 

ᠳᠡᠭᠡᠳᠤ ᠭᠣᠷᠪᠡ ᠶᠢᠨ ᠭᠠᠵᠠᠷ ᠵᠦᠢ ᠶᠢᠨ ᠬᠢᠴᠢᠶᠡᠯ ᠦᠨ ᠦᠷ᠎ᠡ ᠪᠦᠳᠦᠮᠵᠢᠳᠤ

2018-10-30 20:56
  141
  1
        ᠳᠡᠭᠡᠳᠤ ᠭᠣᠷᠪᠡ ᠶᠢᠨ ᠭᠠᠵᠠᠷ ᠵᠦᠢ ᠶᠢᠨ ᠬᠢᠴᠢᠶᠡᠯ ᠦᠨ ᠦᠷ᠎ᠡ ᠪᠦᠳᠦᠮᠵᠢᠳᠤ 
        ᠶᠡᠷᠤᠩᠬᠡᠢ ᠳᠠᠪᠳᠠᠯᠭ᠎ᠠ ᠶᠢᠨ ᠳᠤᠬᠠᠢ ᠳᠦᠭᠦᠮ ᠦᠭᠦᠯᠡᠬᠦ ᠨᠢ
                ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ
                ᠪᠠᠶᠠᠨᠬᠤᠰᠢᠭᠤ ᠨᠢᠭᠡᠳᠤᠭᠡᠷ ᠳᠤᠮᠳᠠᠳᠤ ᠰᠤᠷᠭᠠᠭᠤᠯᠢ      ᠪᠣᠤ ᠶᠦᠩ ᠹᠧᠩ

ᠳᠡᠭᠡᠳᠤ ᠭᠤᠷᠪᠠᠳᠤᠭᠠᠷ ᠣᠨ ᠤ ᠭᠠᠵᠠᠷ ᠵᠦᠢ ᠶᠢᠨ ᠬᠢᠴᠢᠶᠡᠯᠯᠡᠭᠡ ᠶᠡᠷᠤ ᠳᠤ ᠪᠠᠨ ᠠᠭᠤᠯᠭ᠎ᠠ ᠠᠷᠪᠢᠨ᠂ ᠴᠠᠭ ᠪᠠᠴᠢᠮ᠂ ᠡᠭᠦᠷᠭᠡ ᠬᠦᠨᠳᠤ ᠪᠠᠶᠢᠳᠠᠭ᠃ ᠳᠡᠭᠡᠳᠤ ᠰᠤᠷᠭᠠᠭᠤᠯᠢ ᠳᠤ ᠰᠢᠯᠭᠠᠭᠤᠯᠬᠤ ᠭᠠᠵᠠᠷ ᠵᠦᠢ ᠶᠢᠨ ᠰᠢᠯᠭᠠᠯᠳᠠ ᠶᠢᠨ ᠠᠭᠤᠯᠭ᠎ᠠ ᠳᠤ ᠭᠠᠵᠠᠷ ᠤᠨ ᠵᠢᠷᠤᠭ᠂ ᠪᠠᠶᠢᠭᠠᠯᠢ ᠶᠢᠨ ᠭᠠᠵᠠᠷ ᠵᠦᠢ  ᠪᠠ ᠬᠦᠮᠦᠨᠯᠢᠭ ᠭᠠᠵᠠᠷ ᠵᠦᠢ ᠂ ᠤᠷᠤᠨ ᠬᠡᠪᠴᠢᠶᠡᠨ ‍ᠣ ᠭᠠᠵᠠᠷ ᠵᠦᠢ ᠵᠢᠴᠢ ᠰᠤᠩᠭᠤᠨ ᠰᠤᠷᠬᠤ ᠠᠭᠤᠯᠭ᠎ᠠ ᠵᠡᠷᠭᠡ ᠪᠠᠶᠢᠵᠦ᠂ ᠠᠭᠤᠯᠭ᠎ᠠ ᠠᠷᠪᠢᠨ᠂ ᠮᠡᠳᠡᠯᠭᠡ ᠶᠢᠨ ᠴᠡᠭ ᠤᠯᠠᠨ᠂ ᠬᠠᠮᠤᠷᠬᠤ ᠬᠡᠪᠴᠢᠶ᠎ᠡ ᠶᠡᠬᠡ᠂ ᠰᠤᠷᠤᠯᠴᠠᠯᠭ᠎ᠠ ᠶᠢᠨ ᠬᠦᠴᠢᠷᠳᠡᠯᠭᠡ ᠶᠡᠬᠡ ᠵᠡᠷᠭᠡ ᠤᠨᠴᠠᠯᠢᠭ ᠲᠠᠢ ᠪᠠᠶᠢᠳᠠᠭ᠃ ᠡᠶᠢᠮᠤ ᠠᠴᠠ ᠳᠡᠭᠡᠳᠤ ᠭᠤᠷᠪᠠ ᠶᠢᠨ ᠭᠠᠵᠠᠷ ᠵᠦᠢ ᠶᠢᠨ ᠪᠠᠭᠰᠢ  ᠶᠢᠨ ᠬᠤᠪᠢ  ᠳᠦ ᠠᠪᠴᠤ ᠦᠵᠡᠪᠡᠯ᠂ ᠳᠤᠭᠳᠠᠭᠰᠠᠨ ᠬᠤᠭᠤᠴᠠᠭᠠᠨ ᠳᠤ ᠬᠡᠷᠬᠢᠨ ᠴᠠᠭ ᠢᠶᠠᠨ ᠪᠦᠳᠦᠮᠵᠢᠲᠠᠢ ᠠᠰᠢᠭᠯᠠᠵᠤ᠂ ᠬᠡᠷᠬᠢᠨ ᠠᠭᠤᠯᠭ᠎ᠠ  ᠪᠠᠨ ᠵᠦᠢ ᠵᠤᠬᠢᠰᠲᠠᠢ ᠳᠤᠬᠢᠷᠠᠭᠤᠯᠤᠨ᠂ ᠰᠤᠷᠤᠭᠴᠢᠳ ᠲᠤ ᠪᠦᠷᠢᠯᠳᠦᠭᠦᠯᠪᠡᠰᠤ ᠵᠤᠬᠢᠬᠤ ᠰᠢᠯᠭᠠᠯᠳᠠ ᠶᠢᠨ ᠬᠡᠪ ᠪᠤᠯᠪᠠᠰᠤᠷᠡᠯ ᠪᠠ ᠴᠢᠳᠠᠪᠦᠷᠢ ᠢ ᠬᠦᠷᠳᠡᠭᠡᠬᠦ ᠨᠢ ᠲᠦᠢᠯ  ᠤᠨ ᠬᠦᠨᠳᠤ ᠴᠢᠬᠤᠯᠠ ᠡᠭᠦᠷᠭᠡ ᠪᠤᠯᠬᠤ ᠪᠠᠷ ᠪᠠᠷᠠᠬᠤ ᠦᠬᠡᠢ ᠲᠤᠷᠰᠢᠯᠭ᠎ᠠ ᠰᠤᠷᠭᠠᠮᠵᠢ ᠶᠢᠨ ᠳ᠋ᠦᠩᠨᠡᠯᠳᠡ᠂ ᠤᠷ᠎ᠠ ᠮᠡᠷᠭᠡᠰᠢᠯ ᠦᠨ ᠰᠤᠷᠢᠯᠳᠡ᠂ ᠪᠦᠳᠦᠭᠡᠯᠴᠢ ᠰᠡᠳᠭᠢᠭᠦᠢ ᠶᠢᠨ ᠡᠭᠦᠳᠦᠯᠳᠡ ᠪᠤᠯᠬᠤ ᠣᠨᠴᠠ ᠶᠢᠨ ᠠᠵᠠ ᠪᠤᠯᠤᠨ᠎ᠠ᠃ ᠦᠩᠭᠡᠷᠡᠭᠰᠡᠨ ᠡᠴᠡ ᠤᠯᠤᠭᠰᠠᠨ ᠳᠤᠷᠰᠢᠯᠭ᠎ᠠ ᠪᠠ ᠠᠵᠢᠯ ᠰᠤᠷᠤᠯᠴᠠᠯᠭ᠎ᠠ ᠶᠢᠨ ᠶᠠᠪᠤᠴᠠ ᠳᠤᠮᠳᠠ ᠠᠴᠠ ᠬᠦᠷᠳᠡᠭᠰᠡᠨ ᠤᠯᠤᠯᠳᠠ ᠲᠦᠷᠦᠭᠳᠡᠯ ᠵᠢᠴᠢ ᠰᠤᠷᠤᠭᠴᠢ ᠶᠢᠨ ᠪᠤᠳᠠᠳᠤ ᠪᠠᠶᠢᠳᠡᠯ᠂ ᠰᠢᠯᠭᠠᠯᠳᠠ ᠶᠢᠨ ᠬᠠᠨᠳᠤᠰᠢ ᠠᠴᠠ ᠰᠡᠳᠭᠢᠨ ᠪᠤᠳᠤᠯᠬᠢᠯᠠᠭᠰᠠᠨ ᠢᠶᠠᠨ ᠳᠤᠩᠭᠠᠨ ᠰᠢᠷᠭᠠᠭᠠᠵᠦ᠂ ᠳᠡᠭᠡᠳᠤ ᠭᠤᠷᠪᠠᠳᠤᠭᠠᠷ ᠣᠨ ‍ᠣ ᠶᠡᠷᠤᠩᠬᠡᠢ ᠳᠠᠪᠳᠠᠯᠭ᠎ᠠ ᠶᠢᠨ ᠦᠷ᠎ᠡ ᠪᠦᠳᠦᠮᠵᠢ ᠶᠢ ᠳᠡᠭᠡᠭᠰᠢᠯᠡᠭᠦᠯᠬᠦ ᠳᠤᠬᠠᠢ ᠬᠡᠳᠤᠨ ᠶᠡᠬᠡ ᠲᠠᠯ᠎ᠠ ᠪᠠᠷ ᠬᠤᠷᠢᠶᠠᠩᠭᠤᠶᠢᠯᠡᠨ ᠳ᠋ᠦᠩᠨᠡᠭᠰᠡᠨ ᠪᠠᠶᠢᠨ᠎ᠠ᠃
ᠨᠢᠭᠡ᠂ ᠬᠢᠴᠢᠶᠡᠯ ᠦᠨ ᠪᠠᠷᠢᠮᠵᠢᠶ᠎ᠠ ᠪᠠᠷ ᠪᠠᠷᠢᠮᠵᠢᠶ᠎ᠠ ᠪᠤᠯᠭᠠᠵᠦ᠂ ᠰᠢᠯᠭᠠᠯᠳᠠ ᠶᠢᠨ ᠫᠷᠣᠭ᠍ᠷᠠᠮ ᠢᠶᠡᠷ ᠦᠨᠳᠤᠰᠤ ᠪᠤᠯᠭᠠᠬᠤ᠃
ᠶᠡᠷᠤᠩᠬᠡᠢ ᠳᠠᠪᠳᠠᠯᠭ᠎ᠠ ᠬᠢᠬᠦ ᠳᠦ ᠪᠡᠨ ᠵᠠᠪᠡᠯ ᠬᠢᠴᠢᠶᠡᠯ ᠦᠨ ᠪᠠᠷᠢᠮᠵᠢᠶ᠎ᠠ ᠪᠠᠷ ᠪᠠᠷᠢᠮᠵᠢᠶ᠎ᠠ ᠪᠤᠯᠭᠠᠵᠦ᠂ ᠰᠢᠯᠭᠠᠯᠳᠠ ᠶᠢᠨ ᠫᠷᠣᠭ᠍ᠷᠠᠮ ᠢᠶᠠᠷ ᠦᠨᠳᠤᠰᠤ ᠪᠤᠯᠭᠠᠨ᠂ ᠳᠠᠪᠳᠠᠬᠤ ᠠᠭᠤᠯᠭ᠎ᠠ ᠶᠢᠨ ᠬᠦᠷᠢᠶ᠎ᠡ ᠬᠡᠪᠴᠢᠶ᠎ᠡ᠂ ᠮᠡᠳᠡᠯᠭᠡ ᠶᠢᠨ ᠴᠡᠭ ᠦᠨ ᠨᠠᠷᠢᠯᠢᠭ ᠦᠨ ᠬᠡᠮᠵᠢᠶ᠎ᠡ ᠪᠠ ᠭᠦᠨᠴᠡ ᠶᠢᠨ ᠬᠡᠮᠵᠢᠶ᠎ᠡ ᠶᠢ ᠳᠤᠭᠳᠠᠭᠠᠨ᠂ ᠮᠡᠳᠡᠯᠭᠡ ᠶᠢᠨ ᠴᠡᠭ ᠤᠨ ᠭᠤᠤᠯ ᠳᠡᠳ᠋ ᠤᠨ ᠬᠠᠷᠢᠴᠠᠭ᠎ᠠ ᠳᠤ ᠵᠦᠪ ᠤᠨᠤᠪᠴᠢᠲᠠᠢ ᠳᠤᠬᠢᠷᠠᠭᠤᠯᠤᠯᠳᠠ ᠬᠢᠵᠦ᠂ ᠤᠯᠤᠰ ᠤᠨ ᠰᠢᠯᠭᠠᠯᠳᠠ ᠶᠢᠨ ᠤᠨᠴᠠᠯᠢᠭ ᠪᠠ ᠬᠡᠯᠪᠡᠷᠢ ᠮᠠᠶ᠋ᠢᠭ ᠲᠤ ᠳᠤᠬᠢᠷᠠᠭᠰᠠᠨ ᠰᠢᠨᠵᠢᠯᠡᠬᠦ ᠤᠬᠠᠭᠠᠨᠴᠢ ᠮᠦᠷᠳᠡᠭᠡᠨ ᠪᠤᠳᠠᠲᠠᠢ ᠬᠡᠷᠡᠭᠵᠢᠭᠦᠯᠵᠦ ᠲᠡᠶᠢᠯᠬᠦᠶᠢᠴᠡ ᠠᠷᠭ᠎ᠠ ᠬᠡᠮᠵᠢᠶ᠎ᠡ ᠳᠤᠭᠳᠠᠭᠠᠨ᠎ᠠ᠃ ᠠᠩᠬ᠎ᠠ ᠤᠳᠠᠭ᠎ᠠ ᠳᠡᠭᠡᠳᠤ ᠭᠤᠷᠪᠠᠳᠤᠭᠠᠷ ᠣᠨ ᠤ ᠭᠠᠵᠠᠷ ᠵᠦᠢ ᠶᠢᠨ ᠬᠢᠴᠢᠶᠡᠯ ᠤᠷᠤᠵᠦ ᠪᠠᠶᠢᠭ᠎ᠠ ᠪᠠᠭᠰᠢ ᠪᠤᠶᠤ ᠵᠠᠷᠢᠮ ᠵᠠᠯᠠᠭᠤ ᠪᠠᠭᠰᠢ ᠨᠠᠷ ᠳᠤᠷᠰᠢᠯᠭ᠎ᠠ ᠳᠤᠳᠠᠮᠠᠭ ᠦᠢᠯᠡᠳᠤᠯᠭᠡ ᠬᠣᠮᠰᠠ ᠠᠴᠠ ᠪᠤᠯᠵᠦ ᠶᠡᠷᠤᠩᠬᠡᠢ ᠳᠠᠪᠳᠠᠯᠭ᠎ᠠ ᠶᠢᠨ ᠳᠤᠬᠠᠢ ᠦᠢᠯᠠᠭᠠᠯᠳᠠ ᠳᠡᠮᠡᠢ ᠭᠦᠨ ᠪᠢᠰᠢ ᠪᠠᠶᠢᠵᠦ᠂ ᠶᠡᠷᠤ ᠨᠢ ᠬᠢᠴᠢᠶᠡᠯ ᠦᠨ ᠠᠭᠤᠯᠭ᠎ᠠ ᠪᠠᠨ ᠲᠡᠷᠡ ᠴᠡᠭ ᠢᠶᠡᠷ ᠢᠶᠡᠨ ᠨᠢ ᠳᠠᠬᠢᠨᠳᠠ ᠨᠢᠭᠡ ᠤᠳᠠᠭ᠎ᠠ ᠰᠢᠨ᠎ᠡ ᠬᠢᠴᠢᠶᠡᠯ ᠤᠷᠣᠬᠤ ᠮᠠᠶ᠋ᠢᠭ ᠢᠶᠡᠷ ᠳᠠᠩ ᠴᠤᠯᠭᠤᠢ ᠵᠤᠷᠪᠤᠰᠯᠢᠭ ᠮᠧᠬᠠᠨᠢᠭ ᠢᠶᠠᠷ ᠳᠠᠪᠳᠠᠬᠤ ᠦᠵᠡᠭᠳᠡᠯ ᠭᠠᠷᠳᠠᠭ᠂ ᠡᠶᠢᠮᠤᠷᠭᠦᠤ ᠮᠠᠶ᠋ᠢᠭ ᠤᠨ ᠳᠠᠪᠳᠠᠯᠭ᠎ᠠ ᠨᠢ ᠳᠤᠳᠤᠷᠬᠠᠢ ᠰᠢᠯᠭᠠᠯᠳᠠ ᠳᠤ ᠬᠠᠨᠳᠤᠭᠤᠯᠤᠭᠰᠠᠨ ᠬᠠᠷᠡᠯᠳᠡ ᠳᠤᠳᠠᠮᠠᠭ᠂ ᠴᠠᠭ ᠤᠨ ᠠᠰᠢᠭᠯᠠᠮᠵᠢ ᠳᠤᠤᠷ᠎ᠠ᠂ ᠰᠢᠰᠲ᠋ᠧᠮᠵᠢᠲᠦ ᠮᠡᠳᠡᠯᠭᠡ ᠶᠢᠨ ᠪᠦᠳᠦᠴᠡ ᠪᠦᠷᠢᠯᠳᠦᠵᠦ ᠲᠡᠶᠢᠯᠬᠦ ᠦᠬᠡᠢ ᠪᠠᠶᠢᠵᠦ᠂ ᠦᠷ᠎ᠡ ᠠᠰᠢᠭ ᠳᠤᠤᠷ᠎ᠠ ᠪᠣᠯᠳᠠᠭ᠃ ᠡᠶᠢᠮᠤ ᠠᠴᠠ ᠶᠡᠷᠤᠩᠬᠡᠢ ᠳᠠᠪᠳᠠᠯᠭ᠎ᠠ ᠶᠢᠨ ᠦᠷ᠎ᠡ ᠪᠦᠳᠦᠮᠵᠢ ᠶᠢ ᠳᠡᠭᠡᠭᠰᠢᠯᠡᠭᠦᠯᠬᠦ ᠲᠡᠷᠢᠭᠦᠨ ᠴᠢᠬᠤᠯᠠ ᠠᠷᠭ᠎ᠠ ᠵᠠᠮ ᠪᠤᠯ ᠳᠠᠷᠤᠢ ᠰᠢᠯᠭᠠᠯᠳᠠ ᠶᠢᠨ ᠫᠷᠦᠭᠷᠡᠮ ᠬᠢᠴᠢᠶᠡᠯ ᠦᠨ ᠪᠠᠷᠢᠮᠵᠢᠶ᠎ᠠ ᠪᠠᠷ ᠴᠢᠩᠭ᠎ᠠ ᠦᠨᠳᠤᠰᠤ ᠪᠠᠷᠢᠮᠵᠢᠶ᠎ᠡ ᠪᠤᠯᠭᠠᠬᠤ ᠪᠤᠯᠤᠨ᠎ᠠ᠃ ᠶᠡᠷᠤᠩᠬᠡᠢ ᠳᠠᠪᠳᠠᠯᠭ᠎ᠠ ᠶᠢᠨ ᠶᠠᠪᠤᠴᠠ ᠪᠣᠯ ᠳᠠᠷᠤᠢ᠂ ᠬᠢᠴᠢᠶᠡᠯ ᠦᠨ ᠠᠭᠤᠯᠭ᠎ᠠ ᠳᠤ ᠬᠤᠶᠠᠳᠡᠬᠢ ᠤᠳᠠᠭᠠᠨ ‍ᠣ ᠨᠡᠭᠡᠭᠡᠯᠳᠡ ᠬᠢᠬᠦ᠂ ᠮᠡᠳᠡᠯᠭᠡ  ᠶᠢᠨ ᠴᠡᠭ ᠲᠦ ᠲᠡᠯᠡᠵᠦ ᠦᠷᠭᠡᠳᠭᠡᠯ ᠬᠢᠬᠦ ᠂ ᠬᠠᠷᠡᠯᠳᠡ ᠵᠣᠷᠢᠯᠭ᠎ᠠ ᠳᠤᠳᠤᠷᠬᠠᠢ᠂ ᠴᠠᠭ ᠤᠨ ᠠᠰᠢᠭᠯᠠᠮᠵᠢ ᠦᠨᠳᠤᠷ᠂ ᠰᠢᠯᠭᠠᠯᠳᠠ ᠶᠢᠨ ᠬᠠᠨᠳᠤᠯᠭᠠᠳᠤ ᠴᠢᠨᠠᠷ ᠴᠢᠩᠭ᠎ᠠ ᠳᠡᠭᠡᠳᠤ ᠬᠢᠷᠢ ᠬᠡᠮᠵᠢᠶᠡᠨ ᠦ ᠰᠢᠯᠭᠠᠯᠳᠠ ᠶᠢᠨ ᠬᠡᠪ ᠪᠤᠯᠪᠠᠰᠤᠷᠡᠯ ᠪᠠ ᠴᠢᠳᠠᠪᠦᠷᠢ ᠶᠢ ᠬᠦᠮᠦᠵᠢᠭᠦᠯᠬᠦ ᠶᠠᠪᠤᠴᠠ ᠪᠤᠯᠤᠨ᠎ᠠ᠃
ᠬᠤᠶᠠᠷ᠂ ᠵᠢᠭᠠᠬᠤ ᠠᠭᠤᠯᠭ᠎ᠠ ᠶᠢᠨ ᠪᠦᠳᠦᠴᠡ  ᠶᠢ ᠠᠮᠢᠳᠤᠯᠢᠭ ᠢᠶᠠᠷ ᠳᠤᠬᠢᠷᠠᠭᠤᠯᠵᠦ᠂ ᠤᠷᠭᠠᠨᠢᠭ ᠢᠶᠠᠷ ᠨᠢᠭᠡᠳᠭᠡᠬᠦ᠃
ᠶᠡᠷᠤᠩᠬᠡᠢ ᠳᠠᠪᠳᠠᠯᠭ᠎ᠠ ᠶᠢᠨ ᠦᠷ᠎ᠡ ᠪᠦᠳᠦᠮᠵᠢ ᠶᠢ ᠳᠡᠭᠡᠭᠰᠢᠯᠡᠭᠦᠯᠬᠦ ᠳᠦ ᠠᠭᠤᠯᠭ᠎ᠠ ᠶᠢᠨ ᠪᠦᠳᠦᠴᠡ ᠳᠦ ᠳᠤᠬᠢᠷᠠᠭᠤᠯᠤᠯᠳᠠ ᠬᠢᠵᠦ ᠮᠡᠳᠡᠯᠭᠡ ᠶᠢᠨ ᠴᠡᠭ ᠦᠨ ᠰᠢᠰᠲ᠋ᠧᠮ ᠪᠦᠷᠢᠯᠳᠦᠭᠦᠯᠬᠦ ᠨᠢ ᠪᠠᠰᠠ ᠨᠢᠭᠡᠨ ᠴᠢᠬᠤᠯᠠ ᠲᠠᠯ᠎ᠠ ᠪᠤᠯᠤᠨ᠎ᠠ᠃ ᠳᠡᠭᠡᠳᠤ ᠨᠢᠭᠡᠳᠤᠭᠡᠷ ᠣᠨ ᠪᠠ ᠳᠡᠭᠡᠳᠤ ᠬᠤᠶᠠᠳᠤᠭᠠᠷ ᠣᠨ ‍ᠣ ᠰᠤᠷᠤᠯᠴᠠᠯᠭ᠎ᠠ ᠪᠠᠷ ᠳᠠᠮᠵᠢᠨ ᠰᠤᠷᠤᠭᠴᠢᠳ ᠨᠢᠭᠡᠨᠳᠡ ᠭᠠᠵᠠᠷ ᠵᠦᠢ ᠶᠢᠨ ᠲᠠᠯ᠎ᠠ ᠪᠠᠷ ᠵᠤᠬᠢᠬᠤ ᠰᠠᠭᠤᠷᠢ ᠲᠠᠢ ᠪᠤᠯᠤᠭᠰᠠᠨ ᠪᠠᠶᠢᠨ᠎ᠠ᠂ ᠭᠡᠪᠡᠴᠦ ᠮᠡᠳᠡᠯᠭᠡ ᠶᠢᠨ ᠴᠡᠭ ᠨᠢ ᠰᠠᠯᠤᠩᠬᠢ ᠳᠤᠰᠭᠠᠷ ᠵᠤᠷᠪᠤᠰᠯᠢᠭ ᠬᠡᠯᠪᠡᠷᠢ ᠶᠢᠨ ᠪᠠᠶᠢᠳᠡᠯ ᠳᠤ ᠤᠷᠤᠰᠢᠵᠦ ᠬᠠᠷᠠᠬᠠᠨ ᠮᠡᠳᠡᠯᠭᠡ ᠶᠢᠨ ᠴᠡᠭ ᠦᠨ ᠰᠢᠰᠲ᠋ᠧᠮ ᠬᠡᠯᠬᠢᠶ᠎ᠡ ᠪᠦᠷᠢᠯᠳᠦᠵᠦ ᠲᠡᠶᠢᠯᠦᠭᠡ ᠦᠬᠡᠢ ᠪᠠᠶᠢᠭᠰᠠᠭᠠᠷ ᠪᠠᠶᠢᠵᠦ ᠪᠤᠳᠠᠳᠤ ᠠᠰᠠᠭᠤᠳᠡᠯ ᠢ ᠪᠦᠬᠦ ᠲᠠᠯ᠎ᠠ ᠠᠴᠠ ᠪᠦᠷᠢᠨ ᠭᠦᠢᠴᠡᠳ ᠵᠠᠳᠠᠯᠵᠦ ᠴᠢᠳᠠᠬᠤ ᠦᠬᠡᠢ ᠪᠠᠶᠢᠳᠠᠭ᠃ ᠳᠡᠭᠡᠳᠤ ᠭᠤᠷᠪᠠᠳᠤᠭᠠᠷ ᠣᠨ ᠤ ᠳᠠᠪᠳᠠᠯᠭ᠎ᠠ ᠶᠢᠨ ᠱᠠᠳᠤ ᠦᠶ᠎ᠡ ᠳᠦ ᠵᠢᠭᠠᠬᠤ ᠠᠭᠤᠯᠭ᠎ᠠ ᠶᠢᠨ ᠪᠦᠳᠦᠴᠡ ᠶᠢ ᠠᠮᠢᠳᠤᠯᠢᠭ ᠢᠶᠡᠷ ᠳᠤᠬᠢᠷᠠᠭᠤᠯᠤᠨ ᠤᠷᠭᠠᠨᠢᠭ ᠢᠶᠠᠷ ᠨᠢᠭᠡᠳᠭᠡᠵᠦ᠂ ᠨᠢᠭᠡᠨ ᠪᠦᠷᠢᠨ ᠪᠦᠳᠦᠨ ᠮᠡᠳᠡᠯᠭᠡ ᠶᠢᠨ ᠴᠡᠭ ᠦᠨ ᠰᠢᠰᠲ᠋ᠧᠮ ᠪᠤᠯᠭᠠᠵᠦ ᠪᠦᠷᠢᠯᠳᠦᠭᠦᠯᠬᠦ ᠨᠢ ᠶᠠᠮᠠᠷ ᠨᠢᠭᠡᠨ ᠭᠠᠵᠠᠷ ᠵᠦᠢ ᠶᠢᠨ ᠪᠤᠳᠠᠳᠤ ᠠᠰᠠᠭᠤᠳᠡᠯ ᠢ ᠪᠦᠬᠦ ᠲᠠᠯ᠎ᠠ ᠪᠠᠷ ᠵᠠᠳᠡᠯᠨ ᠭᠦᠢᠴᠡᠳ ᠰᠢᠢᠳᠪᠦᠷᠢᠯᠡᠬᠦ ᠳᠦ ᠲᠦᠢᠯ ᠦᠨ ᠴᠢᠬᠤᠯᠠ ᠠᠴᠢ ᠬᠤᠯᠪᠣᠭᠳᠠᠯ ᠲᠠᠢ ᠪᠠᠶᠢᠳᠠᠭ᠃ ᠭᠠᠵᠠᠷ ᠵᠦᠢ ᠶᠢᠨ ᠬᠢᠴᠢᠶᠡᠯ ᠲᠦᠷᠦᠯ ᠤᠨ ᠤᠨᠴᠠᠯᠢᠭ ᠰᠢᠨᠵᠢ ᠵᠢᠴᠢ ᠤᠯᠤᠰ ᠤᠨ ᠰᠢᠯᠭᠠᠯᠳᠠ ᠶᠢᠨ ᠤᠨᠴᠠᠯᠢᠭ᠂ ᠬᠡᠯᠪᠡᠷᠢ ᠮᠠᠶ᠋ᠢᠭ ᠠᠴᠠ ᠠᠪᠴᠦ ᠦᠵᠡᠬᠦ ᠳᠦ ᠶᠡᠷᠤ ᠳᠤ ᠪᠠᠨ ᠪᠦᠬᠦᠯᠢ ᠴᠤᠭᠴᠠᠳᠤ ᠴᠢᠨᠠᠷ ᠠᠴᠠ ᠭᠠᠷᠳᠠᠵᠦ᠂ ᠭᠠᠵᠠᠷ ᠵᠦᠢ ᠶᠢᠨ ᠬᠡᠷᠡᠭ ᠪᠤᠳᠠᠰ ᠦᠵᠡᠭᠳᠡᠯ ᠪᠤᠶᠤ ᠠᠰᠠᠭᠤᠳᠡᠯ ᠤᠨ ᠬᠠᠷᠢᠴᠠᠭ᠎ᠠ ᠬᠤᠯᠪᠤᠭᠠᠳᠤ ᠴᠢᠨᠠᠷ ᠢ ᠴᠢᠬᠤᠯᠴᠢᠯᠡᠨ ᠰᠤᠳᠤᠯᠵᠦ᠂ ᠡᠭᠦᠨ ‍ᠣ ᠡᠴᠦᠰ ᠲᠦ ᠠᠰᠠᠭᠤᠳᠡᠯ ᠳᠤ ᠴᠢᠭᠯᠡᠭᠦᠯᠦᠨ ᠦᠷᠭᠦᠯᠵᠢᠯᠡᠬᠦᠶᠢᠴᠡ ᠬᠦᠭᠵᠢᠯᠳᠡ ᠶᠢᠨ ᠠᠷᠭ᠎ᠠ ᠵᠠᠮ ᠢ ᠡᠷᠢᠨ ᠭᠠᠷᠭᠠᠳᠠᠭ᠃ ᠵᠢᠱᠢᠶᠡᠯᠡᠪᠡᠯ ᠶᠠᠮᠠᠷ ᠨᠢᠭᠡᠨ ᠭᠠᠵᠠᠷ ᠤᠷᠤᠨ ‍ᠣ ᠤᠰᠤ ᠬᠦᠷᠦᠰᠦᠨ ‍ᠣ ᠠᠰᠠᠭᠤᠳᠡᠯ ᠢ ᠵᠠᠳᠠᠯᠬᠤ ᠳᠤ ᠳᠤᠰ ᠭᠠᠵᠠᠷ ᠤᠷᠤᠨ ᠤ ᠭᠠᠵᠠᠷ ᠤᠨ ᠭᠠᠳᠠᠷᠭᠤ᠂ ᠠᠭᠤᠷ ᠠᠮᠢᠰᠬᠤᠯ᠂ ᠤᠷᠭᠤᠮᠡᠯ ᠬᠤᠴᠢᠯᠭ᠎ᠠ᠂ ᠬᠦᠷᠦᠰᠤ ᠪᠠ ᠬᠦᠮᠤᠨ ᠳᠦᠷᠦᠯᠬᠢᠳᠡᠨ ‍ᠣ ᠠᠵᠢᠯᠯᠠᠭ᠎ᠠ ᠵᠡᠷᠭᠡ ᠡᠯ᠎ᠡ ᠬᠦᠴᠦᠨ ᠵᠦᠢᠯ ᠡᠴᠡ ᠲᠡᠭᠦᠨ ‍ᠣ ᠡᠭᠦᠰᠦᠭᠰᠡᠨ ᠰᠢᠯᠳᠠᠭᠠᠨ ᠵᠢᠴᠢ ᠦᠵᠡᠭᠦᠯᠬᠦ ᠨᠦᠯᠦᠭᠡ ᠶᠢ ᠵᠠᠳᠠᠯᠤᠨ ᠭᠠᠷᠭᠠᠬᠤ ᠶᠢᠨ ᠬᠠᠮᠳᠤ ᠬᠠᠷᠢᠭᠤᠴᠠᠬᠤ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠳᠠᠭ᠃ ᠭᠡᠬᠦ ᠳᠡᠬᠡᠨ ᠳᠤᠰ ᠠᠰᠠᠭᠤᠳᠡᠯ ᠢ ᠵᠠᠳᠠᠯᠬᠤ ᠳᠤ ᠰᠤᠷᠤᠭᠴᠢᠳ ᠵᠠᠪᠡᠯ ᠭᠠᠵᠠᠷ ᠤᠨ ᠭᠠᠳᠠᠷᠭᠤ᠂ ᠠᠭᠤᠷ ᠠᠮᠢᠰᠬᠤᠯ᠂ ᠬᠦᠷᠦᠰᠤ᠂ ᠤᠷᠭᠤᠮᠡᠯ ᠬᠤᠴᠢᠯᠭ᠎ᠠ ᠪᠠ ᠬᠦᠮᠤᠨ ᠲᠦᠷᠦᠯᠬᠢᠳᠡᠨ ‍ᠣ ᠵᠦᠢ ᠵᠤᠬᠢᠰ ᠦᠬᠡᠢ ᠡᠯ᠎ᠡ ᠵᠦᠢᠯ ᠦᠨ ᠠᠵᠢᠯᠯᠠᠭ᠎ᠠ ᠶᠢᠨ ᠳᠤᠬᠠᠢ ᠮᠡᠳᠡᠯᠭᠡ ᠶᠢᠨ ᠴᠡᠭ  ᠢ ᠪᠠᠳᠤᠲᠠᠢ ᠡᠵᠡᠮᠰᠢᠵᠦ ᠴᠢᠳᠠᠭᠰᠠᠨ ᠪᠦᠭᠡᠳ ᠡᠯ᠎ᠡ ᠮᠡᠳᠡᠯᠭᠡ ᠶᠢᠨ ᠴᠡᠭ ᠦᠨ ᠬᠠᠷᠢᠴᠠᠭ᠎ᠠ ᠬᠤᠯᠪᠤᠭ᠎ᠠ ᠶᠢ ᠰᠠᠶᠢᠳᠤᠷ ᠰᠢᠢᠳᠪᠦᠷᠢᠯᠡᠵᠦ ᠲᠡᠶᠢᠯᠦᠭᠰᠡᠨ ᠪᠦᠷᠢᠨ ᠪᠦᠳᠦᠨ ᠮᠡᠳᠡᠯᠭᠡ ᠶᠢᠨ ᠴᠡᠭ ᠦᠨ ᠪᠦᠳᠦᠴᠡ ᠰᠢᠰᠲ᠋ᠧᠮ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠂ ᠡᠶᠢᠮᠤᠷᠭᠦᠤ ᠪᠦᠷᠢᠨ ᠪᠦᠳᠦᠨ ᠮᠡᠳᠡᠯᠭᠡ ᠶᠢᠨ ᠴᠡᠭ ᠦᠨ ᠰᠢᠰᠲ᠋ᠧᠮ ᠪᠠᠶᠢᠮᠠᠨᠵᠢᠨ ᠰᠠᠶ᠋ᠢ ᠤᠰᠤ ᠬᠦᠷᠦᠰᠦᠨ ‍ᠣ ᠤᠷᠤᠰᠬᠠᠭᠳᠠᠯ ᠤᠨ ᠠᠰᠠᠭᠤᠳᠡᠯ ᠢ ᠪᠦᠬᠦ ᠲᠠᠯ᠎ᠠ ᠠᠴᠠ ᠪᠦᠷᠢᠨ ᠭᠦᠢᠴᠡᠳ ᠵᠠᠳᠠᠯᠵᠦ ᠴᠢᠳᠠᠬᠤ ᠶᠢᠨ ᠬᠠᠮᠳᠤ ᠬᠠᠷᠢᠭᠤᠴᠠᠬᠤ ᠠᠷᠭ᠎ᠠ ᠬᠡᠮᠵᠢᠶ᠎ᠡ ᠶᠢ ᠵᠢᠭᠠᠨ ᠭᠠᠷᠭᠠᠵᠦ ᠴᠢᠳᠠᠨ᠎ᠠ᠃ ᠳᠡᠭᠡᠪᠡᠯ ᠬᠡᠷᠬᠢᠨ ᠪᠦᠷᠢᠨ ᠪᠦᠳᠦᠨ ᠮᠡᠳᠡᠯᠭᠡ ᠶᠢᠨ ᠴᠡᠭ ᠦᠨ ᠰᠢᠰᠲ᠋ᠧᠮ ᠶᠢ ᠪᠦᠷᠢᠯᠳᠦᠭᠦᠯᠵᠦ ᠴᠢᠳᠠᠬᠤ ᠪᠤᠢ︖ ᠡᠩ ᠲᠠᠷᠢᠭᠦᠨ ᠳᠤ ᠬᠢᠴᠢᠶᠡᠯ ᠦᠨ ᠠᠭᠤᠯᠭ᠎ᠠ ᠪᠠ ᠪᠦᠬᠦᠶᠢᠯᠡ ᠳᠠᠪᠳᠠᠯᠭ᠎ᠠ ᠶᠢᠨ ᠠᠭᠤᠯᠭ᠎ᠠ ᠳᠤ ᠠᠮᠢᠳᠤᠯᠢᠭ ᠪᠦᠳᠦᠭᠡᠯᠴᠢ ᠨᠠᠷᠢᠯᠢᠭ ᠳᠤᠬᠢᠷᠠᠭᠤᠯᠭ᠎ᠠ ᠬᠢᠨ᠎ᠡ᠃ ᠰᠤᠷᠤᠭᠴᠢ ᠶᠢᠨ ᠰᠤᠷᠤᠯᠴᠠᠯᠭ᠎ᠠ ᠶᠢᠨ ᠪᠤᠳᠠᠳᠤ ᠪᠠᠶᠢᠳᠡᠯ ᠵᠢᠴᠢ ᠪᠠᠭᠰᠢ ᠶᠢᠨ ᠵᠢᠭᠠᠨ ᠰᠤᠷᠭᠠᠯᠳᠠ ᠶᠢᠨ ᠤᠨᠴᠠᠯᠢᠭ ᠪᠠ ᠠᠬᠢᠴᠠ ᠪᠠᠨ ᠦᠨᠳᠤᠰᠤᠯᠡᠵᠦ᠂ ᠬᠢᠴᠢᠶᠡᠯ ᠦᠨ ᠨᠤᠮ ᠤᠨ ᠠᠭᠤᠯᠭ᠎ᠠ ᠳᠤ ᠳᠤᠬᠢᠷᠠᠭᠤᠯᠤᠯᠳᠠ ᠬᠢᠬᠦ ᠪᠠ ᠵᠤᠬᠢᠬᠤ ᠮᠡᠳᠡᠯᠭᠡ ᠶᠢᠨ ᠴᠡᠭ ᠲᠦ ᠦᠷᠭᠡᠳᠭᠡᠯ ᠬᠢᠵᠦ ᠨᠡᠮᠡᠵᠦ ᠤᠷᠤᠭᠤᠯᠤᠨ᠎ᠠ᠃ ᠪᠤᠳᠠᠳᠠᠢ ᠵᠢᠱᠢᠶᠡᠯᠡᠪᠡᠯ᠂ ᠬᠦᠮᠦᠨᠯᠢᠭ ᠭᠠᠵᠠᠷ ᠵᠦᠢ ᠶᠢᠨ ᠠᠭᠤᠯᠭ᠎ᠠ ︽ ᠬᠤᠶᠠᠳᠤᠭᠠᠷ ᠪᠦᠯᠦᠭ᠂ ᠬᠤᠳᠠ ᠪᠠ ᠬᠤᠳᠠᠴᠢᠯᠠᠯᠳᠠ︾᠂ ︽ ᠲᠦᠷᠪᠡᠳᠤᠭᠡᠷ ᠪᠦᠯᠦᠭ᠂ ᠠᠵᠦ ᠦᠢᠯᠡᠳᠪᠦᠷᠢ ᠶᠢᠨ ᠭᠠᠵᠠᠷ ᠤᠷᠤᠨ ᠤ ᠪᠤᠢ ᠪᠤᠯᠬᠤ ᠬᠢᠭᠡᠳ ᠬᠦᠭᠵᠢᠯᠳᠡ︾ ᠶᠢᠨ ᠠᠭᠤᠯᠭ᠎ᠠ ᠪᠠ ᠤᠷᠤᠨ ᠬᠡᠪᠴᠢᠶᠡᠨ ‍ᠣ ᠭᠠᠵᠠᠷ ᠵᠦᠢ ᠶᠢᠨ︽4.2 ᠤᠷᠤᠨ ᠬᠡᠪᠴᠢᠶᠡᠨ ‍ᠣ ᠠᠵᠦ ᠦᠢᠯᠡᠳᠪᠦᠷᠢᠵᠢᠯᠳᠡ ᠪᠠ ᠬᠤᠳᠠᠴᠢᠯᠠᠯᠳᠠ᠎᠎᠎—— ᠮᠠᠨ ‍ᠣ ᠤᠯᠤᠰ ᠤᠨ ᠵᠦᠵᠢᠶᠠᠩ ᠮᠦᠷᠡᠨ ‍ᠣ ᠭᠤᠷᠪᠡᠯᠵᠢᠨ ᠬᠤᠶᠢᠭ ᠤᠨ ᠤᠷᠤᠨ ᠢᠶᠠᠷ ᠵᠢᠱᠢᠶᠡᠯᠡᠬᠦ ᠨᠢ︾᠂ ︽5.2 ᠠᠵᠦ ᠦᠢᠯᠡᠰ ᠦᠨ ᠰᠢᠯᠵᠢᠯᠳᠡ—— ᠵᠡᠭᠦᠨ ᠠᠽᠢᠶ᠎ᠠ ᠢᠶᠡᠷ ᠵᠢᠱᠢᠶᠡᠯᠡᠬᠦ ᠨᠢ︾ ᠠᠭᠤᠯᠭ᠎ᠠ ᠶᠢ ᠨᠢᠭᠡ ᠶᠡᠬᠡ ᠮᠡᠳᠡᠯᠭᠡ ᠶᠢᠨ ᠰᠢᠰᠲ᠋ᠧᠮ ᠪᠤᠯᠭᠠᠨ᠂ ᠬᠤᠳᠠᠴᠢᠯᠠᠯᠳᠠ᠂ ᠠᠵᠦ ᠦᠢᠯᠡᠳᠪᠦᠷᠢᠵᠢᠯᠳᠡ ᠪᠠ ᠠᠵᠦ ᠠᠬᠤᠢ ᠶᠢᠨ ᠬᠠᠷᠢᠴᠠᠭ᠎ᠠ ᠶᠢ ᠳᠤᠰᠬᠠᠵᠦ᠂ ᠮᠡᠳᠡᠯᠭᠡ ᠶᠢᠨ ᠴᠡᠭ ᠦᠨ ᠰᠢᠰᠲ᠋ᠧᠮ ᠢ ᠪᠦᠷᠢᠯᠳᠦᠭᠦᠯᠬᠦ ᠶᠢᠨ ᠤᠯᠠᠮ ᠠᠴᠠ ᠪᠤᠳᠠᠳᠤ ᠠᠰᠠᠭᠤᠳᠡᠯ ᠢ ᠵᠠᠳᠠᠯᠤᠨ ᠰᠢᠢᠳᠪᠦᠷᠢᠯᠡᠬᠦ ᠯᠤᠭᠢᠭ ᠰᠡᠳᠭᠢᠭᠦᠢ ᠶᠢ ᠬᠦᠮᠤᠵᠢᠭᠦᠯᠦᠨ᠎ᠡ᠃ ᠵᠠᠷᠢᠮ ᠬᠢᠴᠢᠶᠡᠯ ᠦᠨ ᠨᠤᠮ ᠳᠤ ᠦᠬᠡᠢ ᠪᠤᠶᠤ ᠳᠦᠭᠦᠮ ᠳᠠᠨᠢᠯᠴᠠᠭᠤᠯᠤᠭᠰᠠᠨ ᠠᠭᠤᠯᠭ᠎ᠠ ᠳᠤ ᠬᠢᠴᠢᠶᠡᠯ ᠦᠨ ᠪᠠᠷᠢᠮᠵᠢᠶ᠎ᠠ ᠰᠢᠯᠭᠠᠯᠳᠠ ᠶᠢᠨ ᠫᠷᠦᠭᠷᠡᠮ ᠢ ᠦᠨᠳᠤᠰᠤᠯᠡᠨ ᠦᠷᠭᠡᠳᠭᠡᠯ ᠬᠢᠵᠦ ᠨᠡᠮᠡᠵᠦ ᠲᠠᠶᠢᠯᠪᠦᠷᠢᠯᠠᠨ᠎ᠠ᠃ ᠬᠤᠶᠠᠷ ᠲᠤ᠂ ᠪᠤᠳᠠᠳᠤ ᠵᠢᠱᠢᠶ᠎ᠡ ᠰᠡᠳᠤᠪ ᠢ ᠵᠠᠳᠠᠯᠬᠤ ᠪᠠᠷ ᠳᠠᠮᠵᠢᠭᠤᠯᠵᠦ᠂ ᠮᠡᠳᠡᠯᠭᠡ ᠶᠢᠨ ᠴᠡᠭ ᠤᠨ ᠰᠢᠰᠲ᠋ᠧᠮ ᠦᠨ ᠴᠢᠬᠤᠯᠠ ᠴᠢᠨᠠᠷ ᠪᠠ ᠪᠤᠢ ᠪᠤᠯᠭᠠᠬᠤ ᠠᠷᠭ᠎ᠠ ᠶᠢ ᠬᠦᠮᠦᠵᠢᠭᠦᠯᠦᠨ᠎ᠡ᠃
ᠭᠤᠷᠪᠠ᠂ ᠳᠡᠰ ᠳᠠᠪᠬᠤᠷᠭᠠᠳᠤ ᠴᠢᠨᠠᠷ ᠲᠠᠢ ᠳᠠᠪᠳᠠᠯᠭ᠎ᠠ ᠶᠢᠨ ᠡᠭᠡᠯᠵᠢ ᠳᠤᠭᠳᠠᠭᠠᠬᠤ᠃
ᠶᠡᠷᠤᠩᠬᠡᠢ ᠳᠠᠪᠳᠠᠯᠭ᠎ᠠ ᠬᠢᠬᠦ ᠳᠡᠬᠡᠨ ᠰᠤᠷᠤᠭᠴᠢᠳ ᠤᠨ ᠳᠠᠪᠰᠢᠯᠳᠡ᠂ ᠮᠡᠳᠡᠯᠭᠡ ᠴᠢᠳᠠᠪᠦᠷᠢ ᠶᠢᠨ ᠭᠦᠨᠵᠡᠭᠡᠶᠢᠷᠡᠭᠦᠯᠦᠯᠳᠡ ᠶᠢ ᠠᠩᠬᠠᠷᠴᠦ᠂ ᠳᠡᠰ ᠳᠠᠪᠬᠤᠷᠭᠠᠳᠤ ᠴᠢᠨᠠᠷ ᠲᠠᠢ ᠳᠠᠪᠳᠠᠯᠭ᠎ᠠ ᠶᠢᠨ ᠡᠭᠡᠯᠵᠢ ᠳᠤᠭᠳᠠᠭᠠᠬᠤ ᠴᠢᠬᠤᠯᠠᠲᠠᠢ᠃ ᠡᠭᠡᠯᠵᠢ ᠳᠤᠭᠳᠠᠭᠠᠬᠤ ᠳᠠᠭᠠᠨ ᠵᠠᠪᠡᠯ ᠪᠤᠳᠠᠳᠤ ᠪᠠᠶᠢᠳᠡᠯ ᠠᠴᠠ ᠪᠠᠨ ᠭᠠᠷᠳᠠᠵᠦ᠂ ᠰᠤᠷᠤᠭᠴᠢᠳ ᠤᠨ ᠤᠨᠴᠠᠯᠢᠭ ᠲᠤ ᠲᠤᠬᠢᠷᠠᠭᠰᠠᠨ ᠮᠦᠷᠳᠡᠭᠡᠨ ᠪᠦᠷᠢᠨ ᠰᠢᠰᠲ᠋ᠧᠮ ᠲᠠᠢ ᠴᠢᠨᠠᠷᠯᠢᠭ ᠪᠠᠶᠢᠬᠤ ᠬᠡᠷᠡᠭᠲᠡᠢ ᠂ ᠬᠠᠷᠢᠨ ᠡᠭᠡᠯᠵᠢ ᠶᠢᠨ ᠤᠳᠠᠭ᠎ᠠ ᠬᠡᠳᠤᠢ ᠤᠯᠠᠨ ᠪᠤᠯ ᠲᠡᠳᠤᠢ ᠰᠠᠶᠢᠨ᠂ ᠲᠡᠳᠤᠢ ᠤᠳᠠᠭ᠎ᠠ ᠳᠠᠪᠳᠠᠵᠦ ᠲᠡᠶᠢᠯᠦᠭᠰᠡᠨ ᠭᠡᠰᠡᠨ ᠪᠢᠰᠢ᠂ ᠮᠦᠨ ᠤᠯᠠᠨ ᠡᠭᠡᠯᠵᠢ ᠳᠠᠪᠳᠠᠬᠤ ᠨᠢ ᠨᠡᠩ ᠭᠦᠨᠵᠡᠭᠡᠢ ᠳᠠᠪᠳᠠᠭᠰᠠᠨ ᠢ ᠬᠠᠷᠠᠭᠤᠯᠵᠦ ᠪᠠᠶᠢᠨ᠎ᠠ ᠭᠡᠰᠡᠨ ᠶᠠᠪᠤᠳᠡᠯ ᠪᠢᠰᠢ᠃ ᠴᠢᠨᠠᠷᠯᠢᠭ ᠳᠠᠪᠳᠠᠯᠭ᠎ᠠ ᠶᠢᠨ ᠡᠭᠡᠯᠵᠢ ᠶᠢᠨ ᠬᠤᠪᠢ ᠳᠤ ᠡᠷᠭᠡᠪᠰᠢ ᠨᠠᠷᠢᠨ ᠳᠤᠳᠤᠷᠬᠠᠢ ᠲᠦᠯᠦᠪᠯᠡᠭᠡ᠂ ᠪᠠᠶᠢᠴᠠᠭᠠᠯᠳᠠ ᠦᠨᠡᠯᠡᠯᠳᠡ ᠵᠢᠴᠢ ᠰᠢᠢᠳᠪᠦᠷᠢᠯᠡᠬᠦ ᠠᠷᠭ᠎ᠠ ᠬᠡᠮᠵᠢᠶ᠎ᠡ ᠳᠤᠭᠳᠠᠭᠠᠬᠤ ᠬᠡᠷᠡᠭᠲᠡᠢ᠃ ᠡᠭᠡᠯᠵᠢ ᠪᠦᠷᠢ ᠶᠢᠨ ᠳᠠᠪᠳᠠᠯᠭ᠎ᠠ ᠠᠴᠠ ᠡᠮᠤᠨ᠎ᠡ ᠨᠠᠷᠢᠨ ᠳᠤᠳᠤᠷᠬᠠᠢ ᠲᠦᠯᠦᠪᠯᠡᠭᠡ ᠲᠤᠭᠳᠠᠭᠠᠵᠣ᠂ ᠳᠠᠪᠳᠡᠯᠭ᠎ᠠ ᠶᠢᠨ ᠠᠬᠢᠴᠠ᠂ ᠠᠭᠤᠯᠭ᠎ᠠ ᠪᠠ ᠵᠢᠭᠠᠬᠤ ᠠᠷᠭ᠎ᠠ᠂ ᠰᠤᠷᠤᠯᠴᠠᠬᠤ ᠠᠷᠭ᠎ᠠ ᠵᠢᠴᠢ ᠶᠡᠷᠤᠩᠬᠡᠢ ᠳᠠᠪᠳᠠᠯᠭ᠎ᠠ ᠶᠢᠨ ᠮᠠᠲ᠋ᠧᠷᠢᠶᠠᠯ ᠢᠶᠠᠨ ᠳᠤᠬᠢᠷᠠᠭᠤᠯᠬᠤ ᠶᠢᠨ ᠬᠠᠮᠳᠤ ᠳᠤᠰ ᠡᠭᠡᠯᠵᠢ ᠶᠢᠨ ᠭᠣᠣᠯ ᠬᠠᠷᠡᠯᠳᠡ ᠪᠠᠨ ᠳᠤᠭᠳᠠᠭᠠᠨ᠎ᠠ᠃ ᠳᠠᠪᠳᠠᠯᠭ᠎ᠠ ᠬᠢᠬᠦ ᠶᠠᠪᠤᠴᠠ ᠳᠤᠮᠳᠠ ᠪᠠᠶᠢᠴᠠᠭᠠᠯᠳᠠ ᠬᠢᠵᠦ ᠰᠤᠷᠤᠭᠴᠢᠳ ᠤᠨ ᠤᠷᠤᠰᠢᠵᠦ ᠪᠠᠶᠢᠭ᠎ᠠ ᠠᠰᠠᠭᠤᠳᠡᠯ ᠢ ᠢᠯᠡᠷᠡᠭᠦᠯᠦᠨ ᠴᠠᠭ ᠳᠤᠬᠠᠢ ᠳ᠋ᠤᠨᠢ ᠦᠨᠡᠯᠡᠯᠳᠡ ᠬᠢᠬᠦ ᠶᠢᠨ ᠳᠠᠭᠠᠤ ᠵᠢᠭᠠᠨ ᠰᠤᠷᠭᠠᠯᠳᠠ ᠶᠢᠨ ᠠᠪᠬᠤ ᠠᠷᠭ᠎ᠠ ᠠᠪᠴᠡᠯ ᠳᠠᠭᠠᠨ ᠳᠤᠬᠢᠷᠠᠭᠤᠯᠤᠯᠳᠠ ᠬᠢᠵᠦ ᠰᠤᠷᠤᠭᠴᠢᠳ  ᠤᠨ ᠬᠦᠷᠦᠯᠴᠡᠬᠦ ᠦᠬᠡᠢ ᠪᠠᠶᠢᠬᠤ ᠲᠠᠯ᠎ᠠ ᠳ᠋ᠤᠨᠢ ᠳᠤᠰᠬᠠᠢ ᠵᠢᠯᠤᠭᠤᠳᠤᠯᠭ᠎ᠠ ᠬᠢᠨ᠎ᠡ᠃ ᠪᠠᠶᠢᠴᠠᠭᠠᠯᠳᠠ ᠶᠢᠨ ᠠᠷᠭ᠎ᠠ ᠮᠠᠶ᠋ᠢᠭ ᠤᠨ ᠲᠠᠯ᠎ᠠ ᠪᠠᠷ ᠰᠤᠷᠢᠯᠳᠡ ᠰᠢᠯᠭᠠᠯᠳᠠ ᠶᠢᠨ ᠰᠡᠳᠤᠪ ᠢᠶᠠᠷ ᠪᠠᠶᠢᠴᠠᠭᠠᠬᠤ ᠠᠴᠠ ᠭᠠᠳᠠᠨ᠎ᠠ ᠪᠠᠰᠠ ᠤᠨᠴᠠᠭᠠᠢ ᠬᠠᠨᠳᠤᠯᠭᠠᠳᠤ ᠳᠠᠰᠬᠠᠯ ᠪᠤᠯᠪᠠᠰᠤᠷᠡᠯ ᠢᠶᠠᠷ ᠪᠠᠶᠢᠴᠠᠭᠠᠬᠤ ᠠᠷᠭ᠎ᠠ ᠬᠡᠮᠵᠢᠶ᠎ᠡ ᠠᠪᠬᠤ᠃ ᠪᠦᠷᠢᠨ ᠨᠢᠭᠡ ᠡᠭᠡᠯᠵᠢ ᠶᠢᠨ ᠳᠠᠪᠳᠠᠯᠭ᠎ᠠ ᠳᠠᠭᠤᠰᠤᠭᠰᠠᠨ ᠤ ᠳᠠᠷᠠᠭ᠎ᠠ ᠲᠦᠯᠦᠪᠯᠡᠭᠰᠡᠨ ᠲᠦᠯᠦᠪᠯᠡᠭᠡ ᠵᠢᠴᠢ ᠳᠤᠭᠳᠠᠭᠠᠭᠰᠠᠨ ᠬᠠᠷᠡᠯᠳᠡ ᠵᠣᠷᠢᠯᠭ᠎ᠠ ᠪᠡᠨ ᠦᠨᠳᠤᠰᠤᠯᠡᠨ ᠪᠤᠳᠠᠶᠢᠴᠢᠯᠡᠨ ᠰᠡᠳᠤᠪ ᠳᠤᠬᠢᠷᠠᠭᠤᠯᠵᠦ ᠰᠢᠯᠭᠠᠨ ᠪᠠᠶᠢᠴᠠᠭᠠᠯᠳᠠ ᠬᠢᠵᠦ᠂ ᠰᠢᠯᠭᠠᠯᠳᠠ ᠳᠤ ᠴᠢᠨᠠᠷᠯᠢᠭ ᠵᠠᠳᠠᠯᠤᠯᠳᠠ ᠬᠢᠵᠦ ᠤᠷᠤᠰᠢᠵᠦ ᠪᠠᠶᠢᠭ᠎ᠠ ᠠᠰᠠᠭᠤᠳᠡᠯ ᠪᠠ ᠬᠦᠷᠦᠯᠴᠡᠬᠦ ᠦᠬᠡᠢ ᠲᠠᠯ᠎ᠠ ᠶᠢ ᠡᠷᠢᠨ ᠭᠠᠷᠭᠠᠵᠦ᠂ ᠳᠠᠷᠠᠭᠠᠴᠢ ᠶᠢᠨ ᠡᠭᠡᠯᠵᠢ ᠶᠢᠨ ᠳᠠᠪᠳᠠᠯᠭ᠎ᠠ ᠳᠠᠭᠠᠨ ᠨᠦᠬᠦᠪᠦᠷᠢᠯᠡᠬᠦ ᠪᠤᠶᠤ ᠰᠢᠢᠳᠪᠦᠷᠢᠯᠡᠨ᠎ᠡ᠃
ᠳᠠᠪᠳᠠᠯᠭ᠎ᠠ ᠶᠢᠨ ᠡᠭᠡᠯᠵᠢ ᠶᠢᠨ ᠲᠠᠯ᠎ᠠ ᠪᠠᠷ ᠶᠡᠷᠤ ᠳᠤ ᠪᠠᠨ ᠬᠤᠶᠠᠷ ᠠᠴᠠ ᠭᠤᠷᠪᠠ ᠤᠳᠠᠭᠠᠨ ᠤ ᠡᠭᠡᠯᠵᠢ ᠳᠤᠬᠢᠷᠠᠭᠤᠯᠳᠠᠭ᠃ ᠨᠢᠭᠡᠳᠤᠭᠡᠷ ᠡᠭᠡᠯᠵᠢ ᠶᠢᠨ ᠳᠠᠪᠳᠠᠯᠭ᠎ᠠ ᠶᠢᠨ ᠱᠠᠭᠠᠷᠳᠠᠯᠭ᠎ᠠ ᠳᠤ ᠭᠤᠤᠯᠳᠠᠭᠤ ᠦᠨᠳᠤᠰᠤᠨ ᠮᠡᠳᠡᠯᠭᠡ ᠶᠢᠨ ᠴᠡᠭ᠂ ᠤᠨᠤᠯ ᠤᠨ ᠠᠭᠤᠯᠭ᠎ᠠ ᠶᠢ ᠨᠠᠷᠢᠯᠢᠭ ᠳᠤᠳᠤᠷᠬᠠᠢ ᠳᠠᠪᠳᠠᠬᠤ ᠶᠢ ᠴᠢᠬᠤᠯᠴᠢᠯᠠᠵᠦ᠂ ᠮᠡᠳᠡᠯᠭᠡ ᠶᠢᠨ ᠴᠡᠭ ᠦᠨ ᠰᠢᠰᠲ᠋ᠧᠮ ᠢ ᠪᠦᠷᠢᠯᠳᠦᠭᠦᠯᠭᠦ᠂ ᠡᠯ᠎ᠠ ᠮᠡᠳᠡᠯᠭᠡ ᠶᠢᠨ ᠴᠡᠭ ᠦᠨ ᠬᠠᠷᠢᠴᠠᠭ᠎ᠠ ᠬᠤᠯᠪᠤᠭ᠎ᠠ ᠶᠢ ᠰᠢᠢᠳᠪᠦᠷᠢᠯᠡᠬᠦ᠃ ᠬᠤᠶᠠᠳᠤᠭᠠᠷ ᠡᠭᠡᠯᠵᠢ ᠶᠢᠨ ᠳᠠᠪᠳᠠᠯᠭ᠎ᠠ ᠳᠤ᠂ ᠰᠡᠳᠤᠪ ᠬᠢᠬᠦ ᠪᠤᠯᠪᠠᠰᠤᠷᠡᠯ ᠢ ᠴᠢᠩᠭᠠᠳᠬᠠᠵᠦ᠂ ᠰᠤᠷᠤᠭᠰᠠᠨ ᠮᠡᠳᠡᠯᠭᠡ ᠶᠢᠨ ᠴᠡᠭ ᠢᠶᠡᠨ ᠪᠤᠳᠠᠳᠠᠢ ᠳᠤ ᠤᠯᠠᠷᠢᠯᠠᠭᠤᠯᠤᠨ ᠬᠡᠷᠡᠭᠯᠡᠵᠦ ᠴᠢᠳᠠᠬᠤ ᠴᠢᠳᠠᠪᠦᠷᠢ ᠵᠢᠴᠢ ᠠᠰᠠᠭᠤᠯᠳᠠ ᠵᠠᠳᠠᠯᠬᠤ᠂ ᠵᠢᠷᠤᠭ ᠮᠠᠲ᠋ᠧᠷᠢᠶᠠᠯ ᠵᠠᠳᠠᠯᠬᠤ ᠴᠢᠳᠠᠪᠦᠷᠢ ᠶᠢ ᠴᠢᠬᠤᠯᠠᠴᠢᠯᠠᠨ᠎ᠠ᠂ ᠳᠠᠷᠤᠢ ᠤᠨᠤᠯ ᠠᠴᠠ ᠦᠢᠯᠡᠳᠤᠯᠭᠡ ᠲᠠᠶᠢᠰᠢ ᠰᠢᠯᠵᠢᠨ᠎ᠡ᠂ ᠳᠤᠰ ᠡᠭᠡᠯᠵᠢ ᠶᠢᠨ ᠳᠠᠪᠳᠠᠯᠭ᠎ᠠ ᠪᠤᠯ ᠶᠡᠷᠤᠩᠬᠡᠢ ᠳᠠᠪᠳᠠᠯᠭ᠎ᠠ ᠶᠢᠨ ᠪᠦᠬᠦ ᠶᠠᠪᠤᠴᠠ ᠳᠤ ᠲᠣᠩ ᠴᠢᠬᠤᠯᠠ ᠪᠠᠶᠢᠳᠠᠭ᠃ ᠭᠤᠷᠪᠠᠳᠤᠭᠠᠷ ᠡᠭᠡᠯᠵᠢ ᠶᠢᠨ ᠳᠠᠪᠳᠠᠯᠭ᠎ᠠ ᠳᠤ ᠤᠯᠤᠰ ᠤᠨ ᠰᠢᠯᠭᠠᠯᠳᠠ ᠳᠤ ᠬᠠᠨᠳᠤᠭᠤᠯᠤᠭᠰᠠᠨ ᠳᠤᠰᠬᠠᠢ ᠪᠤᠯᠪᠠᠰᠤᠷᠡᠯ ᠢ ᠴᠢᠩᠭᠠᠳᠬᠠᠬᠤ᠃ ᠳᠡᠭᠡᠳᠤ ᠰᠢᠯᠭᠠᠯᠳᠠ ᠳᠤ ᠵᠣᠷᠢᠭᠤᠯᠤᠭᠰᠠᠨ ᠳᠤᠰᠬᠠᠢ ᠰᠡᠳᠤᠪ ᠢ ᠬᠢᠬᠦ ᠪᠡᠷ ᠳᠠᠮᠵᠢᠨ ᠤᠯᠤᠰ ᠤᠨ ᠰᠢᠯᠭᠠᠯᠳᠠ ᠶᠢᠨ ᠬᠡᠯᠪᠡᠷᠢ ᠮᠠᠶ᠋ᠢᠭ ᠢ ᠳᠠᠨᠢᠬᠤ᠂ ᠴᠠᠭ ᠤᠨ ᠲᠤᠬᠢᠷᠠᠭᠤᠯᠭ᠎ᠠ ᠶᠢᠨ ᠪᠤᠯᠪᠠᠰᠤᠷᠡᠯ ᠬᠢᠬᠦ᠂ ᠬᠤᠪᠢ ᠣᠯᠬᠤ ᠪᠤᠯᠤᠮᠵᠢ ᠶᠢ ᠳᠡᠭᠡᠭᠰᠢᠯᠡᠭᠦᠯᠬᠦ᠂ ᠮᠡᠳᠡᠯᠭᠡ ᠴᠢᠳᠠᠪᠦᠷᠢ ᠶᠢᠨ ᠪᠤᠯᠪᠠᠰᠤᠷᠡᠯ ᠢ ᠤᠯᠠᠮ ᠨᠢᠭᠡ ᠠᠯᠬᠤᠮ ᠴᠢᠩᠭᠠᠳᠬᠠᠬᠤ ᠪᠠᠷ ᠳᠠᠮᠵᠢᠨ ᠪᠦᠬᠦ ᠲᠠᠯ᠎ᠠ ᠪᠠᠷ ᠰᠢᠯᠭᠠᠯᠳᠠ ᠳᠤ ᠪᠡᠯᠡᠳᠭᠡᠬᠦ ᠪᠤᠯᠣᠨ᠎ᠠ᠃
ᠲᠥᠷᠪᠡ᠂ ᠰᠡᠳᠤᠪ ᠤᠨ ᠪᠤᠯᠪᠠᠰᠤᠷᠡᠯ ᠢ ᠴᠢᠩᠭᠠᠳᠬᠠᠬᠤ ᠵᠢᠴᠢ ᠴᠢᠨᠠᠷ ᠴᠢᠨᠰᠠᠭ᠎ᠠ ᠶᠢ ᠪᠠᠳᠤᠯᠠᠬᠤ
ᠶᠡᠷᠤᠩᠬᠡᠢ ᠳᠠᠪᠳᠠᠯᠭ᠎ᠠ ᠶᠢᠨ ᠴᠢᠬᠤᠯᠠ ᠨᠢᠭᠡᠨ ᠤᠨᠴᠠᠯᠢᠭ ᠪᠣᠯ ᠡᠯ᠎ᠡ ᠵᠦᠢᠯ ᠦᠨ ᠰᠤᠷᠢᠯᠳᠡ ᠪᠠᠶᠢᠴᠠᠭᠠᠯᠳᠠ ᠶᠢᠨ ᠰᠡᠳᠤᠪ᠂ ᠲᠦᠰᠦᠭᠡᠳᠦᠭᠦᠯᠦᠭᠰᠡᠨ ᠰᠢᠯᠭᠠᠯᠳᠠ ᠪᠠ ᠳᠠᠪᠳᠠᠬᠤ ᠮᠠᠲ᠋ᠧᠷᠢᠶᠠᠯ ᠤᠨ ᠳᠠᠭᠠᠯᠳᠠ ᠪᠤᠯᠪᠠᠰᠤᠷᠡᠯ ᠵᠡᠷᠭᠡ ᠤᠯᠠᠨ ᠪᠤᠯᠪᠠᠰᠤᠷᠡᠯ ᠤᠨ ᠰᠡᠳᠤᠪ ᠬᠢᠬᠦ ᠪᠡᠷ ᠳᠠᠮᠵᠢᠨ ᠮᠡᠳᠡᠯᠭᠡ ᠶᠢᠨ ᠪᠠᠳᠤᠳᠬᠠᠯ᠂ ᠴᠢᠳᠠᠪᠦᠷᠢ ᠶᠢᠨ ᠪᠤᠯᠪᠠᠰᠤᠷᠡᠯ ᠢ ᠰᠢᠯᠭᠠᠨ ᠪᠠᠶᠢᠴᠠᠭᠠᠬᠤ ᠪᠠ ᠮᠡᠳᠡᠯᠭᠡ ᠴᠢᠳᠠᠪᠦᠷᠢ ᠶᠢ ᠳᠡᠭᠡᠭᠰᠢᠯᠡᠭᠦᠯᠬᠦ ᠪᠠᠷ ᠣᠷᠣᠯᠳᠣᠳᠠᠭ᠃ ᠳᠡᠭᠡᠪᠡᠯ ᠬᠡᠷᠬᠢᠨ ᠪᠤᠯᠪᠠᠰᠤᠷᠡᠯ ᠤᠨ ᠰᠡᠳᠤᠪ ᠤᠨ ᠴᠢᠨᠠᠷ ᠴᠢᠨᠰᠠᠭ᠎ᠠ ᠶᠢ ᠪᠠᠳᠤᠯᠠᠵᠦ᠂ ᠲᠤᠭᠳᠠᠭᠰᠠᠨ ᠬᠠᠷᠡᠯᠳᠡ ᠵᠣᠷᠢᠯᠭ᠎ᠠ ᠳᠠᠭᠠᠨ ᠬᠦᠷᠴᠦ ᠲᠡᠶᠢᠯᠬᠦ ᠪᠤᠢ︖ ᠡᠭᠦᠨ ᠳᠦ ᠭᠤᠤᠯᠳᠠᠭᠤ ᠳᠠᠷᠠᠭᠠᠬᠢ ᠮᠡᠳᠤ ᠬᠡᠳᠤᠨ ᠲᠠᠯ᠎ᠠ ᠶᠢ ᠭᠤᠤᠯᠴᠢᠯᠡᠨ ᠪᠡᠶᠡᠯᠡᠭᠦᠯᠬᠦ ᠴᠢᠬᠤᠯᠠᠲᠠᠢ᠃
︵ᠨᠢᠭᠡ︶᠂ ᠪᠤᠯᠪᠠᠰᠤᠷᠡᠯ ᠤᠨ ᠰᠡᠳᠤᠪ ᠬᠢᠬᠦ ᠶᠠᠪᠤᠴᠠ ᠳᠤᠮᠳᠠ ᠠᠩᠬᠠᠷᠬᠤ ᠵᠦᠢᠯᠡᠰ
1 ᠪᠤᠯᠪᠠᠰᠤᠷᠡᠯ ᠤᠨ ᠰᠡᠳᠤᠪ ᠬᠢᠬᠦ ᠶᠠᠪᠤᠴᠠ ᠳᠤᠮᠳᠠ ᠪᠠᠨ︽ ᠬᠡᠮᠵᠢᠶ᠎ᠡ ᠶᠢ ᠲᠡᠪᠴᠢᠵᠦ᠂ ᠴᠢᠨᠠᠷ ᠢ ᠪᠠᠳᠤᠯᠠᠬᠤ︾ ᠪᠠᠷ ᠵᠠᠷᠴᠢᠮ ᠪᠤᠯᠭᠠᠵᠦ᠂ ᠰᠡᠳᠤᠪ  ᠤᠨ ᠦᠷ᠎ᠡ ᠠᠰᠢᠭ ᠪᠠ ᠴᠠᠭ ᠤᠨ ᠠᠰᠢᠭᠯᠠᠮᠵᠢ ᠶᠢ ᠳᠡᠭᠡᠭᠰᠢᠯᠡᠭᠦᠯᠬᠦ᠃ ︽ᠠᠳᠠᠯᠢᠬᠠᠨ ᠬᠤᠭᠤᠴᠠᠭᠠᠨ ‍ᠣ ᠳᠤᠳᠤᠷ᠎ᠠ ᠢᠵᠢᠯ ᠨᠢᠭᠡᠨ ᠠᠭᠤᠯᠭ᠎ᠠ ᠶᠢ ᠳᠤᠰᠬᠠᠭᠰᠠᠨ ᠤᠯᠠᠨ ᠶᠠᠩᠵᠤ ᠬᠡᠯᠪᠡᠷᠢ ᠶᠢᠨ ᠰᠡᠳᠤᠪ ᠢ ᠳᠠᠬᠢᠨ ᠳᠠᠪᠳᠡᠨ ᠬᠢᠪᠡᠯ ᠰᠠᠶ᠋ᠢ ᠰᠤᠷᠤᠯᠴᠠᠬᠤ ᠬᠠᠷᠡᠯᠳᠡ ᠵᠣᠷᠢᠯᠭ᠎ᠠ ᠳᠠᠭᠠᠨ ᠬᠦᠷᠴᠦ᠂ ᠦᠷ᠎ᠡ ᠠᠰᠢᠭ ᠰᠠᠶᠢᠨ ᠪᠤᠯᠤᠨ᠎ᠠ︾ ᠭᠡᠳᠡᠭ ᠦᠵᠡᠯᠳᠡ ᠡᠴᠡ ᠵᠠᠶᠢᠯᠠᠰᠬᠢᠵᠦ᠂ ᠤᠬᠤᠷᠬᠠᠨ ᠬᠤᠭᠤᠴᠠᠭᠠᠨ ‍ᠣ ᠳᠤᠳᠤᠷ᠎ᠠ ᠠᠯᠢ ᠤᠯᠠᠨ ᠰᠡᠳᠤᠪ ᠤᠨ ᠳᠠᠯᠠᠢ ᠠᠴᠠ ᠬᠠᠮᠤᠭ ᠤᠨ ᠨᠡᠶᠢᠳᠡᠯᠢᠭ ᠮᠦᠷᠳᠡᠭᠡᠨ ᠴᠢᠨᠠᠷᠯᠢᠭ᠂ ᠠᠭᠤᠯᠭ᠎ᠠ ᠮᠡᠳᠡᠯᠭᠡ ᠶᠢᠨ ᠴᠡᠭ ᠢ ᠪᠦᠷᠢᠨ ᠬᠠᠷᠠᠭᠤᠯᠤᠭᠰᠠᠨ ᠰᠡᠳᠤᠪ ᠢ ᠰᠢᠯᠢᠨ ᠰᠤᠩᠭᠤᠵᠦ᠂ ᠨᠠᠷᠢᠯᠢᠭ ᠭᠦᠨᠵᠡᠭᠡᠢ᠂ ᠠᠯᠬᠤᠮ ᠳᠠᠷᠠᠭ᠎ᠠ ᠳᠤᠳᠤᠷᠬᠠᠢ ᠪᠦᠬᠦ ᠲᠠᠯ᠎ᠠ ᠪᠠᠷ ᠴᠢᠨᠠᠷᠯᠢᠭ ᠵᠠᠳᠠᠯᠤᠯᠳᠠ ᠬᠢᠬᠦ ᠶᠢ ᠴᠢᠬᠤᠯᠠᠴᠢᠯᠠᠨ᠎ᠠ᠃ ᠰᠡᠳᠤᠪ  ᠰᠢᠯᠢᠨ ᠰᠤᠩᠭᠤᠬᠤ ᠪᠤᠯ ᠶᠡᠷᠤᠩᠬᠡᠢ ᠳᠠᠪᠳᠠᠯᠭ᠎ᠠ ᠶᠢᠨ ᠵᠢᠭᠠᠨ ᠰᠤᠷᠭᠠᠯᠳᠠ  ᠶᠢᠨ ᠪᠠᠰᠠ ᠨᠢᠭᠡᠨ ᠴᠢᠬᠤᠯᠠ ᠭᠤᠭᠴᠤᠭ᠎ᠠ ᠪᠤᠯᠬᠤ ᠪᠦᠭᠡᠳ ᠪᠠᠭᠰᠢ ᠶᠢᠨ ᠤᠷ᠎ᠠ ᠮᠡᠷᠭᠡᠰᠢᠯ ᠦᠨ ᠰᠤᠷᠢᠯᠳᠠ ᠪᠤᠯᠤᠨ᠎ᠠ᠃ ᠰᠡᠳᠤᠪ ᠰᠤᠩᠭᠤᠬᠤ ᠳᠠᠭᠠᠨ ᠬᠡᠳᠤ ᠬᠦᠴᠢᠷ ᠪᠤᠶᠤ ᠬᠡᠳᠤ ᠬᠢᠯᠪᠡᠷ᠂ ᠬᠡᠳᠤ ᠬᠡᠯᠪᠡᠶᠢᠭᠦᠤ᠂ ᠰᠤᠨᠢᠨ ᠬᠠᠴᠢᠨ᠂ ᠰᠠᠨᠠᠭ᠎ᠠ ᠪᠠᠯᠠᠷᠬᠠᠢ ᠰᠡᠳᠤᠪ ᠰᠤᠩᠭᠤᠬᠤ ᠶᠢ ᠴᠡᠭᠡᠷᠯᠡᠨ᠎ᠡ᠂ ᠡᠶᠢᠮᠤᠷᠭᠦᠤ ᠮᠠᠶ᠋ᠢᠭ ᠤᠨ ᠰᠡᠳᠤᠪ ᠨᠢ ᠰᠤᠷᠤᠭᠴᠢᠳ ᠤᠨ ᠬᠡᠪ ᠦᠨ ᠰᠡᠳᠤᠪ ᠬᠠᠷᠢᠭᠤᠯᠬᠤ ᠰᠡᠳᠭᠢᠴᠡ ᠶᠢ ᠨᠦᠯᠦᠭᠡᠯᠡᠵᠦ᠂ ᠰᠡᠳᠤᠪ ᠬᠠᠷᠢᠭᠤᠯᠬᠤ ᠡᠩ ᠤᠨ ᠠᠯᠬᠤᠮ ᠳᠠᠷᠠᠭ᠎ᠠ ᠶᠢ ᠬᠠᠷᠠᠰᠢᠯᠠᠵᠦ᠂ ᠰᠤᠷᠤᠭᠴᠢᠳ ᠤᠨ ᠰᠡᠳᠭᠢᠭᠦᠢ  ᠳᠤ ᠰᠡᠳᠤᠪ ᠬᠢᠬᠦ ᠡᠷᠭᠡᠯᠵᠡᠭᠡᠨ ᠢ ᠪᠤᠢ ᠪᠤᠯᠭᠠᠵᠦ᠂ ᠵᠦᠪ ᠬᠠᠷᠢᠭᠤᠯᠬᠤ ᠨᠤᠷᠮ᠎ᠠ ᠶᠢ ᠳᠤᠷᠤᠭᠰᠢᠯᠠᠭᠤᠯᠤᠨ᠎ᠠ᠃ ᠡᠶᠢᠮᠤ ᠠᠴᠠ ᠰᠡᠳᠤᠪ ᠰᠤᠩᠭᠤᠬᠤ ᠳᠠᠭᠠᠨ ᠤᠨᠴᠠᠭᠠᠢ ᠨᠠᠷᠢᠨ ᠬᠢᠨᠠᠮᠠᠭᠠᠢ᠂ ᠰᠢᠨᠵᠢᠯᠡᠬᠦ ᠤᠬᠠᠭᠠᠨᠴᠢ ᠪᠠᠶᠢᠬᠤ ᠶᠢ ᠱᠠᠭᠠᠷᠳᠠᠨ᠎ᠠ᠃
ᠪᠢᠳᠡ ᠪᠤᠳᠠᠲᠠᠢ ᠵᠢᠭᠠᠨ ᠰᠤᠷᠭᠠᠯᠳᠠ ᠶᠢᠨ ᠶᠠᠪᠤᠴᠠ ᠳᠤᠮᠳᠠ ᠶᠡᠷᠤ ᠳᠤ ᠪᠠᠨ ᠡᠶᠢᠮᠤᠷᠭᠦᠤ ᠮᠠᠶ᠋ᠢᠭ ᠤᠨ ᠠᠰᠠᠭᠤᠳᠡᠯ ᠲᠤᠯᠭᠠᠷᠠᠳᠠᠭ᠂ ᠠᠳᠠᠯᠢ ᠬᠡᠯᠪᠡᠷᠢ ᠮᠠᠶ᠋ᠢᠭ ᠤᠨ ᠰᠡᠳᠤᠪ ᠢ ᠬᠢᠵᠦ ᠦᠩᠭᠡᠷᠡᠭᠰᠡᠨ ᠪᠤᠯᠪᠠᠴᠦ ᠰᠢᠯᠭᠠᠯᠳᠠ ᠶᠢᠨ ᠳᠤᠮᠳᠠ ᠤᠤᠯ ᠰᠡᠳᠤᠪ  ᠤᠨ ᠬᠡᠯᠪᠡᠷᠢ ᠪᠤᠶᠤ ᠰᠠᠨᠠᠭ᠎ᠠ  ᠳᠤ ᠵᠢᠭᠠᠬᠠᠨ ᠦᠭᠡᠷᠡᠴᠢᠯᠡᠯᠳᠡ ᠬᠢᠭᠰᠡᠨ ᠰᠡᠳᠤᠪ ᠳᠤᠬᠢᠶᠠᠯᠳᠤᠪᠡᠯ ᠰᠤᠷᠤᠭᠴᠢᠳ ᠮᠦᠨ ᠬᠢᠵᠦ ᠴᠢᠳᠠᠬᠤ ᠦᠬᠡᠢ ᠪᠤᠶᠤ ᠠᠳᠠᠯᠢ ᠬᠡᠯᠪᠡᠷᠢ ᠶᠢᠨ ᠠᠯᠳᠠᠭ᠎ᠠ ᠪᠠᠨ ᠳᠠᠬᠢᠨ ᠳᠠᠪᠳᠡᠨ ᠭᠠᠷᠭᠠᠳᠠᠭ᠂ ᠳᠤᠰ ᠠᠷᠬᠠᠭ ᠭᠡᠮ ᠤᠨ ᠦᠨᠳᠤᠰᠤ ᠰᠤᠷᠪᠤᠯᠵᠢ ᠨᠢ ᠮᠡᠳᠡᠯᠭᠡ ᠶᠢᠨ ᠴᠡᠭ ᠢᠶᠡᠨ ᠳᠤᠳᠤᠷᠬᠠᠢ ᠡᠵᠡᠮᠰᠢᠵᠦ ᠴᠢᠳᠠᠭᠰᠠᠨ ᠦᠬᠡᠢ ᠪᠤᠶᠤ ᠪᠠᠯᠠᠷᠬᠠᠢ ᠪᠠᠶᠢᠬᠤ ᠠᠴᠠ ᠭᠠᠳᠠᠨ᠎ᠠ ᠪᠠᠰᠠ ᠨᠢᠭᠡ ᠲᠠᠯ᠎ᠠ ᠭᠡᠪᠡᠯ ᠡᠮᠤᠨ᠎ᠡ ᠤᠳᠠᠭᠠᠨ ‍ᠣ ᠰᠡᠳᠤᠪ ᠤᠨ ᠵᠠᠳᠠᠯᠤᠯᠳᠠ ᠬᠦᠷᠦᠯᠴᠡᠬᠦ ᠦᠬᠡᠢ᠂ ᠤᠷᠤᠰᠢᠵᠦ ᠪᠠᠶᠢᠭ᠎ᠠ ᠠᠰᠠᠭᠤᠳᠡᠯ ᠢᠶᠠᠨ ᠢᠯᠡᠷᠡᠭᠦᠯᠵᠦ᠂ ᠰᠡᠳᠤᠪ ᠢ ᠪᠦᠷᠢᠨ ᠭᠦᠢᠴᠡᠳ ᠰᠢᠢᠳᠪᠦᠷᠢᠯᠡᠵᠦ ᠲᠠᠶᠢᠯᠦᠭᠰᠡᠨ ᠦᠬᠡᠢ ᠳᠦ ᠪᠤᠢ᠂ ᠵᠠᠷᠢᠮ ᠰᠤᠷᠤᠭᠴᠢᠳ ᠮᠡᠳᠡᠯᠭᠡ ᠶᠢᠨ ᠴᠡᠭ ᠢ ᠡᠵᠡᠮᠰᠢᠭᠰᠡᠨ ᠲᠠᠯ᠎ᠠ ᠪᠠᠷ ᠨᠡᠯᠢᠶᠡᠳ ᠵᠦᠭᠡᠷ ᠪᠤᠯᠪᠠᠴᠦ ᠰᠡᠳᠤᠪ ᠵᠠᠳᠠᠯᠤᠯᠳᠠ ᠶᠢᠨ ᠠᠷᠭ᠎ᠠ ᠮᠡᠷᠭᠡᠵᠢᠯ ᠳᠤᠳᠠᠮᠠᠭ ᠠᠴᠠ ᠪᠤᠯᠵᠦ ᠰᠤᠷᠤᠭᠰᠠᠨ ᠮᠡᠳᠡᠯᠭᠡ ᠪᠡᠨ ᠠᠰᠢᠭᠯᠠᠵᠣ ᠴᠢᠳᠠᠬᠤ ᠦᠬᠡᠢ᠂ ᠰᠡᠳᠤᠪ ᠢ ᠠᠯᠢ ᠲᠠᠯ᠎ᠠ ᠠᠴᠠ ᠭᠠᠷᠳᠠᠵᠦ ᠬᠢᠬᠦ ᠪᠡᠨ ᠮᠡᠳᠡᠬᠦ ᠪᠠᠶᠢᠵᠦ ᠬᠤᠪᠢ ᠠᠯᠳᠠᠳᠠᠭ᠃ ᠡᠶᠢᠮᠤ ᠠᠴᠠ ᠰᠡᠳᠤᠪ ᠬᠢᠬᠦ ᠴᠢᠬᠤᠯᠠ ᠲᠠᠯ᠎ᠠ ᠪᠣᠯ ᠬᠡᠮᠵᠢᠶ᠎ᠡ ᠳᠦ ᠪᠠᠶᠢᠭ᠎ᠠ ᠪᠢᠰᠢ ᠬᠠᠷᠢᠨ ᠴᠢᠨᠠᠷ ᠲᠤ ᠪᠤᠢ᠂ ᠬᠡᠳᠤᠢ ᠤᠯᠠᠨ ᠰᠡᠳᠤᠪ ᠬᠢᠭᠰᠡᠨ ᠴᠦ ᠦᠨᠳᠤᠰᠤᠨ ᠮᠡᠳᠡᠯᠭᠡ ᠶᠢᠨ ᠴᠡᠭ ᠪᠠᠯᠠᠷᠬᠠᠢ᠂ ᠰᠡᠳᠤᠪ ᠤᠨ ᠵᠠᠳᠠᠯᠤᠯᠳᠠ ᠪᠦᠷᠢᠨ ᠪᠤᠰᠤ ᠴᠢᠨᠠᠷ ᠤᠨ ᠳᠠᠪᠠᠭ᠎ᠠ ᠶᠢ ᠳᠤᠭᠤᠯᠵᠦ ᠲᠡᠶᠢᠯᠬᠦ ᠦᠬᠡᠢ ᠪᠤᠯ ᠮᠦᠨ ᠤᠭ ᠤᠷᠤᠨ ᠳᠠᠭᠠᠨ ᠵᠤᠭᠰᠤᠩᠭᠢᠷᠠᠨ᠎ᠠ᠃ ᠮᠡᠳᠡᠯᠭᠡ ᠶᠢᠨ ᠴᠡᠭ ᠢᠶᠡᠷ ᠰᠡᠳᠤᠪ ᠵᠠᠳᠠᠯᠵᠦ᠂ ᠰᠡᠳᠤᠪ ᠬᠢᠬᠦ ᠪᠡᠷ ᠳᠠᠮᠵᠢᠨ ᠮᠡᠳᠡᠯᠭᠡ ᠴᠢᠳᠠᠪᠦᠷᠢ ᠶᠢ ᠰᠢᠯᠭᠠᠨ ᠪᠠᠶᠢᠴᠠᠭᠠᠬᠤ ᠠᠴᠠ ᠪᠢᠰᠢ᠂ ᠬᠠᠷᠢᠨ ᠰᠡᠳᠤᠪ ᠬᠢᠬᠦ ᠪᠡᠷ ᠳᠠᠮᠵᠢᠨ ᠶᠠᠮᠠᠷ ᠨᠢᠭᠡᠨ ᠮᠡᠳᠡᠯᠭᠡ ᠶᠢᠨ ᠴᠡᠭ  ᠢ ᠬᠤᠷᠢᠶᠠᠩᠭᠤᠶᠢᠯᠡᠨ ᠣᠯᠳᠠᠭ ᠪᠢᠰᠢ᠃ ᠮᠦᠨᠴᠦ ᠤᠯᠠᠨ ᠰᠡᠳᠤᠪ ᠬᠢᠬᠦ ᠪᠡᠷ ᠳᠠᠮᠵᠢᠨ ᠶᠡᠷᠤᠩᠬᠡᠢ ᠳᠠᠪᠳᠠᠯᠭ᠎ᠠ ᠶᠢᠨ ᠦᠷ᠎ᠡ ᠠᠰᠢᠭ ᠢ ᠳᠡᠭᠡᠭᠰᠢᠯᠡᠭᠦᠯᠬᠦ ᠶᠢᠨ ᠬᠢᠵᠠᠭᠠᠷᠳᠠᠮᠡᠯ ᠲᠠᠯ᠎ᠠ ᠭᠡᠪᠡᠯ ᠰᠡᠳᠤᠪ ᠤᠨ ᠬᠡᠯᠪᠡᠷᠢ ᠮᠠᠶ᠋ᠢᠭ ᠳᠠᠰᠤᠷᠡᠯᠳᠡ ᠦᠬᠡᠢ ᠰᠢᠨᠡᠳᠴᠦ ᠬᠤᠪᠢᠷᠠᠵᠦ ᠯᠠ ᠪᠠᠶᠢᠳᠠᠭ᠂ ᠪᠢᠳᠡ ᠳᠤᠭᠳᠠᠭᠰᠠᠨ ᠬᠤᠭᠤᠴᠠᠭᠠᠨ ‍ᠣ ᠳᠤᠳᠤᠷ᠎ᠠ ᠲᠡᠷᠡ ᠪᠦᠭᠦᠳᠡ ᠤᠯᠠᠨ ᠶᠠᠩᠵᠤ ᠬᠡᠯᠪᠡᠷᠢ ᠶᠢᠨ ᠰᠡᠳᠤᠪ ᠢ ᠪᠦᠬᠦᠨ ᠢ ᠬᠢᠵᠦ ᠲᠡᠶᠢᠯᠬᠦ ᠪᠤᠯᠤᠮᠵᠢ ᠦᠬᠡᠢ ᠪᠠᠶᠢᠳᠠᠭ᠂ ᠤᠯᠤᠰ ᠤᠨ ᠰᠢᠯᠭᠠᠯᠳᠠ ᠶᠢᠨ ᠰᠡᠳᠤᠪ ᠢᠶᠠᠷ ᠠᠪᠴᠦ ᠦᠵᠡᠬᠦ ᠳᠦ ᠪᠦᠷ ᠰᠢᠨ᠎ᠡ ᠰᠡᠳᠤᠪ ᠤᠭ ᠰᠡᠳᠤᠪ᠂ ᠪᠢᠳᠡ ᠦᠩᠭᠡᠷᠡᠭᠰᠡᠨ ᠦ ᠰᠡᠳᠤᠪ ᠤᠨ ᠠᠷᠭ᠎ᠠ ᠮᠠᠶ᠋ᠢᠭ ᠢᠶᠠᠷ ᠲᠡᠷᠡ ᠴᠡᠭ ᠢᠶᠡᠷ ᠨᠢ ᠰᠢᠭᠤᠳ ᠬᠠᠷᠢᠭᠤᠯᠬᠤ ᠶᠢᠨ ᠠᠷᠭ᠎ᠠ ᠦᠬᠡᠢ᠂ ᠡᠶᠢᠮᠤ ᠳᠠᠪᠳᠠᠯᠭ᠎ᠠ ᠶᠢᠨ ᠠᠷᠭ᠎ᠠ ᠮᠠᠶ᠋ᠢᠭ ᠨᠢ ᠰᠢᠯᠭᠠᠯᠳᠠ ᠶᠢᠨ ᠡᠴᠦᠰ ᠦᠨ ᠵᠣᠷᠢᠯᠭ᠎ᠠ ᠲᠠᠢ ᠴᠦ ᠨᠡᠶᠢᠴᠡᠬᠦ ᠦᠬᠡᠢ ᠪᠤᠯᠤᠨ᠎ᠠ᠃ ᠳᠠᠰᠤᠷᠡᠯᠳᠡ ᠦᠬᠡᠢ ᠰᠢᠨᠡᠳᠤᠨ ᠬᠤᠪᠢᠷᠠᠬᠤ ᠰᠡᠳᠤᠪ ᠤᠨ ᠬᠡᠯᠪᠡᠷᠢ ᠲᠠᠢ ᠬᠠᠷᠢᠴᠠᠭᠤᠯᠪᠡᠯ ᠦᠨᠳᠤᠰᠤᠨ ᠮᠡᠳᠡᠯᠭᠡ ᠨᠢ ᠬᠠᠷᠢᠨ ᠬᠡᠵᠢᠶᠡᠳᠡ ᠬᠤᠪᠢᠷᠠᠰᠢ ᠦᠬᠡᠢ ᠪᠠᠶᠢᠵᠦ᠂ ᠰᠡᠳᠤᠪ ᠵᠠᠳᠠᠯᠬᠤ ᠠᠷᠭ᠎ᠠ ᠬᠡᠯᠪᠡᠷᠢ ᠠᠯᠬᠤᠮ ᠳᠠᠷᠠᠭ᠎ᠠ ᠴᠦ ᠬᠠᠷᠢᠴᠠᠩᠭᠤᠢ ᠳᠤᠭᠳᠠᠪᠦᠷᠢᠲᠠᠢ ᠪᠠᠶᠢᠵᠦ᠂ ᠶᠠᠮᠠᠷ ᠶᠠᠩᠵᠦ ᠬᠡᠯᠪᠡᠷᠢ ᠶᠢᠨ ᠰᠡᠳᠤᠪ᠂ ᠶᠠᠮᠠᠷ ᠬᠦᠴᠢᠷ ᠲᠦᠪᠡᠭ ᠲᠠᠢ ᠠᠰᠠᠭᠤᠳᠡᠯ ᠢ ᠴᠦ ᠦᠨᠳᠤᠰᠤᠨ ᠮᠡᠳᠡᠯᠭᠡ ᠰᠡᠳᠤᠪ ᠵᠠᠳᠠᠯᠤᠯᠳᠠ ᠶᠢᠨ ᠠᠷᠭ᠎ᠠ ᠪᠠᠷ ᠰᠢᠢᠳᠪᠦᠷᠢᠯᠡᠵᠦ ᠪᠤᠯᠤᠨ᠎ᠠ᠃ ᠡᠶᠢᠮᠤ ᠠᠴᠠ ᠰᠡᠳᠤᠪ ᠤᠨ ᠰᠢᠯᠢᠨ ᠰᠤᠩᠭᠤᠯᠳᠠ ᠪᠡᠷ ᠳᠠᠮᠵᠢᠨ ᠴᠢᠨᠠᠷ ᠢ ᠪᠠᠳᠤᠯᠠᠵᠦ᠂ ᠴᠢᠨᠠᠷᠯᠢᠭ ᠵᠠᠳᠠᠯᠤᠯᠳᠠ ᠪᠠᠷ ᠬᠠᠷᠡᠯᠳᠡ ᠳᠤ ᠬᠦᠷᠭᠡᠬᠦ ᠪᠣᠯ ᠦᠷ᠎ᠡ ᠠᠰᠢᠭᠳᠤ ᠶᠡᠷᠤᠩᠬᠡᠢ ᠳᠠᠪᠳᠠᠯᠭ᠎ᠠ ᠶᠢᠨ ᠳᠤᠳᠠᠭᠳᠠᠵᠣ ᠪᠤᠯᠤᠰᠢ ᠦᠬᠡᠢ ᠲᠠᠯ᠎ᠠ ᠪᠤᠯᠤᠨ᠎ᠠ᠃
2 ᠰᠡᠳᠤᠪ ᠬᠠᠷᠢᠭᠤᠯᠬᠤ ᠬᠡᠪ᠂ ᠮᠡᠳᠡᠯᠭᠡ ᠶᠢᠨ ᠴᠡᠭ ᠦᠨ ᠳᠤᠮᠢᠶᠠᠯᠠᠯ ᠢ ᠪᠤᠢ ᠪᠤᠯᠭᠠᠵᠦ᠂ ᠪᠤᠳᠠᠳᠤ ᠰᠡᠳᠤᠪ ᠢ ᠵᠠᠳᠠᠯᠬᠤ ᠳᠠᠭᠠᠨ ᠬᠡᠪ ᠳᠤᠮᠢᠶᠠᠨ ᠳᠤ ᠤᠷᠤᠭᠤᠯᠵᠦ᠂ ᠰᠡᠳᠤᠪ ᠤᠨ ᠪᠤᠳᠠᠳᠤ ᠪᠠᠶᠢᠳᠡᠯ ᠢ ᠦᠨᠳᠤᠰᠤᠯᠡᠨ᠂ ᠳᠤᠮᠢᠶᠠᠨ ᠤ ᠠᠭᠤᠯᠭ᠎ᠠ ᠪᠠᠨ ᠨᠡᠮᠡᠵᠦ ᠬᠠᠰᠤᠬᠤ ᠪᠤᠶᠤ ᠬᠤᠷᠢᠶᠠᠩᠭᠤᠶᠢᠯᠠᠵᠦ ᠳᠡᠯᠭᠡᠷᠡᠭᠦᠯᠦᠨ᠎ᠡ᠃ ᠵᠢᠱᠢᠶᠡᠯᠡᠪᠡᠯ ᠸᠤᠯᠭ᠎ᠠ ᠮᠦᠷᠡᠨ ᠦ ᠤᠰᠤᠨ ᠵᠦᠢ ᠶᠢᠨ ᠤᠨᠴᠠᠯᠢᠭ ᠰᠢᠨᠵᠢ ᠶᠢ ᠦᠭᠦᠯᠡᠬᠦ ᠳᠦ ᠭᠣᠣᠯ ᠮᠦᠷᠡᠨ ᠦ ᠤᠰᠤᠨ ᠵᠦᠢ ᠶᠢᠨ ᠤᠨᠴᠠᠯᠢᠭ ᠰᠢᠨᠵᠢ ᠶᠢᠨ ᠵᠠᠳᠠᠯᠤᠯᠳᠠ ᠶᠢᠨ ᠳᠤᠮᠢᠶ᠎ᠠ ᠤᠰᠤᠨ ᠲᠦᠪᠰᠢᠨ᠂ ᠤᠷᠤᠰᠤᠮᠡᠯ ᠤᠨ ᠬᠡᠮᠵᠢᠶ᠎ᠡ᠂ ᠡᠯᠡᠰᠦᠨ ᠦ ᠠᠭᠤᠯᠤᠭᠳᠠᠴᠠ᠂ ᠬᠥᠯᠳᠡᠬᠦ ᠬᠤᠭᠤᠴᠠᠭ᠎ᠠ᠂ ᠤᠰᠤᠨ ᠬᠦᠴᠦ ᠵᠡᠷᠭᠡ ᠳᠤᠮᠢᠶᠠᠯᠠᠯ ᠤᠨ ᠵᠠᠭᠪᠤᠷ ᠢ ᠳᠤᠰᠢᠶᠠᠨ ᠦᠭᠴᠦ᠂ ᠪᠤᠳᠠᠳᠤ ᠣᠷᠣᠨ ᠬᠡᠪᠴᠢᠶᠡᠨ ᠦ ᠬᠡᠷᠡᠭ ᠪᠤᠳᠠᠰ  ᠸᠤᠯᠭ᠎ᠠ ᠮᠦᠷᠡᠨ ᠦ ᠭᠠᠵᠠᠷ  ᠦᠨ ᠭᠠᠳᠠᠷᠭᠤ᠂ ᠭᠠᠵᠠᠷ ᠵᠦᠢ ᠶᠢᠨ ᠪᠠᠶᠢᠷᠢᠯᠠᠯ᠂ ᠠᠭᠤᠷ ᠠᠮᠢᠰᠬᠤᠯ᠂ ᠤᠷᠭᠤᠮᠡᠯ ᠬᠤᠴᠢᠯᠭ᠎ᠠ ᠵᠡᠷᠭᠡ ᠲᠠᠯ᠎ᠠ ᠠᠴᠠ ᠭᠠᠷᠳᠡᠨ ᠡᠯ᠎ᠡ ᠡᠯᠧᠮᠧᠨ᠋ᠲ ᠢᠶᠡᠨ ᠵᠠᠳᠠᠯᠤᠨ᠎ᠠ᠃ ᠭᠡᠬᠦ ᠮᠡᠳᠣ ᠶᠢᠨ ᠡᠯ᠎ᠡ ᠮᠡᠳᠡᠯᠭᠡ ᠶᠢᠨ ᠴᠡᠭ ᠦᠨ ᠳᠤᠮᠢᠶᠠᠯᠠᠯ ᠪᠠ ᠰᠡᠳᠤᠪ ᠬᠠᠷᠢᠭᠤᠯᠬᠤ ᠬᠡᠪ ᠢ ᠬᠤᠷᠢᠶᠠᠩᠭᠤᠶᠢᠯᠡᠨ ᠳ᠋ᠦᠩᠨᠡᠵᠦ᠂ ᠠᠮᠢᠳᠤᠯᠢᠭ ᠢᠶᠠᠷ ᠬᠡᠷᠡᠭᠯᠡᠬᠦ ᠶᠢ ᠴᠢᠬᠤᠯᠠᠴᠢᠯᠠᠵᠦ ᠰᠢᠯᠭᠠᠯᠳᠠ ᠳᠤ ᠬᠤᠪᠢ ᠣᠯᠬᠤ ᠪᠤᠯᠤᠮᠵᠢ ᠶᠢ ᠳᠡᠭᠡᠭᠰᠢᠯᠡᠭᠦᠯᠦᠨ᠎ᠡ᠃
3 ᠰᠤᠷᠤᠯᠴᠠᠯᠭ᠎ᠠ ᠶᠢᠨ ᠶᠠᠪᠤᠴᠠ ᠳᠤ ᠰᠤᠷᠤᠭᠴᠢ ᠶᠢᠨ ᠪᠡᠶᠡᠴᠢ ᠤᠷᠤᠯᠴᠠᠯᠭ᠎ᠠ ᠶᠢ ᠴᠢᠩᠭᠠᠳᠬᠠᠨ᠎ᠠ᠃ ᠶᠡᠷᠣ ᠶᠢᠨ ᠵᠢᠭᠠᠨ ᠰᠤᠷᠭᠠᠯᠳᠠ ᠶᠢᠨ ᠶᠠᠪᠤᠴᠠ ᠳᠤᠮᠳᠠ ᠡᠶᠢᠮᠤ ᠨᠢᠭᠡᠨ ᠦᠵᠡᠯᠳᠡ ᠲᠦᠷᠦᠭᠳᠡᠯ ᠤᠷᠤᠰᠢᠳᠠᠭ᠂ ᠳᠠᠷᠤᠢ ︽ᠳᠡᠭᠡᠳᠤ ᠨᠢᠭᠡᠳᠤᠭᠡᠷ ᠬᠤᠶᠠᠳᠤᠭᠠᠷ ᠣᠨ ᠤ ᠬᠤᠭᠤᠴᠠᠭ᠎ᠠ ᠪᠣᠯ ᠦᠨᠳᠤᠰᠤᠨ ᠤᠨᠤᠯ ᠤᠨ ᠠᠭᠤᠯᠭ᠎ᠠ ᠰᠢᠨ᠎ᠡ ᠮᠡᠳᠡᠯᠭᠡ ᠶᠢᠨ ᠴᠡᠭ ᠪᠠᠶᠢᠵᠦ᠂ ᠰᠤᠷᠤᠭᠴᠢ ᠶᠢᠨ ᠭᠣᠣᠯ ᠴᠤᠭᠴᠠ ᠶᠢᠨ ᠦᠢᠯᠡᠳᠣᠯ ᠢ ᠪᠠᠳᠠᠷᠠᠭᠤᠯᠬᠤ᠂ ᠬᠢᠴᠢᠶᠡᠯ ᠦᠨ ᠳᠠᠩᠬᠢᠮ ᠤᠨ ᠬᠦᠳᠡᠯᠭᠡᠭᠡᠨ ᠳᠤᠮᠳᠠ ᠰᠤᠷᠤᠭᠴᠢ ᠶᠢᠨ ᠬᠦᠳᠡᠯᠭᠡᠭᠡᠨ ᠢ ᠢᠯᠡᠭᠦᠤ ᠴᠢᠬᠤᠯᠠᠴᠢᠯᠠᠬᠤ ᠬᠡᠷᠡᠭᠲᠠᠢ᠂ ᠳᠡᠭᠡᠳᠤ ᠭᠤᠷᠪᠠᠳᠤᠭᠠᠷ ᠣᠨ ᠪᠣᠯ ᠶᠡᠷᠤᠩᠬᠡᠢ ᠳᠠᠪᠳᠠᠯᠭ᠎ᠠ ᠶᠢᠨ ᠬᠤᠭᠤᠴᠠᠭ᠎ᠠ ᠪᠠᠶᠢᠵᠦ᠂ ᠭᠤᠤᠯᠳᠠᠭᠤ ᠪᠠᠭᠰᠢ ᠶᠢᠨ ᠲᠠᠶᠢᠯᠪᠦᠷᠢᠯᠠᠬᠤ ᠪᠠᠭᠰᠢ ᠶᠢᠨ ᠬᠦᠳᠡᠯᠭᠡᠭᠡᠨ ᠭᠣᠣᠯ ᠪᠤᠯᠤᠨ᠎ᠠ︾ ᠭᠡᠬᠦ ᠦᠵᠡᠯᠳᠡ᠃ ᠶᠡᠷᠤᠩᠬᠡᠢ ᠳᠠᠪᠳᠠᠯᠭ᠎ᠠ ᠶᠢᠨ ᠬᠤᠭᠤᠴᠠᠭ᠎ᠠ ᠶᠢ ᠰᠤᠷᠤᠭᠰᠠᠨ ᠦᠨᠳᠤᠰᠤᠨ ᠮᠡᠳᠡᠯᠭᠡ ᠪᠡᠨ ᠠᠰᠢᠭᠯᠠᠨ ᠶᠠᠮᠠᠷ ᠨᠢᠭᠡᠨ ᠪᠤᠳᠠᠳᠤ ᠠᠰᠠᠭᠤᠳᠡᠯ ᠢ ᠰᠢᠢᠳᠪᠦᠷᠢᠯᠡᠬᠦ ᠴᠢᠳᠠᠪᠦᠷᠢ ᠶᠢ ᠪᠤᠢ ᠪᠤᠯᠭᠠᠬᠤ ᠱᠠᠳᠤ ᠦᠶ᠎ᠡ ᠭᠡᠵᠦ ᠦᠵᠡᠵᠦ ᠪᠤᠯᠤᠨ᠎ᠠ᠂ ᠡᠶᠢᠮᠤ ᠠᠴᠠ ᠤᠨᠤᠯ ᠠᠴᠠ ᠦᠢᠯᠡᠳᠤᠯᠭᠡ ᠳᠤ ᠤᠷᠤᠯᠴᠠᠬᠤ ᠭᠣᠣᠯ ᠴᠤᠭᠴᠠ ᠪᠣᠯᠣᠭᠰᠠᠳ ᠵᠠᠪᠡᠯ ᠪᠡᠶᠡᠴᠢ ᠤᠷᠤᠯᠴᠠᠯᠭ᠎ᠠ ᠶᠢ ᠴᠢᠬᠤᠯᠴᠢᠯᠠᠪᠡᠯ ᠰᠠᠶ᠋ᠢ ᠳᠤᠭᠳᠠᠭᠰᠠᠨ ᠬᠠᠷᠡᠯᠳᠡ ᠵᠣᠷᠢᠯᠭ᠎ᠠ ᠳᠠᠭᠠᠨ ᠬᠦᠷᠴᠦ᠂ ᠠᠰᠠᠭᠤᠳᠡᠯ ᠢ ᠦᠨᠳᠤᠰᠤᠨ ᠠᠴᠠ ᠨᠢ ᠰᠢᠢᠳᠪᠦᠷᠢᠯᠡᠵᠦ ᠴᠢᠳᠠᠨ᠎ᠠ᠂ ᠡᠨᠡ ᠬᠦ ᠶᠠᠪᠤᠴᠠ ᠳᠤ ᠪᠠᠭᠰᠢ ᠶᠢᠨ ᠦᠢᠯᠡᠳᠤᠯ ᠪᠣᠯ ᠰᠤᠷᠤᠭᠴᠢᠳ ᠲᠤ ᠬᠠᠷᠢᠨ ᠤᠨᠤᠯ ᠠᠴᠠ ᠦᠢᠯᠡᠳᠦᠯᠭᠡ ᠳᠦ ᠤᠷᠤᠯᠴᠠᠬᠤ ᠠᠷᠭ᠎ᠠ ᠵᠠᠮ ᠪᠠ ᠦᠵᠡᠯ ᠰᠠᠨᠠᠭ᠎ᠠ ᠶᠢ ᠵᠢᠭᠠᠨ ᠵᠢᠯᠤᠭᠤᠳᠴᠦ ᠬᠦᠳᠦᠯᠦᠨ ᠳᠠᠭᠠᠭᠤᠯᠬᠤ ᠶᠠᠪᠤᠳᠡᠯ ᠪᠤᠯᠤᠨ᠎ᠠ᠃
︵ᠬᠤᠶᠠᠷ︶ ᠰᠡᠳᠤᠪ ᠬᠢᠬᠦ ᠠᠯᠬᠤᠮ ᠳᠠᠷᠠᠭ᠎ᠠ ᠪᠠ ᠠᠷᠭ᠎ᠠ ᠠᠪᠴᠡᠯ ᠢ ᠳᠤᠤᠱᠠᠭᠤᠯᠬᠤ᠃
ᠶᠡᠷᠤᠩᠬᠡᠶᠢᠯᠡᠭᠰᠡᠨ ᠳᠠᠪᠳᠠᠯᠭ᠎ᠠ ᠶᠢᠨ ᠶᠠᠪᠤᠴᠠ ᠳᠤ ᠰᠡᠳᠤᠪ ᠵᠠᠳᠠᠯᠬᠤ ᠠᠯᠬᠤᠮ ᠳᠠᠷᠠᠭ᠎ᠠ ᠪᠠ ᠠᠷᠭ᠎ᠠ ᠮᠡᠷᠭᠡᠰᠢᠯ ᠨᠢ ᠲᠦᠢᠯ ᠦᠨ ᠴᠢᠬᠤᠯᠠ ᠠᠴᠢ ᠬᠤᠯᠪᠤᠭᠳᠠᠯ ᠲᠠᠢ ᠪᠠᠶᠢᠳᠠᠭ᠂ ᠡᠭᠦᠨ ᠦ ᠳᠤᠬᠠᠢ ᠬᠤᠷᠢᠶᠠᠩᠭᠤᠶᠢᠯᠡᠨ ᠳ᠋ᠦᠩᠨᠡᠪᠡᠯ ᠳᠤᠤᠷᠠᠬᠢ ᠮᠡᠳᠣ ᠬᠡᠳᠦᠨ ᠲᠠᠯ᠎ᠠ ᠪᠤᠯᠤᠨ᠎ᠠ᠄
1 ᠰᠡᠳᠤᠪ ᠤᠨ ᠬᠠᠮᠤᠷᠬᠤ ᠠᠭᠤᠯᠭ᠎ᠠ ᠶᠢᠨ ᠬᠦᠷᠢᠶ᠎ᠡ ᠬᠡᠪᠴᠢᠶ᠎ᠡ ᠵᠢᠴᠢ ᠰᠢᠯᠭᠠᠯᠳᠠ ᠶᠢᠨ ᠴᠡᠭ ᠢ ᠳᠤᠭᠳᠠᠭᠠᠬᠤ᠃
2 ᠦᠭᠦᠭᠳᠡᠭᠰᠡᠨ ᠮᠠᠲ᠋ᠧᠷᠢᠶᠠᠯ ᠢ ᠵᠠᠳᠠᠯᠵᠦ᠂ ᠵᠠᠩᠭᠢᠯᠠᠭ᠎ᠠ ᠶᠢᠨ ᠦᠭᠡᠰ ᠢ ᠡᠷᠢᠨ ᠭᠠᠷᠭᠠᠬᠤ᠃
3 ᠰᠡᠳᠤᠪ ᠲᠤ ᠦᠭᠦᠭᠳᠡᠭᠰᠡᠨ ᠵᠢᠷᠤᠭ ᠢ ᠵᠠᠳᠠᠯᠵᠦ ᠬᠠᠮᠢᠶ᠎ᠠ ᠪᠦᠬᠦᠢ ᠰᠢᠭᠤᠳ ᠪᠠ ᠳᠠᠮ ᠰᠤᠷᠠᠭ ᠵᠠᠩᠭᠢ ᠶᠢ ᠡᠷᠢᠵᠦ ᠭᠠᠷᠭᠠᠬᠤ᠃
4 ᠰᠡᠳᠤᠪ ᠲᠤ ᠲᠤᠬᠢᠷᠠᠭᠤᠯᠤᠭᠰᠠᠨ ᠠᠰᠠᠭᠤᠯᠳᠠ ᠶᠢ ᠨᠠᠷᠢᠨ ᠬᠢᠨᠠᠮᠠᠭᠠᠢ ᠬᠢᠨᠠᠬᠤ︔
5 ᠮᠡᠳᠡᠯᠭᠡ ᠶᠢᠨ ᠴᠡᠭ ᠦᠨ ᠬᠠᠷᠢᠴᠠᠭ᠎ᠠ ᠬᠤᠯᠪᠤᠭ᠎ᠠ ᠶᠢ ᠠᠳᠬᠤᠨ ᠰᠡᠳᠤᠪ ᠬᠠᠷᠢᠭᠤᠯᠬᠤ ᠰᠡᠳᠭᠢᠴᠡ ᠪᠡᠨ ᠳᠤᠭᠳᠠᠭᠠᠬᠤ᠃
6 ᠳᠤᠰᠬᠠᠢ ᠭᠠᠵᠠᠷ ᠵᠦᠢ ᠶᠢᠨ ᠦᠭᠡ ᠬᠡᠯᠡ ᠪᠡᠷ ᠨᠠᠶᠢᠷᠠᠭᠤᠯᠤᠨ ᠵᠤᠬᠢᠶᠠᠮᠵᠢᠯᠠᠵᠦ ᠬᠠᠷᠢᠭᠤᠯᠬᠤ᠃
︵ᠭᠤᠷᠪᠠ︶ ︽ ᠬᠤᠶᠠᠷ ᠴᠢᠳᠠᠪᠦᠷᠢ ᠨᠢᠭᠡ ᠬᠢᠨᠠᠯᠳᠠ︾ ᠶᠢᠨ ᠪᠤᠯᠪᠠᠰᠤᠷᠡᠯ ᠢ ᠴᠢᠩᠭᠠᠳᠬᠠᠬᠤ᠃
︽ᠬᠤᠶᠠᠷ ᠴᠢᠳᠠᠪᠦᠷᠢ︾ ᠭᠡᠳᠡᠭ ᠨᠢ ᠳᠠᠷᠤᠢ ᠮᠠᠲ᠋ᠧᠷᠢᠶᠠᠯ ᠵᠠᠳᠠᠯᠬᠤ ᠴᠢᠳᠠᠪᠦᠷᠢ ᠪᠠ ᠵᠢᠷᠤᠭ ᠵᠠᠳᠠᠯᠬᠤ ᠴᠢᠳᠠᠪᠦᠷᠢ ᠶᠢ ᠬᠡᠯᠡᠵᠦ᠂ ︽ ᠨᠢᠭᠡ ᠬᠢᠨᠠᠯᠳᠠ︾ ᠭᠡᠳᠡᠭ ᠨᠢ ᠠᠰᠠᠭᠤᠯᠳᠠ ᠶᠢ ᠬᠢᠨᠠᠬᠤ ᠪᠤᠯᠤᠨ᠎ᠠ᠂ ᠶᠡᠷᠤᠩᠬᠡᠢ ᠳᠠᠪᠳᠠᠯᠭ᠎ᠠ ᠶᠢᠨ ᠪᠤᠯᠪᠠᠰᠤᠷᠡᠯ ᠤᠨ ᠰᠡᠳᠤᠪ ᠬᠢᠬᠦ ᠶᠠᠪᠤᠴᠠ ᠳᠤ ᠤᠨᠴᠠᠭᠠᠶᠢᠯᠡᠨ ᠡᠨᠡ ᠭᠤᠷᠪᠡᠨ ᠲᠠᠯ᠎ᠠ ᠶᠢ ᠴᠢᠬᠤᠯᠠᠴᠢᠯᠠᠵᠦ᠂ ᠰᠢᠯᠭᠠᠯᠳᠠ ᠳᠤ ᠬᠤᠪᠢ ᠣᠯᠬᠤ ᠬᠠᠷᠢᠴᠡᠯ ᠢ ᠳᠡᠭᠡᠭᠰᠢᠯᠡᠭᠦᠯᠦᠨ᠎ᠡ᠃
1 ᠠᠰᠠᠭᠤᠯᠳᠠ ᠶᠢ ᠬᠢᠨᠠᠬᠤ ᠪᠤᠯᠪᠠᠰᠤᠷᠡᠯ ᠢ ᠴᠢᠩᠭᠠᠳᠬᠠᠬᠤ᠃ ᠰᠡᠳᠤᠪ ᠬᠢᠬᠦ ᠳᠡᠬᠡᠨ ᠤᠨᠴᠠᠭᠠᠶᠢᠯᠡᠨ ᠶᠡᠷᠤᠩᠬᠡᠶᠢᠯᠡᠭᠰᠡᠨ ᠰᠡᠳᠤᠪ ᠢ ᠵᠠᠳᠠᠯᠬᠤ ᠳᠤ ᠡᠩ ᠲᠡᠷᠢᠭᠦᠨ ᠳᠦ ᠠᠰᠠᠭᠤᠯᠳᠠ ᠬᠢᠨᠠᠬᠤ ᠶᠢ ᠴᠢᠬᠤᠯᠠᠴᠢᠯᠠᠨ᠎ᠠ᠃ ᠠᠰᠠᠭᠤᠯᠳᠠ ᠬᠢᠨᠠᠬᠤ ᠳᠤ ᠤᠷᠢᠳᠠᠪᠡᠷ ᠬᠡᠳᠤᠨ ᠠᠰᠠᠭᠤᠯᠳᠠ ᠠᠰᠠᠭᠤᠵᠦ ᠪᠠᠶᠢᠬᠤ᠂ ᠶᠠᠭᠤ ᠠᠰᠠᠭᠤᠵᠦ ᠪᠠᠶᠢᠬᠤ᠂ ᠶᠠᠮᠠᠷ ᠮᠡᠳᠡᠯᠭᠡ ᠶᠢᠨ ᠴᠡᠭ ᠢ ᠠᠰᠠᠭᠤᠵᠦ ᠪᠠᠶᠢᠬᠤ ᠶᠢ ᠳᠤᠳᠤᠷᠬᠠᠶᠢᠯᠠᠨ᠎ᠠ᠃ ᠤᠴᠢᠷ ᠨᠢ ᠠᠰᠠᠭᠤᠯᠳᠠ ᠪᠣᠯ ᠰᠡᠳᠤᠪ ᠬᠢᠬᠦ ᠶᠢᠨ ᠵᠦᠭ ᠴᠢᠭᠯᠡᠭᠦᠷ ᠪᠤᠯᠤᠨ᠎ᠠ᠂ ᠵᠦᠪᠬᠡᠨ ᠠᠰᠠᠭᠤᠯᠳᠠ ᠶᠢ ᠦᠢᠯᠠᠭᠠᠵᠦ ᠴᠢᠳᠠᠪᠡᠯ ᠰᠠᠶ᠋ᠢ ᠬᠠᠨᠳᠤᠯᠭᠠᠳᠤ ᠴᠢᠨᠠᠷ ᠲᠠᠢ ᠪᠠᠷ ᠵᠥᠪ ᠬᠠᠷᠢᠭᠤᠯᠬᠤ ᠪᠤᠯᠤᠮᠵᠢ ᠢ ᠣᠯᠭᠤᠵᠦ ᠴᠢᠳᠠᠨ᠎ᠠ᠃
2 ᠮᠠᠲ᠋ᠧᠷᠢᠶᠠᠯ ᠵᠠᠳᠠᠯᠬᠤ ᠪᠠ ᠵᠢᠷᠤᠭ ᠵᠠᠳᠠᠯᠬᠤ ᠴᠢᠳᠠᠪᠦᠷᠢ ᠶᠢᠨ ᠪᠤᠯᠪᠠᠰᠤᠷᠡᠯ ᠢ ᠴᠢᠩᠭᠠᠳᠬᠠᠬᠤ᠃ ᠭᠠᠵᠠᠷ ᠵᠦᠢ ᠶᠢᠨ ᠬᠢᠴᠢᠶᠡᠯ ᠲᠦᠷᠦᠯ ᠪᠠ ᠤᠯᠤᠰ ᠤᠨ ᠰᠢᠯᠭᠠᠯᠳᠠ ᠶᠢᠨ ᠬᠡᠯᠪᠡᠷᠢ ᠮᠠᠶ᠋ᠢᠭ ᠬᠠᠨᠳᠤᠰᠢ ᠠᠴᠠ ᠠᠪᠴᠦ ᠦᠵᠡᠪᠡᠯ᠂ ᠶᠡᠷᠦ ᠳᠤ ᠪᠠᠨ ᠲᠤᠭᠳᠠᠭᠰᠠᠨ ᠵᠢᠷᠤᠭ ᠮᠠᠲ᠋ᠧᠷᠢᠶᠠᠯ ᠦᠭᠭᠦᠭᠳᠡᠵᠦ᠂ ᠶᠠᠮᠠᠷ ᠨᠢᠭᠡᠨ ᠭᠠᠵᠠᠷ ᠵᠦᠢ ᠶᠢᠨ ᠪᠤᠳᠠᠳᠤ ᠠᠰᠠᠭᠤᠳᠡᠯ ᠬᠡᠷᠡᠭ ᠪᠤᠳᠠᠰ ᠦᠵᠡᠭᠳᠡᠯ ᠳᠦ ᠵᠠᠳᠠᠯᠤᠯᠳᠠ ᠬᠢᠵᠦ᠂ ᠰᠤᠷᠤᠭᠴᠢᠳ ᠤᠨ ᠠᠰᠠᠭᠤᠳᠡᠯ ᠢ ᠵᠠᠳᠠᠯᠬᠤ ᠴᠢᠳᠠᠪᠦᠷᠢ ᠪᠠ ᠭᠠᠵᠠᠷ ᠵᠦᠢ ᠶᠢᠨ ᠬᠡᠪ ᠪᠤᠯᠪᠠᠰᠤᠷᠡᠯ ᠢ ᠰᠢᠯᠭᠠᠨ ᠪᠠᠶᠢᠴᠠᠭᠠᠳᠠᠭ᠃ ᠡᠶᠢᠮᠤ ᠠᠴᠠ ᠮᠠᠲ᠋ᠧᠷᠢᠶᠠᠯ ᠵᠠᠳᠠᠯᠬᠤ ᠴᠢᠳᠠᠪᠦᠷᠢ ᠪᠠ ᠵᠢᠷᠤᠭ ᠵᠠᠳᠠᠯᠬᠤ ᠴᠢᠳᠠᠪᠦᠷᠢ ᠶᠢᠨ ᠪᠤᠯᠪᠠᠰᠤᠷᠡᠯ ᠢ ᠬᠦᠮᠤᠵᠢᠭᠦᠯᠬᠦ ᠪᠠ ᠴᠢᠩᠭᠠᠳᠬᠠᠬᠤ ᠪᠣᠯ ᠶᠡᠷᠤᠩᠬᠡᠢ ᠳᠠᠪᠳᠠᠯᠭ᠎ᠠ ᠶᠢᠨ ᠬᠤᠭᠤᠴᠠᠭ᠎ᠠ ᠴᠢᠨᠠᠭᠰᠢᠯᠠᠨ ᠪᠦᠬᠦᠶᠢᠯᠡ ᠳᠡᠭᠡᠳᠤ ᠳᠤᠮᠳᠠᠳᠤ ᠶᠢᠨ ᠭᠠᠵᠠᠷ ᠵᠦᠢ ᠶᠢᠨ ᠰᠤᠷᠤᠯᠴᠠᠯᠭ᠎ᠠ ᠶᠢᠨ ᠶᠠᠪᠤᠴᠠ ᠳᠤᠮᠳᠠᠬᠢ ᠴᠢᠬᠤᠯᠠ ᠡᠭᠦᠷᠭᠡ ᠬᠠᠷᠡᠯᠳᠡ ᠪᠤᠯᠤᠨ᠎ᠠ᠃
 



  
     
     