 

ᠰᠢᠷᠭᠠᠭᠤ ᠳᠡᠮᠡᠴᠡᠵᠥ ᠬᠡᠷᠡᠯ ᠰᠠᠴᠤᠷᠠᠩᠭᠤᠢ ᠠᠮᠵᠢᠯᠳᠠ ᠶᠢ ᠳᠠᠬᠢᠨᠳᠠ ᠡᠬᠦᠳᠤᠨᠡᠮ

2019-09-30 09:48
  383
  0
  ᠤᠰᠤ ᠬᠡᠷᠡᠴᠢᠯᠡᠵᠦ᠂ ᠣᠨ ᠰᠠᠷ᠎ᠠ ᠤᠷᠴᠢᠬᠰᠠᠭᠠᠷ᠂ ᠪᠢᠳᠡ ᠤᠳᠠᠯ ᠦᠭᠡᠢ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠪᠠᠨ ᠤᠭᠲᠤᠬᠤ ᠪᠣᠯᠤᠯ᠎ᠠ᠃ 
  9 ᠰᠠᠷ᠎ᠠ ᠶᠢᠨ 27 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠦᠪᠡᠳᠡᠭᠰᠢ ᠶᠡᠭᠡ ᠪᠠᠷ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠯᠢ ᠵᠢᠶ ᠾᠧᠩ ᠤᠷᠮ᠎ᠠ ᠲᠡᠭᠦᠯᠳᠡᠷ ᠢᠲᠡᠭᠡᠯ ᠳᠦᠭᠦᠷᠡᠩ ᠶᠠᠷᠢᠶ᠎ᠠ ᠲᠠᠯᠪᠢᠵᠤ᠂ ᠠᠮᠵᠢᠯᠲᠠ ᠪᠠᠨ ᠳᠡᠯᠭᠡᠨ᠂ ᠲᠤᠷᠰᠢᠯᠭ᠎ᠠ ᠪᠠᠨ ᠡᠮᠬᠢᠯᠡᠵᠦ᠂ ᠢᠷᠡᠭᠡᠳᠦᠶ ᠪᠠᠨ ᠪᠠᠷᠠᠯᠠᠪᠠ᠃ ᠡᠨᠡ ᠤᠳᠠᠭ᠎ᠠ ᠶᠢᠨ ᠶᠡᠭᠡ ᠬᠤᠷᠠᠯ ᠨᠢ᠂ 70 ᠵᠢᠯ ᠤᠨ ᠲᠤᠷᠰᠢᠲᠠ ᠥᠪᠥᠷ ᠮᠣᠩᠭᠤᠯ ᠳᠤ ᠡᠭᠦᠰᠦᠭᠰᠡᠨ ᠦᠯᠢᠭᠡᠷ ᠲᠤ ᠨᠠᠩ ᠭᠦᠨᠵᠡᠭᠡᠶ ᠣᠢᠢᠯᠠᠭᠠᠯᠲᠠ ᠲᠠᠢ ᠪᠤᠯᠭᠠᠭᠰᠠᠨ ᠢᠶᠠᠷ ᠪᠠᠷᠠᠬᠤ ᠦᠭᠡᠢ᠂ ᠰᠢᠷᠭᠠᠭᠤ ᠲᠡᠮᠡᠴᠡᠨ᠂ ᠭᠡᠷᠡᠯ ᠰᠠᠴᠤᠷᠠᠩᠭᠤᠶ ᠠᠮᠵᠢᠯᠲᠠ ᠶᠢ ᠳᠠᠬᠢᠨᠳᠠ ᠡᠭᠦᠳᠬᠦ ᠣᠮᠤᠭ ᠵᠣᠷᠢᠭ ᠢ ᠬᠥᠭᠵᠢᠭᠡᠯ᠎ᠠ᠃
  ᠡᠳᠦᠷ ᠰᠠᠷ᠎ᠠ ᠦᠩᠬᠡᠷᠡᠬᠦ ᠨᠢ ᠤᠷᠤᠰᠬᠠᠯ ᠤᠰᠤᠨ ᠮᠡᠲᠦ᠃ 70 ᠵᠢᠯ ᠤᠨ ᠲᠤᠷᠰᠢ᠂ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠪᠣᠯᠤᠨ ᠳᠣᠲᠣᠨᠣ ᠬᠠᠯᠠᠮᠵᠢᠯᠠᠯ ᠳᠣᠤᠷ᠎ᠠ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠨᠢᠬᠡ ᠰᠡᠳᠬᠢᠯ ᠨᠢᠬᠡ ᠵᠤᠷᠢᠭ ᠢᠶᠠᠷ ᠨᠠᠮ ᠤᠨ ᠢᠶᠠᠨ ᠦᠭᠡ ᠶᠢ ᠰᠣᠨᠣᠰᠴᠤ᠂ ᠨᠠᠮ ᠢᠶᠠᠨ ᠡᠷᠡᠰ ᠳᠠᠭᠠᠵᠤ᠂ ᠨᠡᠶᠢᠭᠡᠮ ᠵᠢᠷᠤᠮ ᠤᠨ ᠳᠠᠷᠳᠠᠩ ᠵᠠᠮ ᠢᠶᠠᠷ ᠲᠣᠮᠣ ᠠᠯᠬᠤᠮ ᠢᠶᠠᠷ ᠤᠷᠤᠭᠰᠢᠯᠠᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠭᠰᠡᠨ ᠢᠷᠠᠭᠤ ᠬᠠᠭᠤᠳᠠᠰᠤ ᠶᠢ ᠪᠢᠴᠢᠭᠯᠡᠵᠥ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠤ ᠢᠷᠠᠭᠤ ᠠᠯᠳᠠᠷ ᠢ ᠣᠯᠤᠭᠰᠠᠨ ᠪᠥᠭᠡᠳ ᠤᠷᠲᠤ ᠬᠤᠭᠤᠴᠠᠭ᠎ᠠ ᠪᠠᠷ ᠰᠠᠬᠢᠨ ᠬᠠᠮᠠᠭᠠᠯᠠᠵᠤ᠂ ︽ᠰᠡᠳᠬᠢᠯ ᠢᠶᠠᠨ ᠨᠢᠬᠡᠳᠬᠡᠨ ᠬᠦᠴᠦ ᠪᠠᠨ ᠬᠠᠮᠳᠤᠳᠬᠠᠵᠥ ᠪᠤᠭᠤᠲᠤ ᠶᠢᠨ ᠪᠤᠯᠤᠳ ᠲᠡᠮᠦᠷ ᠤᠨ ᠦᠢᠯᠡᠳᠪᠦᠷᠢ ᠶᠢ ᠪᠦᠳᠦᠬᠡᠨ ᠪᠠᠶᠢᠭᠤᠯᠤᠬᠰᠠᠨ︾᠂ ︽ᠭᠤᠷᠪᠠᠨ ᠮᠢᠩᠭᠠᠨ ᠥᠨᠥᠴᠢᠨ ᠬᠡᠤᠬᠡᠳ ᠢ ᠦᠪᠦᠷ ᠮᠤᠩᠭᠤᠯ ᠳᠤ ᠠᠪᠴᠢᠷᠠᠬᠰᠠᠨ︾᠂ ︽ᠬᠠᠮᠤᠭ ᠤᠨ ᠰᠠᠶᠢᠨ ᠪᠡᠯᠴᠢᠭᠡᠷ ᠢᠶᠠᠨ ᠰᠠᠨᠰᠠᠷ ᠤᠨ ᠠᠶᠠᠯᠠᠯ ᠳᠤ ᠵᠤᠷᠢᠭᠤᠯᠤᠭᠰᠠᠨ︾ ᠵᠡᠷᠭᠡ ᠲᠡᠤᠬᠡ ᠶᠢᠨ ᠢᠷᠠᠭᠤ ᠳᠠᠭᠤᠷᠢᠰᠬᠠᠯ ᠢ ᠪᠢᠴᠢᠭᠯᠡᠵᠦ᠂ ︽ᠠᠮᠤ ᠬᠦᠨᠡᠰᠦ ᠪᠠᠨ ᠬᠤᠳᠠᠯᠳᠤᠨ ᠠᠪᠬᠤ ᠳᠤ ᠲᠦᠰᠢᠭᠯᠡᠵᠦ︾ ᠪᠠᠶᠢᠭᠰᠠᠨ ᠠᠴᠠ ᠪᠠᠨ ᠠᠮᠤ ᠪᠤᠳᠠᠭ᠎ᠠ ᠴᠡᠪᠡᠷ ᠰᠢᠯᠵᠢᠬᠦᠯᠦᠨ ᠭᠠᠷᠭᠠᠬᠤ ᠮᠣᠵᠢ ᠣᠷᠣᠨ ᠪᠤᠯᠵᠥ᠂ ︽ᠬᠥᠩᠭᠡᠨ ᠠᠵᠤ ᠦᠶ᠋ᠯᠡᠳᠪᠦᠷᠢ ᠨᠢ ᠠᠷᠠᠰᠤ ᠨᠣᠤᠰᠣ ᠡᠯᠳᠡᠬᠦ᠂ ᠬᠦᠨᠳᠦ ᠠᠵᠤ ᠦᠶ᠋ᠯᠡᠳᠪᠦᠷᠢ ᠨᠢ ᠮᠣᠷᠢ ᠲᠠᠬᠠᠯᠠᠬᠤ︾ ᠠᠴᠠ ᠪᠠᠨ ᠠᠯᠭᠤᠷ ᠢᠶᠠᠷ ᠣᠳᠣ ᠦᠶ᠎ᠡ ᠶᠢᠨ ᠠᠵᠥ ᠦᠢᠯᠡᠳᠪᠦᠷᠢ ᠶᠢᠨ ᠰᠢᠰᠲᠧᠮ ᠢ ᠪᠦᠷᠢᠯᠳᠦᠬᠦᠯᠦᠭᠰᠡᠨ ᠵᠡᠷᠭᠡ ᠭᠡᠷᠡᠯ ᠰᠠᠴᠤᠷᠠᠩᠭᠤᠶ ᠠᠮᠵᠢᠯᠲᠠ ᠶᠢ   ᠡᠭᠦᠳᠴᠡᠶ᠃ ᠢᠯᠠᠩᠭᠤᠶ᠎ᠠ ᠨᠠᠮ ᠤᠨ ᠠᠷᠪᠠᠨ ᠨᠠᠶ᠋ᠮᠠᠳᠤᠭᠠᠷ ᠶᠡᠭᠡ ᠬᠤᠷᠠᠯ ᠠᠴᠠ ᠨᠠᠭᠠᠰᠢ᠂ ᠪᠦᠬᠦ ᠣᠷᠣᠨ ᠳᠠᠶᠠᠭᠠᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠬᠠᠷᠢᠭᠤᠯᠤᠨ ᠡᠷᠡᠯᠬᠡᠭᠯᠡᠨ ᠤᠷᠤᠭᠰᠢᠯᠠᠵᠤ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠶ᠋ᠯ ᠤᠨ ᠠᠵᠢᠯ ᠦᠢᠯᠡᠰ ᠤᠨ ᠬᠥᠭᠵᠢᠯᠲᠡ ᠲᠡᠦᠬᠡᠲᠦ ᠴᠢᠨᠠᠷᠲᠠᠶ ᠠᠮᠵᠢᠯᠲᠠ ᠣᠯᠵᠤ᠂ ᠲᠡᠦᠬᠡᠲᠦ ᠴᠢᠨᠠᠷᠲᠠᠶ ᠬᠤᠪᠢᠰᠤᠯᠲᠠ ᠭᠠᠷᠬᠤ ᠶᠢ ᠠᠬᠢᠭᠤᠯᠵᠤ᠂ ᠥᠪᠥᠷ ᠮᠣᠩᠭᠤᠯ ᠡᠨᠡ ᠬᠦ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠨᠠᠩ ᠦᠵᠡᠰᠬᠦᠯᠡᠩᠲᠦ ᠰᠠᠶᠢᠬᠠᠨ ᠪᠣᠯᠪᠠ᠃
  ᠴᠠᠭ ᠬᠤᠭᠤᠴᠠᠭ᠎ᠠ ᠪᠣᠯ ᠬᠠᠮᠤᠭ ᠤᠨ ᠠᠭᠤᠤ ᠶᠡᠭᠡ ᠪᠢᠴᠢᠭᠯᠡᠭᠴᠢ ᠮᠥᠨ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ 70 ᠵᠢᠯ ᠪᠣᠯ ᠥᠪᠥᠷ ᠮᠣᠩᠭᠤᠯ ᠤᠨ ᠠᠷᠠᠳᠴᠢᠯᠠᠭᠰᠠᠨ ᠤᠯᠤᠰ ᠲᠥᠷᠦ ᠶᠢᠨ ᠪᠠᠶᠢᠭᠤᠯᠤᠯᠲᠠ ᠲᠡᠦᠬᠡᠲᠦ ᠴᠢᠨᠠᠷᠲᠠᠶ ᠠᠯᠬᠤᠮ ᠢ ᠠᠯᠬᠤᠭᠰᠠᠨ 70 ᠵᠢᠯ ᠮᠦᠨ᠂ ᠦᠪᠦᠷ ᠮᠤᠩᠭᠤᠯ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠲᠡᠦᠬᠡᠲᠦ ᠴᠢᠨᠠᠷᠲᠠᠶ ᠳᠠᠪᠠᠯᠲᠠ ᠶᠢ ᠪᠡᠶᠡᠯᠡᠭᠦᠯᠦᠭᠰᠡᠨ 70 ᠵᠢᠯ ᠮᠦᠨ᠂ ᠦᠪᠦᠷ ᠮᠤᠩᠭᠤᠯ ᠤᠨ ᠦᠵᠡᠯ ᠰᠠᠨᠠᠭ᠎ᠠ ᠰᠣᠶᠣᠯ ᠤᠨ ᠪᠠᠶᠢᠭᠤᠯᠤᠯᠲᠠ ᠲᠡᠦᠬᠡᠲᠦ ᠴᠢᠨᠠᠷᠲᠠᠶ ᠬᠥᠭᠵᠢᠯᠲᠡ ᠶᠢ ᠪᠡᠶᠡᠯᠡᠭᠦᠯᠦᠭᠰᠡᠨ 70 ᠵᠢᠯ ᠮᠦᠨ᠂ ᠦᠪᠦᠷ ᠮᠤᠩᠭᠤᠯ ᠤᠨ ᠨᠡᠶᠢᠭᠡᠮ ᠤᠨ ᠪᠠᠶᠢᠭᠤᠯᠤᠯᠲᠠ ᠲᠡᠦᠬᠡᠲᠦ ᠴᠢᠨᠠᠷᠲᠠᠶ ᠳᠠᠪᠰᠢᠯᠲᠠ ᠶᠢ ᠪᠡᠶᠡᠯᠡᠭᠦᠯᠦᠭᠰᠡᠨ 70 ᠵᠢᠯ ᠮᠦᠨ᠂ ᠦᠪᠦᠷ ᠮᠤᠩᠭᠤᠯ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠲᠡᠦᠬᠡᠲᠦ ᠴᠢᠨᠠᠷᠲᠠᠶ ᠬᠤᠪᠢᠷᠠᠯᠲᠠ ᠶᠢ ᠪᠡᠶᠡᠯᠡᠭᠦᠯᠦᠭᠰᠡᠨ 70 ᠵᠢᠯ ᠮᠦᠨ᠂ ᠦᠪᠦᠷ ᠮᠤᠩᠭᠤᠯ ᠤᠨ ᠨᠠᠮ ᠤᠨ ᠪᠠᠶᠢᠭᠤᠯᠤᠯᠲᠠ ᠲᠡᠦᠬᠡᠲᠦ ᠴᠢᠨᠠᠷᠲᠠᠶ ᠪᠠᠶᠢᠳᠠᠯ ᠢ ᠡᠭᠦᠳᠦᠭᠰᠡᠨ 70 ᠵᠢᠯ ᠮᠦᠨ᠃ 70 ᠵᠢᠯ ᠬᠠᠷᠰᠢ ᠰᠠᠭᠠᠳ ᠢ ᠢᠯᠠᠨ ᠳᠠᠪᠠᠵᠤ᠂ 70 ᠵᠢᠯ ᠬᠠᠲᠠᠭᠤ ᠰᠢᠷᠭᠠᠭᠤ ᠳᠡᠮᠡᠴᠡᠯ᠎ᠡ᠂ ᠥᠪᠥᠷ ᠮᠣᠩᠭᠤᠯ ᠤᠨ ᠶᠠᠪᠤᠵᠤ ᠥᠩᠭᠡᠷᠡᠭᠰᠡᠨ ᠵᠠᠮ ᠪᠤᠯ ᠰᠢᠨ᠎ᠡ ᠳᠤᠮᠳᠠᠳᠤ ᠤᠯᠤᠰ ᠤᠨ ᠭᠡᠷᠡᠯ ᠰᠠᠴᠤᠷᠠᠩᠭᠤᠶ ᠲᠡᠤᠬᠡ ᠶᠢᠨ ᠬᠤᠷᠢᠶᠠᠩᠭᠤᠶ ᠳᠦᠷᠰᠦ ᠪᠣᠯᠤᠨ᠎ᠠ᠃ ᠡᠨᠡ 70 ᠵᠢᠯ᠂ ᠲᠡᠭᠷᠢ ᠭᠠᠵᠠᠷ ᠢ ᠤᠶᠠᠷᠠᠭᠤᠯᠤᠮ᠎ᠠ ᠤᠷᠤᠭᠰᠢᠯᠠᠯᠳᠠ ᠶᠢᠨ ᠲᠠᠭᠤᠤ ᠮᠡᠲᠦ ᠪᠠᠷ ᠠᠭᠤᠤ ᠶᠡᠭᠡ ᠡᠬᠡ ᠤᠯᠤᠰ ᠤᠨ ᠪᠤᠰᠴᠦ ᠵᠤᠭᠰᠤᠭᠰᠠᠠ᠂ ᠴᠢᠨᠡᠭᠡᠯᠢᠭᠵᠢᠭᠰᠡᠡ ᠠᠴᠠ ᠬᠦᠴᠦᠷᠬᠡᠭᠵᠢᠭᠰᠡᠡ ᠢᠷᠠᠭᠤ ᠭᠠᠶᠢᠬᠠᠮᠰᠢᠬᠳᠤ ᠬᠠᠭᠤᠳᠠᠰᠤ ᠶᠢ ᠪᠢᠴᠢᠭᠯᠡᠭᠰᠡᠭᠡᠷ ᠢᠷᠡᠪᠡ︔ ᠡᠨᠡ 70 ᠵᠢᠯ᠂ ᠵᠢᠷᠤᠭᠡ ᠰᠡᠳᠬᠢᠯ ᠢ ᠬᠦᠳᠡᠯᠬᠡᠮ᠎ᠡ ᠨᠠᠶᠢᠷᠠᠯ ᠬᠦᠭᠵᠢᠮ ᠮᠡᠲᠦ ᠪᠠᠷ ᠲᠦᠮᠡᠨ ᠭᠠᠵᠠᠷ ᠤᠨ ᠲᠠᠯ᠎ᠠ ᠨᠤᠳᠤᠭ ᠤᠨ ᠬᠦᠴᠢᠷ ᠪᠡᠷᠭᠡᠰᠢᠶᠡᠯᠲᠦ ᠭᠠᠷᠤᠭ᠎ᠠ ᠠᠴᠠ ᠬᠦᠭᠵᠢᠨ ᠮᠠᠨᠳᠤᠭᠰᠠᠠ ᠯᠤᠳᠤ ᠶᠡᠭᠡ ᠬᠤᠪᠢᠷᠡᠯᠳᠡ ᠶᠢ ᠦᠵᠡᠬᠦᠯᠥᠭᠰᠡᠭᠡᠷ ᠢᠷᠡᠪᠡ᠃
  ᠰᠠᠯᠬᠢ ᠪᠤᠷᠤᠭᠠᠨᠳᠤ ᠲᠡᠤᠬᠡᠨ ᠶᠠᠪᠤᠴᠠ ᠪᠠᠨ ᠡᠷᠬᠢᠴᠡᠬᠦᠯᠬᠦᠶ᠎ᠡ᠂ ᠠᠮᠵᠢᠯᠳᠡ ᠪᠦᠳᠦᠮᠵᠢ ᠬᠢᠯᠪᠠᠷᠬᠠᠨ ᠢᠷᠡᠭᠰᠡᠡ ᠪᠢᠰᠢ᠂ ᠰᠡᠩᠬᠡᠷᠡᠬᠦᠯᠥᠯ ᠨᠡᠩ ᠴᠦ ᠡᠷᠭᠢᠮ ᠨᠠᠨᠳᠢᠨ᠃ ᠰᠢᠨ᠎ᠡ ᠲᠤᠮᠳᠠᠳᠤ ᠤᠯᠤᠰ ᠪᠠᠶᠢᠭᠤᠯᠤᠬᠳᠠᠭᠰᠠᠠ ᠠᠴᠠ ᠨᠠᠭᠠᠰᠢᠬᠢ ᠦᠪᠤᠷ ᠮᠤᠩᠭᠤᠯ ᠤᠨ ᠠᠮᠵᠢᠯᠳᠡ ᠲᠠᠢ ᠦᠢᠯᠡᠳᠦᠯᠬᠡ ᠪᠤᠯᠤᠨ ᠬᠡᠷᠡᠯ ᠰᠠᠴᠤᠷᠠᠩᠭᠤᠢ ᠠᠮᠵᠢᠯᠳᠡ ᠨᠢ ᠨᠡᠶᠢᠬᠡᠮ ᠵᠢᠷᠤᠮᠳᠤ ᠪᠠᠶᠢᠭᠤᠯᠤᠯ ᠤᠨ ᠯᠤᠳᠤ ᠶᠡᠭᠡ ᠲᠠᠪᠠᠭᠤᠯᠢᠭ ᠢ ᠬᠦᠢᠴᠡᠳ ᠢᠯᠡᠷᠡᠬᠦᠯᠵᠥ᠂ ᠨᠠᠮ ᠤᠨ ᠦᠨᠳᠦᠰᠦᠳᠡᠨ ᠤ ᠲᠦᠷᠦ ᠶᠢᠨ ᠪᠤᠳᠤᠯᠭ᠎ᠠ ᠶᠢᠨ ᠯᠤᠳᠤ ᠶᠡᠭᠡ ᠲᠠᠪᠠᠭᠤᠯᠢᠭ ᠢ ᠬᠦᠢᠴᠡᠳ ᠢᠯᠡᠷᠡᠬᠦᠯᠵᠥ᠂ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠪᠠᠶᠢᠭᠤᠯᠤᠯ ᠤᠨ ᠲᠠᠪᠠᠭᠤᠯᠢᠭ ᠢ ᠬᠦᠢᠴᠡᠳ ᠢᠯᠡᠷᠡᠬᠦᠯᠪᠡ᠃ ᠡᠳᠡᠭᠡᠷ ᠠᠮᠵᠢᠯᠳᠡ ᠪᠦᠳᠦᠮᠵᠢ ᠪᠤᠯᠤᠨ ᠰᠡᠩᠬᠡᠷᠡᠬᠦᠯᠤᠯ ᠪᠤᠯ ᠰᠢᠨ᠎ᠡ ᠲᠤᠮᠳᠠᠳᠤ ᠤᠯᠤᠰ ᠤᠨ 70 ᠵᠢᠯ ᠤᠨ ᠭᠠᠶᠢᠬᠠᠮᠰᠢᠬᠳᠤ ᠤᠨ ᠰᠠᠷ᠎ᠠ ᠠᠴᠠ ᠪᠢᠳᠡᠨ ᠳᠤ ᠦᠯᠡᠳᠡᠬᠡᠭᠰᠡᠡ ᠰᠠᠶᠢᠨ ᠰᠠᠶᠢᠬᠠᠨ ᠢᠷᠡᠬᠡᠳᠤᠢ ᠪᠠᠨ ᠨᠡᠬᠡᠬᠡᠬᠦ ᠨᠢᠭᠤᠴᠡ ᠲᠦᠯᠬᠢᠬᠦᠷ ᠪᠤᠯᠤᠨ᠎ᠠ᠃ ᠪᠢᠳᠡ ᠵᠠᠪᠠᠯ ᠲᠡᠤᠬᠡ ᠶᠢᠨ ᠲᠤᠷᠰᠢᠯᠭ᠎ᠠ ᠪᠠᠨ ᠨᠠᠷᠢᠨ ᠬᠢᠨᠠᠮᠠᠭᠠᠢ ᠳ᠋ᠦᠩᠨᠡᠵᠥ᠂ ᠲᠡᠤᠬᠡ ᠶᠢᠨ ᠵᠢᠮ᠎ᠡ ᠶᠤᠰᠤ ᠶᠢ ᠨᠡᠩ ᠰᠠᠶᠢᠳᠤᠷ ᠡᠵᠡᠮᠰᠢᠵᠥ᠂ ᠦᠪᠤᠷ ᠮᠤᠩᠭᠤᠯ ᠤᠨ ᠨᠡᠩ ᠭᠠᠶᠢᠬᠠᠮᠰᠢᠬᠳᠤ ᠰᠠᠶᠢᠬᠠᠨ ᠦᠯᠢᠬᠡᠷ ᠢ ᠴᠢᠷᠮᠡᠶᠢᠨ ᠪᠢᠴᠢᠭᠯᠡᠬᠦ ᠬᠡᠷᠡᠭᠳᠡᠢ᠃
  ᠲᠡᠤᠬᠡ ᠶᠢ ᠲᠤᠷᠠᠰᠬᠠᠬᠤ ᠬᠠᠮᠤᠭ ᠤᠨ ᠰᠠᠶᠢᠨ ᠠᠷᠭ᠎ᠠ ᠪᠤᠯ ᠰᠢᠨ᠎ᠡ ᠲᠡᠤᠬᠡ ᠶᠢ ᠡᠬᠦᠳᠦᠨ ᠪᠦᠳᠦᠬᠡᠬᠦ ᠶᠠᠪᠤᠳᠠᠯ ᠪᠤᠯᠤᠨ᠎ᠠ᠃ ᠰᠢᠨ᠎ᠠ ᠠᠶᠠᠨ ᠵᠠᠮ ᠳᠠᠭᠠᠨ ᠪᠢᠳᠡ ᠬᠡᠷᠡᠯ ᠰᠠᠴᠤᠷᠠᠩᠭᠤᠢ ᠠᠮᠵᠢᠯᠳᠠ ᠶᠢ ᠲᠠᠬᠢᠨᠳᠠ ᠡᠬᠦᠳᠦᠶ᠎ᠡ ᠬᠡᠪᠡᠯ᠂ ᠡᠷᠬᠡᠪᠰᠢ ᠨᠠᠮ ᠤᠨ ᠠᠯᠢᠪᠠ ᠠᠵᠢᠯ ᠳᠠᠬᠢ ᠤᠳᠤᠷᠢᠳᠤᠯᠭ᠎ᠠ ᠶᠢ ᠪᠠᠷᠢᠮᠳᠠᠯᠠᠵᠥ᠂ ᠨᠠᠮ ᠤᠨ ᠤᠳᠤᠷᠢᠳᠤᠯᠭ᠎ᠠ ᠶᠢ ᠲᠠᠰᠤᠷᠠᠯᠳᠡ ᠦᠭᠡᠢ ᠴᠢᠩᠭᠠᠳᠬᠠᠨ ᠰᠠᠶᠢᠵᠢᠷᠠᠭᠤᠯᠬᠤ ᠬᠡᠷᠡᠭᠳᠡᠢ︔ ᠡᠷᠬᠡᠪᠰᠢ ᠲᠤᠮᠳᠠᠳᠤ ᠤᠯᠤᠰ ᠤᠨ ᠤᠨᠴᠠᠯᠢᠭ ᠲᠠᠢ ᠦᠨᠳᠦᠰᠦᠳᠡᠨ ᠤ ᠠᠰᠠᠭᠤᠳᠠᠯ ᠢ ᠰᠢᠢᠳᠪᠤᠷᠢᠯᠡᠬᠦ ᠵᠦᠪ ᠵᠠᠮ ᠢ ᠪᠠᠷᠢᠮᠳᠠᠯᠠᠵᠥ᠂ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠪᠠᠶᠢᠭᠤᠯᠤᠯ ᠢ ᠪᠠᠷᠢᠮᠳᠠᠯᠠᠨ ᠪᠦᠷᠢᠨᠰᠢᠬᠦᠯᠬᠦ ᠬᠡᠷᠡᠭᠳᠡᠢ︔ ᠡᠷᠬᠡᠪᠰᠢ ᠬᠦᠭᠵᠢᠯᠳᠡ ᠪᠠᠷ ᠲᠡᠷᠢᠬᠦᠨ ᠴᠢᠬᠤᠯᠠ ᠡᠬᠦᠷᠬᠡ ᠪᠤᠯᠭᠠᠬᠤ ᠶᠢ ᠪᠠᠷᠢᠮᠳᠠᠯᠠᠵᠥ᠂ ᠮᠠᠨ ᠤ ᠤᠷᠤᠨ ᠤ ᠶᠡᠷᠤᠩᠬᠡᠶᠢᠯᠡᠭᠰᠡᠡ ᠠᠵᠥ ᠠᠬᠤᠢ ᠶᠢᠨ ᠪᠤᠳᠠᠳᠤ ᠬᠦᠴᠦᠨ ᠢ ᠲᠠᠰᠤᠷᠠᠯᠳᠡ ᠦᠭᠡᠢ ᠨᠡᠮᠡᠭᠳᠡᠭᠦᠯᠬᠦ ᠬᠡᠷᠡᠭᠳᠡᠢ︔ ᠡᠷᠬᠡᠪᠰᠢ ᠠᠷᠠᠳ ᠲᠦᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠵᠥ᠂ ᠦᠨᠳᠦᠰᠦᠳᠡᠨ ᠨᠦᠭᠦᠳ ᠤᠨ ᠠᠷᠠᠳ ᠲᠦᠮᠡᠨ ᠤ ᠪᠤᠶᠠᠨ ᠵᠢᠷᠭᠠᠯ ᠢ ᠬᠦᠴᠦᠯᠡᠨ ᠨᠡᠮᠡᠭᠳᠡᠬᠦᠯᠬᠦ ᠬᠡᠷᠡᠭᠳᠡᠢ︔ ᠡᠷᠬᠡᠪᠰᠢ ᠦᠬᠡᠷᠡᠴᠢᠯᠡᠯᠳᠡ ᠨᠡᠬᠡᠬᠡᠯᠳᠡ ᠶᠢ ᠦᠷᠬᠦᠯᠵᠢᠯᠡᠨ ᠬᠦᠨᠵᠡᠬᠡᠶᠢᠷᠡᠬᠦᠯᠵᠥ᠂ ᠬᠦᠭᠵᠢᠯᠳᠡ ᠶᠢᠨ ᠬᠦᠳᠡᠯᠬᠡᠬᠦ ᠬᠦᠴᠦᠨ ᠠᠮᠢᠵᠢᠷᠡᠯ ᠤᠨ ᠬᠦᠴᠦᠨ ᠢ ᠲᠠᠰᠤᠷᠠᠯᠳᠡ ᠦᠭᠡᠢ ᠴᠢᠩᠭᠠᠳᠬᠠᠬᠤ ᠬᠡᠷᠡᠭᠳᠡᠢ︔ ᠡᠷᠬᠡᠪᠰᠢ ᠨᠠᠮ ᠢ ᠴᠢᠩᠭ᠎ᠠ ᠬᠠᠮᠢᠶᠠᠷᠬᠤ ᠴᠢᠩᠭ᠎ᠠ ᠵᠠᠰᠠᠬᠤ ᠶᠢ ᠪᠠᠷᠢᠮᠳᠠᠯᠠᠵᠥ᠂ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠡᠬᠦᠳᠦᠨ ᠪᠦᠳᠦᠬᠡᠬᠦ ᠬᠦᠴᠦᠨ᠂ ᠨᠢᠬᠳᠠᠷᠠᠯ ᠤᠨ ᠬᠦᠴᠦᠨ᠂ ᠲᠠᠶᠢᠴᠢᠨ ᠬᠦᠴᠦᠨ ᠢ ᠲᠠᠰᠤᠷᠠᠯᠳᠡ ᠦᠬᠡᠢ ᠲᠡᠭᠡᠭᠰᠢᠯᠡᠬᠦᠯᠬᠦ ᠬᠡᠷᠡᠭᠳᠡᠢ᠃
  ᠴᠠᠭ ᠤᠨ ᠤᠷᠤᠰᠬᠠᠯ ᠵᠤᠭᠰᠤᠯ ᠦᠬᠡᠢ ᠤᠷᠤᠭᠰᠢᠯᠠᠵᠥ᠂ ᠲᠡᠮᠡᠴᠡᠯ ᠤᠨ ᠦᠯᠢᠬᠡᠷ ᠦᠷᠬᠦᠯᠵᠢᠯᠡᠭᠰᠡᠭᠡᠷ᠃ ᠪᠢᠳᠡ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶᠡᠨ ᠤ ᠲᠤᠭᠤᠷᠢᠨ ᠳᠤ ᠨᠡᠩ ᠨᠢᠬᠳᠠᠷᠠᠨ ᠪᠦᠯᠬᠦᠮᠳᠡᠵᠥ᠂ ᠲᠤᠮᠳᠠᠳᠤ ᠤᠯᠤᠰ ᠤᠨ ᠤᠠᠴᠠᠯᠢᠭ ᠲᠠᠢ ᠨᠡᠶᠢᠬᠡᠮ ᠵᠢᠷᠤᠮ ᠤᠨ ᠠᠭᠤᠤ ᠶᠡᠭᠡ ᠲᠤᠭ ᠢ ᠦᠨᠳᠤᠷ ᠮᠠᠨᠳᠤᠭᠤᠯᠵᠥ᠂ ︽ᠳᠡᠰᠪᠤᠷᠢ ᠬᠠᠳᠠᠭᠤᠵᠢᠯᠳᠠᠢ᠂ ᠴᠤᠴᠠᠯᠳᠡ ᠦᠬᠡᠢ ᠤᠷᠤᠭᠰᠢᠯᠠᠳᠠᠭ᠂ ᠵᠤᠷᠢᠬᠰᠠᠠ ᠳᠠᠭᠠᠨ ᠵᠠᠪᠠᠯ ᠬᠦᠷᠳᠡᠭ︾ ᠮᠤᠩᠭᠤᠯ ᠮᠤᠷᠢᠨ ᠤ ᠵᠤᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠥ᠂ ᠲᠦᠮᠡᠨ ᠠᠷᠠᠳ ᠰᠡᠳᠬᠢᠯ ᠨᠢᠬᠡᠳᠤᠨ᠂ ᠲᠡᠮᠤᠷ ᠬᠡᠷᠡᠮ ᠪᠤᠯᠵᠥ᠂ ᠬᠦᠨᠳᠤ ᠡᠬᠦᠷᠬᠡ ᠶᠢ ᠵᠤᠷᠢᠬᠳᠡᠢ ᠡᠬᠦᠷᠬᠡᠯᠡᠵᠥ᠂ ᠬᠠᠳᠠᠭᠤᠵᠢᠯᠳᠠᠢ ᠪᠤᠳᠠᠳᠠᠢ ᠠᠵᠢᠯᠯᠠᠵᠥ᠂ ᠨᠠᠮ ᠪᠤᠯᠤᠨ ᠤᠯᠤᠰ ᠤᠨ ᠶᠡᠭᠡ ᠲᠠᠯ᠎ᠠ ᠳᠤ ᠦᠢᠯᠡᠴᠢᠯᠡᠬᠦ ᠲᠤᠮᠳᠠ ᠰᠢᠨ᠎ᠡ ᠴᠠᠭ ᠦᠶ᠎ᠡ ᠶᠢᠨ ᠦᠪᠤᠷ ᠮᠤᠩᠭᠤᠯ ᠤᠨ ᠬᠦᠭᠵᠢᠯᠳᠡ ᠶᠢ ᠤᠯᠠᠮ ᠰᠠᠶᠢᠳᠤᠷ ᠠᠬᠢᠭᠤᠯᠵᠥ᠂ ︽ᠦᠵᠡᠰᠬᠦᠯᠡᠩᠳᠤ ᠰᠠᠶᠢᠬᠠᠨ ᠦᠪᠤᠷ ᠮᠤᠩᠭᠤᠯ ᠢᠶᠠᠨ ᠪᠦᠳᠦᠬᠡᠨ ᠪᠠᠶᠢᠭᠤᠯᠵᠥ᠂ ᠠᠭᠤᠤ ᠶᠡᠭᠡ ᠲᠤᠮᠳᠠᠳᠤ ᠶᠢᠨ ᠵᠡᠬᠦᠳᠤ ᠪᠠᠨ ᠬᠠᠮᠳᠤ ᠪᠠᠷ ᠲᠡᠷᠭᠡᠯᠰᠢᠬᠦᠯᠬᠦ︾ ᠶᠢᠨ ᠲᠦᠯᠥᠬᠡ ᠰᠢᠨ᠎ᠡ ᠨᠡᠩ ᠶᠡᠭᠡ ᠬᠤᠪᠢ ᠨᠡᠮᠡᠷᠢ ᠦᠵᠡᠬᠦᠯᠥᠶ᠎ᠡ᠃ ᠵᠣᠬᠢᠶᠠᠭᠴᠢ᠄  ᠲᠣᠰ ᠰᠣᠨᠢᠨ ᠤ ᠰᠢᠭᠦᠮᠵᠢᠯᠡᠭᠴᠢ 



  
     
     