 

ᠠᠭᠤᠤ ᠶᠡᠭᠡ ᠰᠡᠷᠬᠦᠨ ᠮᠠᠨᠳᠤᠯᠳᠠ ᠶᠢ ᠪᠡᠶᠡᠯᠡᠬᠦᠯᠬᠦ ᠰᠠᠷᠠᠭᠤᠯ ᠳᠠᠷᠳᠠᠩ ᠵᠠᠮ

2019-10-05 20:22
  337
  0
  — ᠶᠡᠷᠦᠩᠭᠡᠢ ᠱᠦᠵᠢ ᠰᠢ ᠶᠢᠨ ᠫᠢᠩ ᠤᠨ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ
    ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠶᠠᠷᠢᠶ᠎ᠠ ᠶᠢ ᠰᠤᠷᠤᠯᠴᠠᠨ ᠲᠤᠭᠤᠰᠢᠯᠠᠭᠤᠯᠬᠤ ᠲᠤᠬᠠᠢ ᠦᠬᠦᠯᠡᠬᠦ ᠨᠢ
                         ᠠᠷᠠᠳ ᠤᠨ ᠡᠳᠦᠷ ᠤᠨ ᠰᠤᠨᠢᠨ ᠤ ᠰᠢᠬᠦᠮᠵᠢᠯᠡᠭᠴᠢ
 ᠤᠷᠤᠬᠰᠢᠯᠠᠬᠤ ᠶᠠᠪᠤᠴᠠ ᠳᠠᠭᠠᠨ ᠶᠠᠪᠤᠵᠦ ᠦᠩᠭᠡᠷᠡᠬᠦᠯᠦᠭᠰᠡᠨ ᠵᠠᠮ ᠢᠶᠠᠨ ᠮᠠᠷᠳᠠᠵᠦ ᠪᠤᠯᠬᠤ ᠦᠭᠡᠢ︔ ᠬᠡᠴᠢᠨᠡᠨ ᠬᠤᠯᠠ ᠶᠠᠪᠤᠵᠤ᠂ ᠬᠡᠳᠦᠢ ᠭᠡᠭᠡᠨ ᠰᠠᠷᠠᠭᠤᠯ ᠢᠷᠡᠭᠡᠳᠦᠢ ᠳᠤ ᠬᠦᠷᠦᠭᠰᠡᠨ ᠴᠦ ᠦᠩᠭᠡᠷᠡᠭᠰᠡᠨ ᠢᠶᠠᠨ ᠤᠮᠠᠷᠳᠠᠵᠦ ᠪᠤᠯᠬᠤ ᠦᠭᠡᠢ᠂ ᠶᠠᠭᠤᠨ ᠤ ᠲᠦᠯᠦᠭᠡ ᠪᠠᠶᠢᠭᠰᠠᠨ ᠢᠶᠠᠨ ᠮᠠᠷᠳᠠᠵᠦ ᠪᠤᠯᠬᠤ ᠦᠭᠡᠢ᠃
  70 ᠵᠢᠯ ᠤᠨ ᠡᠮᠦᠨᠡᠬᠢ 10 ᠰᠠᠷ᠎ᠠ ᠶᠢᠨ 1 ᠤ ᠡᠳᠦᠷ᠂ ᠮᠠᠤ ᠽᠧ ᠳ᠋ᠦᠩ ᠨᠥᠬᠦᠷ ᠲᠢᠶᠠᠨ ᠠᠨ ᠮᠧᠨ ᠠᠰᠠᠷ ᠳᠡᠭᠡᠷ᠎ᠠ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ ᠢ ᠳᠡᠯᠡᠬᠡᠶ ᠳ᠋ᠠᠬᠢᠨ ᠳᠤ ᠲᠥᠪ ᠴᠢᠩᠭ᠎ᠠ ᠪᠠᠷ ᠲᠤᠩᠬᠠᠭᠯᠠᠵᠤ᠂ ᠳᠤᠮᠳᠠᠳᠤ ᠤᠯᠤᠰ ᠤᠨ ᠠᠷᠠᠳ ᠲᠦᠮᠡᠨ ᠪᠣᠰᠴᠤ ᠵᠣᠭᠰᠣᠯ᠎ᠠ᠃ ︽ᠡᠨᠡ ᠬᠦ ᠠᠭᠤᠤ ᠶᠡᠭᠡ ᠬᠡᠷᠡᠭ ᠶᠠᠪᠤᠳᠠᠯ ᠨᠢ ᠤᠷᠴᠢᠨ ᠦᠶ᠎ᠡ ᠠᠴᠠ ᠨᠠᠭᠠᠰᠢᠬᠢ 100 ᠭᠠᠷᠤᠶ ᠵᠢᠯ ᠤᠨ ᠲᠤᠷᠰᠢᠬᠢ ᠳᠤᠮᠳᠠᠳᠤ ᠤᠯᠤᠰ ᠤᠨ ᠶᠠᠳᠠᠭᠤ ᠪᠠᠭᠤᠷᠠᠶ᠂ ᠪᠤᠰᠤᠳ ᠲᠤ ᠳᠣᠷᠣᠮᠵᠢᠯᠠᠭᠳᠠᠵᠤ ᠪᠠᠶᠢᠭᠰᠠᠨ ᠭᠤᠨᠢᠭ ᠵᠤᠪᠠᠭᠤᠷᠢ ᠲᠠᠢ ᠬᠤᠪᠢ ᠵᠠᠶᠠᠭ᠎ᠠ ᠶᠢ ᠲᠦᠢᠯᠪᠤᠷᠢᠲᠠᠶ ᠬᠤᠪᠢᠷᠠᠭᠤᠯᠵᠤ᠂ ᠳᠤᠮᠳᠠᠳᠤ ᠶᠢᠨ ᠦᠨᠳᠦᠰᠦᠲᠡᠨ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠠᠷᠳᠠᠩ ᠵᠠᠮ ᠳᠤ ᠤᠷᠤᠭᠰᠠᠨ ᠪᠠᠶᠢᠨ᠎ᠠ︾᠃ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷ᠎ᠠ᠂ ᠶᠡᠷᠦᠩᠭᠡᠢ ᠱᠦᠵᠢ ᠰᠢ ᠶᠢᠨ ᠫᠢᠩ ᠰᠢᠨ᠎ᠠ ᠳᠤᠮᠳᠠᠳᠤ ᠤᠯᠤᠰ ᠪᠠᠶᠢᠭᠤᠯᠤᠭᠳᠠᠭᠰᠠᠨ ᠲᠡᠦᠭᠡᠳᠦ ᠠᠴᠢ ᠬᠤᠯᠪᠤᠭᠳᠠᠯ ᠢ ᠳᠡᠭᠡᠳᠦ ᠭᠡᠮᠵᠢᠶ᠎ᠠ ᠪᠠᠷ ᠦᠨᠡᠯᠡᠨ᠂ ᠰᠢᠨ᠎ᠠ ᠳᠤᠮᠳᠠᠳᠤ ᠤᠯᠤᠰ ᠤᠨ 70 ᠵᠢᠯ ᠳᠤ ᠡᠬᠦᠳᠦᠨ ᠪᠦᠳᠦᠭᠡᠭᠰᠡᠨ ᠬᠦᠮᠦᠨ ᠤ ᠶᠢᠷᠳᠢᠨᠴᠦ ᠶᠢᠨ ᠭᠠᠶᠢᠬᠠᠮᠰᠢᠬ ᠢ ᠬᠦᠨᠵᠡᠭᠡᠢ ᠳᠤᠳᠤᠷᠬᠠᠢᠢᠯᠠᠨ ᠦᠬᠦᠯᠡᠵᠦ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠭᠡᠭᠡᠨ ᠰᠠᠷᠠᠭᠤᠯ ᠢᠷᠡᠭᠡᠳᠦᠢ ᠶᠢ ᠤᠮᠤᠬᠯᠠᠩ ᠪᠠᠷᠠᠯᠠᠵᠦ᠂ ᠲᠦᠭ ᠲᠦᠮᠡᠨ ᠳᠤᠮᠳᠠᠳᠤ ᠶᠢᠨ ᠬᠦᠪᠡᠬᠦᠳ ᠦᠬᠢᠳ ᠤᠨ ᠤᠮᠤᠭ ᠳᠡᠬᠦᠯᠳᠡᠷ᠂ ᠢᠳᠡᠭᠡᠯ ᠳᠡᠬᠦᠯᠳᠡᠷ ᠢᠶᠠᠷ ᠠᠭᠤᠤ ᠶᠡᠭᠡ ᠬᠦᠰᠡᠯ ᠵᠡᠬᠦᠳᠦ ᠶᠢ ᠳᠡᠷᠭᠡᠯᠰᠢᠬᠦᠯᠬᠦ ᠶᠢᠨ ᠲᠦᠯᠦᠭᠡ ᠦᠷᠬᠦᠯᠵᠢᠯᠡᠨ ᠲᠡᠮᠡᠴᠡᠬᠦ ᠶᠢ ᠤᠷᠮᠠᠰᠢᠭᠤᠯᠤᠨ ᠵᠤᠷᠢᠬᠵᠢᠭᠤᠯᠵᠠᠢ᠃
  ︽ᠡᠷᠡᠭᠴᠢᠨ ᠲᠠᠬᠢᠶ᠎ᠠ ᠳᠤᠤᠭᠠᠷᠬᠤᠶ᠎ᠠ ᠭᠡᠭᠡᠷᠡᠵᠤᠬᠦᠢ︾᠃ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠮᠡᠨᠳᠦᠯᠡᠭᠰᠡᠨ ᠨᠢ ᠲᠦᠭ ᠲᠦᠮᠡᠨ ᠳᠤᠮᠳᠠᠳᠤ ᠤᠯᠤᠰ ᠤᠨ ᠠᠷᠠᠳ ᠲᠦᠮᠡᠨ ᠢ ᠤᠯᠤᠰ᠂ ᠨᠡᠶᠢᠭᠡᠮ ᠪᠠ ᠦᠪᠡᠷ ᠤᠨ ᠬᠤᠪᠢ ᠵᠠᠶᠠᠭᠠᠨ ᠤ ᠡᠵᠡᠨ ᠪᠤᠯᠭᠠᠵᠦ᠂ ᠤᠮᠤᠭ ᠳᠡᠬᠦᠯᠳᠡᠷ ᠢᠶᠠᠷ ᠤᠯᠤᠰ ᠢᠶᠠᠨ ᠪᠠᠶᠠᠵᠢᠭᠤᠯᠤᠨ ᠬᠦᠴᠦᠷᠭᠡᠭᠵᠢᠬᠦᠯᠬᠦ᠂ ᠦᠨᠳᠦᠰᠦᠳᠡᠨ ᠢᠶᠠᠨ ᠬᠦᠭᠵᠢᠭᠦᠯᠦᠨ ᠮᠠᠨᠳᠤᠭᠤᠯᠬᠤ᠂ ᠠᠷᠠᠳ ᠲᠦᠮᠡᠨ ᠢ ᠵᠤᠯ ᠵᠢᠷᠭᠠᠯ ᠲᠠᠢ ᠠᠮᠢᠳᠤᠷᠠᠭᠤᠯᠬᠤ ᠶᠢ ᠪᠡᠶᠡᠯᠡᠬᠦᠯᠬᠦ ᠠᠭᠤᠤ ᠶᠡᠭᠡ ᠠᠶᠠᠯᠠᠯ ᠢ ᠡᠬᠢᠯᠡᠬᠦᠯᠪᠡ᠃ ᠮᠠᠨ ᠤ ᠨᠠᠮ ᠠᠷᠠᠳ ᠲᠦᠮᠡᠨ ᠢ ᠪᠦᠯᠬᠦᠮᠳᠡᠬᠦᠯᠦᠨ ᠳᠠᠭᠠᠭᠤᠯᠵᠦ ᠨᠡᠶᠢᠭᠡᠮ ᠵᠢᠷᠤᠮᠳᠦ ᠬᠤᠪᠢᠰᠬᠠᠯ ᠢ ᠪᠡᠶᠡᠯᠡᠬᠦᠯᠵᠦ᠂ ᠨᠡᠶᠢᠭᠡᠮ ᠵᠢᠷᠤᠮ ᠤᠨ ᠦᠨᠳᠦᠰᠦᠨ ᠪᠠᠶᠢᠭᠤᠯᠤᠯ ᠢ ᠲᠤᠭᠳᠠᠭᠠᠨ᠂ ᠨᠡᠶᠢᠭᠡᠮ ᠵᠢᠷᠦᠮᠳᠦ ᠪᠦᠳᠦᠭᠡᠨ ᠪᠠᠶᠢᠭᠤᠯᠤᠯᠳᠠ ᠶᠢ ᠠᠬᠢᠭᠤᠯᠵᠦ᠂ ᠳᠤᠮᠳᠠᠳᠤ ᠶᠢᠨ ᠦᠨᠳᠦᠰᠦᠳᠡᠨ ᠤ ᠲᠡᠦᠭᠡᠨ ᠳᠡᠭᠡᠷᠡᠬᠢ ᠬᠠᠮᠤᠭ ᠤᠨ ᠦᠷᠭᠡᠨ ᠳᠡᠯᠭᠡᠷ ᠪᠦᠭᠡᠳ ᠬᠦᠨ ᠬᠦᠨᠵᠡᠭᠡᠢ ᠨᠡᠶᠢᠭᠡᠮ ᠤᠨ ᠬᠤᠪᠢᠰᠤᠯᠳᠠ ᠶᠢ ᠪᠡᠶᠡᠯᠡᠬᠦᠯᠦᠨ᠂ ᠤᠳᠤ ᠦᠶ᠎ᠠ ᠶᠢᠨ ᠳᠤᠮᠳᠠᠳᠤ ᠤᠯᠤᠰ ᠤᠨ ᠠᠯᠢᠪᠠ ᠬᠦᠭᠵᠢᠯᠳᠠ ᠲᠠᠪᠰᠢᠯᠳᠠ ᠳᠤ ᠦᠨᠳᠦᠰᠦᠨ ᠤᠯᠤᠰ ᠲᠦᠷᠦ ᠶᠢᠨ ᠤᠷᠢᠳᠠᠯ ᠪᠠ ᠪᠠᠶᠢᠭᠤᠯᠤᠯ ᠤᠨ ᠰᠠᠭᠤᠷᠢ ᠲᠠᠯᠪᠢᠵᠦ᠂ ᠳᠤᠮᠳᠠᠳᠤ ᠶᠢᠨ ᠦᠨᠳᠦᠰᠦᠳᠡᠨ ᠤ ᠤᠷᠴᠢᠨ ᠦᠶ᠎ᠠ ᠳᠤ ᠳᠠᠰᠤᠷᠠᠯᠳᠠ ᠦᠭᠡᠢ ᠤᠷᠤᠭᠤᠳᠠᠨ ᠳᠤᠷᠦ᠋ᠢᠳᠠᠭᠰᠠᠨ ᠠᠴᠠ ᠦᠨᠳᠦᠰᠦᠨ ᠴᠢᠨᠠᠷ ᠲᠠᠢ ᠬᠤᠪᠢ ᠵᠠᠶᠠᠭᠠᠨ ᠤ ᠡᠷᠬᠢᠯᠳᠠ ᠭᠠᠷᠬᠤ᠂ ᠴᠡᠴᠡᠭᠯᠡᠨ ᠬᠦᠭᠵᠢᠵᠦ ᠪᠠᠶᠠᠵᠢᠨ ᠬᠦᠴᠦᠷᠬᠡᠭᠵᠢᠬᠦ ᠲᠡᠶᠢᠰᠢ ᠦᠷᠬᠦᠯᠵᠢᠯᠡᠨ ᠤᠷᠤᠬᠰᠢᠯᠠᠬᠤ ᠠᠭᠤᠤ ᠶᠡᠭᠡ ᠦᠰᠦᠷᠦᠯᠳᠠ ᠶᠢ ᠪᠡᠶᠡᠯᠡᠬᠦᠯᠪᠡ᠃
  ︽ᠳᠤᠷᠤᠨ᠎ᠠ ᠶᠢᠨ ᠰᠠᠯᠬᠢ ᠰᠡᠪᠢᠯᠵᠠᠭᠦᠶ᠎ᠠ ᠬᠠᠪᠤᠷ ᠤᠨ ᠦᠵᠡᠮᠵᠢ ᠬᠠᠷᠠᠭ᠎ᠠ ᠪᠠᠶᠠᠰᠬᠠᠮᠤᠢ︾᠃ 1978 ᠤᠨ ᠤ 12 ᠰᠠᠷ᠎ᠠ ᠳᠤ᠂ ᠨᠠᠮ ᠤᠨ ᠠᠷᠪᠡᠨ ᠨᠢᠭᠡᠳᠦᠭᠡᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠠᠮᠵᠢᠯᠳᠠᠳᠠᠢ ᠬᠤᠷᠠᠯᠳᠤᠵᠦ᠂ ᠬᠠᠪᠤᠷ ᠤᠨ ᠤᠷᠢᠬᠠᠨ ᠰᠠᠯᠬᠢ ᠮᠡᠳᠦ ᠳᠤᠮᠳᠠᠳᠤ ᠶᠢᠨ ᠡᠬᠡ ᠭᠠᠵᠠᠷ ᠢ ᠢᠯᠪᠢᠯ᠎ᠠ᠃ ᠮᠠᠨ ᠤ ᠨᠠᠮ ᠠᠷᠠᠳ ᠲᠦᠮᠡᠨ ᠢ ᠪᠦᠯᠬᠦᠮᠳᠡᠬᠦᠯᠦᠨ ᠳᠠᠭᠠᠭᠤᠯᠵᠦ ᠦᠭᠡᠷᠡᠴᠢᠯᠡᠯᠳᠠ ᠨᠡᠭᠡᠭᠡᠯᠳᠠ ᠶᠢᠨ ᠰᠢᠨ᠎ᠠ ᠠᠭᠤᠤ ᠶᠡᠭᠡ ᠬᠤᠪᠢᠰᠬᠠᠯ ᠢ ᠦᠷᠨᠢᠬᠦᠯᠵᠦ᠂ ᠤᠯᠤᠰ ᠪᠠ ᠦᠨᠳᠦᠰᠦᠳᠡᠨ ᠤ ᠬᠦᠭᠵᠢᠯᠳᠠ ᠶᠢ ᠬᠠᠷᠰᠢᠯᠠᠵᠦ ᠪᠠᠶᠢᠬᠰᠠᠨ ᠦᠵᠡᠯ ᠰᠠᠨᠠᠭ᠎ᠠ ᠪᠠ ᠪᠠᠶᠢᠭᠤᠯᠤᠮᠵᠢ ᠶᠢᠨ ᠬᠠᠷᠰᠢ ᠰᠠᠭᠠᠳ ᠪᠥᠬᠦᠨ ᠢ ᠠᠷᠢᠯᠭᠠᠨ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠵᠡᠮ ᠢ ᠨᠡᠭᠡᠭᠡᠵᠦ᠂ ᠦᠷᠭᠡᠨ ᠤᠯᠠᠨ ᠠᠷᠠᠳ ᠲᠦᠮᠡᠨ ᠤ ᠪᠦᠳᠦᠭᠡᠯᠴᠢ ᠴᠢᠨᠠᠷ ᠢ ᠶᠡᠭᠡ ᠪᠠᠷ ᠬᠦᠭᠵᠢᠭᠡᠵᠦ᠂ ᠨᠡᠶᠢᠭᠡᠮ ᠤᠨ ᠦᠢᠯᠡᠳᠪᠤᠷᠢᠯᠡᠯ ᠤᠨ ᠬᠦᠴᠦᠨ ᠢ ᠶᠡᠭᠡ ᠪᠠᠷ ᠴᠢᠯᠦᠭᠡᠯᠡᠨ ᠬᠦᠭᠵᠢᠬᠦᠯᠵᠦ᠂ ᠨᠡᠶᠢᠭᠡᠮ ᠤᠨ ᠬᠦᠭᠵᠢᠯᠳᠠ ᠶᠢᠨ ᠠᠮᠢᠵᠢᠷᠠᠯ ᠤᠨ ᠬᠦᠴᠦᠨ ᠢ ᠶᠡᠭᠡ ᠪᠠᠷ ᠬᠦᠭᠵᠢᠭᠡᠨ᠂ ᠠᠷᠠᠳ ᠤᠨ ᠠᠮᠢᠳᠤᠷᠠᠯ ᠢ ᠮᠡᠳᠡᠭᠳᠡᠮ᠎ᠠ ᠰᠠᠶᠢᠵᠢᠷᠠᠭᠤᠯᠵᠦ᠂ ᠤᠯᠤᠰ ᠤᠨ ᠶᠡᠷᠦᠩᠭᠡᠶᠢᠯᠡᠭᠰᠡᠨ ᠪᠤᠳᠠᠳᠤ ᠬᠦᠴᠦᠨ ᠢᠶᠠᠨ ᠢᠯᠡᠳᠳᠡ ᠴᠢᠩᠭᠠᠳᠬᠠᠨ᠂ ᠳᠡᠯᠡᠬᠡᠢ ᠳᠡᠭᠡᠷᠡᠬᠢ ᠪᠠᠶᠢᠷᠢ ᠰᠠᠭᠤᠷᠢ ᠪᠠᠨ ᠮᠡᠳᠡᠭᠳᠡᠮ᠎ᠠ ᠳᠡᠭᠡᠭᠰᠢᠯᠡᠬᠦᠯᠵᠦ᠂ ᠳᠤᠮᠳᠠᠳᠤ ᠤᠯᠤᠰ ᠢᠳᠡᠷᠡᠬᠦᠨ ᠠᠯᠬᠤᠭ᠎ᠠ ᠪᠠᠷ ᠴᠠᠭ ᠦᠶ᠎ᠠ ᠶᠢ ᠳᠠᠭᠠᠵᠤ ᠠᠮᠵᠢᠵᠠᠢ᠃
  ︽ᠠᠨᠠᠪᠠᠳ ᠳᠠᠯᠠᠢ ᠬᠥᠪᠡᠭᠡ ᠬᠢᠵᠠᠭᠠᠷ ᠦᠭᠡᠢ᠂ ᠳᠠᠷᠪᠠᠭᠤᠯ ᠭᠡᠶᠢᠰᠭᠡᠨ ᠢᠳᠡᠭᠡᠯ ᠲᠡᠭᠦᠯᠳᠡᠷ ᠤᠷᠤᠬᠰᠢᠯᠠᠨᠠᠮ︾᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠯᠤᠳᠤ ᠶᠡᠭᠡ ᠤᠯᠤᠰ ᠲᠦᠷᠦ ᠶᠢᠨ ᠰᠦᠰᠦ ᠵᠤᠷᠢᠭ ᠪᠤᠯᠤᠨ ᠪᠠᠲᠤ ᠴᠢᠩᠭ᠎ᠠ ᠬᠠᠷᠢᠭᠤᠴᠠᠯᠭ᠎ᠠ ᠡᠭᠦᠷᠭᠡᠯᠡᠯ ᠢᠶᠠᠷ᠂ ᠠᠭᠤᠤ ᠶᠡᠭᠡ ᠨᠡᠶᠢᠭᠡᠮ ᠤᠨ ᠬᠤᠪᠢᠰᠬᠠᠯ ᠤᠨ ᠰᠢᠨ᠎ᠠ ᠪᠠᠶᠢᠳᠠᠯ ᠢ ᠨᠡᠭᠡᠭᠡᠵᠦ᠂ ᠦᠪᠡᠷ ᠤᠨ ᠪᠡᠶ᠎ᠠ ᠳᠡᠭᠡᠨ ᠠᠭᠤᠤ ᠶᠡᠭᠡ ᠬᠤᠪᠢᠰᠬᠠᠯ ᠬᠢᠬᠦ ᠪᠠᠷ ᠳᠠᠮᠵᠢᠨ ᠦᠪᠡᠷ ᠢ ᠪᠠᠨ ᠬᠦᠴᠦᠷᠬᠡᠭᠵᠢᠭᠦᠯᠵᠦ᠂ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠤᠷᠲᠤ ᠬᠤᠭᠤᠴᠠᠭᠠᠨ ᠤ ᠲᠤᠷᠰᠢ ᠰᠢᠢᠳᠪᠦᠷᠢᠯᠡᠬᠦ ᠬᠡᠳ ᠰᠢᠢᠳᠪᠦᠷᠢᠯᠡᠵᠦ ᠳᠡᠶᠢᠯᠦᠭᠡ ᠦᠭᠡᠢ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠯᠢ ᠤᠯᠠᠨ ᠦᠡᠭᠭᠡᠷᠡᠭᠰᠡᠨ ᠳᠤ ᠬᠢᠬᠦ ᠭᠡᠳ ᠬᠢᠵᠦ ᠳᠡᠶᠢᠯᠦᠭᠡ ᠦᠭᠡᠢ ᠶᠡᠭᠡ ᠶᠠᠪᠤᠳᠠᠯ ᠢ ᠪᠦᠲᠦᠭᠡᠵᠦ᠂ ᠨᠠᠮ ᠪᠠ ᠤᠯᠤᠰ ᠤᠨ ᠠᠵᠢᠯ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠤᠯᠵᠤ᠂ ᠲᠡᠦᠬᠡᠲᠦ ᠴᠢᠨᠠᠷᠲᠠᠢ ᠬᠤᠪᠢᠰᠦᠯᠲᠡ ᠡᠭᠦᠰᠭᠦ ᠶᠢ ᠠᠬᠢᠭᠤᠯᠵᠤ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠰᠢᠨ᠎ᠠ ᠴᠠᠭ ᠦᠶ᠎ᠠ ᠳᠤ ᠤᠷᠤᠬᠤ ᠶᠢ ᠠᠬᠢᠭᠤᠯᠵᠤ᠂ ︽ᠴᠠᠭ ᠦᠶ᠎ᠠ ᠶᠢ ᠳᠠᠭᠠᠵᠤ ᠠᠮᠵᠢᠬᠤ︾ ᠠᠴᠠ ︽ᠴᠠᠭ ᠦᠶ᠎ᠠ ᠶᠢ ᠬᠦᠲᠦᠯᠦᠨ ᠳᠠᠭᠠᠭᠤᠯᠬᠤ︾ ᠠᠭᠤᠤ ᠶᠡᠭᠡ ᠳᠠᠪᠠᠯᠳᠠ ᠶᠢ ᠪᠡᠶᠡᠯᠡᠭᠦᠯᠪᠡ᠃
  ᠲᠡᠦᠬᠡ ᠶᠡᠷᠦ ᠨᠢ ᠴᠠᠭ ᠦᠶ᠎ᠠ ᠶᠢᠨ ᠰᠠᠯᠬᠢ ᠪᠤᠷᠤᠭᠠᠨ ᠢ ᠦᠩᠭᠡᠷᠡᠭᠦᠯᠦᠭᠰᠡᠨ ᠤ ᠳᠠᠷᠠᠭ᠎ᠠ ᠨᠡᠩ ᠲᠤᠲᠤᠷᠬᠠᠢ ᠪᠤᠯᠵᠤ ᠢᠷᠡᠨ᠎ᠠ᠃ ᠦᠨᠦᠳᠦᠷ᠂ ᠳᠤᠮᠳᠠᠳᠤ ᠶᠢᠨ ᠦᠨᠳᠦᠰᠦᠲᠡᠨ ᠪᠤᠰᠴᠤ ᠵᠤᠬᠰᠤᠬᠰᠠᠨ ᠪᠠ ᠪᠠᠶᠠᠵᠢᠬᠰᠠᠨ ᠠᠴᠠ ᠪᠠᠨ ᠬᠦᠴᠦᠷᠬᠡᠭᠵᠢᠭᠰᠡᠨ ᠠᠭᠤᠤ ᠶᠡᠭᠡ ᠦᠰᠦᠷᠤᠯᠳᠡ ᠶᠢ ᠪᠡᠶᠡᠯᠡᠭᠦᠯᠵᠦ᠂ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠭᠡᠷᠡᠯ ᠰᠠᠴᠤᠷᠠᠩᠭᠤᠢ ᠢᠷᠡᠭᠡᠳᠦᠢ ᠪᠠᠨ ᠤᠬᠲᠤᠪᠠ᠃ ᠦᠭᠡᠷᠡᠴᠢᠯᠡᠯᠲᠡ ᠨᠡᠭᠡᠬᠡᠯᠲᠡ ᠶᠢᠨ 40 ᠭᠠᠷᠤᠢ ᠵᠢᠯ ᠤᠨ ᠠᠭᠤᠤ ᠶᠡᠭᠡ ᠦᠢᠯᠡᠳᠦᠯᠭᠡ ᠳᠤᠮᠳᠠ᠂ ᠪᠦᠬᠦᠳᠡ ᠨᠠᠶᠢᠷᠠᠮᠲᠠᠬᠤ ᠳᠤᠮᠳᠠᠳᠤ ᠠᠷᠠᠳ ᠤᠯᠤᠰ ᠪᠠᠶᠢᠭᠤᠯᠤᠬᠳᠠᠬᠰᠠᠨ 70 ᠵᠢᠯ ᠤᠨ ᠲᠤᠷᠰᠢᠬᠢ ᠲᠠᠰᠤᠷᠠᠯᠳᠠ ᠦᠭᠡᠢ ᠰᠦᠪᠡᠭᠴᠢᠯᠡᠯᠲᠡ ᠳᠤᠮᠳᠠ᠂ ᠨᠠᠮ ᠪᠤᠯᠤᠨ ᠠᠷᠠᠳ ᠲᠦᠮᠡᠨ ᠲᠤᠭ᠎ᠠ ᠦᠭᠡᠢ ᠤᠯᠠᠨ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠤᠯᠠᠨ ᠵᠦᠢᠯ ᠤᠨ ᠦᠷᠡᠭᠳᠡᠯ ᠭᠠᠷᠭᠠᠭᠰᠠᠨ ᠢᠶᠠᠷ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠦᠮ ᠢ ᠡᠭᠦᠳᠴᠤ ᠬᠦᠭᠵᠢᠭᠦᠯᠦᠭᠰᠡᠨ ᠶᠤᠮ᠃ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠵᠠᠮ ᠪᠤᠯ ᠨᠡᠶᠢᠭᠡᠮ ᠵᠢᠷᠦᠮ ᠤᠨ ᠤᠳᠤᠬᠢᠴᠢᠯᠠᠯᠲᠠ ᠶᠢ ᠪᠡᠶᠡᠯᠡᠭᠦᠯᠬᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠢ ᠴᠤᠭᠴᠠᠯᠠᠬᠤ ᠵᠠᠶᠢᠯᠠᠰᠢ ᠦᠭᠡᠢ ᠵᠠᠮ ᠮᠦᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠵᠠᠶᠢᠯᠠᠰᠢ ᠦᠭᠡᠢ ᠵᠠᠮ ᠮᠦᠨ ᠭᠡᠳᠡᠭ ᠢ ᠪᠤᠳᠠᠲᠤ ᠪᠠᠶᠢᠳᠠᠯ ᠭᠦᠢᠴᠡᠳ ᠭᠡᠷᠡᠴᠢᠯᠡᠪᠡ᠃ ᠨᠠᠮ ᠰᠢᠨ᠎ᠠ ᠲᠡᠦᠭᠡ ᠶᠢᠨ ᠤᠷᠤᠨ ᠪᠠᠶᠢᠷᠢ ᠠᠴᠠ ᠰᠢᠨ᠎ᠠ ᠴᠠᠭ ᠦᠶ᠎ᠠ ᠶᠢᠨ ᠨᠠᠮ ᠤᠨ ᠲᠡᠦᠬᠡᠨ ᠡᠭᠦᠷᠭᠡ ᠬᠠᠷᠢᠭᠤᠴᠠᠯᠭ᠎ᠠ ᠶᠢ ᠪᠡᠶᠡᠯᠡᠭᠦᠯᠬᠦ ᠳᠤ᠂ ᠬᠠᠮᠤᠭ ᠤᠨ ᠦᠨᠳᠦᠰᠦᠨ ᠵᠦᠢᠯ ᠨᠢ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠠᠭᠤᠤ ᠶᠡᠭᠡ ᠲᠤᠭ ᠢ ᠦᠨᠳᠦᠷ ᠮᠠᠨᠳᠤᠭᠤᠯᠬᠤ ᠳᠤ ᠪᠤᠢ᠃ ᠪᠦᠬᠦ ᠨᠠᠮ ᠢᠶᠠᠷ ᠢᠶᠠᠨ ᠨᠡᠩ ᠤᠬᠠᠮᠰᠠᠷ ᠠᠴᠠ ᠪᠠᠨ ᠵᠠᠮ ᠤᠨ ᠢᠳᠡᠬᠡᠯ᠂ ᠤᠨᠤᠯ ᠤᠨ ᠢᠳᠡᠬᠡᠯ᠂ ᠪᠠᠶᠢᠭᠤᠯᠤᠯ ᠤᠨ ᠢᠳᠡᠬᠡᠯ᠂ ᠰᠤᠶᠤᠯ ᠤᠨ ᠢᠲᠡᠭᠡᠯ ᠢᠶᠠᠨ ᠪᠠᠲᠤᠳᠬᠠᠵᠤ᠂ ᠳᠦᠭᠵᠢᠮᠡᠯ ᠬᠡᠪᠰᠢᠮᠡᠯ ᠬᠠᠭᠤᠴᠢᠨ ᠵᠠᠮ ᠢᠶᠠᠷ ᠶᠠᠪᠤᠬᠤ ᠦᠬᠡᠢ ᠪᠦᠬᠡᠳ ᠳᠤᠬ ᠳᠡᠮᠳᠡᠭ ᠢᠶᠠᠨ ᠬᠠᠯᠠᠬᠤ ᠭᠠᠵᠢᠭᠤ ᠵᠠᠮ ᠢᠶᠠᠷ ᠶᠠᠪᠤᠬᠤ ᠦᠬᠡᠢ ᠪᠠᠷ᠂ ᠤᠯᠤᠰ ᠲᠦᠷᠦ ᠶᠢᠨ ᠲᠤᠬᠲᠠᠯ ᠬᠦᠴᠦᠨ ᠢᠶᠠᠨ ᠪᠠᠲᠤᠯᠠᠵᠤ᠂ ᠪᠤᠳᠠᠲᠤ ᠠᠵᠢᠯᠯᠠᠭ᠎ᠠ ᠪᠠᠷ ᠤᠯᠤᠰ ᠢᠶᠠᠨ ᠮᠠᠨᠳᠤᠭᠤᠯᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠦᠮ ᠢ ᠢᠮᠠᠬᠲᠠ ᠪᠠᠷᠢᠮᠲᠠᠯᠠᠨ ᠬᠦᠭᠵᠢᠭᠦᠯᠬᠦ ᠬᠡᠷᠡᠭᠲᠡᠢ᠃
  ᠤᠯᠤᠰ ᠤᠷᠤᠨ ᠢᠶᠠᠨ ᠡᠶᠢᠨ ᠬᠦ ᠴᠢᠮᠡᠭᠯᠡᠭᠰᠡᠨ᠎ᠠ᠂ ᠡᠳᠦᠭᠡ ᠬᠠᠷᠠᠬᠤᠶ ᠳᠤᠷ ᠤᠯᠠᠮ ᠦᠵᠡᠰᠭᠦᠯᠡᠩᠲᠦ ᠰᠠᠶᠢᠬᠠᠨ ᠪᠤᠯᠵᠤᠬᠤᠢ᠃ ᠦᠨᠦᠳᠦᠷ᠂ ᠠᠭᠤᠤ ᠶᠡᠭᠡ ᠡᠬᠡ ᠤᠯᠤᠰ ᠴᠡᠴᠡᠭᠯᠡᠨ ᠬᠦᠭᠵᠢᠵᠦ᠂ ᠲᠦᠭ ᠲᠦᠮᠡᠨ ᠠᠷᠠᠳ ᠲᠦᠮᠡᠨ ᠤᠮᠤᠭ ᠲᠡᠭᠦᠯᠳᠡᠷ ᠢᠶᠠᠷ ᠰᠢᠨ᠎ᠠ ᠴᠠᠭ ᠦᠶ᠎ᠠ ᠶᠢᠨ ᠤᠷᠲᠤ ᠵᠠᠮ ᠤᠨ ᠠᠶᠠᠨ ᠳᠠᠶᠢᠨ ᠳᠤ ᠭᠠᠷ ᠬᠤᠯᠪᠤᠯᠴᠠᠨ ᠤᠷᠤᠬᠰᠢᠯᠠᠨ᠎ᠠ᠃ ᠶᠠᠭ ᠶᠡᠷᠦᠩᠬᠡᠢ ᠱᠦᠵᠢ ᠰᠢ ᠶᠢᠨ ᠫᠢᠩ ᠤᠨ ᠬᠡᠯᠡᠭᠰᠡᠨ ᠰᠢᠭ ᠢᠶᠠᠷ᠂ ︽ᠪᠢᠳᠡ ᠦᠪᠡᠷ ᠤᠨ ᠵᠠᠮ ᠢᠶᠠᠷ ᠢᠶᠠᠨ ᠵᠠᠮᠨᠠᠪᠠᠯ᠂ ᠬᠢᠵᠠᠭᠠᠯᠠᠰᠢ ᠦᠭᠡᠢ ᠦᠷᠭᠡᠨ ᠠᠭᠤᠳᠠᠮ ᠲᠠᠪᠴᠠᠩ ᠲᠠᠢ ᠪᠦᠭᠡᠳ ᠬᠢᠵᠠᠭᠠᠯᠠᠰᠢ ᠦᠭᠡᠢ ᠭᠦᠨ ᠵᠤᠵᠠᠭᠠᠨ ᠲᠡᠦᠬᠡ ᠶᠢᠨ ᠤᠤᠷ ᠲᠤᠠᠳᠠᠰᠤ ᠲᠠᠢ᠂ ᠬᠢᠵᠠᠭᠠᠯᠠᠰᠢ ᠦᠭᠡᠢ ᠬᠦᠴᠦᠷᠬᠡᠭ ᠶᠡᠭᠡ ᠤᠷᠤᠬᠰᠢᠯᠠᠯᠲᠠ ᠶᠢᠨ ᠲᠤᠬᠲᠠᠯ ᠬᠦᠴᠦᠨ ᠲᠠᠢ ᠶᠤᠮ︾︕
             ︵ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 2 ᠤᠨ ᠴᠠᠬᠢᠯᠭᠠᠨ ᠮᠡᠳᠡᠭᠡ︶



  
     
     