

ᠵᠠᠰᠠᠭ ᠤᠨ ᠪᠠᠶᠢᠭᠤᠯᠤᠯᠳᠠ ᠪᠤᠯᠤᠨ ᠢᠯᠵᠢᠷᠡᠯ ᠢ ᠡᠰᠡᠷᠭᠦᠴᠡᠬᠦ ᠠᠵᠢᠯ ᠢ ᠰᠤᠳᠤᠯᠤᠨ ᠪᠠᠶᠢᠷᠢᠯᠠᠭᠤᠯᠪᠠ

2019-12-08 13:21
  44
  0
ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ ᠬᠤᠷᠠᠯ ᠬᠤᠷᠠᠯᠳᠤᠭᠤᠯᠵᠤ 2020 ᠤᠨ ᠤ ᠠᠵᠤ ᠠᠬᠤᠢ ᠶᠢᠨ ᠠᠵᠢᠯ ᠢ ᠵᠠᠳᠠᠯᠤᠨ ᠰᠤᠳᠤᠯᠵᠤ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠪᠤᠯᠤᠨ ᠢᠯᠵᠢᠷᠡᠯ ᠢ ᠡᠰᠡᠷᠭᠦᠴᠡᠬᠦ ᠠᠵᠢᠯ ᠢ ᠰᠤᠳᠤᠯᠤᠨ ᠪᠠᠶᠢᠷᠢᠯᠠᠭᠤᠯᠪᠠ
 
  ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ 12 ᠰᠠᠷ᠎ᠠ ᠶᠢᠨ 6 ᠤ ᠡᠳᠦᠷ ᠬᠤᠷᠠᠯ ᠬᠤᠷᠠᠯᠳᠤᠭᠤᠯᠵᠤ᠂ 2020 ᠤᠨ ᠤ ᠠᠵᠤ ᠠᠬᠤᠢ ᠶᠢᠨ ᠠᠵᠢᠯ ᠢ ᠵᠠᠳᠠᠯᠤᠨ ᠰᠤᠳᠤᠯᠵᠠᠢ︔ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠳᠡ ᠶᠢ ᠰᠤᠨᠤᠰᠴᠤ᠂ 2020 ᠤᠨ ᠤ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠪᠤᠯᠤᠨ ᠢᠯᠵᠢᠷᠡᠯ ᠢ ᠡᠰᠡᠷᠭᠦᠴᠡᠬᠦ ᠠᠵᠢᠯ ᠢ ᠰᠤᠳᠤᠯᠤᠨ ᠪᠠᠶᠢᠷᠢᠯᠠᠭᠤᠯᠪᠠ᠃ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠵᠠᠢ᠃
  ᠬᠤᠷᠠᠯ ᠠᠴᠠ᠂ ᠡᠨᠡ ᠵᠢᠯ ᠠᠴᠠ ᠨᠠᠭᠠᠰᠢ᠂ ᠤᠯᠤᠰ ᠤᠨ ᠳᠤᠳᠤᠭᠠᠳᠤ ᠭᠠᠳᠠᠭᠠᠳᠤ ᠶᠢᠨ ᠠᠶᠤᠯ ᠲᠦᠭᠰᠢᠭᠦᠷᠢ ᠦᠷᠢᠰᠦᠯᠳᠦᠭᠡᠨ ᠮᠡᠳᠡᠭᠳᠡᠮ᠎ᠠ ᠳᠡᠭᠡᠭᠰᠢᠯᠡᠭᠰᠡᠨ ᠪᠤᠳᠤᠯᠢᠶᠠᠨᠳᠠᠢ ᠪᠠᠶᠢᠳᠠᠯ ᠤᠨ ᠡᠮᠦᠨ᠎ᠠ᠂ ᠪᠦᠬᠦ ᠨᠠᠮ ᠪᠦᠬᠦ ᠤᠯᠤᠰ ᠢᠶᠠᠷ ᠢᠶᠠᠨ ᠨᠠᠮ ᠤᠨ ᠲᠦᠪ ᠬᠤᠷᠢᠶᠠᠨ ᠤ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠲᠤᠭᠤᠰᠢᠯᠠᠭᠤᠯᠵᠤ᠂ ᠲᠤᠭᠳᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠳᠠᠢ ᠦᠭᠡᠷᠡᠴᠢᠯᠡᠯᠳᠡ ᠪᠠᠷ ᠭᠤᠤᠯ ᠰᠢᠵᠢᠮ ᠪᠤᠯᠭᠠᠵᠤ᠂ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠵᠤ᠂ ︽ᠵᠢᠷᠭᠤᠭ᠎ᠠ ᠶᠢ ᠲᠤᠭᠳᠠᠪᠤᠷᠢᠵᠢᠭᠤᠯᠬᠤ︾ ᠠᠵᠢᠯ ᠢ ᠰᠠᠶᠢᠳᠤᠷ ᠬᠢᠵᠤ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠪᠠᠳᠤᠯᠠᠵᠤ᠂ ᠭᠤᠷᠪᠠᠨ ᠶᠡᠭᠡ ᠪᠤᠭᠤᠮᠳᠠ ᠰᠢᠪᠳᠤᠯᠬᠤ ᠳᠠᠶᠢᠯᠠᠯᠳᠤᠭᠠᠨ ᠵᠠᠩᠭᠢᠯᠠᠭ᠎ᠠ ᠶᠢᠨ ᠠᠬᠢᠴᠠ ᠲᠠᠢ ᠪᠤᠯᠵᠤ᠂ ᠦᠭᠡᠷᠡᠴᠢᠯᠡᠯᠳᠡ ᠨᠡᠬᠡᠬᠡᠯᠳᠡ ᠴᠢᠬᠤᠯᠠ ᠠᠯᠬᠤᠭ᠎ᠠ ᠶᠢ ᠠᠯᠬᠤᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠳᠠᠢ ᠦᠭᠡᠷᠡᠴᠢᠯᠡᠯᠳᠡ ᠦᠷᠭᠦᠯᠵᠢᠯᠡᠨ ᠭᠦᠨᠵᠡᠭᠡᠶᠢᠷᠡᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠠ ᠶᠢ ᠡᠭᠦᠳᠬᠦ ᠲᠠᠯ᠎ᠠ ᠪᠠᠷ ᠰᠢᠨ᠎ᠠ ᠰᠢᠪᠳᠤᠯᠤᠯᠳᠠ ᠭᠠᠷᠭᠠᠵᠤ᠂ ᠠᠷᠠᠳ ᠤᠯᠠᠨ ᠤ ᠬᠦᠷᠳᠡᠮᠵᠢ ᠶᠢᠨ ᠲᠦᠷᠦᠭᠳᠡᠯ᠂ ᠵᠢᠷᠭᠠᠯᠳᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠳᠡᠭᠡᠭᠰᠢᠯᠡᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠭᠤᠤᠯ ᠭᠦᠢᠴᠡᠳᠭᠡᠯ ᠲᠤᠭ᠎ᠠ ᠶᠢᠨ ᠠᠬᠢᠴᠠ ᠨᠢ ᠵᠢᠱᠢᠯᠳᠡ ᠲᠠᠢ ᠪᠠᠨ ᠨᠡᠶᠢᠴᠡᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠠᠵᠢᠯ ᠰᠢᠨ᠎ᠠ ᠴᠢᠬᠤᠯᠠ ᠶᠡᠭᠡ ᠠᠬᠢᠴᠠ ᠲᠠᠢ ᠪᠤᠯᠪᠠ ᠭᠡᠵᠤ ᠦᠵᠡᠵᠡᠢ᠃
  ᠬᠤᠷᠠᠯ ᠠᠴᠠ᠂ 2020 ᠤᠨ ᠪᠤᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠤᠯᠤᠨ ︽ᠠᠷᠪᠠᠨ ᠭᠤᠷᠪᠠᠳᠤᠭᠠᠷ ᠲᠠᠪᠤᠨ   ᠵᠢᠯ︾ ᠤᠨ ᠲᠦᠯᠦᠪᠵᠢᠭᠦᠯᠭᠡ ᠶᠢᠨ ᠰᠡᠬᠦᠯ ᠬᠤᠷᠢᠶᠠᠬᠤ ᠵᠢᠯ ᠪᠤᠯᠤᠨ᠎ᠠ᠂ ᠪᠢᠳᠡ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠳᠠ ᠪᠠᠨ ᠪᠡᠶᠡᠯᠡᠭᠦᠯᠬᠦ ᠭᠡᠷᠡᠭᠲᠡᠢ᠃ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠳᠤᠷ ᠬᠢᠬᠦ ᠳᠤ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠤᠯᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠦᠷᠪᠡᠳᠦᠭᠡᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠠᠷᠠᠯᠳᠠ ᠡᠭᠦᠷᠭᠡ ᠶᠢ ᠴᠢᠩᠭ᠎ᠠ ᠡᠵᠡᠮᠳᠡᠨ᠂ ᠲᠤᠭᠳᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠬᠦᠭ ᠠᠶᠠᠰ ᠢ ᠪᠠᠷᠢᠮᠳᠠᠯᠠᠵᠤ᠂ ᠰᠢᠨ᠎ᠠ ᠬᠦᠭᠵᠢᠯᠳᠡ ᠶᠢᠨ ᠤᠢᠢᠯᠠᠭᠠᠭᠳᠠᠬᠤᠨ ᠢ ᠪᠠᠷᠢᠮᠳᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠳᠠᠢ ᠦᠭᠡᠷᠡᠴᠢᠯᠡᠯᠳᠡ ᠪᠠᠷ ᠭᠤᠤᠯ ᠰᠢᠵᠢᠮ ᠪᠤᠯᠭᠠᠬᠤ ᠶᠢ ᠪᠠᠷᠢᠮᠳᠠᠯᠠᠵᠤ᠂ ᠦᠭᠡᠷᠡᠴᠢᠯᠡᠯᠳᠡ ᠨᠡᠬᠡᠬᠡᠯᠳᠡ ᠪᠠᠷ ᠬᠦᠳᠡᠯᠭᠡᠬᠦ ᠬᠦᠴᠦᠨ ᠪᠤᠯᠭᠠᠬᠤ ᠶᠢ ᠪᠠᠷᠢᠮᠳᠠᠯᠠᠵᠤ᠂ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠵᠤ᠂ ᠤᠳᠤᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠲᠦᠷᠭᠡᠳᠭᠡᠨ ᠪᠠᠶᠢᠭᠤᠯᠵᠤ᠂ ᠭᠤᠷᠪᠠᠨ ᠶᠡᠭᠡ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠢᠯᠠᠯᠳᠠ ᠶᠢ ᠡᠷᠡᠰ ᠲᠡᠮᠡᠴᠡᠨ ᠤᠯᠵᠤ᠂ ︽ᠵᠢᠷᠭᠤᠭ᠎ᠠ ᠶᠢ ᠳᠤᠬᠳᠠᠪᠤᠷᠢᠵᠢᠭᠤᠯᠬᠤ︾ ᠠᠵᠢᠯ ᠢ ᠪᠦᠬᠦ ᠳᠠᠯ᠎ᠠ ᠪᠠᠷ ᠰᠠᠶᠢᠳᠤᠷ ᠬᠢᠵᠦ᠂ ᠨᠡᠮᠡᠭᠳᠡᠯ ᠢ ᠳᠤᠬᠳᠠᠪᠤᠷᠢᠵᠢᠭᠤᠯᠬᠤ᠂ ᠦᠬᠡᠷᠡᠴᠢᠯᠡᠯᠳᠡ ᠶᠢ ᠠᠬᠢᠭᠤᠯᠬᠤ᠂ ᠪᠦᠳᠦᠴᠡ ᠶᠢ ᠳᠤᠬᠢᠷᠠᠭᠤᠯᠬᠤ᠂ ᠠᠷᠠᠳ ᠤᠨ ᠠᠮᠢᠳᠤᠷᠠᠯ ᠢ ᠬᠠᠷᠠᠭᠠᠯᠵᠠᠬᠤ᠂ ᠠᠶᠤᠯ ᠳᠦᠭᠰᠢᠬᠦᠷᠢ ᠶᠢ ᠰᠡᠷᠬᠡᠶᠢᠯᠡᠬᠦ᠂ ᠳᠤᠬᠳᠠᠭᠤᠨ ᠢ ᠪᠠᠳᠤᠯᠠᠬᠤ ᠶᠢ ᠨᠢᠬᠡᠳᠦᠯᠳᠡᠢ ᠳᠦᠯᠦᠪᠵᠢᠬᠦᠯᠦᠨ ᠠᠬᠢᠭᠤᠯᠵᠦ᠂ ᠠᠵᠦ ᠠᠬᠤᠢ ᠶᠢᠨ ᠡᠷᠬᠢᠯᠳᠡ ᠵᠤᠬᠢᠰᠳᠠᠢ ᠬᠡᠪᠴᠢᠶᠠᠨ ᠳᠤ ᠪᠠᠶᠢᠬᠤ ᠶᠢ ᠪᠠᠳᠤᠯᠠᠵᠦ᠂ ᠴᠢᠨᠡᠬᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠬᠦᠯᠬᠦ ᠪᠡ ︽ᠠᠷᠪᠠᠨ ᠭᠤᠷᠪᠠᠳᠤᠭᠠᠷ ᠳᠠᠪᠤᠨ ᠵᠢᠯ︾ ᠤᠨ ᠳᠦᠯᠦᠪᠵᠢᠬᠦᠯᠬᠡ ᠶᠢ ᠳᠡᠬᠦᠰ ᠠᠮᠵᠢᠯᠳᠠᠳᠠᠢ ᠪᠡᠶᠡᠯᠡᠬᠦᠯᠬᠦ ᠶᠢ ᠦᠨᠡᠨ ᠬᠦ ᠪᠠᠳᠤᠯᠠᠬᠤ ᠬᠡᠷᠡᠭᠳᠡᠢ ᠬᠡᠵᠦ ᠵᠢᠭᠠᠵᠦ ᠭᠠᠷᠭᠠᠵᠠᠢ᠃
  ᠬᠤᠷᠠᠯ ᠠᠴᠠ᠂ ᠤᠳᠤᠬᠠᠨ ᠪᠠ ᠬᠤᠶᠢᠰᠢᠳᠠ ᠶᠢᠨ ᠨᠢᠬᠡ ᠭᠡᠰᠡᠭ ᠬᠤᠭᠤᠴᠠᠭᠠᠨ ᠳᠤ᠂ ᠮᠠᠨ ᠤ ᠤᠯᠤᠰ ᠤᠨ ᠠᠵᠦ ᠠᠬᠤᠢ ᠳᠤᠬᠳᠠᠭᠤᠨ ᠤ ᠳᠤᠮᠳᠠ ᠰᠠᠶᠢᠵᠢᠷᠠᠯᠳᠠ ᠲᠠᠢ ᠪᠤᠯᠬᠤ᠂ ᠤᠷᠳᠤ ᠬᠤᠭᠤᠴᠠᠭ᠎ᠠ ᠪᠠᠷ ᠰᠠᠶᠢᠵᠢᠷᠠᠯᠳᠠ ᠲᠠᠢ ᠪᠤᠯᠬᠤ ᠦᠨᠳᠦᠰᠦᠨ ᠬᠠᠨᠳᠤᠰᠢ ᠳᠤ ᠬᠤᠪᠢᠷᠠᠯᠳᠠ ᠭᠠᠷᠬᠤ ᠦᠬᠡᠢ ᠶᠤᠮ᠃ ᠪᠢᠳᠡ ᠡᠷᠬᠡᠪᠰᠢ ᠬᠤᠪᠢᠰᠤᠩᠭᠤᠢ ᠪᠤᠳᠠᠰᠴᠢ ᠦᠵᠡᠯ ᠤᠨ ᠰᠡᠳᠬᠢᠬᠦᠢ ᠪᠠᠷ ᠪᠠᠶᠢᠳᠠᠯ ᠤᠨ ᠬᠦᠭᠵᠢᠯᠳᠡ ᠬᠤᠪᠢᠷᠠᠯᠳᠠ ᠳᠤ ᠬᠠᠨᠳᠤᠬᠤ ᠶᠢ ᠪᠠᠷᠢᠮᠳᠠᠯᠠᠵᠦ᠂ ᠵᠠᠪᠠᠯ ᠢᠯᠠᠯᠳᠠ ᠤᠯᠬᠤ ᠢᠳᠡᠬᠡᠯ ᠵᠤᠷᠢᠬ ᠢᠶᠠᠨ ᠴᠢᠩᠭᠠᠳᠬᠠᠵᠦ᠂ ᠭᠠᠳᠠᠭᠠᠳᠤ ᠤᠷᠴᠢᠨ ᠤ ᠳᠠᠷᠤᠯᠳᠠ ᠶᠢ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ᠂ ᠨᠡᠬᠡᠬᠡᠯᠳᠡ ᠶᠢ ᠦᠷᠬᠡᠳᠬᠡᠬᠦ ᠬᠦᠴᠦᠳᠦ ᠶᠡᠭᠡ ᠬᠦᠳᠡᠯᠬᠡᠬᠦ ᠬᠦᠴᠦᠨ ᠪᠤᠯᠭᠠᠨ ᠬᠤᠪᠢᠷᠠᠭᠤᠯᠬᠤ ᠳᠠᠭᠠᠨ ᠴᠢᠳᠠᠮᠠᠭᠠᠢᠢᠷᠠᠵᠦ᠂ ᠬᠦᠴᠦᠨ ᠢᠶᠠᠨ ᠳᠦᠪᠯᠡᠷᠡᠬᠦᠯᠦᠨ ᠦᠪᠡᠷ ᠤᠨ ᠢᠶᠠᠨ ᠶᠠᠪᠤᠳᠠᠯ ᠢ ᠰᠠᠶᠢᠳᠤᠷ ᠬᠢᠬᠦ ᠬᠡᠷᠡᠭᠳᠡᠢ᠃ ᠡᠷᠬᠡᠪᠰᠢ ᠬᠤᠷᠸ᠎ᠠ ᠲᠦᠷᠦ ᠶᠢᠨ ᠪᠤᠳᠤᠯᠭ᠎ᠠ ᠳᠤᠬᠳᠠᠭᠤᠨ ᠪᠠᠶᠢᠬᠤ᠂ ᠬᠤᠮᠠᠬᠢ ᠳᠦᠷᠦ ᠶᠢᠨ ᠪᠤᠳᠤᠯᠭ᠎ᠠ ᠠᠮᠢᠳᠤᠯᠢᠬ ᠪᠠᠶᠢᠬᠤ᠂ ᠨᠡᠶᠢᠭᠡᠮ ᠤᠨ ᠳᠦᠷᠦ ᠶᠢᠨ ᠪᠤᠳᠤᠯᠭ᠎ᠠ ᠪᠠᠷ ᠦᠨᠳᠦᠰᠦᠨ ᠵᠦᠢᠯ ᠢ ᠪᠠᠳᠤᠯᠠᠬᠤ ᠵᠡᠷᠬᠡ ᠳᠦᠷᠦ ᠶᠢᠨ ᠪᠤᠳᠤᠯᠭ᠎ᠠ ᠶᠢᠨ ᠪᠤᠷᠤ ᠳᠦᠯᠦᠪ ᠢ ᠪᠠᠷᠢᠮᠳᠠᠯᠠᠵᠦ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ᠂ ᠬᠠᠷᠠᠯᠳᠠ ᠪᠠᠷ ᠤᠳᠤᠷᠢᠳᠤᠮᠵᠢ ᠪᠤᠯᠭᠠᠬᠤ᠂ ᠦᠷ᠎ᠠ ᠳ᠋ᠦᠩ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠦ᠂ ᠬᠤᠷᠸ᠎ᠠ ᠡᠵᠡᠮᠰᠢᠯ ᠳᠤᠬᠢᠷᠠᠭᠤᠯᠭ᠎ᠠ ᠶᠢᠨ ᠠᠯᠤᠰ ᠬᠡᠳᠦ ᠶᠢᠨ ᠴᠢᠨᠠᠷ᠂ ᠴᠢᠭᠯᠡᠬᠦᠯᠦᠯᠳᠦ ᠴᠢᠨᠠᠷ᠂ ᠪᠦᠳᠦᠮᠵᠢᠳᠦ ᠴᠢᠨᠠᠷ ᠢ ᠳᠡᠬᠡᠭᠰᠢᠯᠡᠬᠦᠯᠵᠦ᠂ ᠰᠦᠷᠬᠡᠦ ᠦᠶᠡᠯᠡᠯ ᠤᠨ ᠬᠤᠭᠤᠴᠠᠭᠠᠨ ᠤ ᠳᠤᠬᠢᠷᠠᠭᠤᠯᠭ᠎ᠠ ᠶᠢᠨ ᠪᠠᠭᠠᠵᠢ ᠶᠢ ᠰᠠᠶᠢᠳᠤᠷ ᠠᠰᠢᠬᠯᠠᠬᠤ ᠬᠡᠷᠡᠭᠳᠡᠢ᠃ ᠳᠠᠷᠠᠭ᠎ᠠ ᠵᠢᠯ ᠳᠤ ᠭᠤᠷᠪᠠᠨ ᠶᠡᠭᠡ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠡᠷᠡᠰ ᠰᠢᠭᠤᠷᠬᠠᠢ ᠪᠠᠷ ᠰᠠᠶᠢᠳᠤᠷ ᠬᠢᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠬᠠᠷᠠᠯᠳᠠ ᠡᠬᠦᠷᠬᠡ ᠶᠢ ᠪᠡᠶᠡᠯᠡᠬᠦᠯᠬᠦ ᠶᠢ ᠪᠠᠳᠤᠯᠠᠵᠦ᠂ ᠪᠤᠬᠢᠷᠳᠤᠯ ᠢ ᠰᠡᠷᠬᠡᠶᠢᠯᠡᠨ ᠵᠠᠰᠠᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠱᠠᠳᠤᠴᠢ ᠴᠢᠨᠠᠷᠳᠠᠢ ᠬᠠᠷᠠᠯᠳᠠ ᠶᠢ ᠪᠡᠶᠡᠯᠡᠬᠦᠯᠬᠦ ᠶᠢ ᠪᠠᠳᠤᠯᠠᠵᠦ᠂ ᠰᠢᠰᠲ᠋ᠧᠮ ᠤᠨ ᠴᠢᠨᠠᠷᠳᠠᠢ ᠮᠦᠩᠬᠦᠨ ᠬᠦᠢᠯᠬᠡᠬᠡᠨ ᠤ ᠠᠶᠤᠯ ᠳᠦᠭᠰᠢᠬᠦᠷᠢ ᠡᠬᠦᠰᠬᠦ ᠦᠬᠡᠢ ᠪᠠᠶᠢᠬᠤ ᠶᠢ ᠪᠠᠳᠤᠯᠠᠬᠤ ᠬᠡᠷᠡᠭᠳᠡᠢ᠃ ᠡᠷᠬᠡᠪᠰᠢ ᠤᠳᠤᠬᠢᠴᠢᠯᠠᠬᠰᠠᠨ ᠠᠵᠦ ᠠᠬᠤᠢ ᠶᠢᠨ ᠰᠢᠰᠲ᠋ᠧᠮ ᠤᠨ ᠪᠦᠳᠦᠬᠡᠨ ᠪᠠᠶᠢᠭᠤᠯᠤᠯᠳᠠ ᠶᠢ ᠳᠦᠷᠬᠡᠳᠬᠡᠵᠦ᠂ ᠬᠦᠳᠡᠭᠡ ᠠᠵᠦ ᠠᠬᠤᠢ᠂ ᠦᠢᠯᠡᠳᠬᠦ ᠦᠢᠯᠡᠰ᠂ ᠦᠢᠯᠡᠴᠢᠯᠡᠬᠡᠨ ᠤ ᠦᠢᠯᠡᠰ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠵᠦ᠂ ᠰᠠᠭᠤᠷᠢ ᠳᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠵᠦ᠂ ᠳᠠᠪᠠᠭᠤᠯᠢᠬ ᠢᠶᠠᠨ ᠬᠠᠷᠢᠯᠴᠠᠨ ᠨᠦᠬᠦᠪᠦᠷᠢᠯᠡᠬᠦ ᠴᠢᠨᠠᠷ ᠰᠠᠶᠢᠳᠠᠢ ᠬᠦᠭᠵᠢᠯᠳᠡ ᠶᠢᠨ ᠤᠷᠤᠨ ᠪᠦᠰᠡ ᠶᠢᠨ ᠠᠵᠦ ᠠᠬᠤᠢ ᠶᠢᠨ ᠪᠠᠶᠢᠷᠢᠰᠢᠯ ᠢ ᠠᠬᠢᠭᠤᠯᠤᠨ ᠪᠦᠷᠢᠯᠳᠦᠬᠦᠯᠵᠦ᠂ ᠰᠢᠨᠵᠢᠯᠡᠬᠦ ᠤᠬᠠᠭᠠᠨ ᠳᠧᠭ᠌ᠨᠢᠭ ᠮᠡᠷᠬᠡᠵᠢᠯ ᠤᠨ ᠪᠤᠳᠠᠳᠤ ᠬᠦᠴᠤᠨ ᠪᠤᠯᠤᠨ ᠰᠢᠨ᠎ᠠ ᠶᠢ ᠡᠬᠦᠳᠬᠦ ᠴᠢᠳᠠᠪᠤᠷᠢ ᠪᠠᠨ ᠳᠡᠬᠡᠭᠰᠢᠯᠡᠬᠦᠯᠵᠦ᠂ ᠠᠵᠦ ᠠᠬᠤᠢ ᠶᠢᠨ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠨᠡᠩ ᠦᠨᠳᠦᠷ ᠳᠦᠪᠰᠢᠨ ᠤ ᠨᠡᠬᠡᠬᠡᠯᠳᠡᠳᠦ ᠮᠠᠶ᠋ᠢᠬ ᠤᠨ ᠠᠵᠦ ᠠᠬᠤᠢ ᠶᠢᠨ ᠰᠢᠨ᠎ᠠ ᠪᠠᠶᠢᠭᠤᠯᠤᠮᠵᠢ ᠶᠢ ᠪᠠᠶᠢᠭᠤᠯᠬᠤ ᠬᠡᠷᠡᠭᠳᠡᠢ ᠬᠡᠵᠦ   ᠴᠢᠬᠤᠯᠠᠴᠢᠯᠠᠪᠠ᠃
  ᠬᠤᠷᠠᠯ ᠠᠴᠠ᠂ ᠨᠠᠮ ᠤᠨ ᠠᠷᠪᠠ ᠶᠢᠰᠤᠳᠤᠭᠡᠷ ᠬᠤᠭᠤᠴᠠᠭᠠᠨ ᠤ ᠲᠦᠪ ᠬᠤᠷᠢᠶᠠᠨ ᠤ ᠲᠦᠷᠪᠡᠳᠤᠭᠡᠷ ᠪᠦᠬᠦᠳᠠ ᠬᠤᠷᠠᠯ ᠤᠨ ᠵᠤᠷᠢᠬ ᠰᠠᠨᠠᠭ᠎ᠠ ᠶᠢ ᠬᠦᠨᠵᠡᠬᠡᠢ ᠲᠤᠭᠤᠰᠢᠯᠠᠭᠤᠯᠤᠨ᠂ ᠨᠠᠮ ᠠᠴᠠ ᠠᠵᠤ ᠠᠬᠤᠢ ᠶᠢᠨ ᠠᠵᠢᠯ ᠢ ᠤᠳᠤᠷᠢᠳᠬᠤ ᠲᠦᠷᠢᠮ ᠤᠨ ᠲᠠᠪᠠᠭᠤᠯᠢᠬ ᠢ ᠵᠠᠰᠠᠯᠲᠠ ᠶᠢᠨ ᠴᠢᠲᠠᠮᠵᠢ ᠪᠤᠯᠭᠠᠨ ᠬᠤᠪᠢᠷᠠᠭᠤᠯᠵᠤ᠂ ᠦᠬᠡᠷᠡᠴᠢᠯᠠᠯᠳᠠ ᠬᠦᠭᠵᠢᠯᠳᠠ ᠲᠤᠭᠳᠠᠭᠤᠨ ᠤ ᠡᠯ᠎ᠠ ᠵᠦᠢᠯ ᠤᠨ ᠠᠵᠢᠯ ᠢ ᠪᠦᠬᠦ ᠲᠠᠯ᠎ᠠ ᠪᠠᠷ ᠰᠠᠶᠢᠳᠤᠷ ᠬᠢᠵᠤ᠂ ᠠᠵᠤ ᠠᠬᠤᠢ ᠶᠢᠨ ᠠᠵᠢᠯ ᠢ ᠤᠳᠤᠷᠢᠳᠬᠤ ᠠᠷᠭ᠎ᠠ ᠬᠡᠯᠪᠡᠷᠢ ᠪᠠᠨ ᠰᠠᠶᠢᠵᠢᠷᠠᠭᠤᠯᠵᠤ᠂ ᠵᠤᠷᠢᠬᠳᠠᠢ ᠡᠬᠦᠷᠬᠡᠯᠠᠵᠤ ᠵᠢᠳᠬᠦᠯ ᠴᠢᠷᠮᠠᠶᠢᠯᠭ᠎ᠠ ᠭᠠᠷᠭᠠᠬᠤ ᠶᠢ ᠵᠤᠷᠢᠬᠵᠢᠭᠤᠯᠬᠤ ᠲᠤᠬᠳᠠᠴᠠ ᠶᠢ ᠲᠡᠬᠦᠯᠳᠡᠷᠵᠢᠬᠦᠯᠬᠦ ᠭᠡᠷᠡᠭᠳᠠᠢ᠃ ᠬᠦᠴᠢᠷᠳᠠᠯᠳᠠᠢ ᠤᠯᠠᠨ ᠲᠦᠮᠡᠨ ᠤ ᠦᠨᠳᠤᠰᠤᠨ ᠠᠮᠢᠳᠤᠷᠠᠯ ᠢ ᠪᠦᠳᠤᠮᠵᠢᠳᠠᠢ ᠪᠠᠳᠤᠯᠠᠬᠤ ᠪᠠ ᠰᠠᠶᠢᠵᠢᠷᠠᠭᠤᠯᠬᠤ ᠶᠢ ᠪᠠᠳᠤᠯᠠᠬᠤ ᠭᠡᠷᠡᠭᠳᠠᠢ᠃ ᠤᠨ ᠤ ᠰᠡᠬᠦᠯᠴᠢ ᠰᠢᠨ᠎ᠡ ᠵᠢᠯ ᠤᠨ ᠡᠬᠢᠨ ᠤ ᠡᠯ᠎ᠠ ᠲᠠᠯ᠎ᠠ ᠶᠢᠨ ᠠᠵᠢᠯ ᠢ ᠰᠠᠶᠢᠳᠤᠷ ᠬᠢᠵᠤ᠂ ᠠᠶᠤᠯᠬᠦᠢ ᠤᠢᠢᠯᠡᠳᠪᠤᠷᠢᠯᠠᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠨᠡᠶᠢᠬᠡᠮ ᠤᠨ ᠶᠡᠭᠡ ᠲᠠᠯ᠎ᠠ ᠶᠢᠨ ᠡᠶ᠎ᠡ ᠵᠤᠬᠢᠴᠠᠩᠭᠤᠢ ᠲᠤᠭᠳᠠᠭᠤᠨ ᠢ ᠪᠠᠳᠤᠯᠠᠬᠤ ᠭᠡᠷᠡᠭᠳᠠᠢ ᠬᠡᠵᠤ ᠱᠠᠭᠠᠷᠳᠠᠪᠠ᠃
  ᠬᠤᠷᠠᠯ ᠠᠴᠠ᠂ ᠨᠠᠮ ᠤᠨ ᠲᠦᠪ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠦᠪᠯᠡᠯ ᠪᠤᠯᠤᠨ ᠤᠷᠤᠨ ᠨᠤᠳᠤᠬ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠠᠯ ᠤᠨ ᠬᠢᠨ ᠨᠠᠮ ᠤᠨ ᠲᠦᠷᠢᠮ ᠪᠤᠯᠤᠨ ᠦᠨᠳᠤᠰᠤᠨ ᠬᠠᠤᠯᠢ ᠠᠴᠠ ᠤᠯᠭᠤᠬᠰᠠᠨ ᠲᠤᠰᠢᠶᠠᠯ ᠬᠠᠷᠢᠭᠤᠴᠠᠯᠭ᠎ᠠ ᠪᠠᠨ ᠲᠦᠪ ᠭᠤᠤᠯᠴᠢ ᠪᠠᠷ ᠬᠦᠢᠴᠡᠳᠬᠡᠵᠤ᠂ ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠬᠦᠨᠵᠡᠬᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠬᠡᠰᠢᠬᠦᠨ ᠺᠠᠳ᠋ᠷ ᠢ ᠱᠠᠯᠠᠪᠳᠠᠭᠤᠯᠤᠨ ᠱᠠᠭᠠᠷᠳᠠᠵᠤ ᠪᠠᠶᠢᠭᠠᠳ ︽ᠬᠤᠶᠠᠷ ᠢ ᠬᠠᠮᠠᠭᠠᠯᠠᠬᠤ︾ ᠶᠢ ᠤᠬᠠᠮᠰᠠᠷ ᠠᠴᠠ ᠪᠠᠨ ᠪᠡᠶᠡᠯᠡᠬᠦᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠴᠢᠭᠯᠡᠯᠳᠠ ᠪᠤᠯᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠭᠳᠠᠭᠤᠨ ᠤ ᠲᠤᠮᠳᠠ ᠤᠷᠤᠬᠰᠢᠯᠠᠨ ᠲᠠᠪᠰᠢᠬᠤ᠂ ᠦᠨᠡᠨ ᠢ ᠪᠠᠷᠢᠮᠳᠠᠯᠠᠨ ᠪᠤᠳᠠᠳᠠᠢ ᠶᠢ ᠡᠷᠬᠢᠮᠯᠡᠬᠦ᠂ ᠲᠦᠷᠢᠮ ᠲᠤᠭᠳᠠᠭᠠᠯ ᠰᠠᠬᠢᠯᠭ᠎ᠠ ᠪᠠᠳᠤ ᠬᠠᠤᠯᠢ ᠴᠠᠭᠠᠵᠠ ᠶᠢ ᠵᠢᠷᠤᠮᠯᠠᠬᠤ ᠶᠢ ᠪᠠᠷᠢᠮᠳᠠᠯᠠᠵᠤ᠂ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠨᠢ ᠡᠷᠡᠰ ᠪᠠᠳᠤ ᠪᠦᠭᠡᠳ ᠯᠠᠪᠳᠠᠭᠤᠨ ᠪᠦᠳᠤᠮᠵᠢᠳᠠᠢ ᠪᠠᠶᠢᠵᠤ᠂ ᠴᠢᠨᠠᠷ ᠰᠠᠶᠢᠳᠠᠢ ᠬᠦᠭᠵᠢᠯᠳᠠ ᠶᠢᠨ ᠶᠠᠪᠤᠴᠠ ᠳᠤ ᠰᠢᠨ᠎ᠠ ᠠᠮᠵᠢᠯᠳᠠ ᠪᠦᠳᠤᠮᠵᠢ ᠤᠯᠬᠤ ᠭᠡᠷᠡᠭᠳᠠᠢ᠃ ᠬᠢᠨᠠᠯᠳᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ ᠴᠢᠩᠭᠠᠳᠬᠠᠵᠤ᠂ ᠤᠯᠤᠰ ᠲᠦᠷᠤ ᠶᠢᠨ ᠬᠢᠨᠠᠯᠳᠠ ᠪᠠᠨ ᠬᠦᠨᠵᠡᠬᠡᠶᠢᠷᠡᠬᠦᠯᠵᠤ᠂ ᠲᠦᠪ ᠤᠨ ᠨᠠᠢᠮᠠᠨ ᠲᠤᠭᠳᠠᠭᠠᠯ ᠤᠨ ᠵᠤᠷᠢᠬ ᠰᠠᠨᠠᠭ᠎ᠠ ᠶᠢ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ᠂ ᠨᠤᠶᠠᠨᠴᠢ ᠰᠤᠷᠳᠠᠯ ᠤᠨ ᠠᠰᠠᠭᠤᠳᠠᠯ ᠢ ᠲᠦᠪᠯᠡᠷᠡᠬᠦᠯᠤᠨ ᠴᠡᠭᠴᠡᠯᠡᠨ ᠵᠠᠰᠠᠵᠤ᠂ ᠤᠯᠤᠰ ᠲᠦᠷᠤ ᠶᠢᠨ ᠲᠤᠭᠤᠷᠢᠨ ᠪᠠᠶᠢᠴᠠᠭᠠᠬᠤ ᠪᠠ ᠲᠤᠭᠤᠷᠢᠨ ᠪᠠᠶᠢᠴᠠᠭᠠᠵᠦ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠳᠤᠷ ᠠᠳᠬᠤᠵᠤ᠂ ︽ᠲᠦᠷᠪᠡᠨ ᠬᠡᠯᠪᠡᠷᠢ ᠪᠠᠶᠢᠳᠠᠯ︾ ᠢ ᠠᠰᠢᠬᠯᠠᠵᠤ᠂ ᠰᠠᠬᠢᠯᠭ᠎ᠠ ᠪᠠᠳᠤ ᠬᠠᠤᠯᠢ ᠴᠠᠭᠠᠵᠠ ᠶᠢ ᠴᠢᠩᠭ᠎ᠠ ᠭᠡᠷᠡᠭᠵᠢᠬᠦᠯᠵᠤ᠂ ᠤᠨᠤᠪᠴᠢᠳᠠᠢ ᠬᠦᠴᠦᠲᠡᠢ ᠪᠠᠷ ᠬᠠᠷᠢᠭᠤᠴᠠᠯᠭ᠎ᠠ ᠲᠤᠯᠭᠠᠬᠤ ᠭᠡᠷᠡᠭᠳᠠᠢ᠃ ᠤᠯᠠᠨ ᠲᠦᠮᠡᠨ ᠤ ᠲᠡᠷᠬᠡᠳᠡᠬᠢ ᠢᠯᠵᠢᠷᠠᠯ ᠪᠤᠯᠤᠨ ᠰᠤᠷᠳᠠᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠦᠷᠬᠡᠳᠬᠡᠨ ᠬᠦᠨᠵᠡᠬᠡᠶᠢᠷᠡᠬᠦᠯᠵᠤ᠂ ᠢᠯᠵᠢᠷᠠᠯ ᠢ ᠡᠰᠡᠷᠬᠦᠴᠡᠬᠦ ᠲᠡᠮᠡᠴᠡᠯ ᠤᠨ ᠲᠡᠶᠢᠯᠦᠩᠬᠦᠢ ᠢᠯᠠᠯᠳᠠ ᠶᠢ ᠪᠠᠳᠤᠳᠬᠠᠨ ᠬᠦᠭᠵᠢᠬᠦᠯᠬᠦ ᠭᠡᠷᠡᠭᠳᠠᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠨᠢᠭᠡᠲᠦᠯᠲᠡᠢ ᠲᠦᠯᠦᠪᠵᠢᠭᠦᠯᠦᠨ ᠠᠬᠢᠭᠤᠯᠵᠤ᠂ ᠵᠢᠷᠦᠮᠵᠢᠯᠲᠡ ᠬᠠᠤᠯᠢᠵᠢᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠦᠨᠡᠨᠴᠢ ᠰᠢᠳᠦᠷᠭᠤ ᠠᠷᠢᠭᠤᠨ ᠴᠢᠭᠡᠴᠢ ᠬᠠᠷᠢᠭᠤᠴᠠᠯᠭ᠎ᠠ ᠡᠭᠦᠷᠭᠡᠯᠡᠯ ᠲᠠᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠡᠮᠦᠷ ᠴᠡᠷᠢᠭ ᠢ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
  ᠬᠤᠷᠠᠯ ᠠᠴᠠ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠳᠦᠷᠪᠡᠳᠦᠭᠡᠷ ᠪᠦᠬᠦᠳᠡ ᠬᠤᠷᠠᠯ ᠠᠴᠠ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠤᠯᠤᠰ ᠤᠨ ᠵᠠᠰᠠᠯᠲᠠ ᠶᠢᠨ ᠰᠢᠰᠲᠧᠮ ᠪᠠ ᠵᠠᠰᠠᠯᠲᠠ ᠶᠢᠨ ᠴᠢᠳᠠᠪᠤᠷᠢ ᠶᠢᠨ ᠤᠳᠤᠬᠢᠴᠢᠯᠠᠯᠲᠠ ᠶᠢ ᠠᠬᠢᠭᠤᠯᠬᠤ ᠲᠤᠬᠠᠢ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠬᠢᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠦᠷᠭᠡᠵᠢᠭᠦᠯᠬᠦ ᠳᠤ ᠰᠢᠨ᠎ᠠ ᠱᠠᠭᠠᠷᠳᠠᠯᠭ᠎ᠠ ᠳᠤᠷᠠᠳᠪᠠ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠨᠢ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠤᠯᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠦᠷᠪᠡᠳᠦᠭᠡᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠳᠦᠷᠪᠡᠨ ᠤᠬᠠᠮᠰᠠᠷ︾ ᠢᠶᠠᠨ ᠴᠢᠩᠭᠠᠳᠬᠠᠨ᠂ ︽ᠳᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠬᠤᠷᠢᠶ᠎ᠠ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠳᠤ ᠬᠠᠮᠵᠢᠯᠴᠠᠵᠤ᠂ ᠨᠠᠮ ᠪᠤᠯᠤᠨ ᠤᠯᠤᠰ ᠤᠨ ᠬᠢᠨᠠᠯᠲᠠ ᠶᠢᠨ ᠰᠢᠰᠲᠧᠮ ᠢ ᠪᠠᠷᠢᠮᠲᠠᠯᠠᠨ ᠲᠡᠭᠦᠯᠳᠡᠷᠵᠢᠭᠦᠯᠵᠦ᠂ ᠡᠷᠬᠡ ᠶᠢᠨ ᠠᠵᠢᠯᠯᠠᠭᠠᠨ ᠤ ᠬᠢᠵᠠᠭᠠᠷᠯᠠᠯ ᠪᠠ ᠬᠢᠨᠠᠯᠲᠠ ᠶᠢ ᠴᠢᠩᠭᠠᠳᠬᠠᠵᠤ᠂ ᠢᠯᠵᠢᠷᠠᠬᠤ ᠠᠴᠠ ᠵᠢᠷᠦᠬᠡᠰᠢᠶᠡᠬᠦ᠂ ᠢᠯᠵᠢᠷᠠᠵᠤ ᠪᠤᠯᠬᠤ ᠦᠭᠡᠢ᠂ ᠢᠯᠵᠢᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠬᠴᠠᠵᠢᠭᠤᠯᠤᠨ ᠠᠬᠢᠭᠤᠯᠵᠤ᠂ ᠦᠨᠳᠦᠷ ᠬᠡᠪ ᠪᠤᠯᠪᠠᠰᠤᠷᠠᠯ ᠲᠠᠢ ᠲᠤᠰᠬᠠᠢᠢᠵᠢᠬᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢ ᠪᠠᠶᠢᠭᠤᠯᠵᠤ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠡᠷᠡᠰ ᠴᠢᠩᠭ᠎ᠠ ᠪᠠᠲᠤᠯᠠᠭ᠎ᠠ ᠬᠠᠨᠭ᠍ᠭᠠᠬᠤ ᠬᠡᠷᠡᠭᠲᠡᠢ ᠭᠡᠵᠦ ᠴᠢᠬᠤᠯᠠᠴᠢᠯᠠᠪᠠ᠃
  ᠡᠭᠦᠨ ᠠᠴᠠ ᠡᠮᠦᠨᠡᠬᠡᠨ᠂ ᠶᠡᠷᠦᠩᠬᠡᠢ ᠱᠦᠵᠢ ᠰᠢ ᠶᠢᠨ ᠫᠢᠩ ᠲᠦᠪ ᠤᠨ ᠤᠯᠤᠰ ᠲᠦᠷᠦ ᠶᠢᠨ ᠲᠤᠪᠴᠢᠶᠠᠨ ᠤ ᠪᠠᠶᠢᠡᠭᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠲᠦᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ 2019 ᠤᠨ ᠤ ᠠᠵᠢᠯ ᠤᠨ ᠪᠠᠶᠢᠳᠠᠯ ᠪᠤᠯᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠦᠷᠪᠡᠳᠦᠭᠡᠷ ᠤᠳᠠᠭᠠᠨ ᠤ ᠪᠦᠬᠦᠳᠡ ᠬᠤᠷᠠᠯ ᠤᠨ ᠪᠡᠯᠡᠳᠭᠡᠯ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ ᠰᠤᠨᠤᠰᠪᠠ᠃
  ᠬᠤᠷᠠᠯ ᠠᠴᠠ ᠳᠠᠷᠠᠭ᠎ᠠ ᠵᠢᠯ ᠤᠨ 1 ᠰᠠᠷ᠎ᠠ ᠶᠢᠨ 13 ᠠᠴᠠ 15 ᠤ ᠡᠳᠦᠷ ᠪᠤᠯᠲᠠᠯ᠎ᠠ ᠠᠷᠪᠠ ᠶᠢᠰᠦᠳᠦᠭᠡᠷ ᠬᠤᠭᠤᠴᠠᠭᠠᠨ ᠤ ᠲᠦᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠦᠷᠪᠡᠳᠦᠭᠡᠷ ᠤᠳᠠᠭᠠᠨ ᠤ ᠪᠦᠬᠦᠳᠡ ᠬᠤᠷᠠᠯ ᠬᠤᠷᠠᠯᠳᠤᠬᠤ ᠶᠢ ᠵᠦᠪᠰᠢᠶᠡᠷᠡᠪᠡ᠃



  
     
     