

ᠡᠭᠡ ᠤᠯᠤᠰ ᠤᠨ ᠢᠶᠠᠨ ᠲᠦᠯᠦᠭᠡ ᠤᠮᠤᠬᠰᠢᠵᠦ ᠡᠭᠡ ᠤᠯᠤᠰ ᠢᠶᠠᠨ ᠵᠦᠩᠨᠡᠶ᠎ᠠ

2019-10-03 17:07
  331
  0

     — ᠶᠡᠷᠦᠩᠭᠡᠢ ᠱᠦᠵᠢ ᠰᠢ ᠶᠢᠨ ᠫᠢᠩ ᠤᠨ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠶᠠᠷᠢᠶ᠎ᠠ ᠶᠢ ᠰᠤᠷᠤᠯᠴᠠᠨ ᠲᠤᠭᠤᠰᠢᠯᠠᠭᠤᠯᠬᠤ ᠲᠤᠬᠠᠢ ᠦᠬᠦᠯᠡᠬᠦ ᠨᠢ
  ᠡᠨᠡ ᠪᠤᠯ ᠭᠠᠵᠠᠷ ᠳᠡᠯᠡᠭᠡᠢ ᠶᠢ ᠤᠶᠠᠷᠠᠭᠤᠯᠤᠭᠰᠠᠨ ᠲᠡᠮᠡᠴᠡᠯ ᠤᠨ ᠲᠡᠦᠭᠡᠨ ᠲᠤᠤᠯᠢᠰ︕ ᠡᠨᠡ ᠪᠤᠯ ᠲᠡᠦᠭᠡ ᠰᠤᠳᠤᠷ ᠲᠤ ᠳᠡᠮᠳᠡᠭᠯᠡᠭᠳᠡᠬᠦ ᠠᠭᠤᠤ ᠶᠡᠭᠡ ᠲᠤᠮᠤᠭ︕
  ᠬᠦᠮᠦᠨ ᠲᠦᠷᠦᠯᠬᠢᠳᠡᠨ ᠤ ᠲᠡᠦᠭᠡ ᠶᠢᠨ ᠶᠡᠭᠡ ᠤᠷᠤᠰᠬᠠᠯ ᠳᠤᠮᠳᠠ᠂ 70 ᠵᠢᠯ ᠨᠢ ᠵᠦᠪᠭᠡᠨ ᠬᠤᠷᠤᠮ ᠵᠠᠭᠤᠷ᠎ᠠ ᠲᠡᠳᠦᠢ ᠶᠤᠮ᠂ ᠭᠡᠳᠡᠯ᠎ᠠ ᠳᠤᠮᠳᠠᠳᠤ ᠤᠯᠤᠰ ᠤᠨ ᠠᠷᠠᠳ ᠲᠦᠮᠡᠨ ᠪᠠ ᠳᠤᠮᠳᠠᠳᠤ ᠶᠢᠨ ᠦᠨᠳᠦᠰᠦᠳᠡᠨ ᠤ ᠬᠤᠪᠢ ᠳᠤ᠂ ᠡᠨᠡ ᠪᠤᠯ ᠬᠦᠮᠦᠨ ᠤ ᠶᠢᠷᠳᠢᠨᠴᠦ ᠶᠢ ᠬᠤᠪᠢᠷᠠᠭᠤᠯᠤᠭᠰᠠᠠ 70 ᠵᠢᠯ ᠤᠨ ᠯᠤᠳᠤ ᠬᠤᠪᠢᠷᠠᠯᠳᠠ ᠪᠤᠯᠤᠨ᠎ᠠ᠃ ᠳᠤᠮᠳᠠᠳᠤ ᠶᠢᠨ ᠦᠨᠳᠦᠰᠦᠳᠡᠨ ᠪᠤᠰᠴᠦ ᠵᠤᠬᠰᠤᠭᠰᠠᠨ᠂ ᠪᠠᠶᠠᠵᠢᠭᠰᠠᠨ ᠠᠴᠠ ᠬᠦᠴᠦᠷᠭᠡᠭᠵᠢᠭᠰᠡᠨ ᠠᠭᠤᠤ ᠶᠡᠭᠡ ᠦᠰᠦᠷᠦᠯᠳᠠ ᠶᠢ ᠪᠡᠶᠡᠯᠡᠭᠦᠯᠵᠤ᠂ ᠠᠭᠤᠤ ᠶᠡᠭᠡ ᠰᠡᠷᠬᠦᠨ ᠮᠠᠨᠳᠤᠯᠳᠠ ᠶᠢᠨ ᠭᠡᠭᠡᠨ ᠰᠠᠷᠠᠭᠤᠯ ᠢᠷᠡᠭᠡᠳᠦᠢ ᠪᠠᠨ ᠤᠬᠳᠤᠨ ᠠᠪᠴᠠᠢ᠃
  ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷ᠎ᠠ᠂ ᠶᠡᠷᠦᠩᠭᠡᠢ ᠱᠦᠵᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠦ᠂ 70 ᠵᠢᠯ ᠤᠨ ᠲᠤᠷᠰᠢᠬᠢ ᠪᠦᠬᠦ ᠤᠯᠤᠰ ᠤᠨ ᠦᠨᠳᠦᠰᠦᠳᠡᠨ ᠨᠦᠭᠦᠳ ᠲᠡᠯᠡᠭᠡᠢ ᠳ᠋ᠠᠬᠢᠨ ᠢ ᠭᠠᠶᠢᠬᠠᠰᠢᠷᠠᠭᠤᠯᠤᠭᠰᠠᠨ ᠠᠭᠤᠤ ᠶᠡᠭᠡ ᠠᠮᠵᠢᠯᠳᠠ ᠤᠯᠤᠬᠰᠠᠨ ᠢ ᠮᠠᠬᠳᠠᠨ ᠰᠠᠶᠢᠰᠢᠶᠠᠵᠦ᠂ ᠤᠷᠤᠬᠰᠢᠯᠠᠯᠳᠠ ᠶᠢᠨ ᠵᠠᠮ ᠳᠡᠭᠡᠷ᠎ᠠ ᠰᠢᠨ᠎ᠠ ᠠᠤᠭ᠎ᠠ ᠦᠢᠯᠡᠰ ᠢ ᠳᠠᠰᠤᠷᠠᠯᠳᠠ ᠦᠭᠡᠢ ᠴᠤᠬᠴᠠᠯᠠᠬᠤ ᠡᠷᠡᠰ ᠪᠠᠳᠤ ᠢᠳᠡᠭᠡᠯ ᠵᠤᠷᠢᠭ ᠢᠶᠠᠨ ᠢᠯᠡᠳᠭᠡᠨ᠂ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠨᠡᠩ ᠨᠢᠭᠳᠠᠷᠠᠨ ᠪᠦᠯᠬᠦᠮᠳᠡᠵᠤ᠂ ᠤᠭ ᠰᠠᠨᠠᠭ᠎ᠠ ᠪᠠᠨ ᠦᠯᠦ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠤ᠂ ᠮᠠᠨ ᠤ ᠪᠦᠭᠦᠳᠡ ᠨᠠᠶᠢᠷᠠᠮᠳᠠᠬᠤ ᠠᠷᠠᠳ ᠤᠯᠤᠰ ᠢᠶᠠᠨ ᠰᠠᠶᠢᠳᠤᠷ ᠪᠠᠬᠢᠵᠢᠭᠦᠯᠵᠤ᠂ ᠰᠠᠶᠢᠳᠤᠷ ᠬᠦᠭᠵᠢᠭᠦᠯᠵᠤ᠂ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠳᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠭᠦᠨ ᠮᠠᠨᠳᠤᠯᠳᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠦᠯᠦᠭᠡ ᠦᠷᠭᠦᠯᠵᠢᠯᠡᠨ ᠴᠢᠷᠮᠠᠶᠢᠨ ᠲᠡᠮᠡᠴᠡᠬᠦ ᠶᠢ ᠤᠷᠢᠶᠠᠯᠠᠵᠠᠢ᠃
  ᠤᠨ ᠰᠠᠷ᠎ᠠ ᠶᠢᠨ ᠭᠠᠶᠢᠬᠠᠮᠰᠢᠭ ᠢ ᠠᠭᠤᠯᠠ ᠤᠰᠤ ᠪᠠᠷ ᠭᠡᠷᠡᠴᠢᠯᠡᠨ᠎ᠠ᠃ 70 ᠵᠢᠯ ᠤᠨ ᠡᠮᠦᠨ᠎ᠠ᠂ ᠮᠠᠤ ᠽᠧ ᠳ᠋ᠦᠩ ᠨᠥᠬᠦᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ ᠢ ᠳᠡᠯᠡᠬᠡᠶ ᠳ᠋ᠠᠬᠢᠨ ᠳᠤ ᠲᠥᠪ ᠴᠢᠩᠭ᠎ᠠ ᠪᠠᠷ ᠲᠤᠩᠬᠠᠭᠯᠠᠪᠠ᠂ ᠳᠤᠮᠳᠠᠳᠤ ᠤᠯᠤᠰ ᠤᠨ ᠠᠷᠠᠳ ᠲᠦᠮᠡᠨ ᠡᠭᠦᠨᠴᠡ ᠪᠣᠰᠴᠤ ᠵᠣᠭᠰᠣᠵᠤ᠂ ᠤᠢᠢᠷ᠎ᠠ ᠦᠶ᠎ᠡ ᠠᠴᠠ ᠨᠠᠭᠠᠰᠢᠬᠢ 100 ᠭᠠᠷᠤᠶ ᠵᠢᠯ ᠤᠨ ᠲᠤᠷᠰᠢᠬᠢ ᠳᠤᠮᠳᠠᠳᠤ ᠤᠯᠤᠰ ᠤᠨ ᠶᠠᠳᠠᠭᠤ ᠪᠠᠭᠤᠷᠠᠶ᠂ ᠪᠤᠰᠤᠳ ᠲᠤ ᠳᠣᠷᠣᠮᠵᠢᠯᠠᠭᠳᠠᠵᠤ ᠪᠠᠶᠢᠭᠰᠠᠨ ᠭᠤᠨᠢᠭ ᠵᠤᠪᠠᠭᠤᠷᠢ ᠲᠠᠢ ᠬᠤᠪᠢ ᠵᠠᠶᠠᠭ᠎ᠠ ᠶᠢ ᠲᠦᠢᠯᠪᠤᠷᠢᠲᠠᠶ ᠬᠤᠪᠢᠷᠠᠭᠤᠯᠵᠤ᠂ ᠳᠤᠮᠳᠠᠳᠤ ᠶᠢᠨ ᠦᠨᠳᠦᠰᠦᠲᠡᠨ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠠᠷᠳᠠᠩ ᠵᠠᠮ ᠳᠤ ᠤᠷᠤᠪᠠ᠃ 70 ᠵᠢᠯ ᠤᠨ ᠲᠤᠷᠰᠢ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠨᠢᠬᠡ ᠰᠡᠳᠬᠢᠯ ᠨᠢᠬᠡ ᠵᠤᠷᠢᠭ ᠢᠶᠠᠷ ᠰᠢᠷᠭᠠᠭᠤ ᠬᠠᠲᠠᠭᠤᠵᠢᠯᠲᠠᠶ ᠲᠡᠮᠡᠴᠡᠵᠦ᠂ ᠠᠵᠤ ᠠᠬᠤᠢ ᠶᠢᠨ ᠲᠦᠷᠭᠡᠨ ᠬᠦᠭᠵᠢᠯᠳᠡ ᠪᠤᠯᠤᠨ ᠨᠡᠶᠢᠭᠡᠮ ᠤᠨ ᠤᠷᠳᠤ ᠬᠤᠭᠤᠴᠠᠭᠠᠨ ᠤ ᠲᠤᠭᠳᠠᠭᠤᠨ ᠢ ᠪᠠᠳᠤᠯᠠᠭᠰᠠᠨ ᠭᠠᠶᠢᠬᠠᠮᠰᠢᠭ ᠢ ᠡᠭᠦᠳᠴᠠᠢ᠃ ᠥᠨᠥᠳᠥᠷ ᠨᠡᠶᠢᠭᠡᠮ ᠵᠢᠷᠤᠮᠲᠤ ᠳᠤᠮᠳᠠᠳᠤ ᠤᠯᠤᠰ ᠳᠡᠯᠡᠬᠡᠶ ᠶᠢᠨ ᠳᠣᠷᠣᠨᠠᠳᠠᠬᠢᠨ ᠳᠤ ᠰᠡᠬᠦ᠋ᠢᠨ ᠰᠦᠨᠳᠡᠷᠯᠡᠵᠦ᠂ ᠶᠠᠮᠠᠷᠪᠠ ᠬᠦᠴᠦᠨ ᠵᠦᠢᠯ ᠴᠤ ᠬᠡᠳ ᠮᠠᠨ ᠤ ᠠᠭᠤᠤ ᠶᠡᠭᠡ ᠡᠬᠡ ᠤᠯᠤᠰ ᠤᠨ ᠪᠠᠶᠢᠷᠢ ᠰᠠᠭᠤᠷᠢ ᠶᠢ ᠭᠤᠶᠢᠪᠢᠯᠵᠠᠭᠤᠯᠵᠤ ᠴᠢᠳᠠᠬᠤ ᠦᠭᠡᠢ᠂ ᠶᠠᠮᠠᠷᠪᠠ ᠬᠦᠴᠦᠨ ᠵᠦᠢᠯ ᠴᠤ ᠬᠡᠳ ᠳᠤᠮᠳᠠᠳᠤ ᠤᠯᠤᠰ ᠤᠨ ᠠᠷᠠᠳ ᠲᠦᠮᠡᠨ ᠪᠤᠯᠤᠨ ᠳᠤᠮᠳᠠᠳᠤ᠋ ᠶᠢᠨ ᠦᠨᠳᠦᠰᠦᠲᠡᠨ ᠤ ᠤᠷᠤᠭᠰᠢᠯᠠᠯᠲᠠ ᠶᠢᠨ ᠠᠯᠬᠤᠭ᠎ᠠ ᠶᠢ ᠬᠤᠷᠢᠬᠯᠠᠵᠤ ᠴᠢᠳᠠᠬᠤ ᠦᠬᠡᠢ  ᠪᠤᠯᠵᠠᠢ᠃
  ᠡᠭᠡ ᠤᠯᠤᠰ ᠤᠨ ᠢᠶᠠᠨ ᠲᠦᠯᠦᠭᠡ ᠤᠮᠤᠬᠰᠢᠨ ᠵᠤᠷᠢᠬᠵᠢᠬᠤ ᠳᠤ᠂ ᠪᠢᠳᠠ ᠬᠢᠵᠠᠭᠠᠯᠠᠰᠢ ᠦᠭᠡᠢ ᠢᠳᠡᠭᠡᠯ ᠲᠠᠢ᠃ ᠮᠠᠨ ᠤ ᠤᠯᠤᠰ ᠤᠨ ᠶᠡᠷᠦᠩᠭᠡᠶᠢᠯᠡᠭᠰᠡᠨ ᠪᠤᠳᠠᠳᠤ ᠬᠦᠴᠦᠨ ᠨᠢᠭᠡᠨᠳᠠ ᠳᠡᠯᠡᠭᠡᠢ ᠶᠢᠨ ᠡᠮᠦᠨ᠎ᠠ ᠡᠩᠨᠡᠭᠡᠨ ᠳᠤ ᠬᠤᠰᠢᠭᠤᠷᠠᠵᠦ᠂ ︽ᠰᠡᠷᠬᠦᠨ ᠮᠠᠨᠳᠤᠯᠳᠠ ᠨᠡᠷᠡᠮᠵᠢᠳᠦ︾ ᠭᠠᠯᠳᠦ ᠳᠡᠷᠭᠡ ᠨᠢ 350 ᠺᠢᠯᠦᠮᠧᠳ᠋ᠷ ᠴᠠᠭ ᠤᠨ ᠬᠤᠷᠳᠤᠴᠠ ᠪᠠᠷ ᠳᠡᠯᠡᠭᠡᠢ ᠳᠤ ᠲᠦᠷᠦᠬᠦᠯᠡᠵᠦ᠂ ᠬᠤᠪᠢᠯᠭᠠᠨ ᠤᠷᠤᠨ ᠤ ᠭᠠᠵᠠᠷ ᠪᠤᠯᠭᠠᠨ ᠳᠤ ᠬᠠᠮᠤᠭ ᠤᠨ ᠰᠢᠨ᠎ᠠ ᠬᠠᠮᠤᠭ ᠤᠨ ᠭᠤᠶᠤ ᠵᠢᠷᠤᠭ ᠬᠠᠷᠠᠭᠳᠠᠵᠦ᠂ ᠳᠤᠮᠳᠠᠳᠤ ᠤᠯᠤᠰ ᠶᠠᠭ ᠲᠡᠦᠭᠡ ᠶᠢᠨ ᠬᠠᠮᠤᠭ ᠤᠨ ᠰᠠᠶᠢᠨ ᠬᠦᠭᠵᠢᠯᠳᠠ ᠶᠢᠨ ᠴᠠᠭ ᠦᠶ᠎ᠠ ᠳᠤ ᠤᠷᠤᠨ᠂ ᠲᠡᠦᠭᠡ ᠶᠢᠨ ᠠᠯᠢ ᠴᠦ ᠦᠶ᠎ᠠ ᠠᠴᠠ ᠨᠡᠩ ᠢᠯᠡᠬᠦᠦ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢ ᠪᠡᠶᠡᠯᠡᠬᠦᠯᠬᠦ ᠬᠠᠷᠠᠯᠳᠠ ᠳᠠᠭᠠᠨ ᠤᠢᠢᠷᠠᠳᠴᠦ᠂ ᠨᠡᠩ ᠢᠯᠡᠬᠦᠦ ᠢᠳᠡᠭᠡᠯ ᠵᠤᠷᠢᠭ ᠪᠠ ᠴᠢᠳᠠᠪᠤᠷᠢ ᠲᠠᠢ ᠪᠤᠯᠵᠠᠢ᠃ ᠮᠢᠩᠭ᠎ᠠ ᠲᠦᠮᠡᠨ ᠪᠡᠷᠭᠡ ᠶᠢ ᠳᠠᠪᠠᠨ᠂ ᠲᠤᠭ᠎ᠠ ᠦᠭᠡᠢ ᠤᠯᠠᠨ ᠠᠭᠤᠯᠠ ᠤᠰᠤ ᠶᠢ ᠲᠤᠭᠤᠯᠤᠭᠠᠳ᠂ ᠡᠶᠢᠨ ᠬᠦ ᠠᠮᠵᠢᠯᠳᠠ ᠶᠢ ᠤᠯᠪᠠ᠂ ᠡᠨᠡ ᠬᠡᠴᠢᠨᠡᠨ ᠬᠢᠯᠪᠠᠷ ᠪᠤᠰᠤ᠂ ᠬᠡᠴᠢᠨᠡᠨ ᠤᠮᠤᠬᠰᠢᠯᠳᠠᠢ ᠠᠵᠢ︕
  ᠡᠭᠡ ᠤᠯᠤᠰ ᠢᠶᠠᠨ ᠵᠦᠩᠨᠡᠬᠦ ᠳᠤ᠂ ᠪᠢᠳᠠ ᠬᠢᠵᠠᠭᠠᠯᠠᠰᠢ ᠦᠭᠡᠢ ᠡᠷᠡᠰ ᠪᠠᠳᠤ ᠢᠳᠡᠭᠡᠯ ᠪᠢᠰᠢᠷᠠᠯ ᠲᠠᠢ᠃ ᠰᠢᠨ᠎ᠠ ᠳᠤᠮᠳᠠᠳᠤ ᠤᠯᠤᠰ ᠤᠨ 70 ᠵᠢᠯ ᠤᠨ ᠬᠦᠭᠵᠢᠯᠳᠠ ᠨᠢ ᠳᠤᠮᠳᠠᠳᠤ ᠶᠢᠨ ᠦᠨᠳᠦᠰᠦᠳᠡᠨ ᠤ ᠤᠷᠤᠭᠤᠳᠠᠨ ᠳᠤᠷᠦ᠋ᠢᠳᠠᠬᠤ ᠠᠴᠠ ᠲᠡᠮᠡᠴᠡᠨ ᠪᠤᠰᠤᠬᠰᠠᠨ᠂ ᠬᠦᠴᠢᠷ ᠵᠤᠪᠠᠭᠤᠷᠢ ᠠᠴᠠ ᠢᠷᠠᠭᠤ ᠠᠯᠳᠠᠷ ᠢ ᠪᠤᠢ ᠪᠤᠯᠭᠠᠵᠤ ᠬᠤᠪᠢ ᠵᠠᠶᠠᠭᠠᠨ ᠤ ᠡᠷᠬᠢᠯᠳᠠ ᠶᠢ ᠪᠡᠶᠡᠯᠡᠬᠦᠯᠪᠡ᠃ ᠪᠤᠳᠠᠳᠤ ᠭᠡᠷᠡᠭ ᠠᠴᠠ ᠢᠯᠡᠬᠦᠦ ᠦᠨᠡᠮᠰᠢᠬᠦᠯᠬᠦ ᠵᠦᠢᠯ ᠠᠯᠠᠭ᠎ᠠ ᠭᠡᠳᠡᠭ᠃ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠵᠠᠮ ᠪᠤᠯ ᠨᠡᠶᠢᠭᠡᠮ ᠵᠢᠷᠤᠮ ᠤᠨ ᠤᠳᠤᠬᠢᠴᠢᠯᠠᠯᠳᠠ ᠶᠢ ᠪᠡᠶᠡᠯᠡᠬᠦᠯᠬᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠢ ᠴᠤᠬᠴᠠᠯᠠᠬᠤ ᠵᠠᠶᠢᠯᠠᠰᠢ ᠦᠭᠡᠢ ᠶᠠᠪᠤᠬᠤ ᠵᠠᠮ ᠮᠦᠨ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢ ᠪᠡᠶᠡᠯᠡᠬᠦᠯᠬᠦ ᠵᠠᠶᠢᠯᠠᠰᠢ ᠦᠭᠡᠢ ᠶᠠᠪᠤᠬᠤ ᠵᠠᠮ ᠮᠦᠨ᠃ ᠦᠨᠦᠳᠦᠷ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠨᠢ ᠶᠠᠭ ᠵᠡᠩᠭᠢᠯᠠᠭ᠎ᠠ ᠶᠢᠨ ᠬᠤᠭᠤᠴᠠᠭᠠᠨ ᠳᠤ ᠤᠷᠤᠰᠢᠵᠤ᠂ ᠮᠠᠨ ᠤ ᠡᠮᠦᠨ᠎ᠠ ᠲᠡᠯᠪᠢᠬᠳᠠᠵᠤ ᠪᠠᠶᠢᠭ᠎ᠠ ᠬᠠᠷᠢᠭᠤᠴᠠᠯᠭ᠎ᠠ ᠨᠡᠩ ᠦᠡᠭᠭᠡ ᠭᠡᠷᠡᠯᠲᠡᠢ᠂ ᠡᠭᠦᠷᠭᠡ ᠨᠡᠩ ᠬᠠᠲᠠᠭᠤ ᠪᠡᠷᠬᠡᠰᠢᠶᠡᠯ ᠲᠠᠢ᠂ ᠦᠷᠢᠰᠦᠯᠳᠦᠭᠡᠨ ᠨᠡᠩ ᠬᠠᠲᠠᠭᠤ ᠴᠢᠩᠭ᠎ᠠ᠂ ᠠᠵᠢᠯ ᠨᠡᠩ ᠠᠭᠤᠤ ᠶᠡᠭᠡ ᠪᠠᠶᠢᠭ᠎ᠠ ᠶᠤᠮ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢᠨ ᠤᠯᠤᠰ ᠲᠦᠷᠦ ᠶᠢᠨ ᠳᠠᠪᠠᠭᠤᠯᠢᠭ ᠪᠤᠯᠤᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠪᠠᠶᠢᠭᠤᠯᠤᠯ ᠤᠨ ᠳᠠᠪᠠᠭᠤᠯᠢᠭ ᠢ ᠪᠠᠳᠠᠷᠠᠭᠤᠯᠵᠤ᠂ ᠡᠯ᠎ᠠ ᠲᠠᠯ᠎ᠠ ᠶᠢᠨ ᠤᠶᠤᠨ ᠤᠬᠠᠭᠠᠨ ᠪᠤᠯᠤᠨ ᠬᠦᠴᠦᠨ ᠴᠢᠳᠠᠯ ᠢ ᠨᠢᠬᠲᠠᠷᠠᠭᠤᠯᠵᠤ᠂ ᠤᠯᠤᠰ ᠤᠨ ᠳᠤᠲᠤᠭᠠᠲᠤ ᠭᠠᠳᠠᠭᠠᠳᠤ ᠶᠢᠨ ᠳᠤᠮᠳᠠᠳᠤ ᠶᠢᠨ ᠬᠦᠪᠡᠭᠦᠳ ᠦᠬᠢᠳ ᠤᠨ ᠰᠡᠳᠭᠢᠯ ᠢᠶᠠᠨ ᠨᠢᠭᠡᠳᠭᠡᠨ ᠬᠦᠴᠦ ᠪᠠᠨ ᠬᠠᠮᠲᠤᠳᠬᠠᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠪᠡᠯ᠂ ᠳᠤᠮᠳᠠᠳᠤ ᠤᠯᠤᠰ ᠤᠨ ᠠᠷᠠᠳ ᠲᠦᠮᠡᠨ ᠯᠠᠪᠳᠠᠢ ᠡᠯ᠎ᠠ ᠵᠦᠢᠯ ᠤᠨ ᠬᠦᠴᠢᠷ ᠪᠡᠷᠬᠡᠰᠢᠶᠡᠯ ᠪᠡᠷᠬᠡ ᠪᠠᠷᠳᠠᠭ᠎ᠠ ᠶᠢ ᠢᠯᠠᠨ ᠳᠠᠪᠠᠵᠤ᠂ ᠮᠠᠨ ᠤ ᠪᠦᠬᠦᠳᠡ ᠨᠠᠶᠢᠷᠠᠮᠳᠠᠬᠤ ᠠᠷᠠᠳ ᠤᠯᠤᠰ ᠮᠠᠨᠢ ᠨᠡᠩ ᠶᠡᠭᠡ ᠭᠡᠷᠡᠯ ᠰᠠᠴᠤᠷᠠᠩᠭᠤᠢ ᠦᠢᠯᠡᠰ ᠢ ᠴᠤᠬᠴᠠᠯᠠᠬᠤ ᠶᠤᠮ᠃
  ᠳᠠᠯᠠᠨ ᠵᠢᠯ ᠤᠨ ᠰᠦᠷ ᠳᠠᠯᠠᠶᠢᠴᠠᠲᠠᠢ ᠠᠶᠠᠯᠠᠯ᠂ ᠡᠩ ᠦᠷᠭᠡᠨ ᠤᠬᠳᠠᠷᠭᠤᠢ ᠳᠠᠬᠢ ᠬᠠᠨ ᠭᠠᠷᠤᠳᠢ ᠶᠢᠨ ᠲᠡᠬᠦᠯᠢᠯᠳᠠ᠃ ︽ᠳᠤᠮᠳᠠᠳᠤ ᠤᠯᠤᠰ ᠤᠨ ᠥᠴᠥᠭᠡᠳᠦᠷ ᠨᠢᠭᠡᠨᠲᠡ ᠬᠥᠮᠦᠨ ᠲᠥᠷᠥᠯᠬᠢᠲᠡᠨ ᠤ ᠲᠡᠤᠬᠡᠨ ᠬᠠᠭᠤᠳᠠᠰᠤᠨ ᠳᠤ ᠪᠢᠴᠢᠭᠯᠡᠭᠳᠡᠵᠦ᠂ ᠳᠤᠮᠳᠠᠳᠤ ᠤᠯᠤᠰ ᠤᠨ ᠥᠨᠥᠳᠥᠷ ᠶᠠᠭ ᠲᠦᠭ ᠲᠦᠮᠡᠨ ᠠᠷᠠᠳ ᠲᠦᠮᠡᠨ ᠳᠤ ᠡᠭᠦᠳᠦᠨ ᠴᠤᠭᠴᠠᠯᠠᠭᠳᠠᠵᠤ ᠪᠠᠶᠢᠨ᠎ᠠ᠂ ᠳᠤᠮᠳᠠᠳᠤ ᠤᠯᠤᠰ ᠤᠨ ᠮᠠᠷᠭᠠᠰᠢ ᠯᠠᠪᠲᠠᠶ ᠨᠠᠩ ᠰᠠᠶᠢᠨ ᠰᠠᠶᠢᠬᠠᠨ ᠪᠤᠯᠤᠨ᠎ᠠ︾᠃ ᠪᠢᠳᠡ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠡᠩ ᠨᠢᠬᠲᠠᠷᠠᠨ ᠪᠦᠯᠬᠦᠮᠳᠡᠵᠦ᠂ ᠤᠷᠢᠳᠤᠬᠢ ᠶᠢ ᠵᠠᠯᠭᠠᠮᠵᠢᠯᠡᠨ ᠬᠤᠶᠢᠰᠢᠬᠢ ᠳᠤ ᠵᠠᠮ ᠨᠡᠭᠡᠭᠡᠨ᠂ ᠦᠷᠬᠦᠯᠵᠢᠯᠡᠨ ᠲᠡᠮᠡᠴᠡᠵᠦ᠂ ᠮᠠᠨ ᠤ ᠪᠦᠬᠦᠳᠡ ᠨᠠᠶᠢᠷᠠᠮᠳᠠᠬᠤ ᠠᠷᠠᠳ ᠤᠯᠤᠰ ᠢᠶᠠᠨ ᠨᠡᠩ ᠴᠡᠴᠡᠭᠯᠡᠨ ᠬᠦᠭᠵᠢᠭᠰᠡᠨ ᠪᠠᠶᠠᠨ ᠬᠦᠴᠦᠷᠬᠡᠭ ᠪᠤᠯᠭᠠᠨ ᠪᠦᠲᠦᠭᠡᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠶᠠᠯᠠᠯ ᠳᠡᠭᠡᠷ᠎ᠠ ᠨᠡᠩ ᠶᠡᠭᠡ ᠰᠢᠨ᠎ᠠ ᠭᠠᠶᠢᠬᠠᠮᠰᠢᠭ ᠢ ᠡᠭᠦᠳᠦᠶ᠎ᠡ︕

     ︵ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 1 ᠤ ᠴᠠᠬᠢᠯᠭᠠᠨ ᠮᠡᠳᠡᠭᠡ︶



  
     
     