-
2142430
︽ᠲᠠᠯ᠎ᠠ ᠨᠤᠲᠤᠭ ᠤᠨ ᠠᠶᠠᠯᠠᠯ︾ ᠳᠤᠭᠤᠶ ᠲᠡᠷᠭᠡᠨ ᠤ ᠬᠤᠯᠪᠣᠭᠠᠲᠤ ᠤᠷᠤᠯᠳᠤᠭᠠᠨ
2019-10-19 22:09
312
0
10 ᠰᠠᠷ᠎ᠠ ᠶᠢᠨ 16 ᠤ ᠥᠳᠡ ᠶᠢᠨ ᠡᠮᠥᠨ᠎ᠠ᠂ 2019 ᠣᠨ ᠤ ᠥᠪᠡᠷᠲᠡᠭᠡᠨ ᠵᠠᠰᠠᠬᠤ ᠣᠷᠣᠨ ᠤ ︽ᠲᠠᠯ᠎ᠠ ᠨᠤᠲᠤᠭ ᠤᠨ ᠠᠶᠠᠯᠠᠯ︾ ᠳᠤᠭᠤᠶ ᠲᠡᠷᠭᠡᠨ ᠤ ᠬᠤᠯᠪᠣᠭᠠᠲᠤ ᠤᠷᠤᠯᠳᠤᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠳᠤ ᠶᠠᠪᠤᠭᠳᠠᠵᠤ᠂ ᠬᠤᠷᠠᠯ ᠠᠴᠠ ᠤᠷᠤᠯᠳᠤᠭᠠᠨ ᠤ Logo᠂ ᠳᠤᠭᠤᠶ ᠤᠨᠤᠬᠤ ᠬᠤᠪᠴᠠᠰᠤ ᠵᠡᠷᠭᠡ ᠶᠢ ᠨᠡᠶᠢᠲᠡᠯᠡᠪᠡ᠃ ᠥᠢᠯᠠᠭᠠᠬᠰᠠᠨ ᠢᠶᠠᠷ᠂ ᠲᠣᠰ ᠤᠳᠠᠭᠠᠨ ᠤ ᠬᠤᠯᠪᠤᠭᠠᠳᠤ ᠤᠷᠤᠯᠳᠤᠭᠠᠨ 10 ᠰᠠᠷ᠎ᠠ ᠶᠢᠨ ᠬᠤᠷᠢᠳ ᠢᠶᠠᠷ ᠡᠬᠢᠯᠡᠵᠥ᠂ ᠬᠥᠬᠡᠬᠤᠲᠠ᠂ ᠦᠬᠠᠶ᠂ ᠠᠯᠠᠱᠠ ᠵᠡᠬᠦᠨ ᠬᠤᠰᠢᠭᠤ ᠵᠡᠷᠭᠡ 3 ᠥᠷᠲᠡᠭᠡ ᠬᠤᠪᠢᠶᠠᠨ ᠶᠠᠪᠤᠬᠳᠠᠵᠥ᠂ 1000 ᠭᠠᠷᠤᠢ ᠲᠠᠮᠢᠷᠴᠢᠨ ᠤᠷᠤᠯᠳᠤᠭᠠᠨ ᠳᠤ ᠤᠷᠤᠯᠴᠠᠬᠤ ᠪᠣᠯᠤᠨ᠎ᠠ᠃
ᠣᠶᠢᠯᠠᠭᠠᠭᠰᠠᠨ ᠢᠶᠠᠷ᠂ ᠮᠠᠨ ᠤ ᠤᠷᠤᠨ ᠤ ᠥᠩᠭᠡᠷᠡᠭᠰᠡᠨ ᠵᠢᠯ ᠤᠳ ᠤᠨ ᠡᠷᠬᠢᠯᠡᠭᠰᠡᠨ ᠳᠤᠭᠤᠶ ᠲᠡᠷᠭᠡᠨ ᠤ ᠤᠷᠤᠯᠳᠤᠭᠠᠨ ᠲᠠᠢ ᠬᠠᠷᠢᠴᠠᠭᠤᠯᠪᠠᠯ᠂ ᠲᠤᠰ ᠤᠳᠠᠭ᠎ᠠ ᠶᠢᠨ ᠤᠷᠤᠯᠳᠤᠭᠠᠨ ᠬᠤᠪᠢᠶᠠᠷᠢ ᠥᠷᠲᠡᠭᠡᠨ ᠤ ᠤᠷᠤᠯᠳᠤᠭᠠᠨ ᠳᠤ ᠰᠣᠳᠣᠨ ᠲᠠᠮᠢᠷᠴᠢᠨ ᠢ ᠰᠢᠯᠭᠠᠷᠠᠭᠤᠯᠬᠤ ᠳᠤᠭᠤᠶᠢᠯᠠᠩ ᠪᠠ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠳᠤᠭᠤᠶᠢᠯᠠᠩ ᠪᠠᠶᠢᠷᠢᠯᠠᠭᠤᠯᠤᠬᠰᠠᠨ ᠠᠴᠠ ᠭᠠᠳᠠᠨ᠎ᠠ᠂ ᠠᠩᠬ᠎ᠠ ᠤᠳᠠᠭ᠎ᠠ ᠬᠤᠪᠢᠶᠠᠷᠢ ᠥᠷᠲᠡᠭᠡᠨ ᠤ ᠤᠷᠤᠯᠳᠤᠭᠠᠨ ᠳᠤ ᠲᠤᠬᠠᠢ ᠶᠢᠨ ᠭᠠᠵᠠᠷ ᠤᠨ ᠲᠤᠭᠤᠢ ᠲᠡᠷᠭᠡᠨ ᠤ ᠪᠠᠭ᠋ᠠᠳᠠᠳ ᠤᠨ ᠳᠤᠭᠤᠶᠢᠯᠠᠩ ᠲᠤᠬᠢᠷᠠᠭᠤᠯᠵᠠᠢ᠃ ᠡᠨᠡ ᠨᠢ ᠮᠥᠨ ᠴᠦ ᠥᠪᠥᠷ ᠮᠣᠩᠭᠤᠯ ᠤᠨ ᠳᠤᠭᠤᠶ ᠲᠡᠷᠭᠡᠨ ᠤ ᠤᠷᠤᠯᠳᠤᠭᠠᠨ ᠤ ᠠᠩᠬᠠᠨ ᠤ ᠲᠤᠷᠰᠢᠴᠠ ᠪᠠᠶᠢᠵᠤ᠂ ᠲᠤᠬᠠᠶ ᠶᠢᠨ ᠭᠠᠵᠠᠷ ᠤᠨ ᠣᠯᠠᠨ ᠲᠦᠮᠡᠨ ᠤ ᠣᠷᠣᠯᠴᠠᠬᠤ ᠢᠳᠡᠪᠬᠢᠵᠢᠯ ᠢ ᠲᠠᠶᠢᠴᠢᠯᠠᠵᠥ᠂ ᠳᠤᠭᠤᠶ ᠲᠡᠷᠭᠡᠨ ᠤ ᠲᠠᠮᠢᠷᠴᠢᠨ ᠤ ᠲᠤᠰᠬᠠᠶ ᠡᠩᠨᠡᠭᠡ ᠶᠢ ᠪᠤᠵᠠᠭᠠᠶᠢᠷᠠᠭᠤᠯᠬᠤ ᠳᠤ ᠬᠦᠴᠦᠲᠡᠶ ᠲᠤᠯᠭᠠᠭᠤᠷᠢᠯᠠᠬᠤ ᠬᠥᠴᠥᠨ ᠬᠠᠨᠭ᠍ᠭᠠᠬᠤ ᠪᠤᠯᠤᠨ᠎ᠠ᠃
ᠬᠤᠷᠠᠯ ᠲᠡᠭᠡᠷ᠎ᠠ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠷᠢᠭᠤᠴᠠᠯᠭᠠᠳᠠᠨ ᠤ ᠲᠠᠨᠢᠯᠴᠠᠭᠤᠯᠤᠬᠰᠠᠨ ᠢᠶᠠᠷ᠂ ᠲᠣᠰ ᠤᠳᠠᠭ᠎ᠠ ᠶᠢᠨ ᠬᠤᠯᠪᠤᠭᠠᠳᠤ ᠤᠷᠤᠯᠳᠤᠭᠠᠨ ᠨᠢ ᠮᠠᠨ ᠤ ᠣᠷᠣᠨ ᠤ ᠥᠨᠳᠥᠷ ᠲᠦᠪᠰᠢᠨ ᠪᠦᠬᠦᠢ ᠤᠷᠤᠯᠳᠤᠭᠠᠨ ᠤ ᠲᠦᠷᠦᠯ ᠲᠡᠮᠳᠡᠭ ᠪᠣᠯᠤᠭᠰᠠᠨ ᠤ ᠬᠤᠪᠢ ᠳᠤ᠂ ᠮᠠᠨ ᠤ ᠣᠷᠣᠨ ᠤ ᠳᠤᠭᠤᠶ ᠲᠡᠷᠭᠡᠨ ᠤ ᠲᠥᠷᠥᠯ ᠵᠦᠶ᠋ᠯ ᠤᠨ ᠥᠷᠢᠰᠥᠯᠳᠦᠭᠡᠨ ᠤ ᠲᠦᠪᠰᠢᠨ ᠢ ᠳᠡᠭᠡᠭᠰᠢᠯᠡᠭᠦᠯᠬᠦ ᠳᠤ ᠠᠬᠢᠭᠤᠯᠬᠤ ᠦᠢᠯᠡᠳᠦᠯ ᠦᠵᠡᠭᠦᠯᠬᠦ ᠪᠠᠷ ᠪᠠᠷᠠᠬᠤ ᠥᠬᠡᠶ᠂ ᠪᠠᠰᠠ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠡᠶ᠎ᠡ ᠶᠢᠨ ᠲᠠᠮᠢᠷ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠥᠵᠡᠬᠦᠯᠬᠦ ᠪᠤᠯᠤᠨ᠎ᠠ ᠭᠡᠪᠡ᠃ ᠵᠣᠬᠢᠶᠠᠭᠴᠢ᠄ ᠥᠷᠭᠡᠨ