-
13131
ᠬᠤᠷᠠᠯ ᠠᠴᠠ ᠪᠦ᠋ ᠰᠢᠶᠤᠤ ᠯᠢᠨ ᠢ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ᠂ ᠤᠷᠤᠯᠠᠬᠴᠢ ᠲᠡᠷᠢᠭᠦᠯᠡᠭᠴᠢ ᠶᠢᠨ ᠲᠤᠰ
2016-03-31 16:06
280
0
ᠸᠠᠩ ᠵᠢᠶᠦ᠋ᠨ ᠬᠤᠷᠠᠯ ᠡᠷᠬᠢᠯᠡᠪᠡ
ᠬᠤᠷᠠᠯ ᠠᠴᠠ ᠪᠦ᠋ ᠰᠢᠶᠤᠤ ᠯᠢᠨ ᠢ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ᠂ ᠤᠷᠤᠯᠠᠬᠴᠢ ᠲᠡᠷᠢᠭᠦᠯᠡᠭᠴᠢ ᠶᠢᠨ
ᠲᠤᠰᠢᠶᠠᠯ ᠳᠤ ᠲᠤᠮᠢᠯᠠᠬᠤ ᠪᠠᠷ ᠲᠤᠬᠳᠠᠵᠠᠢ
ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ ᠪᠠᠭᠠᠳᠣᠷ ᠤᠨ ᠦᠪᠦᠷ ᠮᠣᠩᠭᠤᠯ ᠤᠨ ᠦᠪᠡᠷᠳᠡᠭᠡᠨ
ᠵᠠᠰᠠᠬᠤ ᠣᠷᠣᠨ ᠤ ᠳᠡᠷᠢᠭᠦᠯᠡᠭᠴᠢ ᠶᠢᠨ ᠳᠣᠰᠢᠶᠠᠯ ᠠᠴᠠ ᠪᠠᠭᠤᠬᠤ ᠡᠷᠭᠦᠳᠡᠯ ᠢ ᠬᠦᠯᠢᠶᠡᠨ ᠠᠪᠴᠠᠢ
3 ᠰᠠᠷ᠎ᠠ ᠶᠢᠨ 30 ᠤ ᠡᠳᠦᠷ᠂ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ
ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠬᠤᠷᠢᠨ ᠨᠢᠭᠡᠲᠦᠭᠡᠷ ᠬᠤᠷᠠᠯ ᠡᠯ᠎ᠡ ᠵᠦᠢᠯ ᠤᠨ ᠵᠦᠪᠯᠡᠬᠦ
ᠵᠦᠢᠯ ᠢᠶᠠᠨ ᠳᠠᠭᠤᠰᠬᠠᠭᠠᠳ ᠠᠮᠵᠢᠯᠳᠠ ᠲᠠᠢ ᠳᠡᠭᠦᠰᠪᠡ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂
ᠦᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ
ᠸᠠᠩ ᠵᠢᠶᠦ᠋ᠨ ᠬᠤᠷᠠᠯ ᠡᠷᠬᠢᠯᠡᠪᠡ᠃ ᠬᠤᠷᠠᠯ ᠠᠴᠠ ᠪᠦ᠋ ᠰᠢᠶᠤᠤ ᠯᠢᠨ ᠢ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ᠂
ᠤᠷᠤᠯᠠᠬᠴᠢ ᠲᠡᠷᠢᠭᠦᠯᠡᠭᠴᠢ ᠶᠢᠨ ᠲᠤᠰᠢᠶᠠᠯ ᠳᠤ ᠲᠤᠮᠢᠯᠠᠬᠤ ᠪᠠᠷ ᠲᠤᠬᠳᠠᠵᠤ᠂ ᠪᠠᠭᠠᠳᠣᠷ ᠤᠨ ᠦᠪᠦᠷ ᠮᠣᠩᠭᠤᠯ ᠤᠨ ᠦᠪᠡᠷᠳᠡᠭᠡᠨ
ᠵᠠᠰᠠᠬᠤ ᠣᠷᠣᠨ ᠤ ᠳᠡᠷᠢᠭᠦᠯᠡᠭᠴᠢ ᠶᠢᠨ ᠳᠣᠰᠢᠶᠠᠯ ᠠᠴᠠ ᠪᠠᠭᠤᠬᠤ ᠡᠷᠭᠦᠳᠡᠯ ᠢ ᠬᠦᠯᠢᠶᠡᠨ ᠠᠪᠴᠠᠢ᠃
ᠦᠪᠡᠷᠳᠡᠭᠡᠨ ᠵᠠᠰᠬᠠᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠲᠡᠳ᠋
ᠡᠷᠬᠢᠯᠡᠭᠴᠢ ᠬᠤᠷᠴᠡ᠂ ᠬᠠᠨᠭ᠌ ᠭᠦᠢ ᠯᠢᠨ᠂ ᠡᠤ ᠲᠤᠸᠠᠨ ᠶᠢᠩ᠂ ᠯᠢ ᠷᠦᠡᠭ ᠰᠢ᠂ ᠯᠢᠶᠠᠨ ᠰᠤ᠋᠂ ᠨᠠᠷᠢᠨ ᠪᠢᠴᠢᠭ ᠤᠨ ᠲᠠᠷᠤᠭ᠎ᠠ
ᠰᠦᠨ ᠬᠤᠢ ᠮᠢᠨ ᠵᠢᠴᠢ ᠪᠠᠶᠢᠩᠭᠤ ᠶᠢᠨ ᠬᠤᠷᠢᠶ᠎ᠠ ᠶᠢᠨ ᠬᠡᠰᠢᠭᠦᠳ ᠬᠤᠷᠠᠯ ᠳᠤ ᠤᠷᠤᠯᠴᠠᠪᠠ᠃ ᠦᠪᠡᠷᠳᠡᠭᠡᠨ ᠵᠠᠰᠠᠬᠤ ᠤᠷᠤᠨ ᠤ ᠲᠡᠳ᠋
ᠲᠡᠷᠢᠭᠦᠯᠡᠭᠴᠢ ᠶᠦᠨ ᠭᠤᠸᠠᠩ ᠵᠦᠡᠭ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠦᠷ ᠵᠡᠷᠭᠡ ᠶᠢᠨ ᠰᠢᠭᠦᠭᠦ ᠬᠤᠷᠢᠶ᠎ᠠ ᠶᠢᠨ
ᠲᠠᠷᠤᠭ᠎ᠠ ᠬᠤ᠋ ᠢ ᠹᠸᠡᠭ ᠬᠤᠷᠠᠯ ᠳᠤ ᠰᠤᠯᠠ ᠤᠷᠤᠯᠴᠠᠵᠠᠢ᠃
ᠬᠤᠷᠠᠯ ᠠᠴᠠ᠂ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ
ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ︿ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠦᠮᠦᠨ ᠠᠮᠠ ᠪᠠ
ᠲᠦᠯᠦᠪᠯᠡᠭᠡᠲᠦ ᠦᠷᠡᠵᠢᠯ ᠤᠨ ᠲᠦᠷᠢᠮ﹀ ᠳᠤ ᠵᠠᠰᠠᠪᠤᠷᠢ ᠤᠷᠤᠭᠤᠯᠬᠤ ᠲᠤᠬᠠᠢ ᠲᠤᠬᠳᠠᠭᠠᠯ︾᠂ ︽ᠦᠪᠦᠷ ᠮᠤᠩᠭᠤᠯ ᠤᠨ
ᠦᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ︿ᠦᠪᠤᠷ
ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠨ ᠨᠤᠳᠤᠭ ᠪᠡᠯᠴᠢᠭᠡᠷ ᠢ ᠬᠠᠮᠠᠭᠠᠯᠠᠬᠤ ᠲᠦᠷᠢᠮ﹀ ᠳᠤ ᠵᠠᠰᠠᠪᠤᠷᠢ
ᠤᠷᠤᠭᠤᠯᠬᠤ ᠲᠤᠬᠠᠢ ᠲᠤᠬᠳᠠᠭᠠᠯ︾᠂ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ
ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ︿ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠡᠮᠡᠭᠳᠡᠶᠢᠴᠤᠳ ᠭᠡᠤᠭᠡᠳ ᠢ
ᠬᠠᠮᠠᠭᠠᠯᠠᠬᠤ ᠲᠦᠷᠢᠮ﹀ ᠢ ᠬᠦᠴᠦᠨ ᠦᠭᠡᠢ ᠪᠤᠯᠭᠠᠬᠤ ᠲᠤᠬᠠᠢ ᠲᠤᠬᠳᠠᠭᠠᠯ︾᠂ ︽ᠦᠪᠦᠷ ᠮᠤᠩᠭᠤᠯ ᠤᠨ ᠦᠪᠡᠷᠲᠡᠭᠡᠨ ᠵᠠᠰᠠᠬᠤ
ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ︿ᠬᠡᠰᠡᠭ ᠤᠷᠤᠨ ᠨᠤᠳᠤᠬ ᠤᠨ
ᠴᠢᠨᠠᠷᠳᠠᠢ ᠬᠠᠤᠯᠢ ᠲᠦᠷᠢᠮ ᠳᠤ ᠵᠠᠰᠠᠪᠤᠷᠢ ᠤᠷᠤᠭᠤᠯᠬᠤ ᠲᠤᠬᠠᠢ ᠬᠦᠬᠡᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ
ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠲᠤᠬᠳᠠᠭᠠᠯ﹀ ᠢ ᠵᠦᠪᠰᠢᠶᠡᠷᠡᠭᠦ ᠲᠤᠬᠠᠢ ᠰᠢᠢᠳᠪᠤᠷᠢ︾᠂ ︽ᠦᠪᠤᠷ ᠮᠤᠩᠭᠤᠯ ᠤᠨ
ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ
ᠪᠠᠶᠢᠡᠭᠭᠤ ᠶᠢᠨ ᠬᠤᠷᠢᠶ᠎ᠠ ᠶᠢᠨ ᠲᠦᠯᠦᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠺᠤᠮᠢᠰ ᠤᠨ ᠬᠡᠰᠡᠭ ᠪᠦᠷᠢᠯᠳᠦᠭᠦᠨ ᠢᠶᠠᠷ
ᠨᠦᠭᠦᠪᠦᠷᠢᠯᠡᠭᠦ ᠨᠡᠷᠡᠰ︾᠂ ︽ᠰᠤᠮᠤ ᠰᠢᠶᠠᠩ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ
ᠰᠤᠯᠢᠬᠤ ᠰᠤᠩᠭᠤᠭᠤᠯᠢ ᠶᠢᠨ ᠴᠠᠬ ᠲᠤ ᠲᠤᠬᠢᠷᠠᠭᠤᠯᠣᠯᠳᠠ ᠬᠢᠬᠦ ᠲᠤᠬᠠᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ
ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠳᠣᠭᠳᠠᠭᠠᠯ︾ ᠢ ᠪᠠᠳᠣᠯᠠᠪᠠ᠃
ᠬᠤᠷᠠᠯ ᠠᠴᠠ ᠳᠣᠰᠢᠶᠠᠯ ᠳᠤ ᠳᠣᠮᠢᠯᠠᠵᠣ ᠳᠣᠰᠢᠶᠠᠯ ᠠᠴᠠ ᠨᠢ ᠪᠠᠭᠤᠯᠭᠠᠬᠤ ᠵᠦᠢᠯᠡᠰ ᠢ ᠪᠠᠳᠣᠯᠠᠪᠠ᠃ ᠸᠠᠩ ᠵᠢᠶᠦ᠋ᠨ
ᠦᠪᠡᠷᠳᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ᠂ ᠤᠷᠤᠯᠠᠬᠴᠢ ᠲᠡᠷᠢᠭᠦᠯᠡᠭᠴᠢ ᠪᠦ᠋ ᠰᠢᠶᠤᠤ ᠯᠢᠨ ᠪᠠ ᠦᠪᠡᠷᠳᠡᠭᠡᠨ ᠵᠠᠰᠠᠬᠤ
ᠤᠷᠤᠨ ᠤ ᠤᠯᠤᠰ ᠤᠨ ᠭᠠᠵᠠᠷ ᠰᠢᠷᠤᠢ ᠡᠭᠢ ᠪᠠᠶᠠᠯᠢᠭ ᠤᠨ ᠲᠢᠩᠭᠢᠮ ᠤᠨ ᠲᠠᠷᠤᠭ᠎ᠠ ᠵᠠᠩ ᠯᠢ ᠫᠢᠡᠭ᠂ ᠦᠪᠡᠷᠳᠡᠭᠡᠨ ᠵᠠᠰᠠᠬᠤ ᠤᠷᠤᠨ ᠤ
ᠵᠠᠮ ᠬᠠᠷᠢᠯᠴᠠᠭ᠎ᠠ ᠳᠡᠭᠡᠭᠡᠪᠦᠷᠢ ᠶᠢᠨ ᠲᠢᠩᠭᠢᠮ ᠤᠨ ᠲᠠᠷᠤᠭ᠎ᠠ ᠮᠢᠶᠤᠤ ᠶᠢᠨ ᠵᠤ᠋᠂ ᠦᠪᠡᠷᠳᠡᠭᠡᠨ ᠵᠠᠰᠠᠬᠤ ᠤᠷᠤᠨ ᠤ ᠠᠷᠠᠳ ᠤᠨ
ᠪᠠᠶᠢᠴᠠᠭᠠᠬᠤ ᠬᠤᠷᠢᠶ᠎ᠠ ᠶᠢᠨ ᠲᠡᠳ᠋ ᠪᠠᠶᠢᠴᠠᠭᠠᠬᠤ ᠲᠠᠷᠤᠭ᠎ᠠ ᠶᠦᠨ ᠰᠢᠶᠤᠤ ᠳᠤ ᠲᠤᠰᠢᠶᠠᠯ ᠳᠤ ᠲᠤᠮᠢᠯᠠᠬᠤ ᠪᠢᠴᠢᠭ ᠭᠠᠷᠳᠠᠭᠤᠯᠪᠠ᠃
ᠬᠤᠷᠠᠯ ᠤᠨ ᠵᠦᠪᠯᠡᠬᠦ ᠵᠦᠢᠯ ᠳᠠᠭᠤᠰᠣᠭᠰᠠᠨ ᠤ ᠳᠠᠷᠠᠭ᠎ᠠ᠂ ᠸᠠᠩ ᠵᠢᠶᠦ᠋ᠨ ᠵᠢᠭᠠᠵᠦ ᠭᠠᠷᠭᠠᠬᠰᠠᠨ ᠨᠢ᠂ ᠪᠠᠭᠠᠳᠤᠷ ᠨᠦᠭᠦᠷ ᠪᠠ
ᠪᠦ᠋ ᠰᠢᠶᠤᠤ ᠯᠢᠨ ᠨᠦᠭᠦᠷ ᠪᠤᠯ ᠮᠠᠨ ᠤ ᠨᠠᠮ ᠤᠨ ᠬᠦᠮᠦᠵᠢᠭᠦᠯᠦᠭᠰᠡᠨ ᠴᠦᠭᠡᠨ ᠲᠤᠭᠠᠳᠤ ᠦᠨᠳᠦᠰᠦᠳᠡᠨ ᠤ ᠰᠢᠯᠢᠳᠡᠭ ᠤᠳᠤᠷᠢᠳᠬᠤ
ᠺᠠᠳ᠋ᠷ ᠪᠣᠯᠣᠨ᠎ᠠ᠃ ᠪᠠᠭᠠᠳᠤᠷ ᠨᠦᠭᠦᠷ ᠤᠨ ᠤᠯᠤᠰ ᠲᠦᠷᠦ ᠶᠢᠨ ᠵᠤᠬᠰᠤᠯᠳᠠ ᠪᠠᠳᠤ᠂ ᠤᠳᠤᠷᠢᠳᠬᠤ ᠲᠤᠷᠰᠢᠯᠭ᠎ᠠ ᠡᠯᠪᠡᠭ᠂ ᠶᠡᠭᠡ
ᠳᠠᠯ᠎ᠠ ᠶᠢᠨ ᠤᠬᠠᠮᠰᠠᠷ᠂ ᠬᠠᠮᠵᠢᠯᠴᠠᠬᠤ ᠤᠬᠠᠮᠰᠠᠷ ᠪᠠ ᠵᠤᠬᠢᠶᠠᠨ ᠪᠠᠶᠢᠭᠤᠯᠵᠤ ᠵᠤᠬᠢᠴᠠᠭᠤᠯᠬᠤ ᠴᠢᠳᠠᠪᠤᠷᠢ ᠨᠡᠯᠢᠶᠡᠳ ᠴᠢᠩᠭ᠎ᠠ᠃
ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠭᠰᠡᠨ ᠠᠴᠠ ᠨᠠᠰᠢ᠂ ᠵᠠᠰᠠᠬ ᠤᠨ ᠤᠷᠳᠤᠨ ᠤ ᠤᠳᠤᠷᠢᠳᠬᠤ
ᠪᠠᠬ ᠢᠶᠠᠨ ᠤᠳᠤᠷᠢᠳᠤᠨ ᠲᠠᠭᠠᠭᠤᠯᠵᠦ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠠ ᠦᠪᠡᠷᠳᠡᠭᠡᠨ ᠵᠠᠰᠠᠬᠤ
ᠤᠷᠤᠨ ᠤ ᠨᠠᠮ ᠤᠨ ᠬᠤᠷᠢᠶ᠎ᠠ ᠶᠢᠨ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠤᠰᠤᠭᠠᠷ᠂ ᠦᠪᠡᠷᠳᠡᠭᠡᠨ ᠵᠠᠰᠠᠬᠤ ᠤᠷᠤᠨ ᠤ
ᠠᠵᠦ ᠠᠬᠤᠢ ᠨᠡᠶᠢᠭᠡᠮ ᠤᠨ ᠬᠦᠭᠵᠢᠯᠳᠠ ᠶᠢ ᠠᠬᠢᠭᠤᠯᠬᠤ ᠵᠡᠷᠭᠡ ᠳᠠᠯ᠎ᠠ ᠪᠠᠷ ᠶᠡᠭᠡ ᠬᠡᠮᠵᠢᠶᠡᠨ ᠤ ᠲᠤᠪᠤᠶᠢᠮ᠎ᠠ ᠦᠷ᠎ᠡ ᠪᠦᠲᠦᠮᠵᠢ ᠲᠠᠢ
ᠠᠵᠢᠯ ᠤᠳ ᠢ ᠬᠢᠵᠠᠢ᠃ ᠪᠦ᠋ ᠰᠢᠶᠤᠤ ᠯᠢᠨ ᠨᠦᠭᠦᠷ ᠤᠨ ᠤᠯᠤᠰ ᠲᠦᠷᠦ ᠶᠢᠨ ᠵᠤᠬᠰᠤᠯᠳᠠ ᠪᠠᠳᠤ᠂ ᠨᠠᠮ ᠤᠨ ᠲᠦᠪ ᠬᠤᠷᠢᠶ᠎ᠠ ᠶᠢᠨ
ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ᠂ ᠨᠠᠮ ᠤᠨ ᠦᠨᠳᠦᠰᠦᠳᠡᠨ ᠤ ᠠᠵᠢᠯ ᠤᠨ ᠴᠢᠭᠯᠡᠯᠳᠠ ᠲᠦᠷᠦ ᠶᠢᠨ ᠪᠤᠳᠤᠯᠭ᠎ᠠ ᠶᠢ
ᠡᠷᠡᠰ ᠲᠤᠤᠱᠯᠠᠭᠤᠯᠵᠦ᠂ ᠤᠳᠤᠷᠢᠳᠬᠤ ᠲᠤᠷᠰᠢᠯᠭ᠎ᠠ ᠨᠡᠯᠢᠶᠡᠳ ᠡᠯᠪᠡᠭ᠂ ᠶᠠᠷᠦᠩᠭᠡᠶᠢᠯᠡᠭᠰᠡᠨ ᠬᠡᠪ ᠪᠣᠯᠪᠠᠰᠣᠷᠠᠯ ᠨᠡᠯᠢᠶᠡᠳ ᠦᠨᠳᠤᠷ᠂
ᠺᠠᠳ᠋ᠷ ᠤᠯᠠᠨ ᠲᠦᠮᠡᠨ ᠤ ᠲᠤᠮᠳᠠ ᠨᠡᠯᠢᠶᠡᠳ ᠨᠡᠷ᠎ᠠ ᠬᠦᠨᠳᠤ ᠲᠠᠢ᠃ ᠪᠦ᠋ ᠰᠢᠶᠤᠤ ᠯᠢᠨ ᠨᠦᠭᠦᠷ ᠦᠪᠡᠷᠳᠡᠭᠡᠨ ᠵᠠᠰᠠᠬᠤ ᠤᠷᠤᠨ ᠤ
ᠤᠷᠤᠯᠠᠬᠴᠢ ᠲᠡᠷᠢᠭᠦᠯᠡᠭᠴᠢ ᠪᠤᠯᠤᠬᠰᠠᠨ ᠤ ᠲᠠᠷᠠᠭ᠎ᠠ᠂ ᠨᠠᠮ ᠪᠠ ᠠᠷᠠᠳ ᠲᠦᠮᠡᠨ ᠤ ᠢᠳᠡᠭᠡᠯ ᠨᠠᠶᠢᠳᠠᠯᠭ᠎ᠠ ᠶᠢ ᠪᠠᠳᠤ ᠴᠡᠭᠡᠵᠢᠯᠡᠵᠦ᠂
ᠵᠠᠰᠠᠭ ᠤᠨ ᠤᠷᠳᠤᠨ ᠤ ᠤᠳᠤᠷᠢᠳᠬᠤ ᠪᠠᠬ ᠲᠠᠢ ᠪᠠᠨ ᠪᠦᠯᠭᠦᠮᠳᠡᠨ ᠳᠡᠳᠡᠨ ᠢ ᠲᠠᠭᠠᠭᠤᠯᠵᠦ᠂ ᠨᠠᠮ ᠤᠨ ᠲᠦᠪ ᠬᠤᠷᠢᠶ᠎ᠠ᠂ ᠲᠦᠷᠦ ᠶᠢᠨ
ᠶᠠᠪᠤᠳᠠᠯ ᠤᠨ ᠬᠤᠷᠢᠶ᠎ᠠ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠰᠢᠢᠳᠪᠤᠷᠢᠳᠤ ᠪᠤᠳᠤᠯᠭ᠎ᠠ ᠶᠢᠨ
ᠪᠠᠶᠢᠷᠢᠯᠠᠭᠤᠯᠤᠯᠳᠠ ᠶᠢ ᠬᠢᠨᠠᠮᠠᠭᠠᠢ ᠲᠤᠤᠱᠯᠠᠭᠤᠯᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ
ᠬᠤᠷᠢᠶ᠎ᠠ ᠶᠢᠨ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠵᠦ᠂ ᠵᠠᠰᠠᠭ ᠤᠨ ᠤᠷᠳᠤᠨ ᠤ ᠠᠵᠢᠯ ᠢᠶᠠᠨ ᠲᠤᠪᠤᠶᠢᠮ᠎ᠠ ᠦᠷ᠎ᠡ
ᠪᠦᠳᠦᠮᠵᠢ ᠲᠠᠢ ᠬᠢᠬᠦ ᠶᠢ ᠬᠦᠰᠡᠵᠦ ᠪᠠᠶᠢᠨ᠎ᠠ ᠭᠡᠪᠡ᠃
ᠪᠦ᠋ ᠰᠢᠶᠤᠤ ᠯᠢᠨ ᠢᠯᠡᠷᠭᠡᠶᠢᠯᠡᠭᠰᠡᠨ ᠨᠢ᠂ ᠦᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ
ᠬᠤᠷᠠᠯ ᠤᠨ ᠪᠠᠶᠢᠩᠭᠤ ᠶᠢᠨ ᠬᠤᠷᠢᠶ᠎ᠠ ᠨᠠᠮᠠᠢᠢ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ᠂ ᠦᠪᠡᠷᠲᠡᠭᠡᠨ ᠵᠠᠰᠠᠬᠤ ᠤᠷᠤᠨ ᠤ
ᠤᠷᠤᠯᠠᠭᠴᠢ ᠲᠡᠷᠢᠭᠦᠯᠡᠭᠴᠢ ᠶᠢᠨ ᠲᠤᠰᠢᠶᠠᠯ ᠳᠤ ᠲᠤᠮᠢᠯᠠᠬᠤ ᠪᠠᠷ ᠲᠤᠭᠲᠠᠪᠠ᠂ ᠪᠢ ᠡᠨᠡᠬᠦ ᠲᠤᠮᠢᠯᠠᠯᠲᠠ ᠶᠢᠨ ᠬᠤᠪᠢ ᠶᠢᠨ ᠵᠢᠩ ᠢ
ᠬᠦᠨᠵᠡᠬᠡᠢ ᠮᠡᠳᠡᠵᠦ ᠪᠠᠶᠢᠨ᠎ᠠ᠃ ᠠᠯᠢᠪᠠ ᠡᠷᠭᠡ ᠠᠷᠠᠳ ᠲᠦᠮᠡᠨ ᠤ ᠬᠢ ᠭᠡᠳᠡᠭ ᠢ ᠪᠢ ᠯᠠᠪᠲᠠᠢ ᠢᠮᠠᠬᠳᠠ ᠪᠠᠳᠤ ᠴᠡᠭᠡᠵᠢᠯᠡᠵᠦ᠂ ᠮᠦᠷᠦᠨ
ᠲᠡᠭᠡᠷ᠎ᠠ ᠪᠠᠨ ᠪᠦᠬᠦ ᠤᠷᠤᠨ ᠤ 2500 ᠲᠦᠮᠡᠨ ᠦᠨᠳᠦᠰᠦᠳᠡᠨ ᠨᠦᠭᠦᠳ ᠤᠨ ᠠᠷᠠᠳ ᠲᠦᠮᠡᠨ ᠤ ᠬᠦᠰᠡᠯ ᠡᠷᠡᠮᠡᠯᠵᠡᠯ ᠢ ᠡᠭᠦᠷᠭᠡᠯᠡᠵᠦ
ᠪᠠᠶᠢᠭ᠎ᠠ ᠭᠡᠳᠡᠭ ᠢ ᠢᠮᠠᠬᠳᠠ ᠪᠠᠳᠤ ᠴᠡᠭᠡᠵᠢᠯᠡᠵᠦ᠂ ︽ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠪᠤᠯ
ᠲᠠᠷᠤᠢ ᠪᠢᠲᠠᠨ ᠤ ᠲᠡᠮᠡᠴᠡᠯ ᠤᠨ ᠬᠠᠷᠠᠯᠲᠠ ᠮᠦᠨ︾ ᠭᠡᠳᠡᠭ ᠢ ᠢᠮᠠᠭᠲᠠ ᠪᠠᠲᠤ ᠴᠡᠭᠡᠵᠢᠯᠡᠵᠦ᠂ ᠤᠯᠤᠰ ᠲᠦᠷᠦ ᠶᠢᠨ ᠤᠬᠠᠮᠰᠠᠷ᠂ ᠶᠡᠭᠡ
ᠳᠠᠯ᠎ᠠ ᠶᠢᠨ ᠤᠬᠠᠮᠰᠠᠷ᠂ ᠭᠤᠤᠯᠯᠠᠭᠴᠢ ᠶᠢᠨ ᠤᠬᠠᠮᠰᠠᠷ᠂ ᠨᠢᠭᠡᠳᠦᠯᠳᠡᠢ ᠪᠠᠶᠢᠬᠤ ᠤᠬᠠᠮᠰᠠᠷ ᠢ ᠪᠠᠳᠤ ᠪᠠᠬᠢ ᠪᠤᠢ ᠪᠤᠯᠭᠠᠵᠦ᠂
ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠤᠳᠤᠷᠢᠳᠬᠤ ᠪᠠᠭ ᠤᠨ ᠨᠦᠬᠦᠳ ᠲᠠᠢ ᠬᠠᠮᠲᠤ ᠪᠠᠷ᠂ ᠦᠪᠡᠷᠲᠡᠭᠡᠨ ᠵᠠᠰᠠᠬᠤ
ᠤᠷᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠲᠤᠤᠷ᠎ᠠ᠂ ᠦᠪᠡᠷᠲᠡᠭᠡᠨ ᠵᠠᠰᠠᠬᠤ ᠤᠷᠤᠨ ᠤ ᠠᠷᠠᠳ ᠤᠨ
ᠲᠦᠯᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠤ ᠪᠦᠬᠦ ᠬᠦᠴᠦᠨ ᠤ ᠲᠡᠮᠵᠢᠯᠭᠡ ᠲᠤᠤᠷ᠎ᠠ ᠡᠭᠦᠷᠭᠡ
ᠲᠤᠰᠢᠶᠠᠯ ᠢᠶᠠᠨ ᠬᠢᠴᠢᠶᠡᠩᠬᠦ᠋ᠢᠯᠡᠨ ᠬᠦᠢᠴᠡᠳᠬᠡᠵᠦ᠂ ᠡᠷᠡᠰ ᠵᠤᠷᠢᠭᠯᠠᠨ ᠵᠢᠳᠬᠦᠨ ᠴᠢᠷᠮᠡᠶᠢᠵᠤ ᠦᠪᠡᠷᠲᠡᠭᠡᠨ ᠵᠠᠰᠠᠬᠤ ᠤᠷᠤᠨ ᠤ ᠡᠯ᠎ᠡ
ᠲᠦᠷᠦᠯ ᠤᠨ ᠠᠵᠢᠯ ᠦᠢᠯᠡᠰ ᠤᠨ ᠬᠦᠭᠵᠢᠯᠲᠡ ᠪᠠ ᠦᠨᠳᠦᠰᠦᠲᠡᠨ ᠨᠦᠭᠦᠳ ᠤᠨ ᠠᠷᠠᠳ ᠲᠦ᠋ᠮᠡᠨ ᠤ ᠪᠤᠶᠠᠨ ᠵᠢᠷᠭᠠᠯ ᠢ ᠨᠡᠮᠡᠭᠳᠡᠭᠦᠯᠵᠦ᠂
ᠡᠬᠡ ᠤᠯᠤᠰ ᠤᠨ ᠤᠮᠠᠷᠠᠲᠤ ᠶᠢᠨ ᠦᠵᠡᠰᠭᠦᠯᠡᠩᠲᠦ ᠰᠠᠶᠢᠬᠠᠨ ᠦᠵᠡᠮᠵᠢ ᠶᠢᠨ ᠤᠷᠤᠨ ᠢ ᠪᠦᠲᠦᠭᠡᠨ ᠪᠠᠶᠢᠭᠤᠯᠬᠤ ᠶᠢᠨ ᠲᠦᠯᠦᠭᠡ
ᠴᠦᠬᠦᠷᠡᠰᠢ ᠦᠭᠡᠢ ᠠᠵᠢᠯᠯᠠᠨ᠎ᠠ᠃
ᠸᠠᠩ ᠵᠢᠶᠦ᠋ᠨ ᠵᠢᠭᠠᠵᠦ ᠭᠠᠷᠭᠠᠬᠰᠠᠨ ᠨᠢ᠂ ᠵᠠᠰᠠᠪᠤᠷᠢ ᠤᠷᠤᠭᠤᠯᠤᠭᠰᠠᠨ ᠤ ᠲᠠᠷᠠᠭᠠᠬᠢ ︽ᠦᠪᠤᠷ ᠮᠤᠩᠭᠤᠯ ᠤᠨ ᠦᠪᠡᠷᠳᠡᠭᠡᠨ
ᠵᠠᠰᠠᠬᠤ ᠤᠷᠤᠨ ᠤ ᠬᠦᠮᠦᠨ ᠠᠮᠠ ᠪᠠ ᠲᠦᠯᠦᠪᠯᠡᠭᠡᠳᠤ ᠦᠷᠡᠵᠢᠯ ᠤᠨ ᠲᠦᠷᠢᠮ︾ ᠳᠤ᠂ ᠨᠢᠭᠡ ᠬᠤᠤᠰ ᠡᠷ᠎ᠠ ᠡᠮ᠎ᠠ ᠬᠤᠶᠠᠭᠤᠯᠠ
ᠬᠤᠶᠠᠷ ᠬᠡᠤᠭᠡᠳ ᠲᠦᠷᠦᠵᠦ ᠪᠣᠯᠬᠤ᠂ ᠲᠦᠯᠦᠪᠯᠡᠭᠡᠲᠦ ᠦᠷᠡᠵᠢᠯ ᠤᠨ ᠱᠠᠩᠨᠠᠨ ᠬᠦᠬᠢᠭᠦᠯᠭᠦ ᠪᠠᠳᠤᠯᠠᠪᠣᠷᠢ ᠶᠢᠨ ᠢᠵᠢ ᠪᠦᠷᠢᠳᠦᠭᠦᠯᠭᠦ
ᠲᠦᠷᠢᠮ ᠢ ᠲᠡᠭᠦᠯᠳᠡᠷᠵᠢᠭᠦᠯᠭᠦ ᠲᠤᠬᠳᠠᠭᠠᠯ ᠭᠠᠷᠭᠠᠪᠠ᠃ ᠵᠠᠰᠠᠪᠤᠷᠢ ᠤᠷᠤᠭᠤᠯᠤᠭᠰᠠᠨ ᠤ ᠲᠠᠷᠠᠭᠠᠬᠢ ︽ᠦᠪᠤᠷ ᠮᠤᠩᠭᠤᠯ ᠤᠨ
ᠦᠪᠡᠷᠳᠡᠭᠡᠨ ᠵᠠᠰᠠᠬᠤ ᠤᠷᠤᠨ ᠤ ᠦᠨᠳᠦᠰᠦᠨ ᠨᠤᠳᠤᠭ ᠪᠡᠯᠴᠢᠭᠡᠷ ᠢ ᠬᠠᠮᠠᠭᠠᠯᠠᠬᠤ ᠲᠦᠷᠢᠮ︾ ᠳᠤ ᠲᠦᠷᠢᠮ ᠳᠠᠬᠢ ᠵᠠᠰᠠᠬ ᠵᠠᠭᠢᠷᠭᠠᠨ ᠤ
ᠬᠢᠨᠠᠨ ᠵᠦᠪᠰᠢᠶᠡᠷᠡᠭᠦ ᠵᠦᠢᠯᠡᠰ ᠢ ᠭᠤᠤᠯᠳᠠᠯᠭ᠎ᠠ ᠲᠠᠢ ᠲᠦᠭᠦᠮᠴᠢᠯᠡᠪᠡ᠃ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ
ᠤᠷᠳᠤᠨ ᠪᠠ ᠬᠠᠮᠢᠶ᠎ᠠ ᠪᠦᠭᠦᠢ ᠰᠠᠯᠠᠭ᠎ᠠ ᠮᠦᠴᠢᠷ ᠵᠠᠰᠠᠪᠤᠷᠢ ᠤᠷᠤᠭᠤᠯᠤᠬᠰᠠᠨ ᠡᠨᠡᠬᠦ ᠬᠤᠶᠠᠷ ᠰᠢᠨ᠎ᠡ ᠬᠠᠤᠯᠢ ᠳᠣᠭᠳᠠᠭᠠᠯ ᠢ ᠢᠵᠢ
ᠪᠦᠷᠢᠳᠦᠭᠦᠯᠦᠨ ᠵᠣᠯᠭᠠᠭᠤᠯᠬᠤ ᠠᠵᠢᠯ ᠢ ᠱᠠᠯᠠᠪᠳᠠᠨ ᠰᠠᠶᠢᠳᠤᠷ ᠬᠢᠵᠦ᠂ ᠬᠠᠤᠯᠢ ᠳᠣᠭᠳᠠᠭᠠᠯ ᠤᠨ ᠪᠦᠲᠦᠮᠵᠢᠳᠠᠢ ᠬᠡᠷᠡᠭᠵᠢᠭᠦᠯᠦᠭᠳᠡᠭᠦ ᠶᠢ
ᠪᠠᠳᠤᠯᠠᠬᠤ ᠬᠡᠷᠡᠭᠳᠡᠢ᠃ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ
ᠬᠤᠷᠢᠶ᠎ᠠ ᠬᠠᠤᠯᠢ ᠲᠤᠬᠳᠠᠭᠠᠬᠤ ᠠᠵᠢᠯ ᠢ ᠲᠠᠭᠤᠰᠬᠠᠬᠰᠠᠨ ᠤ ᠲᠠᠷᠠᠭ᠎ᠠ ᠬᠢᠨᠠᠯᠳᠠ ᠲᠠᠯᠪᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠣ
᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠤᠬᠳᠠᠭᠠᠬᠰᠠᠨ ᠵᠦᠢᠯᠡᠰ ᠪᠦᠲᠦᠮᠵᠢᠳᠠᠢ ᠬᠡᠷᠡᠭᠵᠢᠭᠦᠯᠦᠭᠳᠡᠭᠦ ᠶᠢ ᠠᠬᠢᠭᠤᠯᠵᠦ᠂
ᠪᠤᠳᠠᠳᠤ ᠦᠢᠯᠡ ᠠᠵᠢᠯᠯᠠᠭ᠎ᠠ ᠪᠠᠷ ᠢᠶᠠᠨ ᠬᠠᠤᠯᠢ ᠴᠠᠭᠠᠵᠠ ᠬᠠᠤᠯᠢ ᠳᠣᠭᠳᠠᠭᠠᠯ ᠤᠨ ᠡᠷᠭᠡ ᠰᠦᠷ ᠢ ᠬᠠᠮᠠᠭᠠᠯᠠᠬᠤ ᠬᠡᠷᠡᠭᠳᠡᠢ ᠬᠡᠪᠡ᠃
ᠸᠠᠩ ᠵᠢᠶᠦ᠋ᠨ ᠵᠢᠭᠠᠵᠤ ᠭᠠᠷᠭᠠᠭᠰᠠᠨ ᠨᠢ᠂ ᠡᠨᠡ ᠣᠳᠠᠭ᠎ᠠ ᠶᠢᠨ ᠬᠤᠷᠠᠯ ᠠᠴᠠ ᠦᠪᠡᠷᠳᠡᠭᠡᠨ ᠵᠠᠰᠠᠬᠤ ᠤᠷᠤᠨ ᠤ ᠲᠤᠰ
ᠱᠠᠳᠤᠨ ᠤ ᠲᠦᠰᠦᠪ ᠢ ᠬᠦᠢᠴᠡᠳᠭᠡᠭᠰᠡᠨ ᠪᠠᠶᠢᠳᠠᠯ ᠪᠠ ᠪᠤᠰᠤᠳ ᠡᠳ᠋ ᠤᠨ ᠵᠠᠰᠠᠬ ᠤᠨ ᠤᠷᠤᠯᠭ᠎ᠠ ᠵᠠᠷᠤᠯᠭ᠎ᠠ ᠶᠢ 2015 ᠤᠨ ᠳᠤ
ᠬᠢᠨᠠᠨ ᠪᠤᠳᠣᠵᠣ ᠪᠠᠶᠢᠴᠠᠭᠠᠨ ᠭᠠᠷᠭᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠬᠰᠠᠨ ᠪᠠᠶᠢᠳᠠᠯ ᠤᠨ ᠳᠣᠬᠠᠢ ᠮᠡᠳᠡᠭᠦᠯᠦᠯᠳᠡ ᠶᠢ
ᠰᠤᠨᠤᠰᠣᠨ ᠬᠢᠨᠠᠨ ᠵᠦᠪᠯᠡᠭᠰᠡᠨ ᠪᠦᠭᠡᠳ ᠬᠢᠨᠠᠨ ᠵᠦᠪᠯᠡᠭᠰᠡᠨ ᠪᠠᠶᠢᠳᠠᠯ ᠲᠠᠢ ᠪᠠᠨ ᠤᠶᠠᠯᠳᠤᠭᠤᠯᠵᠦ ᠲᠤᠰᠬᠠᠢ ᠰᠡᠳᠦᠪ ᠢᠶᠠᠷ ᠠᠰᠠᠭᠤᠨ
ᠯᠠᠪᠯᠠᠪᠠ᠃ ᠪᠠᠶᠢᠡᠭᠭᠤ ᠶᠢᠨ ᠬᠤᠷᠢᠶ᠎ᠠ ᠶᠢᠨ ᠪᠦᠷᠢᠯᠳᠦᠭᠦᠨ ᠪᠠ ᠠᠷᠠᠳ ᠤᠨ ᠲᠦᠯᠦᠭᠡᠯᠡᠭᠴᠢᠳ ᠴᠡᠭᠴᠡᠯᠡᠨ ᠰᠠᠶᠢᠵᠢᠷᠠᠭᠤᠯᠣᠭᠰᠠᠨ
ᠠᠵᠢᠯ ᠤᠨ ᠦᠷ᠎ᠠ ᠪᠦᠲᠦᠮᠵᠢ ᠶᠢ ᠬᠦᠢᠴᠡᠳ ᠨᠤᠳᠠᠯᠠᠬᠤ ᠶᠢᠨ ᠬᠠᠮᠲᠤ ᠰᠠᠨᠠᠯ ᠰᠠᠨᠠᠭᠤᠯᠭ᠎ᠠ ᠲᠤᠷᠠᠳᠴᠠᠢ᠃ ᠵᠠᠰᠠᠭ ᠤᠨ ᠤᠷᠳᠤᠨ ᠵᠢᠴᠢ
ᠬᠠᠮᠢᠶ᠎ᠠ ᠪᠦᠭᠦᠢ ᠰᠠᠯᠠᠭ᠎ᠠ ᠮᠦᠴᠢᠷ ᠡᠳᠡᠭᠡᠷ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠤᠳᠤᠯᠵᠦ᠂ ᠪᠦᠬᠦ ᠲᠠᠯ᠎ᠠ ᠪᠠᠷ ᠴᠡᠭᠴᠡᠯᠡᠨ
ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠵᠦ᠂ ᠬᠠᠷᠢᠭᠤᠴᠠᠯᠭ᠎ᠠ ᠨᠡᠬᠡᠮᠵᠢᠯᠡᠬᠦ ᠬᠦᠴᠦᠯᠡᠴᠡ ᠪᠠᠨ ᠴᠢᠩᠭᠠᠳᠬᠠᠨ᠂ ᠠᠷᠠᠳ ᠤᠨ
ᠲᠦᠯᠦᠭᠡᠯᠡᠭᠴᠢᠳ ᠤᠨ ᠶᠡᠭᠡ ᠬᠤᠷᠠᠯ ᠤᠨ ᠬᠢᠨᠠᠯᠳᠠ ᠪᠠ ᠬᠢᠨᠠᠨ ᠪᠤᠳᠤᠯᠳᠠ ᠶᠢᠨ ᠬᠢᠨᠠᠯᠳᠠ ᠶᠢᠨ ᠲᠦᠪ ᠴᠢᠩᠭ᠎ᠠ ᠴᠢᠨᠠᠷ ᠢ ᠦᠨᠡᠨᠭᠦ
ᠬᠠᠮᠠᠭᠠᠯᠠᠬᠤ ᠬᠡᠷᠡᠭᠳᠡᠢ᠃ ᠡᠯ᠎ᠠ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠬᠢᠨᠠᠨ
ᠪᠤᠳᠤᠯᠲᠠ ᠳᠤ ᠪᠠᠶᠢᠴᠠᠭᠠᠵᠤ ᠭᠠᠷᠭᠠᠭᠰᠠᠨ ᠲᠤᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠬᠰᠠᠨ ᠪᠠᠶᠢᠳᠠᠯ ᠤᠨ
ᠮᠡᠳᠡᠭᠦᠯᠦᠯᠳᠡ ᠶᠢ ᠰᠤᠨᠤᠰᠬᠤ ᠪᠠ ᠬᠢᠨᠠᠨ ᠵᠦᠪᠯᠡᠭᠦ ᠲᠤᠬᠳᠠᠴᠠ ᠶᠢ ᠪᠠᠶᠢᠭᠤᠯᠵᠦ᠂ ᠠᠷᠠᠳ ᠤᠨ ᠲᠦᠯᠦᠭᠡᠯᠡᠭᠴᠢᠳ ᠤᠨ ᠶᠡᠭᠡ
ᠬᠤᠷᠠᠯ ᠤᠨ ᠬᠢᠨᠠᠯᠳᠠ ᠲᠠᠯᠪᠢᠬᠤ ᠠᠵᠢᠯ ᠢ ᠲᠠᠰᠤᠷᠠᠯᠳᠠ ᠦᠭᠡᠢ ᠴᠢᠩᠭᠠᠳᠬᠠᠨ ᠰᠠᠶᠢᠵᠢᠷᠠᠭᠤᠯᠬᠤ ᠬᠡᠷᠡᠭᠳᠡᠢ ᠬᠡᠪᠡ᠃
ᠸᠠᠩ ᠵᠢᠶᠦ᠋ᠨ ᠴᠢᠬᠤᠯᠠᠴᠢᠯᠠᠭᠰᠠᠨ ᠨᠢ᠂ ᠲᠠᠯ᠎ᠠ ᠨᠤᠲᠤᠭ ᠤᠨ ᠰᠤᠶᠤᠯ᠂ ᠤᠮᠠᠷᠠᠲᠦ ᠬᠢᠯᠢ ᠶᠢᠨ ᠦᠪᠡᠷᠮᠢᠴᠡ ᠤᠨᠴᠠᠯᠢᠭ ᠢ
ᠬᠠᠷᠠᠭᠤᠯᠤᠭᠰᠠᠨ ᠵᠤᠭᠠᠴᠠᠠ ᠲᠤᠭᠤᠷᠢᠬᠤ᠂ ᠰᠡᠯᠡᠭᠦᠴᠡᠡ ᠠᠮᠠᠷᠠᠬᠤ ᠰᠠᠭᠤᠷᠢᠨ ᠢ ᠲᠦᠷᠭᠡᠡ ᠪᠠᠶᠢᠭᠤᠯᠵᠦ᠂ ᠡᠭᠡ ᠤᠯᠤᠰ ᠤᠨ
ᠤᠮᠠᠷᠠᠲᠦ ᠶᠢᠨ ᠦᠵᠡᠰᠭᠦᠯᠡᠩᠲᠦ ᠰᠠᠶᠢᠬᠠᠠ ᠦᠵᠡᠮᠵᠢ ᠶᠢᠨ ᠤᠷᠤᠨ ᠢ ᠪᠠᠶᠢᠭᠤᠯᠬᠤ ᠶᠢᠨ ᠲᠦᠯᠦᠭᠡ᠂ ᠲᠤᠰ ᠤᠲᠠᠭᠠᠠ ᠤ ᠬᠤᠷᠠᠯ
ᠦᠪᠡᠷᠲᠡᠭᠡᠡ ᠵᠠᠰᠬᠠᠤ ᠤᠷᠤᠨ ᠤ ᠵᠤᠭᠠᠴᠠᠯ ᠤᠨ ᠲᠤᠪᠴᠢᠶᠠᠠ ᠤ 2015 ᠤᠨ ᠤ ᠠᠵᠢᠯ ᠤᠨ ᠪᠠᠶᠢᠲᠠᠯ ᠤᠨ ᠮᠡᠲᠡᠭᠦᠯᠦᠯᠲᠡ ᠶᠢ
ᠰᠤᠨᠤᠰᠤᠭᠰᠠᠠ ᠪᠦᠭᠡᠳ ᠠᠵᠢᠯ ᠤᠨ ᠦᠨᠡᠯᠡᠯᠲᠡ ᠬᠢᠵᠠᠢ᠃ ᠵᠠᠰᠠᠭ ᠤᠨ ᠤᠷᠲᠤᠨ ᠵᠢᠴᠢ ᠬᠤᠯᠪᠤᠭᠲᠠᠯ ᠪᠦᠬᠦᠢ ᠰᠠᠯᠠᠭ᠎ᠠ ᠮᠦᠴᠢᠷ
ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠰᠠᠨᠠᠯ ᠢ ᠨᠠᠷᠢᠨ ᠬᠢᠨᠠᠮᠠᠭᠠᠢ ᠰᠤᠲᠤᠯᠵᠦ᠂ ᠮᠠᠠ ᠤ ᠤᠷᠤᠨ ᠤ
ᠵᠤᠭᠠᠴᠠᠯ ᠤᠨ ᠡᠬᠢ ᠪᠠᠶᠠᠯᠢᠭ ᠤᠨ ᠲᠠᠯᠲᠠ ᠬᠦᠴᠤᠨ ᠢ ᠬᠦᠨᠵᠡᠭᠡᠢ ᠠᠭᠤᠳᠠᠯᠤᠨ᠂ ᠵᠤᠭᠠᠴᠠᠯ ᠤᠨ ᠦᠢᠯᠡᠰ ᠢ ᠮᠠᠠ ᠤ ᠤᠷᠤᠨ ᠤ ᠠᠵᠦ
ᠠᠬᠤᠢ ᠨᠡᠶᠢᠭᠡᠮ ᠤᠨ ᠬᠦᠭᠵᠢᠯᠲᠠ ᠶᠢᠨ ᠰᠢᠨ᠎ᠠ ᠬᠢᠯᠠᠰ ᠴᠡᠭ᠂ ᠰᠢᠨ᠎ᠠ ᠬᠦᠲᠡᠯᠭᠡᠭᠦᠷ ᠪᠤᠯᠭᠠᠬᠤ ᠭᠡᠷᠡᠭᠲᠡᠢ ᠭᠡᠪᠡ᠃
ᠸᠠᠩ ᠵᠢᠶᠦ᠋ᠨ ᠴᠢᠬᠤᠯᠠᠴᠢᠯᠠᠭᠰᠠᠨ ᠨᠢ᠂ ᠴᠢᠬᠤᠯᠠ ᠶᠡᠭᠡ ᠤᠴᠢᠷ ᠶᠠᠪᠤᠲᠠᠯ ᠢ ᠶᠠᠷᠢᠯᠴᠠᠠ ᠲᠤᠭᠲᠠᠠᠭᠠᠬᠤ ᠪᠤᠯ ᠦᠨᠲᠦᠰᠦᠨ
ᠬᠠᠤᠯᠢ ᠪᠤᠯᠤᠨ ᠬᠠᠤᠯᠢ ᠴᠠᠭᠠᠵᠠ ᠠᠴᠠ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ
ᠤᠯᠭᠤᠭᠰᠠᠠ ᠴᠢᠬᠤᠯᠠ ᠡᠷᠭᠡ ᠲᠤᠰᠢᠶᠠᠯ ᠪᠤᠯᠤᠨ᠎ᠠ᠃ ᠲᠤᠰ ᠤᠲᠠᠭ᠎ᠠ ᠶᠢᠨ ᠬᠤᠷᠠᠯ ᠠᠴᠠ ᠵᠠᠰᠠᠭ ᠤᠨ ᠤᠷᠲᠤᠨ ᠤ ᠲᠡᠪᠰᠢᠭᠦᠯᠦᠭᠰᠡᠡ ︽
ᠦᠪᠦᠷ ᠮᠤᠩᠭᠤᠯ ᠤᠨ ᠦᠪᠡᠷᠲᠡᠭᠡᠡ ᠵᠠᠰᠬᠠᠤ ᠤᠷᠤᠨ ᠤ ᠬᠤᠲᠠ ᠪᠠᠯᠭᠠᠰᠤ ᠶᠢᠨ ᠰᠢᠰᠲ᠋ᠧᠮ ᠤᠨ ᠲᠦᠯᠦᠪᠵᠢᠭᠦᠯᠭᠡ ︵2015 —
2030 ᠤᠨ︶︾ ᠶᠢ ᠬᠢᠨᠠᠠ ᠵᠦᠪᠯᠡᠵᠠᠢ᠂ ᠪᠦᠷᠢᠯᠲᠦᠭᠦᠨ ᠨᠠᠷ ᠠᠴᠠ ᠲᠦᠯᠦᠪᠵᠢᠭᠦᠯᠭᠡ ᠨᠢ ᠲᠦᠪ ᠤᠨ ᠪᠠ ᠦᠪᠡᠷᠲᠡᠭᠡᠡ ᠵᠠᠰᠠᠬᠤ
ᠤᠷᠤᠠ ᠤ ᠨᠠᠮ ᠤᠨ ᠬᠤᠷᠢᠶ᠎ᠠ ᠶᠢᠨ ᠰᠢᠨ᠎ᠠ ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠠᠬᠢᠭᠤᠯᠵᠦ᠂ ᠬᠤᠲᠠ ᠶᠢᠨ ᠲᠦᠯᠦᠪᠵᠢᠭᠦᠯᠭᠡ
ᠪᠦ᠋ᠲᠦᠭᠡᠡ ᠪᠠᠶᠢᠭᠤᠯᠤᠯᠲᠠ ᠬᠠᠮᠢᠶᠠᠷᠤᠯᠲᠠ ᠶᠢ ᠴᠢᠩᠭᠠᠳᠬᠠᠬᠤ ᠰᠢᠢᠳᠪᠦᠷᠢᠲᠦ ᠪᠤᠲᠤᠯᠭ᠎ᠠ ᠶᠢᠨ ᠵᠤᠷᠢᠭ ᠰᠠᠨᠠᠭ᠎ᠠ ᠶᠢ ᠬᠠᠷᠠᠭᠤᠯᠵᠦ᠂
ᠨᠡᠯᠢᠶᠡᠳ ᠴᠢᠩᠭ᠎ᠠ ᠴᠢᠭᠯᠡᠭᠦᠯᠦᠯᠲᠦ ᠴᠢᠨᠠᠷ ᠪᠠ ᠠᠵᠢᠯᠯᠠᠭᠠᠠ ᠤ ᠴᠢᠨᠠᠷ ᠲᠠᠢ ᠭᠡᠵᠦ ᠦᠵᠡᠪᠡ᠃ ᠵᠠᠰᠠᠭ ᠤᠨ ᠤᠷᠲᠤᠨ ᠵᠢᠴᠢ
ᠬᠤᠯᠪᠤᠭᠲᠠᠯ ᠪᠦᠬᠦᠢ ᠰᠠᠯᠠᠭ᠎ᠠ ᠮᠦᠴᠢᠷ ᠪᠦᠷᠢᠯᠲᠦᠭᠦᠨ ᠨᠠᠷ ᠤᠨ ᠰᠠᠨᠠᠭᠤᠯᠭ᠎ᠠ ᠶᠢ ᠨᠠᠷᠢᠨ ᠬᠢᠨᠠᠮᠠᠭᠠᠢ ᠬᠦᠯᠢᠶᠡᠨ ᠠᠪᠴᠤ᠂ ᠵᠠᠰᠠᠪᠤᠷᠢ
ᠤᠷᠤᠭᠤᠯᠵᠦ ᠲᠡᠭᠦᠯᠲᠡᠷᠵᠢᠭᠦᠯᠬᠦ ᠠᠵᠢᠯ ᠢ ᠰᠠᠶᠢᠲᠤᠷ ᠬᠢᠵᠦ᠂ ᠴᠠᠭ ᠲᠤᠬᠠᠢ ᠳᠤᠨᠢ ᠲᠦᠷᠦ ᠶᠢᠨ ᠶᠠᠪᠤᠲᠠᠯ ᠤᠨ ᠬᠤᠷᠢᠶᠠᠠ ᠳᠤ
ᠲᠡᠪᠰᠢᠭᠦᠯᠵᠦ ᠬᠢᠨᠠᠠ ᠵᠦᠪᠰᠢᠶᠡᠷᠡᠭᠦᠯᠬᠦ ᠬᠡᠷᠡᠭᠲᠡᠢ ᠭᠡᠪᠡ᠃
ᠸᠠᠩ ᠵᠢᠶᠦ᠋ᠨ ᠴᠢᠬᠤᠯᠠᠴᠢᠯᠠᠭᠰᠠᠨ ᠨᠢ᠂ ᠴᠢᠬᠤᠯᠠ ᠶᠡᠭᠡ ᠤᠴᠢᠷ ᠶᠠᠪᠤᠲᠠᠯ ᠢ ᠶᠠᠷᠢᠯᠴᠠᠠ ᠲᠤᠭᠲᠠᠠᠭᠠᠬᠤ ᠪᠤᠯ ᠦᠨᠲᠦᠰᠦᠨ
ᠬᠠᠤᠯᠢ ᠪᠤᠯᠤᠨ ᠬᠠᠤᠯᠢ ᠴᠠᠭᠠᠵᠠ ᠠᠴᠠ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ
ᠤᠯᠭᠤᠭᠰᠠᠠ ᠴᠢᠬᠤᠯᠠ ᠡᠷᠭᠡ ᠲᠤᠰᠢᠶᠠᠯ ᠪᠤᠯᠤᠨ᠎ᠠ᠃ ᠲᠤᠰ ᠤᠲᠠᠭ᠎ᠠ ᠶᠢᠨ ᠬᠤᠷᠠᠯ ᠠᠴᠠ ᠵᠠᠰᠠᠭ ᠤᠨ ᠤᠷᠲᠤᠨ ᠤ ᠲᠡᠪᠰᠢᠭᠦᠯᠦᠭᠰᠡᠡ ︽
ᠦᠪᠦᠷ ᠮᠤᠩᠭᠤᠯ ᠤᠨ ᠦᠪᠡᠷᠲᠡᠭᠡᠡ ᠵᠠᠰᠬᠠᠤ ᠤᠷᠤᠨ ᠤ ᠬᠤᠲᠠ ᠪᠠᠯᠭᠠᠰᠤ ᠶᠢᠨ ᠰᠢᠰᠲ᠋ᠧᠮ ᠤᠨ ᠲᠦᠯᠦᠪᠵᠢᠭᠦᠯᠭᠡ ︵2015 —
2030 ᠤᠨ︶︾ ᠶᠢ ᠬᠢᠨᠠᠠ ᠵᠦᠪᠯᠡᠵᠠᠢ᠂ ᠪᠦᠷᠢᠯᠲᠦᠭᠦᠨ ᠨᠠᠷ ᠠᠴᠠ ᠲᠦᠯᠦᠪᠵᠢᠭᠦᠯᠭᠡ ᠨᠢ ᠲᠦᠪ ᠤᠨ ᠪᠠ ᠦᠪᠡᠷᠲᠡᠭᠡᠡ ᠵᠠᠰᠠᠬᠤ
ᠤᠷᠤᠠ ᠤ ᠨᠠᠮ ᠤᠨ ᠬᠤᠷᠢᠶ᠎ᠠ ᠶᠢᠨ ᠰᠢᠨ᠎ᠠ ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠠᠬᠢᠭᠤᠯᠵᠦ᠂ ᠬᠤᠲᠠ ᠶᠢᠨ ᠲᠦᠯᠦᠪᠵᠢᠭᠦᠯᠭᠡ
ᠪᠦ᠋ᠲᠦᠭᠡᠡ ᠪᠠᠶᠢᠭᠤᠯᠤᠯᠲᠠ ᠬᠠᠮᠢᠶᠠᠷᠤᠯᠲᠠ ᠶᠢ ᠴᠢᠩᠭᠠᠳᠬᠠᠬᠤ ᠰᠢᠢᠳᠪᠦᠷᠢᠲᠦ ᠪᠤᠲᠤᠯᠭ᠎ᠠ ᠶᠢᠨ ᠵᠤᠷᠢᠭ ᠰᠠᠨᠠᠭ᠎ᠠ ᠶᠢ ᠬᠠᠷᠠᠭᠤᠯᠵᠦ᠂
ᠨᠡᠯᠢᠶᠡᠳ ᠴᠢᠩᠭ᠎ᠠ ᠴᠢᠭᠯᠡᠭᠦᠯᠦᠯᠲᠦ ᠴᠢᠨᠠᠷ ᠪᠠ ᠠᠵᠢᠯᠯᠠᠭᠠᠠ ᠤ ᠴᠢᠨᠠᠷ ᠲᠠᠢ ᠭᠡᠵᠦ ᠦᠵᠡᠪᠡ᠃ ᠵᠠᠰᠠᠭ ᠤᠨ ᠤᠷᠲᠤᠨ ᠵᠢᠴᠢ
ᠬᠤᠯᠪᠤᠭᠲᠠᠯ ᠪᠦᠬᠦᠢ ᠰᠠᠯᠠᠭ᠎ᠠ ᠮᠦᠴᠢᠷ ᠪᠦᠷᠢᠯᠲᠦᠭᠦᠨ ᠨᠠᠷ ᠤᠨ ᠰᠠᠨᠠᠭᠤᠯᠭ᠎ᠠ ᠶᠢ ᠨᠠᠷᠢᠨ ᠬᠢᠨᠠᠮᠠᠭᠠᠢ ᠬᠦᠯᠢᠶᠡᠨ ᠠᠪᠴᠤ᠂ ᠵᠠᠰᠠᠪᠤᠷᠢ
ᠤᠷᠤᠭᠤᠯᠵᠦ ᠲᠡᠭᠦᠯᠲᠡᠷᠵᠢᠭᠦᠯᠬᠦ ᠠᠵᠢᠯ ᠢ ᠰᠠᠶᠢᠲᠤᠷ ᠬᠢᠵᠦ᠂ ᠴᠠᠭ ᠲᠤᠬᠠᠢ ᠳᠤᠨᠢ ᠲᠦᠷᠦ ᠶᠢᠨ ᠶᠠᠪᠤᠲᠠᠯ ᠤᠨ ᠬᠤᠷᠢᠶᠠᠠ ᠳᠤ
ᠲᠡᠪᠰᠢᠭᠦᠯᠵᠦ ᠬᠢᠨᠠᠠ ᠵᠦᠪᠰᠢᠶᠡᠷᠡᠭᠦᠯᠬᠦ ᠬᠡᠷᠡᠭᠲᠡᠢ ᠭᠡᠪᠡ᠃
ᠸᠠᠩ ᠵᠢᠶᠦ᠋ᠨ ᠵᠢᠭᠠᠵᠣ ᠭᠠᠷᠭᠠᠭᠰᠠᠨ ᠨᠢ᠂ ︽ᠰᠤᠮᠤ ᠰᠢᠶᠠᠩ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ
ᠬᠤᠷᠠᠯ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠴᠠᠬ ᠲᠤ ᠳᠣᠬᠢᠷᠠᠭᠤᠯᠣᠯᠳᠠ ᠬᠢᠬᠦ ᠲᠤᠬᠠᠢ ᠲᠤᠬᠳᠠᠭᠠᠯ︾ ᠨᠢ ᠦᠪᠡᠷᠳᠡᠭᠡᠨ
ᠵᠠᠰᠠᠬᠤ ᠤᠷᠤᠨ ᠤ ᠲᠤᠰ ᠬᠤᠭᠤᠴᠠᠭᠠᠨ ᠤ ᠰᠤᠮᠤ ᠰᠢᠶᠠᠩ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ
ᠲᠤᠰᠢᠶᠠᠯ ᠡᠭᠦᠷᠭᠡᠯᠡᠬᠦ ᠬᠤᠭᠤᠴᠠᠭ᠎ᠠ ᠶᠢ 2017 ᠤᠨ ᠬᠦᠷᠳᠡᠯ᠎ᠡ ᠤᠷᠳᠤᠳᠬᠠᠵᠦ᠂ ᠬᠤᠰᠢᠭᠤ ᠰᠢᠶᠠᠨ ᠤ ᠱᠠᠳᠣᠨ ᠤ ᠠᠷᠠᠳ ᠤᠨ
ᠲᠦᠯᠦᠭᠡᠯᠡᠭᠴᠢᠳ ᠤᠨ ᠶᠡᠭᠡ ᠬᠤᠷᠠᠯ ᠲᠠᠢ ᠢᠵᠢᠯ ᠠᠯᠬᠤᠮ ᠢᠶᠠᠷ ᠬᠤᠭᠤᠴᠠᠭ᠎ᠠ ᠰᠤᠯᠢᠬᠤ ᠪᠠᠷ ᠲᠤᠬᠳᠠᠪᠠ᠃ ᠡᠯ᠎ᠠ ᠬᠠᠮᠢᠶ᠎ᠠ ᠪᠦᠭᠦᠢ
ᠰᠠᠯᠠᠭ᠎ᠠ ᠮᠦᠴᠢᠷ ᠲᠦᠪ ᠤᠨ ᠰᠢᠶᠠᠨ ᠰᠢᠶᠠᠩ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠤᠯᠢᠬᠤ
ᠰᠤᠩᠭᠤᠭᠤᠯᠢ ᠶᠢᠨ ᠲᠤᠬᠠᠢ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠬᠦᠨᠵᠡᠭᠡᠢ ᠲᠤᠤᠱᠯᠠᠭᠤᠯᠵᠦ᠂ ᠦᠪᠡᠷᠳᠡᠭᠡᠨ
ᠵᠠᠰᠠᠬᠤ ᠤᠷᠤᠨ ᠤ ᠬᠡᠷᠡᠭᠵᠢᠭᠦᠯᠭᠦ ᠰᠠᠨᠠᠯ ᠢ ᠲᠠᠷᠤᠢ ᠲᠦᠷᠭᠡᠨ ᠳᠣᠭᠳᠠᠭᠠᠵᠣ᠂ ᠨᠢᠭᠡᠲᠦᠯᠳᠡᠢ ᠲᠦᠯᠦᠪᠵᠢᠭᠦᠯᠦᠨ ᠳᠣᠬᠢᠷᠠᠭᠤᠯᠵᠣ᠂
ᠨᠢᠮᠪᠠᠢ ᠵᠤᠬᠢᠶᠠᠨ ᠪᠠᠶᠢᠭᠤᠯᠵᠦ᠂ ᠠᠯᠬᠤᠮ ᠲᠠᠷᠠᠭ᠎ᠠ ᠲᠠᠢ ᠠᠬᠢᠭᠤᠯᠵᠣ᠂ ᠦᠨᠡᠨᠴᠢ ᠰᠢᠳᠣᠷᠭᠤ ᠠᠷᠢᠭᠤᠨ ᠴᠢᠭᠡᠴᠢ ᠬᠠᠷᠢᠭᠤᠴᠠᠯᠭ᠎ᠠ
ᠡᠭᠦᠷᠭᠡᠯᠡᠬᠦ ᠰᠠᠶᠢᠨ ᠺᠠᠳ᠋ᠷ ᠢ ᠰᠣᠩᠭᠤᠵᠣ᠂ ᠪᠦᠲᠦᠴᠡ ᠨᠢ ᠰᠢᠯᠢᠳᠡᠭ ᠴᠢᠳᠠᠪᠬᠢ ᠨᠢ ᠴᠢᠩᠭ᠎ᠠ ᠰᠠᠶᠢᠨ ᠪᠠᠭ ᠢ ᠰᠤᠩᠭᠤᠨ ᠭᠠᠷᠭᠠᠬᠤ ᠶᠢ
ᠦᠨᠡᠨᠬᠦ ᠪᠠᠳᠤᠯᠠᠵᠦ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠤᠷᠤᠬᠰᠢᠳᠠᠢ ᠬᠡᠷᠡᠭᠵᠢᠭᠦᠯᠦᠭᠳᠡᠭᠦ᠂
ᠴᠢᠨᠡᠭᠡᠯᠢᠢᠡ ᠨᠡᠶᠢᠭᠡᠮ ᠢ ᠲᠤᠬᠳᠠᠬᠰᠠᠨ ᠴᠠᠭ ᠲᠠᠭᠠᠨ ᠪᠦᠬᠦ ᠲᠠᠯ᠎ᠠ ᠪᠠᠷ ᠪᠡᠶᠡᠯᠡᠭᠦᠯᠭᠦ᠂ ᠡᠭᠡ ᠤᠯᠤᠰ ᠤᠨ ᠤᠮᠠᠷᠠᠳᠤ ᠶᠢᠨ ᠦᠵᠡᠮᠵᠢ ᠶᠢᠨ
ᠣᠷᠣᠨ ᠢ ᠨᠡᠩ ᠦᠵᠡᠰᠭᠦᠯᠠᠩᠳᠤ ᠰᠠᠶᠢᠬᠠᠨ ᠪᠣᠯᠭᠠᠨ ᠪᠦᠳᠦᠭᠡᠨ ᠪᠠᠶᠢᠭᠤᠯᠬᠤ ᠳᠤ ᠪᠠᠳᠤ ᠴᠢᠩᠭ᠎ᠠ ᠪᠠᠳ
ᠪᠤᠯᠤᠷ
ᠣᠷᠴᠢᠭᠤᠯᠤᠭᠴᠢ᠄
ᠢᠷᠡᠯᠲᠡ᠄
ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ