 

︽ᠡᠨᠡ ᠬᠦ ᠴᠠᠬ ᠮᠦᠴᠡ︾ ᠬᠡᠬᠦ ᠲᠠᠪᠤᠨ ᠬᠡᠯᠡ ᠪᠠᠷ ᠲᠠᠶᠢᠯᠪᠤᠷᠢ ᠬᠢᠭᠰᠡᠨ ᠺᠢᠨᠣ᠋ ᠦᠵᠡᠭᠴᠢᠳ ᠲᠠᠢ ᠵᠤᠯᠭᠠᠪᠠ

2019-10-16 20:41
  88
  0


  ︽ᠡᠨᠡ ᠬᠦ ᠴᠠᠬ ᠮᠦᠴᠡ — ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠬᠳᠠᠬᠰᠠᠨ 70 ᠵᠢᠯ ᠤᠨ ᠤᠢ ᠶᠢᠨ ᠦᠪᠡᠳᠡᠭᠰᠢ ᠶᠤᠰᠤᠯᠠᠯ︾ ᠬᠡᠬᠦ 4K ᠮᠡᠷᠭᠡᠵᠢᠯ ᠢᠶᠠᠷ ᠰᠡᠭᠦᠳᠡᠷᠯᠡᠵᠦ᠂ ᠮᠤᠩᠭᠤᠯ᠂ ᠲᠦᠪᠡᠳ᠂ ᠤᠶᠢᠭᠤᠷ᠂ ᠬᠠᠰᠠᠬ ᠪᠤᠯᠤᠨ ᠰᠤᠯᠤᠩᠭᠤᠰ ᠲᠠᠪᠤᠨ ᠴᠦᠬᠡᠨ ᠲᠤᠭᠠᠲᠤ ᠦᠨᠳᠦᠰᠦᠲᠡᠨ ᠤ ᠬᠡᠯᠡ ᠪᠠᠷ ᠲᠠᠶᠢᠯᠪᠤᠷᠢ ᠬᠢᠭᠰᠡᠨ ᠺᠢᠨᠣ᠋ ᠪᠦᠬᠦ ᠤᠯᠤᠰ ᠤᠨ ᠴᠦᠬᠡᠨ ᠲᠤᠭᠠᠲᠤ ᠦᠨᠳᠦᠰᠦᠲᠡᠨ ᠤ ᠦᠵᠡᠭᠴᠢᠳ ᠲᠠᠢ ᠵᠤᠯᠭᠠᠯ᠎ᠠ᠃ ᠡᠨᠡ ᠨᠢ ᠴᠦᠬᠡᠨ ᠲᠤᠭᠠᠲᠤ ᠦᠨᠳᠦᠰᠦᠲᠡᠨ ᠤ ᠤᠯᠠᠨ ᠲᠦᠮᠡᠨ ᠲᠤᠰ ᠦᠨᠳᠦᠰᠦᠲᠡᠨ ᠤ ᠪᠠᠨ ᠬᠡᠯᠡ ᠪᠠᠷ ᠪᠦᠭᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠪᠠᠶᠢᠭᠤᠯᠤᠬᠳᠠᠬᠰᠠᠨ ᠤᠯᠤᠰ ᠪᠠᠶᠢᠭᠤᠯᠤᠬᠳᠠᠬᠰᠠᠨ 70 ᠵᠢᠯ ᠤᠨ ᠤᠢ ᠶᠢᠨ ᠦᠪᠡᠳᠡᠭᠰᠢ ᠶᠤᠰᠤᠯᠠᠯ ᠢ ᠰᠤᠨᠢᠷᠬᠠᠨ ᠦᠵᠡᠵᠦ ᠲᠡᠶᠢᠯᠬᠦ ᠶᠢ ᠪᠡᠶᠡᠯᠡᠬᠦᠯᠦᠭᠰᠡᠨ ᠪᠠᠶᠢᠨ᠎ᠠ᠃
   ᠲᠤᠰ ᠺᠢᠨᠣ᠋ ᠶᠢ ᠲᠦᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶᠠᠨ ᠤ ᠲᠦᠪ ᠤᠨ ᠸᠢᠳᠢᠣ᠋ ᠵᠠᠭᠤᠴᠢᠯᠠᠭᠤᠷ ᠤᠨ ᠲᠠᠪᠴᠠᠩ ᠠᠴᠠ ᠨᠠᠶᠢᠷᠠᠭᠤᠯᠵᠤ᠂ ᠲᠦᠪ ᠤᠨ ᠸᠢᠳᠢᠣ᠋ ᠵᠠᠭᠤᠴᠢᠯᠠᠭᠤᠷ ᠤᠨ ᠲᠠᠪᠴᠠᠩ ᠪᠤᠯᠤᠨ ᠶᠡᠷᠦᠩᠬᠡᠢ ᠬᠤᠷᠢᠶᠠᠨ ᠤ ᠦᠨᠳᠦᠰᠦᠲᠡᠨ ᠤ ᠬᠡᠯᠡᠨ ᠤ ᠨᠡᠪᠲᠡᠷᠡᠭᠦᠯᠭᠡ ᠶᠢᠨ ᠲᠦᠪ ᠬᠠᠮᠲᠤ ᠪᠠᠷ ᠰᠢᠩᠭᠡᠭᠡᠨ ᠦᠢᠯᠡᠳᠴᠡᠢ᠃ 10 ᠰᠠᠷ᠎ᠠ ᠶᠢᠨ 10 ᠤ ᠡᠳᠦᠷ ᠤᠨ ᠨᠡᠭᠡᠭᠡᠯᠲᠡ ᠶᠢᠨ ᠶᠤᠰᠤᠯᠠᠯ ᠳᠡᠭᠡᠷ᠎ᠡ᠂ ᠲᠦᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶᠠᠨ ᠤ ᠨᠠᠶᠢᠷᠠᠭᠤᠯᠬᠤ ᠵᠦᠪᠯᠡᠯ ᠤᠨ ᠬᠡᠰᠢᠭᠦᠨ ᠯᠢᠦ ᠰᠢᠶᠤᠤ ᠯᠦᠩ ᠢᠯᠡᠷᠬᠡᠶᠢᠯᠡᠬᠦ ᠳᠡᠭᠡᠨ᠂ ᠶᠡᠷᠦᠩᠬᠡᠢ ᠬᠤᠷᠢᠶᠠᠨ ᠠᠴᠠ ᠮᠤᠩᠭᠤᠯ᠂ ᠲᠦᠪᠡᠳ᠂ ᠤᠶᠢᠭᠤᠷ᠂ ᠬᠠᠰᠠᠬ᠂ ᠰᠤᠯᠤᠩᠭᠤᠰ ᠲᠠᠪᠤᠨ ᠦᠨᠳᠦᠰᠦᠲᠡᠨ ᠤ ᠬᠡᠯᠡᠨ ᠤ ᠲᠠᠪᠠᠭᠤᠯᠢᠬ ᠢ ᠪᠠᠳᠠᠷᠠᠭᠤᠯᠵᠤ᠂ ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠬᠳᠠᠬᠰᠠᠨ 70 ᠵᠢᠯ ᠤᠨ ᠤᠢ ᠶᠢᠨ ᠦᠪᠡᠳᠡᠭᠰᠢ ᠶᠤᠰᠤᠯᠠᠯ ᠤᠨ ᠺᠢᠨᠣ᠋ ᠶᠢ ᠤᠷᠴᠢᠭᠤᠯᠤᠨ ᠦᠢᠯᠡᠳᠦᠭᠰᠡᠨ ᠨᠢ ᠴᠦᠬᠡᠨ ᠲᠤᠭᠠᠲᠤ ᠦᠨᠳᠦᠰᠦᠲᠡᠨ ᠤ ᠦᠵᠡᠭᠴᠢᠳ ᠢ ᠬᠠᠷᠠᠭᠠᠯᠵᠠᠨ ᠬᠠᠯᠠᠮᠵᠢᠯᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠠᠭᠤᠤ ᠶᠡᠭᠡ ᠡᠬᠡ ᠤᠯᠤᠰ ᠤᠨ ᠴᠡᠴᠡᠭᠯᠡᠨ ᠬᠦᠭᠵᠢᠵᠦ ᠪᠠᠶᠠᠵᠢᠨ ᠬᠦᠴᠦᠷᠭᠡᠭᠵᠢᠵᠦ ᠪᠠᠶᠢᠭ᠎ᠠ ᠪᠠᠶᠢᠳᠠᠯ ᠢ ᠬᠦᠨᠵᠡᠭᠡᠢ ᠤᠶᠢᠯᠠᠭᠠᠭᠤᠯᠤᠨ᠂ ᠲᠤᠮᠳᠠᠳᠤᠴᠤᠳ ᠤᠨ ᠵᠤᠯ ᠵᠢᠷᠭᠠᠯᠲᠤ ᠰᠡᠳᠬᠢᠯᠭᠡ ᠪᠠ ᠤᠮᠤᠬᠰᠢᠯᠲᠤ ᠰᠡᠳᠬᠢᠯᠭᠡ ᠶᠢ ᠨᠡᠮᠡᠭᠳᠡᠬᠦᠯᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠤᠷᠬᠢᠯᠤᠮ᠎ᠠ ᠬᠠᠯᠠᠭᠤᠨ ᠡᠬᠡ ᠤᠷᠤᠨᠴᠢ ᠰᠡᠳᠬᠢᠯᠭᠡ ᠶᠢ ᠬᠦᠭᠵᠢᠭᠡᠭᠰᠡᠨ ᠪᠠᠶᠢᠨ᠎ᠠ᠃ ᠡᠨᠡ ᠪᠤᠯ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢ ᠰᠠᠶᠢᠰᠢᠶᠠᠨ ᠬᠦᠬᠢᠭᠦᠯᠬᠦ ᠶᠡᠭᠡ ᠬᠤᠷᠠᠯ ᠲᠡᠭᠡᠷᠡᠬᠢ ᠴᠢᠬᠤᠯᠠ ᠶᠡᠷᠢᠶᠡᠨ ᠤ ᠵᠤᠷᠢᠬ ᠰᠠᠨᠠᠭ᠎ᠠ ᠶᠢ ᠲᠤᠭᠤᠰᠢᠯᠠᠭᠤᠯᠤᠨ ᠨᠡᠶᠢᠳᠠᠪᠤᠷᠢᠵᠢᠭᠤᠯᠵᠤ ᠪᠠᠶᠢᠭ᠎ᠠ ᠶᠢᠨ ᠨᠢᠭᠡ ᠢᠯᠡᠷᠡᠯ ᠪᠤᠯᠤᠨ᠎ᠠ᠂ ᠮᠦᠨ ᠴᠤ ᠲᠦᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶᠠᠨ ᠤ ᠦᠨᠳᠦᠰᠦᠲᠡᠨ ᠤ ᠬᠡᠯᠡᠨ ᠤ ᠤᠬᠠᠭᠤᠯᠤᠨ ᠲᠠᠮᠵᠢᠭᠤᠯᠬᠤ ᠬᠦᠷᠢᠶ᠎ᠡ ᠶᠢ ᠴᠢᠨᠠᠬᠰᠢᠳᠠ ᠦᠷᠭᠡᠳᠭᠡᠬᠦ ᠰᠢᠨ᠎ᠡ ᠲᠤᠷᠰᠢᠯᠲᠠ ᠪᠤᠯᠤᠨ᠎ᠠ ᠬᠡᠵᠡᠢ᠃
   4K ᠮᠡᠷᠭᠡᠵᠢᠯ ᠢᠶᠠᠷ ᠰᠡᠭᠦᠳᠡᠷᠯᠡᠭᠰᠡᠨ ᠰᠢᠭᠤᠳ ᠨᠡᠪᠲᠡᠷᠡᠭᠦᠯᠭᠡ ᠶᠢᠨ ᠫᠷᠦᠭᠷᠠᠮ ᠢ ᠦᠨᠳᠦᠰᠦᠯᠡᠵᠦ ᠦᠢᠯᠡᠳᠦᠭᠰᠡᠨ ︽ᠡᠨᠡ ᠬᠦ ᠴᠠᠬ ᠮᠦᠴᠡ — ᠤᠯᠤᠰ ᠪᠠᠶᠢᠭᠤᠯᠤᠬᠳᠠᠬᠰᠠᠨ 70 ᠵᠢᠯ ᠤᠨ ᠤᠢ ᠶᠢᠨ ᠦᠪᠡᠳᠡᠭᠰᠢ ᠶᠤᠰᠤᠯᠠᠯ︾ ᠬᠡᠬᠦ ᠺᠢᠨᠣ᠋ ᠶᠢᠨ ᠴᠦᠬᠡᠨ ᠲᠤᠭᠠᠳᠤ ᠦᠨᠳᠦᠰᠦᠲᠡᠨ ᠤ ᠬᠡᠯᠡᠨ ᠤ ᠬᠡᠪᠯᠡᠯ ᠨᠢ ᠵᠢᠷᠤᠬ ᠦᠵᠡᠭᠳᠡᠯ᠂ ᠲᠠᠭᠤ ᠴᠢᠮᠡᠭᠡ᠂ ᠠᠬᠤᠢ ᠰᠠᠨᠠᠭ᠎ᠠ᠂ ᠲᠤᠬᠠᠢ ᠶᠢᠨ ᠲᠠᠯᠠᠪᠤᠷ ᠤᠨ ᠰᠤᠷᠪᠤᠯᠵᠢᠯᠠᠭ᠎ᠠ ᠵᠡᠷᠭᠡ ᠶᠢ ᠤᠷᠠᠯᠢᠬ ᠢᠶᠠᠷ ᠨᠠᠶᠢᠷᠠᠭᠤᠯᠤᠬᠰᠠᠨ ᠪᠠᠶᠢᠯ᠎ᠠ᠃ ᠲᠦᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶᠠᠨ ᠤ ᠦᠨᠳᠦᠰᠦᠲᠡᠨ ᠤ ᠬᠡᠯᠡᠨ ᠤ ᠨᠡᠪᠳᠡᠷᠡᠭᠦᠯᠭᠡ ᠶᠢᠨ ᠲᠦᠪ ᠤᠨ ᠬᠦᠲᠦᠯᠦᠭᠴᠢ ᠨᠠᠷ ᠶᠡᠷᠦᠩᠬᠡᠢ ᠬᠤᠷᠢᠶᠠᠨ ᠤ ᠰᠡᠭᠦᠳᠡᠷᠯᠡᠭᠰᠡᠨ ᠤᠯᠤᠰ ᠤᠨ ᠪᠠᠶᠠᠷ ᠤᠨ ᠦᠪᠡᠳᠡᠭᠰᠢ ᠶᠤᠰᠤᠯᠠᠯ ᠤᠨ ᠭᠠᠶᠢᠬᠠᠮᠰᠢᠬᠲᠤ ᠵᠢᠷᠤᠬ ᠦᠵᠡᠭᠳᠡᠯ ᠳᠤ ᠴᠦᠬᠡᠨ ᠲᠤᠭᠠᠲᠤ ᠦᠨᠳᠦᠰᠦᠲᠡᠨ ᠤ ᠬᠡᠯᠡ ᠪᠠᠷ ᠲᠠᠶᠢᠯᠪᠤᠷᠢ ᠬᠢᠵᠦ᠂ ᠴᠦᠬᠡᠨ ᠲᠤᠭᠠᠲᠤ ᠦᠨᠳᠦᠰᠦᠲᠡᠨ ᠤ ᠤᠯᠠᠨ ᠲᠦᠮᠡᠨ ᠤ ᠦᠵᠡᠵᠦ ᠤᠶᠢᠯᠠᠭᠠᠬᠤ ᠳᠤ ᠲᠦᠭᠦᠮ ᠦᠵᠡᠭᠦᠯᠦᠯ᠎ᠠ᠃ ᠴᠦᠬᠡᠨ ᠲᠤᠭᠠᠲᠤ ᠦᠨᠳᠦᠰᠦᠲᠡᠨ ᠤ ᠤᠯᠠᠨ ᠲᠦᠮᠡᠨ ᠡᠨᠡ ᠬᠦ ᠺᠢᠨᠣ᠋ ᠶᠢ ᠦᠵᠡᠬᠦ ᠪᠠᠷ ᠲᠠᠮᠵᠢᠨ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠬᠳᠠᠬᠰᠠᠨ 70 ᠵᠢᠯ ᠤᠨ ᠲᠤᠷᠰᠢᠬᠢ ᠶᠡᠷᠦ ᠪᠤᠰᠤ ᠶᠢᠨ ᠠᠮᠵᠢᠯᠲᠠ ᠪᠦᠲᠦᠮᠵᠢ ᠶᠢ ᠤᠶᠢᠯᠠᠭᠠᠨ ᠮᠡᠳᠡᠵᠦ᠂ ᠲᠤᠮᠳᠠᠳᠤ ᠶᠢᠨ ᠦᠬᠢᠳ ᠬᠦᠪᠡᠭᠦᠳ ᠪᠤᠯᠤᠬᠰᠠᠨ ᠤ ᠤᠮᠤᠬᠰᠢᠯ᠂ ᠪᠠᠶᠠᠷ ᠪᠠᠭ᠋ᠠᠳᠤᠯ ᠢ ᠮᠡᠳᠡᠷᠡᠬᠦ ᠪᠤᠯᠤᠨ᠎ᠠ᠃



  
     
     