

ᠰᠢ ᠶᠢᠨ ᠫᠢᠩ ᠨᠧᠫᠠᠯ ᠤᠨ ᠶᠡᠷᠦᠩᠭᠡᠶᠢᠯᠡᠭᠴᠢ ᠪᠠᠨᠳᠠᠷᠢ ᠲᠠᠢ ᠠᠭᠤᠯᠵᠠᠪᠠ

2019-10-13 20:27
  33
  0


  10 ᠰᠠᠷ᠎ᠠ ᠶᠢᠨ 12 ᠤᠨ ᠡᠳᠦᠷ᠂ ᠤᠯᠤᠰ ᠤᠨ ᠲᠡᠷᠢᠬᠦᠯᠡᠭᠴᠢ ᠰᠢ ᠶᠢᠨ ᠫᠢᠩ ᠺᠠᠳ᠋ᠮᠠᠨᠳᠦ᠋ ᠶᠢᠨ ᠶᠡᠷᠦᠩᠭᠡᠶᠢᠯᠡᠭᠴᠢ ᠶᠢᠨ ᠤᠷᠳᠤᠨ ᠳᠤ ᠨᠧᠫᠠᠯ ᠤᠨ ᠶᠡᠷᠦᠩᠭᠡᠶᠢᠯᠡᠭᠴᠢ ᠪᠠᠨᠳᠠᠷᠢ ᠲᠠᠢ ᠠᠭᠤᠯᠵᠠᠪᠠ᠃
         ᠰᠢᠨᠬᠤᠸᠠ ᠬᠤᠷᠢᠶᠠᠨ ᠤ ᠰᠤᠷᠪᠤᠯᠵᠢᠯᠠᠬᠴᠢ ᠰᠢᠶᠧ ᠬᠤᠸᠠᠢ ‍ᠤᠤᠢ ᠰᠡᠭᠦᠳᠡᠷᠯᠡᠪᠡ

   ᠰᠢᠨᠬᠤᠸᠠ ᠬᠤᠷᠢᠶᠠᠨ ᠤ ᠺᠠᠳ᠋ᠮᠠᠨᠳᠦ᠋ ᠶᠢᠨ 10 ᠰᠠᠷ᠎ᠠ ᠶᠢᠨ 12 ᠤᠨ ᠴᠠᠬᠢᠯᠭᠠᠨ ᠮᠡᠳᠡᠭᠡ ︵ᠰᠤᠷᠪᠤᠯᠵᠢᠯᠠᠬᠴᠢ ᠾᠦᠸᠧ ᠰᠢᠶᠤᠤ ᠭᠤᠸᠠᠩ ᠮᠧᠩ ᠨᠠ ᠰᠦᠨ ᠬᠤᠤ︶ ᠤᠯᠤᠰ ᠤᠨ ᠲᠡᠷᠢᠬᠦᠯᠡᠭᠴᠢ ᠰᠢ ᠶᠢᠨ ᠫᠢᠩ 12 ᠤᠨ ᠡᠳᠦᠷ ᠺᠠᠳ᠋ᠮᠠᠨᠳᠦ᠋ ᠶᠢᠨ ᠶᠡᠷᠦᠩᠭᠡᠶᠢᠯᠡᠭᠴᠢ ᠶᠢᠨ ᠤᠷᠳᠤᠨ ᠳᠤ ᠨᠧᠫᠠᠯ ᠤᠨ ᠶᠡᠷᠦᠩᠭᠡᠶᠢᠯᠡᠭᠴᠢ ᠪᠠᠨᠳᠠᠷᠢ ᠲᠠᠢ ᠠᠭᠤᠯᠵᠠᠪᠠ᠃ ᠬᠤᠶᠠᠷ ᠤᠯᠤᠰ ᠤᠨ ᠲᠡᠷᠢᠬᠦᠨ᠂ ᠬᠤᠶᠠᠷ ᠲᠠᠯ᠎ᠠ ᠪᠠᠷ ᠢᠶᠠᠨ ᠬᠠᠳᠠᠭᠤ ᠪᠡᠷᠭᠡᠰᠢᠶᠡᠯ ᠢ ᠬᠠᠮᠳᠤ ᠪᠠᠷ ᠲᠤᠭᠤᠯᠬᠤ᠂ ᠬᠠᠮᠳᠤᠷᠠᠯᠴᠠᠵᠦ ᠬᠠᠮᠳᠤ ᠪᠠᠷ ᠠᠰᠢᠬ ᠬᠦᠷᠳᠡᠬᠦ ᠵᠤᠷᠢᠭ ᠰᠠᠨᠠᠭ᠎ᠠ ᠪᠠᠷ᠂ ᠬᠦᠭᠵᠢᠯᠳᠠ ᠪᠠ ᠴᠡᠴᠡᠭᠯᠡᠯ ᠳᠤ ᠬᠠᠨᠳᠤᠭᠤᠯᠤᠭᠰᠠᠨ ᠦᠶ᠎ᠠ ᠶᠢᠨ ᠦᠶ᠎ᠠ ᠳᠡᠭᠡᠨ ᠨᠦᠬᠦᠷᠰᠡᠭ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠬᠠᠨᠢᠳᠠᠨ ᠤ ᠬᠠᠷᠢᠯᠴᠠᠭ᠎ᠠ ᠶᠢ ᠪᠠᠶᠢᠭᠤᠯᠤᠨ᠎ᠠ ᠭᠡᠵᠦ ᠬᠠᠮᠳᠤ ᠪᠠᠷ ᠨᠡᠶᠢᠳᠡᠯᠡᠵᠠᠢ᠃
   ᠰᠢ ᠶᠢᠨ ᠫᠢᠩ᠂ ᠡᠨᠡ ᠵᠢᠯ ᠤᠨ 4 ᠰᠠᠷ᠎ᠠ ᠳᠤ ᠪᠡᠭᠡᠵᠢᠩ ᠳᠤ ᠪᠠᠶᠢᠬᠤ ᠳᠠᠭᠠᠨ᠂ ᠲᠠ ᠨᠠᠮᠠᠢᠢ ᠡᠨᠡ ᠵᠢᠯ ᠤᠨ ᠳᠤᠳᠤᠷ᠎ᠠ ᠨᠧᠫᠠᠯ ᠳᠤ ᠠᠶᠢᠯᠴᠢᠯᠠᠯᠳᠠ ᠬᠢᠬᠦ ᠶᠢ ᠬᠠᠯᠠᠭᠤᠨ ᠢᠶᠠᠷ ᠤᠷᠢᠪᠠ᠃ ᠡᠨᠡ ᠡᠳᠦᠷ ᠪᠢ ᠪᠤᠯᠵᠤᠭ᠎ᠠ ᠶᠤᠰᠤᠭᠠᠷ ᠢᠷᠡᠯ᠎ᠠ᠃ ᠶᠡᠷᠦᠩᠭᠡᠶᠢᠯᠡᠭᠴᠢ ᠠᠪᠠᠭᠠᠢ ᠶᠢᠨ ᠭᠡᠯᠡᠭᠰᠡᠨ ᠮᠡᠳᠦ ᠪᠠᠷ᠂ ᠳᠤᠮᠳᠠᠳᠤ ᠨᠧᠫᠠᠯ ᠤᠨ ᠬᠤᠭᠤᠷᠤᠨᠳᠦ ᠵᠦᠪᠬᠡᠨ ᠨᠦᠬᠦᠷᠯᠡᠯ ᠪᠠ ᠬᠠᠮᠳᠤᠷᠠᠯᠴᠠᠭ᠎ᠠ ᠯᠡ ᠪᠠᠶᠢᠳᠠᠭ᠃ ᠨᠢᠰᠭᠡᠯ ᠤᠨ ᠪᠠᠭᠤᠳᠠᠯ ᠪᠠ ᠵᠠᠮ ᠳᠠᠭᠠᠤ ᠶᠢᠨ ᠪᠠᠶᠠᠷᠯᠠᠨ ᠤᠬᠳᠤᠬᠤ ᠬᠦᠮᠦᠰ ᠤᠨ ᠴᠢᠷᠠᠢ ᠳᠡᠭᠡᠷ᠎ᠠ ᠠᠴᠠ ᠪᠢ ᠨᠧᠫᠠᠯ ᠤᠨ ᠠᠷᠠᠳ ᠲᠦᠮᠡᠨ ᠤ ᠴᠢᠩ ᠦᠨᠡᠨᠴᠢ ᠢᠨᠢᠶᠡᠮᠰᠦᠭᠯᠡᠯ ᠢ ᠤᠯᠵᠦ ᠬᠠᠷᠠᠨ᠂ ᠳᠡᠳᠡᠨ ᠤ ᠳᠤᠮᠳᠠᠳᠤ ᠤᠯᠤᠰ ᠤᠨ ᠠᠷᠠᠳ ᠲᠦᠮᠡᠨ ᠳᠤ ᠰᠡᠳᠬᠢᠯ ᠤᠨ ᠤᠭ ᠠᠴᠠ ᠪᠠᠨ ᠨᠦᠬᠦᠷᠰᠡᠭ ᠪᠠᠶᠢᠳᠠᠭ ᠢ ᠤᠯᠵᠤ ᠮᠡᠳᠡᠷᠡᠵᠦ᠂ ᠳᠤᠮᠳᠠᠳᠤ ᠨᠧᠫᠠᠯ ᠤᠨ ᠨᠦᠬᠦᠷᠯᠡᠯ ᠨᠢ ᠨᠧᠫᠠᠯ ᠳᠤ ᠦᠷᠭᠡᠨ ᠳᠡᠯᠭᠡᠷ ᠬᠠᠮᠳᠦ ᠶᠢᠨ ᠲᠠᠨᠢᠯᠳᠠ ᠪᠠ ᠪᠠᠳᠤ ᠪᠠᠬᠢ ᠦᠨᠳᠦᠰᠦ ᠰᠠᠭᠤᠷᠢ ᠲᠠᠢ ᠪᠠᠶᠢᠬᠤ ᠶᠢ ᠨᠠᠳᠠ ᠳᠤ ᠲᠠᠬᠢᠨᠳᠠ ᠮᠡᠳᠡᠷᠡᠬᠦᠯᠦᠯ᠎ᠠ᠃ ᠳᠤᠮᠳᠠᠳᠤ ᠨᠧᠫᠠᠯ ᠬᠤᠶᠠᠷ ᠤᠯᠤᠰ ᠤᠨ ᠠᠷᠠᠳ ᠲᠦᠮᠡᠨ ᠰᠡᠳᠬᠢᠯ ᠰᠡᠳᠬᠢᠯ ᠢᠶᠠᠨ ᠮᠡᠳᠡᠯᠴᠡᠵᠦ᠂ ᠵᠢᠷᠭᠠᠯ ᠵᠤᠪᠠᠯᠠᠩ ᠢᠶᠠᠨ ᠬᠠᠮᠳᠤᠳᠬᠠᠵᠤ᠂ ᠬᠦᠷᠰᠢ ᠤᠯᠤᠰ ᠤᠨ ᠨᠦᠬᠦᠷᠰᠡᠭ ᠶᠠᠪᠤᠯᠴᠠᠭᠠᠨ ᠤ ᠬᠡᠪ ᠳᠠᠭᠤᠷᠢᠶᠠᠯ ᠪᠤᠯᠵᠠᠢ᠃ ᠪᠢ ᠲᠤᠰ ᠤᠳᠠᠭ᠎ᠠ ᠶᠢᠨ ᠠᠶᠢᠯᠴᠢᠯᠠᠯᠳᠠ ᠪᠠᠷ ᠳᠠᠮᠵᠢᠨ᠂ ᠳᠤᠮᠳᠠᠳᠤ ᠨᠧᠫᠠᠯ ᠤᠨ ᠤᠯᠠᠮᠵᠢᠯᠠᠯᠳᠤ ᠨᠦᠬᠦᠷᠯᠡᠯ ᠢ ᠤᠯᠠᠮᠵᠢᠯᠠᠨ ᠵᠠᠯᠭᠠᠮᠵᠢᠯᠠᠵᠤ᠂ ᠬᠤᠶᠠᠷ ᠤᠯᠤᠰ ᠤᠨ ᠠᠷᠠᠳ ᠲᠦᠮᠡᠨ ᠤ ᠬᠦᠰᠡᠯ ᠡᠷᠡᠮᠡᠯᠵᠡᠯ ᠢ ᠳᠠᠭᠠᠵᠤ᠂ ᠬᠤᠶᠠᠷ ᠤᠯᠤᠰ ᠤᠨ ᠬᠠᠷᠢᠯᠴᠠᠭ᠎ᠠ ᠶᠢ ᠰᠢᠨ᠎ᠠ ᠳᠡᠭᠳᠡᠷ ᠲᠤ ᠠᠬᠢᠭᠤᠯᠤᠨ ᠭᠠᠷᠭᠠᠬᠤ ᠶᠢ ᠬᠦᠰᠡᠵᠤ ᠪᠠᠶᠢᠨ᠎ᠠ ᠭᠡᠵᠦ ᠵᠢᠭᠠᠵᠦ ᠭᠠᠷᠭᠠᠪᠠ᠃
   ᠰᠢ ᠶᠢᠨ ᠫᠢᠩ᠂ ᠬᠤᠶᠠᠷ ᠲᠠᠯ᠎ᠠ ᠪᠠᠷ ᠢᠶᠠᠨ ᠳᠤᠮᠳᠠᠳᠤ ᠨᠧᠫᠠᠯ ᠤᠨ ᠬᠠᠷᠢᠯᠴᠠᠭᠠᠨ ᠤ ᠤᠯᠤᠰ ᠲᠦᠷᠦ ᠶᠢᠨ ᠰᠠᠭᠤᠷᠢ ᠪᠠᠨ ᠪᠠᠬᠢᠵᠢᠭᠦᠯᠵᠤ᠂ ᠬᠤᠪᠢ ᠵᠠᠶᠠᠭᠠᠨ ᠤ ᠬᠠᠮᠳᠤ ᠶᠢᠨ ᠴᠤᠭᠴᠠ ᠶᠢ ᠪᠠᠶᠢᠭᠤᠯᠬᠤ ᠪᠠᠷ ᠳᠤᠮᠳᠠᠳᠤ ᠨᠧᠫᠠᠯ ᠤᠨ ᠬᠠᠷᠢᠯᠴᠠᠭᠠᠨ ᠤ ᠬᠦᠭᠵᠢᠯᠳᠡ ᠶᠢᠨ ᠠᠯᠤᠰ ᠬᠡᠳᠦ ᠶᠢᠨ ᠬᠠᠷᠠᠯᠳᠠ ᠪᠤᠯᠭᠠᠶ᠎ᠠ᠃ ᠨᠧᠫᠠᠯ ᠤᠨ ᠲᠠᠯ᠎ᠠ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠤᠳᠤᠯᠭ᠎ᠠ ᠶᠢ ᠪᠠᠷᠢᠮᠳᠠᠯᠠᠵᠤ᠂ ᠤᠷᠳᠤ ᠬᠤᠭᠤᠴᠠᠭᠠᠨ ᠤ ᠲᠤᠷᠰᠢ ᠳᠤᠮᠳᠠᠳᠤ ᠶᠢᠨ ᠲᠠᠯ᠎ᠠ ᠳᠤ ᠡᠷᠡᠰ ᠪᠠᠳᠤ ᠳᠡᠮᠵᠢᠯᠭᠡ ᠦᠵᠡᠭᠦᠯᠦᠭᠰᠡᠭᠡᠷ ᠢᠷᠡᠭᠰᠡᠨ ᠳᠤ ᠪᠠᠶᠠᠷᠯᠠᠨ ᠲᠠᠯᠠᠷᠬᠠᠵᠤ ᠪᠠᠶᠢᠨ᠎ᠠ᠃ ᠳᠤᠮᠳᠠᠳᠤ ᠶᠢᠨ ᠲᠠᠯ᠎ᠠ ᠦᠩᠭᠡᠷᠡᠭᠰᠡᠨ ᠲᠠᠢ ᠪᠠᠨ ᠠᠳᠠᠯᠢ ᠪᠠᠷ ᠨᠧᠫᠠᠯ ᠤᠨ ᠬᠢᠨ ᠤ ᠤᠯᠤᠰ ᠤᠨ ᠢᠶᠠᠨ ᠲᠤᠰᠠᠭᠠᠷ ᠲᠤᠭᠳᠠᠨᠢᠯ᠂ ᠡᠷᠬᠡ ᠮᠡᠳᠡᠯ᠂ ᠨᠤᠲᠤᠭ ᠳᠡᠪᠢᠰᠭᠡᠷ ᠤᠨ ᠪᠦᠷᠢᠨ ᠪᠦᠲᠦᠨ ᠢᠶᠠᠨ ᠬᠠᠮᠠᠭᠠᠯᠠᠬᠤ ᠳᠤ ᠳᠡᠮᠵᠢᠯᠭᠡ ᠦᠭᠴᠤ᠂ ᠨᠧᠫᠠᠯ ᠤᠨ ᠠᠵᠤ ᠠᠬᠤᠢ ᠨᠡᠶᠢᠭᠡᠮ ᠤᠨ ᠬᠦᠭᠵᠢᠯᠳᠡ ᠳᠤ ᠴᠢᠳᠠᠯ ᠤᠨ ᠢᠶᠠᠨ ᠬᠢᠷᠢ ᠪᠠᠷ ᠳᠡᠮᠵᠢᠯᠭᠡ ᠪᠠ ᠬᠠᠪᠰᠤᠷᠤᠯᠭ᠎ᠠ ᠦᠵᠡᠭᠦᠯᠦᠨ᠎ᠠ᠃ ᠬᠤᠶᠠᠷ ᠲᠠᠯ᠎ᠠ ᠪᠠᠷ ᠢᠶᠠᠨ ᠪᠦᠬᠦ ᠲᠠᠯ᠎ᠠ ᠶᠢᠨ ᠬᠠᠮᠳᠤᠷᠠᠯᠴᠠᠭᠠᠨ ᠤ ᠪᠠᠶᠢᠷᠢᠰᠢᠯ ᠢ ᠪᠠᠶᠢᠭᠤᠯᠵᠤ᠂ ᠾᠢᠮᠠᠯᠠᠶ᠎ᠠ ᠶᠢ ᠳᠠᠪᠠᠭᠰᠠᠨ ᠪᠤᠰᠤᠭ᠎ᠠ ᠴᠤᠭᠴᠠᠳᠤ ᠬᠤᠯᠪᠤᠯᠳᠤᠨ ᠨᠡᠪᠳᠡᠷᠡᠯᠴᠡᠬᠦ ᠲᠤᠤᠷ ᠤᠨ ᠪᠦᠲᠦᠭᠡᠨ ᠪᠠᠶᠢᠭᠤᠯᠤᠯᠳᠠ ᠶᠢ ᠦᠷᠨᠢᠭᠦᠯᠵᠤ᠂ ᠡᠯ᠎ᠠ ᠬᠦᠷᠢᠶᠡᠨ ᠤ ᠰᠤᠯᠢᠯᠴᠠᠭ᠎ᠠ ᠬᠠᠮᠳᠤᠷᠠᠯᠴᠠᠭ᠎ᠠ ᠪᠠᠨ ᠦᠷᠭᠡᠳᠭᠡᠶ᠎ᠠ ᠭᠡᠵᠤ ᠴᠢᠬᠤᠯᠠᠴᠢᠯᠠᠵᠠᠢ᠃
   ᠰᠢ ᠶᠢᠨ ᠫᠢᠩ᠂ ᠪᠢᠲᠠ ᠲᠦᠷᠦᠭᠦᠬᠡᠨ ᠰᠢᠨ᠎ᠠ ᠲᠤᠮᠲᠠᠲᠤ ᠤᠯᠤᠰ ᠪᠠᠶᠢᠭᠤᠯᠤᠭᠲᠠᠭᠰᠠᠠ 70 ᠵᠢᠯ ᠤᠨ ᠤᠢ ᠪᠠᠨ ᠦᠪᠡᠳᠡᠭᠰᠢ ᠶᠡᠭᠡ ᠪᠠᠷ ᠪᠡᠯᠭᠡᠯᠠᠵᠠᠢ᠃ ᠡᠨᠡ 70 ᠵᠢᠯ ᠪᠤᠯ ᠲᠤᠮᠲᠠᠲᠤ ᠤᠯᠤᠰ ᠤᠨ ᠡᠪ ᠬᠠᠮᠲᠤ ᠨᠠᠮ ᠲᠤᠮᠲᠠᠲᠤ ᠤᠯᠤᠰ ᠤᠨ ᠠᠷᠠᠳ ᠲᠦᠮᠡᠡ ᠢ ᠤᠳᠤᠷᠢᠳᠴᠤ ᠲᠤᠮᠲᠠᠲᠤ ᠶᠢᠨ ᠦᠨᠲᠦᠰᠦᠲᠡᠡ ᠤ ᠠᠭᠤᠤ ᠶᠡᠭᠡ ᠰᠡᠷᠭᠦᠨ ᠮᠠᠠᠲᠤᠯᠲᠠ ᠶᠢ ᠪᠡᠶᠡᠯᠡᠭᠦᠯᠬᠦ ᠠᠶᠠᠠ ᠲᠤᠮᠲᠠ ᠶᠠᠪᠤᠵᠦ ᠢᠷᠡᠭᠰᠡᠡ 70 ᠵᠢᠯ ᠮᠦᠨ᠃ ᠡᠨᠡ ᠪᠤᠯ ᠶᠡᠷᠦ ᠪᠤᠰᠤ ᠶᠢᠨ ᠵᠠᠮ ᠮᠦᠨ᠂ ᠰᠤᠷᠭᠤᠭ ᠴᠡᠴᠡᠭ ᠠᠯᠠᠭ᠎ᠠ ᠲᠠᠰᠢᠯᠲᠠ ᠪᠠᠶᠢᠬᠤ ᠪᠠᠷ ᠪᠠᠷᠠᠬᠤ ᠦᠭᠡᠢ ᠪᠠᠰᠠ ᠬᠠᠷᠰᠢ ᠰᠠᠭᠠᠳ ᠪᠠ ᠦᠷᠢᠰᠦᠯᠲᠦᠭᠡᠡ ᠪᠠᠶᠢᠨ᠎ᠠ᠃ ᠪᠢᠲᠠ ᠦᠷᠬᠦᠯᠵᠢᠯᠡᠡ ᠦᠭᠡᠷᠡᠴᠢᠯᠡᠯᠲᠡ ᠪᠠᠨ ᠬᠦᠨᠵᠡᠭᠡᠶᠢᠷᠡᠭᠦᠯᠵᠦ᠂ ᠨᠡᠭᠡᠭᠡᠯᠲᠡ ᠪᠠᠨ ᠦᠷᠭᠡᠳᠭᠡᠨ᠂ ᠴᠢᠨᠠᠷ ᠰᠠᠶᠢᠲᠠᠢ ᠬᠦᠭᠵᠢᠯᠲᠠ ᠶᠢ ᠠᠬᠢᠭᠤᠯᠤᠨ ᠪᠡᠶᠡᠯᠡᠬᠦᠯᠦᠨ᠎ᠠ᠃ ᠨᠢᠭᠡᠡ ᠲᠤᠭᠲᠠᠭᠤᠨ᠂ ᠨᠡᠭᠡᠭᠡᠯᠲᠡᠳᠤ᠂ ᠴᠡᠴᠡᠭᠯᠡᠡ ᠬᠦᠭᠵᠢᠭᠰᠡᠡ ᠲᠤᠮᠲᠠᠲᠤ ᠤᠯᠤᠰ ᠢᠮᠠᠭᠲᠠ ᠨᠧᠫᠠᠯ ᠪᠤᠯᠤᠠ ᠲᠡᠯᠡᠭᠡᠢ ᠳ᠋ᠠᠬᠢᠨ ᠤ ᠬᠦᠭᠵᠢᠯᠲᠠ ᠶᠢᠨ ᠠᠵᠠ ᠲᠤᠬᠢᠶᠠᠯ ᠪᠤᠯᠬᠤ ᠶᠤᠮ ᠭᠡᠵᠦ ᠴᠢᠬᠤᠯᠠᠴᠢᠯᠠᠪᠠ᠃
   ᠪᠠᠨᠳᠠᠷᠢ ᠲᠡᠷᠢᠭᠦᠯᠡᠭᠴᠢ ᠰᠢ ᠶᠢᠨ ᠫᠢᠩ ᠤᠨ ᠨᠧᠫᠠᠯ ᠳᠤ ᠠᠶᠢᠯᠴᠢᠯᠠᠯᠲᠠ ᠬᠢᠭᠰᠡᠡ ᠢ ᠬᠠᠯᠠᠭᠤᠨ ᠢᠶᠠᠷ ᠤᠭᠲᠤᠵᠦ᠂ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠪᠠᠶᠢᠭᠤᠯᠤᠭᠲᠠᠭᠰᠠᠠ 70 ᠵᠢᠯ ᠤᠨ ᠤᠢ ᠳᠤ ᠲᠠᠬᠢᠨᠲᠠ ᠪᠠᠶᠠᠷ ᠬᠦᠷᠭᠡᠵᠦ᠂ ᠨᠧᠫᠠᠯ ᠲᠤᠷᠠᠲᠠᠶ᠎ᠠ ᠲᠤᠮᠲᠠᠲᠤ ᠤᠯᠤᠰ ᠤᠨ ᠬᠦᠭᠵᠢᠯᠲᠠ ᠶᠢᠨ ᠠᠮᠵᠢᠯᠲᠠᠲᠠᠢ ᠲᠤᠷᠰᠢᠯᠭ᠎ᠠ ᠶᠢ ᠰᠤᠷᠤᠯᠴᠠᠵᠤ ᠲᠤᠯᠢ ᠪᠤᠯᠭᠠᠨ᠎ᠠ᠂ ᠲᠤᠮᠲᠠᠲᠤ ᠤᠯᠤᠰ ᠤᠨ ᠠᠷᠠᠳ ᠲᠦᠮᠡᠡ ᠲᠤᠮᠲᠠᠲᠤ ᠤᠯᠤᠰ ᠤᠨ ᠡᠪ ᠬᠠᠮᠲᠤ ᠨᠠᠮ ᠤᠨ ᠤᠲᠤᠷᠢᠲᠤᠯᠭ᠎ᠠ ᠲᠤᠤᠷ᠎ᠠ ᠲᠤᠮᠲᠠᠲᠤ ᠶᠢᠨ ᠦᠨᠲᠦᠰᠦᠲᠡᠡ ᠤ ᠠᠭᠤᠤ ᠶᠡᠭᠡ ᠰᠡᠷᠭᠦᠨ ᠮᠠᠠᠲᠤᠯᠲᠠ ᠶᠢᠨ ᠲᠤᠮᠲᠠᠲᠤ᠋ ᠶᠢᠨ ᠵᠡᠭᠦᠲᠦ ᠶᠢ ᠯᠠᠪᠳᠠᠢ ᠲᠡᠷᠭᠡᠯᠰᠢᠭᠦᠯᠵᠤ ᠳᠡᠶᠢᠯᠦᠨ᠎ᠠ ᠭᠡᠲᠡᠭ ᠢ ᠢᠲᠡᠭᠡᠵᠦ ᠪᠠᠶᠢᠨ᠎ᠠ᠂ ᠡᠨᠡ ᠨᠢ ᠨᠧᠫᠠᠯ ᠵᠢᠴᠢ ᠭᠠᠵᠠᠷ ᠤᠷᠤᠨ ᠤ ᠡᠩᠭᠡ ᠲᠠᠶᠢᠪᠤᠩ᠂ ᠬᠦᠭᠵᠢᠯᠲᠠ᠂ ᠴᠡᠴᠡᠭᠯᠡᠯᠲᠡ ᠳᠤ ᠪᠤᠶᠠᠠ ᠦᠢᠯᠡᠳᠬᠦ ᠨᠢ ᠳᠠᠮᠵᠢᠬ ᠦᠭᠡᠢ ᠶᠤᠮ ᠭᠡᠵᠦ ᠢᠯᠡᠳᠭᠡᠪᠡ᠃
   ᠪᠠᠨᠳᠠᠷᠢ᠂ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ 23 ᠵᠢᠯ ᠤᠨ ᠳᠠᠷᠠᠭ᠎ᠠ ᠨᠧᠫᠡᠯ ᠳᠤ ᠳᠠᠬᠢᠨᠲᠠ ᠠᠶᠢᠯᠴᠢᠯᠠᠭᠰᠠᠨ ᠨᠢ ᠴᠢᠬᠤᠯᠠ ᠲᠡᠦᠬᠡᠲᠦ ᠠᠴᠢ ᠬᠤᠯᠪᠤᠬᠳᠠᠯ ᠲᠠᠢ ᠶᠤᠮ᠃ ᠨᠧᠫᠠᠯ ᠳᠤᠮᠳᠠᠳᠤ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠪᠠᠶᠢᠭᠤᠯᠬᠤ ᠪᠠᠷ ᠨᠡᠶᠢᠲᠡᠯᠡᠭᠰᠡᠨ ᠨᠢ᠂ ᠬᠤᠶᠠᠷ ᠤᠯᠤᠰ ᠤᠨ ᠤᠯᠠᠮᠵᠢᠯᠠᠯᠲᠤ ᠨᠦᠬᠦᠷᠯᠡᠯ ᠢ ᠪᠠᠳᠤᠳᠬᠠᠵᠤ᠂ ᠬᠤᠶᠠᠷ ᠤᠯᠤᠰ ᠤᠨ ᠬᠠᠷᠢᠯᠴᠠᠭᠠᠨ ᠤ ᠠᠭᠤᠯᠤᠬᠳᠠᠬᠤᠨ ᠢ ᠪᠠᠶᠠᠯᠢᠬᠵᠢᠭᠤᠯᠵᠤ᠂ ᠨᠧᠫᠡᠯ ᠳᠤᠮᠳᠠᠳᠤ ᠶᠢᠨ ᠬᠠᠷᠢᠯᠴᠠᠭ᠎ᠠ ᠶᠢᠨ ᠰᠢᠨ᠎ᠠ ᠴᠠᠭ ᠦᠶ᠎ᠠ ᠳᠤ ᠤᠷᠤᠬᠤ ᠶᠢ ᠠᠬᠢᠭᠤᠯᠬᠤ ᠨᠢ ᠯᠠᠪᠲᠠᠢ᠃ ᠨᠧᠫᠠᠯ ᠤᠨ ᠲᠠᠯ᠎ᠠ ᠳᠤᠮᠳᠠᠳᠤ ᠶᠢᠨ ᠲᠠᠯ᠎ᠠ ᠶᠢᠨ ᠬᠢᠨ ᠤ ᠤᠯᠠᠨ ᠵᠢᠯ ᠤᠨ ᠲᠤᠷᠰᠢ ᠤᠯᠭᠤᠬᠰᠠᠨ ᠬᠦᠴᠦᠳᠠᠢ ᠳᠡᠮᠵᠢᠯᠭᠡ ᠪᠠ ᠬᠠᠪᠰᠤᠷᠤᠯᠭ᠎ᠠ ᠳᠤ ᠪᠠᠶᠠᠷᠯᠠᠨ ᠲᠠᠯᠠᠷᠬᠠᠵᠤ᠂ ᠳᠤᠮᠳᠠᠳᠤ ᠤᠯᠤᠰ ᠤᠨ ᠡᠷᠬᠡ ᠮᠡᠳᠡᠯ ᠪᠠ ᠨᠤᠲᠤᠭ ᠳᠡᠪᠢᠰᠭᠡᠷ ᠤᠨ ᠪᠦᠷᠢᠨ ᠪᠦᠲᠦᠨ ᠪᠠᠶᠢᠬᠤ ᠶᠢ ᠬᠦᠨᠳᠦᠳᠭᠡᠵᠦ᠂ ᠳᠤᠮᠳᠠᠳᠤ ᠤᠯᠤᠰ ᠢ ᠡᠰᠡᠷᠭᠦᠴᠡᠬᠦ ᠶᠠᠮᠠᠷᠪᠠ ᠬᠦᠴᠦᠨ ᠨᠧᠫᠡᠯ ᠤᠨ ᠨᠤᠲᠤᠭ ᠳᠡᠪᠢᠰᠭᠡᠷ ᠢ ᠠᠰᠢᠬᠯᠠᠨ ᠳᠤᠮᠳᠠᠳᠤ ᠤᠯᠤᠰ ᠢ ᠡᠰᠡᠷᠬᠦᠴᠡᠬᠦ ᠶᠠᠮᠠᠷᠪᠠ ᠠᠵᠢᠯᠯᠠᠭ᠎ᠠ ᠦᠷᠨᠢᠭᠦᠯᠬᠦ ᠶᠢ ᠤᠬᠳᠤ ᠵᠦᠪᠰᠢᠶᠡᠷᠡᠬᠦ ᠦᠭᠡᠢ᠃ ᠨᠧᠫᠡᠯ ᠤᠨ ᠲᠠᠯ᠎ᠠ ᠳᠤᠮᠳᠠᠳᠤ ᠤᠯᠤᠰ ᠤᠨ ᠲᠤᠳᠤᠨᠤ ᠦᠨᠡᠨᠴᠢ ᠠᠰᠢᠭᠳᠠᠢ ᠪᠠᠭᠲᠠᠭᠠᠮᠵᠢᠲᠠᠢ ᠡᠷᠬᠢᠨ ᠲᠤᠭᠤᠷᠢᠨ ᠤ ᠭᠠᠳᠠᠭᠠᠳᠤ ᠬᠠᠷᠢᠯᠴᠠᠭᠠᠨ ᠤ ᠲᠦᠷᠦ ᠶᠢᠨ ᠪᠤᠳᠤᠯᠭ᠎ᠠ ᠶᠢ ᠮᠠᠬᠲᠠᠨ ᠰᠠᠶᠢᠰᠢᠶᠠᠵᠤ᠂ ᠳᠤᠷᠠᠲᠠᠶ᠎ᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠢᠳᠡᠪᠬᠢᠲᠡᠢ ᠤᠷᠤᠯᠴᠠᠵᠤ᠂ ᠾᠢᠮᠠᠯᠠᠶ᠎ᠠ ᠶᠢ ᠳᠠᠪᠠᠭᠰᠠᠨ ᠪᠤᠰᠤᠭ᠎ᠠ ᠴᠤᠬᠴᠠᠲᠤ ᠬᠤᠯᠪᠤᠯᠳᠤᠨ ᠨᠡᠪᠲᠡᠷᠡᠯᠴᠡᠬᠦ ᠲᠤᠤᠷ ᠢ ᠪᠠᠶᠢᠭᠤᠯᠤᠨ᠂ ᠨᠧᠫᠡᠯ ᠤᠨ ︽ᠬᠦᠭᠵᠢᠨ ᠴᠡᠴᠡᠭᠯᠡᠭᠰᠡᠨ ᠨᠧᠫᠡᠯ᠂ ᠵᠤᠯ ᠵᠢᠷᠭᠠᠯ ᠲᠠᠢ ᠨᠧᠫᠡᠯᠴᠦᠳ︾ ᠤᠨ ᠬᠦᠰᠡᠯ ᠡᠷᠡᠮᠡᠯᠵᠡᠯ ᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠠ ᠭᠡᠵᠦ ᠢᠯᠡᠳᠭᠡᠪᠡ᠃
   ᠰᠢ ᠶᠢᠨ ᠫᠢᠩ ᠪᠠᠰᠠ 12 ᠤᠨ ᠡᠳᠦᠷ ᠨᠧᠫᠡᠯ ᠳᠤ ᠡᠭᠦᠰᠦᠭᠰᠡᠨ ᠨᠡᠶᠢᠲᠡ ᠶᠢᠨ ᠮᠠᠰᠢᠨ ᠲᠡᠷᠭᠡ ᠬᠠᠳᠠ ᠠᠴᠠ ᠤᠨᠠᠬᠰᠠᠨ ᠠᠳᠡᠯ ᠳᠤ ᠬᠦᠨᠳᠦ ᠨᠤᠴᠢᠲᠠᠢ ᠦᠬᠦᠯ ᠰᠢᠷᠬᠠᠳᠤᠯ ᠡᠭᠦᠰᠦᠭᠰᠡᠨ ᠲᠤᠬᠠᠢ ᠪᠠᠨᠳᠠᠷᠢ ᠶᠢ ᠴᠢᠩ ᠰᠡᠳᠭᠢᠯ ᠠᠴᠠ ᠪᠠᠨ ᠲᠤᠬᠤᠨᠢᠭᠤᠯᠵᠤ ᠪᠠᠶᠢᠭ᠎ᠠ ᠪᠠᠨ ᠢᠯᠡᠳᠭᠡᠪᠡ᠃ ᠪᠠᠨᠳᠠᠷᠢ ᠲᠠᠯᠠᠷᠬᠠᠵᠤ ᠪᠠᠶᠢᠬᠤ ᠪᠠᠨ ᠢᠯᠡᠳᠭᠡᠵᠠᠢ᠃
   ᠳ᠋ᠢᠩ ᠰᠢᠤᠸᠠᠢ ᠰᠢᠶᠠᠩ᠂ ᠶᠠᠩ ᠵᠢᠶᠧ ᡂᠢ᠂ ᠸᠠᠩ ᠢ᠂ ᠾᠧ ᠯᠢ ᠹᠧᠩ ᠨᠠᠷ ᠠᠭᠤᠯᠵᠠᠯᠳᠠ ᠳᠤ ᠤᠷᠤᠯᠴᠠᠪᠠ᠃
 



  
     
     