 

ᠮᠥᠡᠭᠭᠦᠨ ᠡᠪᠤᠯ ᠤᠨ ︽ᠪᠤᠯᠵᠤᠭ᠎ᠠ︾

2019-08-21 08:25
  717
  0
   ᠴᠠᠰᠤ ᠮᠥᠰᠤᠨ ᠤ ᠪᠠᠷᠢᠯᠳᠤᠯᠭ᠎ᠠ᠂ ᠮᠥᠡᠭᠭᠦᠨ ᠡᠪᠤᠯ ᠤᠨ ᠪᠤᠯᠵᠤᠭ᠎ᠠ᠃ ᠥᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠭᠠᠷᠤᠢ ᠵᠢᠯ ᠤᠨ ᠲᠤᠷᠰᠢᠬᠢ ᠠᠩᠬᠠᠳᠠᠬᠴᠢ ᠤᠳᠠᠭ᠎ᠠ ᠶᠢᠨ ᠪᠥᠬᠦ ᠤᠯᠤᠰ ᠤᠨ ᠲᠤᠮᠤ ᠬᠡᠯᠪᠡᠷᠢ ᠶᠢᠨ ᠶᠡᠷᠥᠩᠭᠡᠶᠢᠯᠡᠭᠰᠡᠨ ᠴᠢᠨᠠᠷᠳᠠᠢ ᠲᠠᠮᠢᠷ ᠤᠨ ᠴᠤᠬᠯᠠᠭᠠᠨ ᠪᠤᠯᠬᠤ ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠣᠯᠣᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ 2020 ᠤᠨ ᠤ 2 ᠰᠠᠷ᠎ᠠ ᠳᠤ ᠥᠵᠡᠰᠬᠦᠯᠡᠩᠳᠤ ᠰᠠᠶᠢᠬᠠᠨ ᠬᠥᠯᠥᠨ ᠪᠤᠶᠢᠷ ᠬᠤᠳᠠ ᠳᠤ ᠥᠪᠡᠳᠡᠭᠰᠢ ᠶᠡᠭᠡ ᠪᠠᠷ ᠶᠠᠪᠤᠬᠳᠠᠬᠤ ᠪᠠᠷ ᠪᠤᠢ᠃
   ᠲᠤᠰ ᠲᠠᠮᠢᠷ ᠤᠨ ᠴᠤᠬᠯᠠᠭᠠᠨ ᠪᠤᠯ 2022 ᠤᠨ ᠤ ᠪᠡᠭᠡᠵᠢᠩ ᠤᠨ ᠡᠪᠤᠯ ᠤᠨ ᠤᠯᠠᠷᠢᠯ ᠤᠨ ᠤᠯᠢᠮᠫᠢᠺ ᠤᠨ ᠲᠠᠮᠢᠷ ᠤᠨ ᠴᠤᠬᠯᠠᠭᠠᠨ ᠠᠴᠠ ᠡᠮᠤᠨᠡᠬᠢ ᠮᠠᠨ ᠤ ᠤᠯᠤᠰ ᠲᠤ ᠶᠠᠪᠤᠬᠳᠠᠬᠤ ᠬᠡᠪᠴᠢᠶ᠎ᠠ ᠪᠠᠷ ᠬᠠᠮᠤᠬ ᠤᠨ ᠶᠡᠭᠡ᠂ ᠲᠤᠰᠬᠠᠢ ᠮᠡᠷᠭᠡᠵᠢᠯ ᠤᠨ ᠴᠢᠨᠠᠷ ᠢᠶᠠᠷ ᠬᠠᠮᠤᠬ ᠤᠨ ᠴᠢᠩᠭ᠎ᠠ᠂ ᠤᠷᠤᠯᠳᠤᠭᠠᠨ ᠤ ᠲᠥᠪᠰᠢᠨ ᠢᠶᠠᠷ ᠬᠠᠮᠤᠬ ᠤᠨ ᠥᠨᠳᠤᠷ ᠡᠪᠤᠯ ᠤᠨ ᠤᠯᠠᠷᠢᠯ ᠤᠨ ᠲᠠᠮᠢᠷ ᠤᠨ ᠴᠤᠬᠯᠠᠭᠠᠨ ᠪᠤᠯᠬᠤ ᠶᠤᠮ᠃ ᠮᠥᠨ ᠴᠤ ᠮᠠᠨ ᠤ ᠤᠯᠤᠰ ᠤᠨ ᠴᠠᠰᠤ ᠮᠥᠰᠤᠨ ᠤ ᠲᠠᠮᠢᠷ ᠤᠨ ᠪᠠᠭ᠋ᠠᠳᠠᠳ ᠤᠨ ᠴᠢᠳᠠᠯ ᠤᠬᠠᠭᠠᠨ ᠢᠶᠠᠨ ᠰᠢᠯᠭᠠᠨ᠂ ᠡᠭᠡ ᠤᠯᠤᠰ ᠲᠠᠭᠠᠨ ᠭᠡᠷᠡᠯ ᠬᠢᠯᠪᠠᠭ᠎ᠠ ᠨᠡᠮᠡᠷᠢᠯᠡᠬᠦ ᠴᠢᠬᠤᠯᠠ ᠰᠤᠷᠢᠭ᠎ᠠ ᠪᠤᠯᠪᠠᠰᠤᠷᠠᠯ ᠤᠨ ᠳᠤᠬᠢᠶᠠᠯ ᠪᠤᠯᠤᠬᠰᠠᠨ ᠢᠶᠠᠷ᠂ ᠲᠤᠰ ᠬᠤᠭᠤᠴᠠᠭᠠᠨ ᠤ ᠲᠠᠮᠢᠷ ᠤᠨ ᠴᠤᠭᠯᠠᠭᠠᠨ ᠨᠢ ᠲᠠᠶᠠᠭᠠᠷ ᠤᠯᠠᠨ ᠳᠤ ᠪᠡᠶ᠎ᠠ ᠶᠢᠨ ᠲᠠᠮᠢᠷ ᠤᠨ ᠭᠠᠯᠪᠢᠷ ᠲᠥᠷᠬᠦ ᠪᠠᠨ ᠭᠠᠶᠢᠬᠠᠭᠤᠯᠬᠤ ᠵᠠᠪᠰᠢᠶᠠᠨ ᠣᠯᠭᠤᠬᠰᠠᠨ ᠨᠢ ᠭᠠᠷᠴᠠᠭ᠎ᠠ ᠥᠬᠡᠢ᠃ ᠤᠨᠴᠠᠭᠠᠢᠢᠯᠠᠨ ᠭᠤᠣᠯ ᠲᠠᠯᠠᠪᠠᠢ ᠤᠷᠳᠤᠨ ᠤ ᠪᠠᠷᠢᠯᠭ᠎ᠠ ᠬᠥᠯᠥᠨ ᠪᠤᠶᠢᠷ ᠬᠤᠲᠠ ᠶᠢᠨ ᠳᠦᠷᠢ ᠳᠥᠷᠬᠦ ᠶᠢᠨ ᠴᠢᠬᠤᠯᠠ ᠪᠡᠯᠭᠡ ᠲᠡᠮᠲᠡᠭ ᠪᠣᠯᠤᠨ ᠪᠤᠰᠬᠠᠬᠳᠠᠵᠥ᠂ ᠴᠠᠰᠤ ᠮᠥᠰᠤᠨ ᠤ ᠲᠠᠮᠢᠷ ᠤᠨ ᠬᠦᠳᠡᠯᠭᠡᠭᠡᠨ ᠤ ᠳᠤᠷ᠎ᠠ ᠪᠠᠭ᠋ᠠᠲᠠᠳ ᠤᠨ ᠬᠤᠭᠤᠷᠤᠨᠳᠤᠬᠢ ᠬᠤᠯᠪᠤᠭᠠᠰᠤ ᠪᠣᠯᠵᠥ ᠤᠨᠴᠠᠯᠠᠬᠲᠠᠨ᠎ᠠ᠃
   ᠥᠪᠡᠳᠡᠭᠰᠢ ᠴᠤᠬᠯᠠᠭᠠᠨ ᠬᠥᠮᠥᠰ ᠤᠨ ᠰᠡᠳᠬᠢᠯ ᠢ ᠵᠤᠷᠢᠬᠵᠢᠭᠤᠯᠤᠨ ᠤᠷᠮᠠᠰᠢᠭᠤᠯᠤᠨ᠎ᠠ᠃ ᠥᠡᠭᠭᠡᠷᠡᠭᠰᠡᠨ ᠢ ᠡᠷᠬᠢᠴᠡᠭᠦᠯᠪᠠᠯ᠂ 5 ᠰᠠᠷ᠎ᠠ ᠶᠢᠨ 1 ᠤ ᠡᠳᠤᠷ ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠣᠯᠣᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠠᠷᠢᠭᠤᠨ ᠭᠠᠯ ᠢ ᠤᠯᠠᠭᠠᠨᠬᠤᠳᠠ ᠳᠤ ᠠᠰᠠᠭᠠᠪᠠ︔ 7 ᠰᠠᠷ᠎ᠠ ᠶᠢᠨ ᠡᠬᠢ ᠪᠠᠷ ᠲᠤᠰ ᠬᠤᠭᠤᠴᠠᠭᠠᠨ ᠤ ᠲᠠᠮᠢᠷ ᠤᠨ ᠴᠤᠬᠯᠠᠭᠠᠨ ᠤ ᠭᠤᠤᠯ ᠲᠠᠯᠠᠪᠤᠷ ᠪᠠᠷᠢᠯᠭ᠎ᠠ ᠬᠤᠶᠠᠳᠤᠭᠠᠷ ᠬᠤᠭᠤᠴᠠᠭᠠᠨ ᠤ ᠪᠠᠷᠢᠯᠭ᠎ᠠ ᠪᠠᠨ ᠥᠨᠳᠤᠰᠤᠨ ᠳᠡᠭᠡᠨ ᠲᠠᠭᠤᠰᠬᠠᠪᠠ︔ 7 ᠰᠠᠷ᠎ᠠ ᠶᠢᠨ 2 7 — 29 ᠤ ᠡᠳᠤᠷ ᠲᠤᠰ ᠬᠤᠭᠤᠴᠠᠭᠠᠨ ᠤ ᠲᠠᠮᠢᠷ ᠤᠨ ᠴᠤᠬᠯᠠᠭᠠᠨ ᠤ ᠭᠤᠯᠭᠤᠭᠤᠷ ᠬᠥᠷᠳᠤ + ᠫᠤᠤᠳᠠᠯᠭ᠎ᠠ ᠶᠢᠨ ᠤᠷᠤᠯᠳᠤᠭᠠᠨ ᠶᠠᠬᠰᠢ ᠬᠤᠳᠠ ᠳᠤ ᠠᠮᠵᠢᠯᠳᠠ ᠲᠠᠢ ᠶᠠᠪᠤᠬᠳᠠᠨ ᠮᠠᠨ ᠤ ᠤᠷᠤᠨ ᠤ ᠲᠠᠮᠢᠷᠴᠢᠨ ᠰᠢᠯᠢᠳᠡᠭ ᠬᠢᠷᠢ ᠪᠥᠳᠥᠮᠵᠢ ᠶᠢ ᠡᠬᠦᠳᠪᠠ ᠁ ᠡᠳᠡᠭᠡᠷ ᠨᠢ ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠣᠯᠣᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠬᠥᠷᠴᠤ ᠢᠷᠡᠭᠰᠡᠨ ᠢ ᠬᠠᠷᠠᠭᠤᠯᠵᠥ᠂ ᠥᠪᠥᠷ ᠮᠤᠩᠭᠤᠯᠴᠤᠳ ᠤᠨ ᠰᠡᠳᠬᠢᠯ ᠢ ᠬᠥᠭᠰᠡᠬᠡᠵᠤ ᠮᠥᠡᠭᠭᠦᠨ ᠡᠪᠤᠯ ᠤᠨ ᠪᠤᠯᠵᠤᠭ᠎ᠠ ᠳᠤ ᠲᠥᠬᠦᠬᠦᠯᠥᠨ᠎ᠠ᠃
   ᠲᠤᠷᠠᠳᠤᠭᠤᠰᠢᠳᠠᠢ ᠨᠢ᠂ 7 ᠰᠠᠷ᠎ᠠ ᠶᠢᠨ 31 ᠤ ᠡᠳᠤᠷ ᠥᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠠᠰᠠᠬ ᠤᠨ ᠤᠷᠳᠤᠨ ᠠᠷᠪᠠᠨ ᠲᠥᠷᠪᠡᠳᠥᠭᠡᠷ ᠬᠤᠭᠤᠴᠠᠭᠠᠨ ᠤ ᠪᠥᠬᠦ ᠤᠯᠤᠰ ᠤᠨ ᠡᠪᠤᠯ ᠤᠨ ᠤᠯᠠᠷᠢᠯ ᠤᠨ ᠲᠠᠮᠢᠷ ᠤᠨ ᠴᠤᠬᠯᠠᠭᠠᠨ ᠤ ᠠᠩᠬᠠᠨ ᠤ ᠤᠷᠤᠯᠳᠤᠭᠠᠨ ᠤ ᠶᠠᠪᠤᠴᠠ ᠳᠤ ᠥᠪᠥᠷ ᠮᠤᠩᠭᠤᠯ ᠤᠨ ᠲᠥᠯᠥᠭᠡᠯᠡᠭᠴᠢ ᠶᠢᠨ ᠠᠩᠭᠢ ᠶᠢᠨ ᠭᠤᠯᠭᠤᠭᠤᠷ ᠬᠥᠷᠳᠤ + ᠫᠤᠤᠳᠠᠯᠭ᠎ᠠ ᠶᠢᠨ ᠤᠷᠤᠯᠳᠤᠭᠠᠨ ᠤ ᠡᠮᠡᠭᠳᠠᠢ ᠶᠢᠨ 4 × 6 ᠺᠢᠯᠥᠮᠧᠲᠷ ᠤᠨ ᠪᠤᠤᠬᠢᠶ᠎ᠠ ᠤᠷᠤᠯᠳᠤᠭᠠᠨ ᠳᠤ ᠠᠩᠬᠠᠳᠠᠬᠴᠢ ᠠᠯᠳᠠᠨ ᠮᠧᠳᠠᠯ᠂ ᠠᠩᠬᠠᠳᠠᠬᠴᠢ ᠮᠥᠡᠭᠭᠦᠨ ᠮᠧᠳᠠᠯ᠂ ᠠᠩᠬᠠᠳᠠᠬᠴᠢ ᠬᠥᠷᠡᠯ ᠮᠧᠳᠠᠯ ᠭᠠᠷᠳᠠᠨ ᠰᠢᠯᠢᠳᠡᠭ ᠬᠢᠷᠢ ᠪᠥᠳᠥᠮᠵᠢ ᠡᠭᠦᠳᠦᠭᠰᠡᠨ ᠳᠤ ᠪᠠᠶᠠᠷ ᠤᠨ ᠵᠠᠬᠢᠳᠠᠯ ᠴᠠᠬᠢᠯᠭᠠᠨ ᠢᠯᠡᠭᠡᠵᠥ᠂ ᠡᠪᠤᠯ ᠤᠨ ᠤᠯᠠᠷᠢᠯ ᠤᠨ ᠴᠤᠬᠯᠠᠭᠠᠨ ᠤ ᠲᠠᠰᠬᠠᠯᠵᠢᠭᠤᠯᠤᠬᠴᠢ ᠪᠠ ᠲᠠᠮᠢᠷᠴᠢᠳ ᠢᠶᠠᠨ ᠵᠤᠷᠢᠬᠵᠢᠭᠤᠯᠪᠠ᠃
   ᠮᠠᠨ ᠤ ᠤᠷᠤᠨ ᠤ ᠡᠪᠤᠯ ᠤᠨ ᠤᠯᠠᠷᠢᠯ ᠤᠨ ᠴᠤᠬᠯᠠᠭᠠᠨ ᠤ ᠲᠠᠮᠢᠷᠴᠢᠳ ᠪᠠᠶᠠᠷ ᠤᠨ ᠴᠠᠬᠢᠯᠭᠠᠨ ᠤ ᠵᠤᠷᠢᠬᠵᠢᠭᠤᠯᠤᠯ ᠢ ᠡᠷᠬᠢᠮ ᠨᠠᠨᠳᠢᠨ ᠢᠷᠠᠭᠤ ᠠᠯᠳᠠᠷ ᠢᠶᠠᠷ ᠦᠵᠡᠵᠦ ᠴᠤᠴᠠᠯᠳᠠ ᠥᠬᠡᠢ ᠴᠢᠷᠮᠠᠶᠢᠨ᠂ ᠮᠠᠨ ᠤ ᠤᠷᠤᠨ ᠤ ᠲᠠᠮᠢᠷᠴᠢᠳ ᠤᠨ ᠵᠢᠪᠬᠤᠭ᠎ᠠ ᠲᠡᠭᠦᠯᠳᠡᠷ ᠲᠥᠷᠢ ᠲᠥᠷᠬᠦ ᠶᠢ ᠲᠡᠯᠭᠡᠨ ᠥᠵᠡᠬᠦᠯᠬᠦ ᠢᠳᠡᠭᠡᠯ ᠵᠤᠷᠢᠬ ᠢᠶᠠᠨ ᠬᠥᠪᠴᠢᠯᠡᠵᠠᠢ᠃ ᠡᠨᠡ ᠨᠢ ᠲᠠᠮᠢᠷᠴᠢᠳ ᠤᠨ ᠰᠢᠯᠢᠳᠡᠭ ᠬᠢᠷᠢ ᠪᠥᠳᠥᠮᠵᠢ ᠪᠠ ᠤᠶᠤᠨ ᠰᠠᠨᠠᠭᠠᠨ ᠤ ᠪᠤᠯᠪᠠᠰᠤᠨ ᠤ ᠬᠤᠤᠰ ᠬᠤᠷᠢᠶᠠᠯᠳᠠ ᠶᠢ ᠲᠡᠮᠡᠴᠡᠨ ᠤᠯᠬᠤ ᠤᠬᠠᠮᠰᠠᠷ ᠢ ᠲᠡᠭᠡᠭᠰᠢᠯᠡᠬᠦᠯᠵᠥ᠂ ᠴᠠᠰᠤ ᠮᠥᠰᠥᠨ ᠤ ᠲᠠᠮᠢᠷ ᠤᠨ ᠴᠤᠬᠯᠠᠭᠠᠨ ᠤ ᠪᠥᠯᠬᠦᠮᠳᠡᠯ᠂ ᠬᠠᠮᠵᠢᠯᠴᠠᠭ᠎ᠠ᠂ ᠮᠡᠷᠡᠶᠢᠨ ᠲᠡᠮᠡᠴᠡᠬᠦ ᠵᠤᠷᠢᠬ ᠰᠠᠨᠠᠭ᠎ᠠ ᠪᠠᠷ ︽ᠥᠵᠡᠰᠬᠦᠯᠡᠩᠳᠤ ᠰᠠᠶᠢᠬᠠᠨ ᠥᠪᠥᠷ ᠮᠤᠩᠭᠤᠯ ᠢᠶᠠᠨ ᠪᠥᠳᠥᠭᠡᠨ ᠪᠠᠶᠢᠭᠤᠯᠵᠥ᠂ ᠠᠭᠤᠤ ᠶᠡᠭᠡ ᠲᠤᠮᠳᠠᠳᠤ ᠶᠢᠨ ᠵᠡᠭᠦᠳᠦ ᠪᠠᠨ ᠬᠠᠮᠳᠤ ᠪᠠᠷ ᠲᠡᠷᠭᠡᠯᠰᠢᠬᠦᠯᠬᠦ︾ ᠶᠢ ᠪᠤᠲᠠᠲᠠᠶᠢᠴᠢᠯᠠᠨ ᠪᠡᠶᠡᠯᠡᠭᠦᠯᠬᠦ ᠨᠢ ᠯᠠᠪᠳᠠᠢ   ᠵᠣᠬᠢᠶᠠᠭᠴᠢ᠄  ᠥᠷᠭᠡᠨ



  
     
     