠠᠯᠠᠢ ︵ᠳᠤᠰ ᠨᠢᠭᠤᠷ ᠤᠨ ᠭᠡᠷᠡᠯ ᠵᠢᠷᠤᠭ ᠢ ᠰᠦᠯᠵᠢᠶ᠎ᠠ ᠠᠴᠠ ᠠᠪᠤᠪᠠ︶