 

ᠮᠣᠩᠭᠤᠯ ᠬᠤᠪᠴᠠᠰᠣ ᠵᠠᠰᠠᠯ ᠢ ᠴᠠᠭ ᠦᠶᠡᠴᠢᠯᠡᠬᠦ ᠰᠢᠨ᠎ᠡ ᠬᠠᠶᠢᠯᠲᠠ

2019-08-28 10:54
  315
  0
  ᠦᠨᠲᠤᠰᠤᠲᠠᠨ ᠤ ᠲᠡᠤᠬᠡ ᠰᠤᠶᠤᠯ ᠤᠨ ᠴᠢᠬᠤᠯᠠ ᠨᠢᠬᠡᠨ ᠲᠡᠮᠳᠡᠭ ᠪᠤᠯᠤᠬᠰᠠᠨ ᠬᠤᠪᠴᠠᠰᠦ ᠵᠠᠰᠠᠯ ᠨᠢ ᠲᠤᠬᠠᠢ ᠶᠢᠨ ᠦᠨᠲᠤᠰᠤᠲᠠᠨ ᠤ ᠲᠡᠤᠬᠡ ᠰᠤᠶᠤᠯ ᠵᠠᠩ ᠤᠶᠢᠯᠡ ᠶᠢᠨ ᠠᠭᠤᠯᠬᠤᠨ ᠤ ᠨᠢᠭᠡ ᠪᠤᠯᠤᠭᠰᠠᠨ ᠤ ᠬᠤᠪᠢ ᠳᠤ ᠲᠡᠬᠦᠨ ᠳᠤ ᠢᠯᠡ ᠲᠤᠲᠤ ᠦᠨᠲᠤᠰᠤᠲᠡᠨ ᠤ ᠤᠨᠴᠠᠯᠢᠭ ᠪᠠᠶᠢᠲᠠᠭ᠃ ᠤᠯᠠᠮᠵᠢᠯᠠᠯ ᠰᠢᠨᠡᠴᠢᠯᠡᠯ ᠤᠨ ᠬᠠᠷᠠᠭᠠᠰᠤ ᠪᠠᠷ ᠬᠤᠪᠴᠠᠰᠤ ᠵᠠᠰᠠᠯ ᠤᠨ ᠶᠤᠰᠤ ᠵᠠᠶ᠋ᠢᠭ ᠲᠤ ᠲᠤᠩᠭᠠᠯᠲᠠ ᠬᠢᠵᠤ᠂ ᠮᠤᠩᠭᠤᠯ ᠲᠤᠮᠲᠠᠲᠤ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠬᠤᠪᠴᠠᠰᠤ ᠳᠤ ᠦᠭᠡᠷᠡᠴᠢᠯᠡᠯᠲᠠ ᠬᠢᠵᠤ᠂ ᠦᠨᠲᠤᠰᠤᠲᠠᠨ ᠤ ᠤᠨᠴᠠᠯᠢᠭ ᠢ ᠲᠤᠪᠤᠶᠢᠯᠭᠠᠨ᠂ ᠮᠤᠩᠭᠤᠯ ᠰᠤᠷᠤᠭᠴᠢᠳ ᠤᠨ ᠬᠤᠪᠴᠠᠰᠤ ᠵᠠᠰᠠᠯ ᠢ ᠴᠠᠭ ᠦᠶᠡᠴᠢᠯᠡᠬᠦᠯᠦᠨ ᠬᠦᠭᠵᠢᠬᠦᠯᠬᠦ ᠶᠢᠨ ᠲᠤᠰᠠᠲᠠ᠂ ᠬᠦᠪᠡᠭᠡᠲᠤ ᠰᠢᠷ᠎ᠠ ᠬᠤᠰᠢᠭᠤᠨ ᠤ ᠰᠤᠷᠭᠠᠨ ᠬᠦᠮᠤᠵᠢᠯ ᠤᠨ ᠲᠤᠪᠴᠢᠶ᠎ᠠ᠂ ᠦᠪᠤᠷ ᠮᠤᠩᠭᠤᠯ ᠤᠨ ᠦᠨᠲᠤᠰᠤᠲᠠᠨ ᠤ ᠬᠤᠪᠴᠠᠰᠤ ᠵᠠᠰᠠᠯ ᠤᠨ ᠨᠡᠶᠢᠭᠡᠮᠯᠢᠭ ᠠᠴᠠ ᠭᠤᠤᠯᠯᠠᠨ ᠡᠷᠬᠢᠯᠠᠵᠤ᠂ ᠬᠦᠪᠡᠭᠡᠲᠤ ᠰᠢᠷ᠎ᠠ ᠬᠤᠰᠢᠭᠤᠨ ᠤ ᠶᠡᠷᠤᠩᠬᠡᠶᠢᠯᠡᠭᠰᠠᠨ ᠦᠨᠲᠤᠷ ᠵᠡᠷᠭᠡ ᠶᠢᠨ ᠲᠤᠮᠲᠠᠲᠤ ᠰᠤᠷᠭᠠᠭᠤᠯᠢ᠂ ︽ᠷᠤᠯᠮ᠎ᠠ︾ ᠮᠤᠩᠭᠤᠯ ᠬᠤᠪᠴᠠᠰᠤ ᠵᠠᠰᠠᠯ ᠤᠨ ᠬᠢᠵᠠᠭᠠᠷᠲᠤ ᠺᠦ᠋ᠮᠫᠠᠨᠢ ᠠᠴᠠ ᠲᠠᠭᠠᠭᠠᠴᠢᠯᠡᠨ ᠡᠷᠬᠢᠯᠡᠭᠰᠠᠨ᠂ ︽︿ᠷᠤᠯᠮ᠎ᠠ﹀ ᠮᠤᠩᠭᠤᠯ ᠦᠨᠲᠤᠰᠤᠲᠡᠨ ᠤ ᠰᠤᠷᠤᠭᠴᠢ ᠶᠢᠨ ᠲᠦᠷᠢᠮᠲᠤ ᠬᠤᠪᠴᠠᠰᠣ ᠪᠤᠯᠤᠨ ᠲᠠᠮᠢᠷ ᠤᠨ ᠬᠤᠪᠴᠠᠰᠤ ᠲᠦᠰᠤᠪᠯᠡᠬᠦ ᠤᠯᠠᠨ ᠤᠯᠤᠰ ᠤᠨ ᠰᠢᠢᠳᠪᠤᠷᠢᠲᠤ ᠤᠷᠤᠯᠲᠣᠭᠠᠨ ᠵᠢᠴᠢ ᠮᠤᠩᠭᠤᠯ ᠬᠤᠪᠴᠠᠰᠤ ᠵᠠᠰᠠᠯ ᠢ ᠴᠠᠭ ᠦᠶᠡᠴᠢᠯᠡᠬᠦ ᠰᠤᠲᠤᠯᠤᠨ ᠶᠠᠷᠢᠯᠴᠠᠬᠤ ᠬᠤᠷᠠᠯ︾ ᠨᠠᠷᠠ ᠬᠤᠷ᠎ᠠ ᠶᠢᠨ ᠭᠡᠰᠢᠭ ᠢᠶᠠᠷ ᠨᠠᠪᠴᠢ ᠴᠡᠴᠡᠭ ᠨᠢ ᠲᠠᠯ᠎ᠠ ᠪᠠᠨ ᠴᠢᠮᠡᠭᠰᠠᠨ ᠲᠠᠩᠰᠤᠭ ᠵᠤᠨ ᠤ 7 ᠰᠠᠷ᠎ᠠ ᠶᠢᠨ 30 ᠤ ᠡᠲᠣᠷ᠂ ᠬᠦᠪᠡᠭᠡᠲᠤ ᠰᠢᠷ᠎ᠠ ᠬᠤᠰᠢᠭᠤᠨ ᠤ ︽ᠰᠤᠷᠤᠨ᠎ᠠ︾ ᠵᠤᠰᠠᠯᠠᠩ ᠤᠨ ᠭᠠᠵᠠᠷ ᠤᠨ ᠦᠨᠲᠤᠰᠤᠲᠡᠨ ᠤ ᠵᠠᠩ ᠤᠶᠢᠯᠡ ᠶᠢᠨ ᠤᠷᠲᠤᠨ ᠪᠤᠯᠤᠨ ᠶᠡᠷᠤᠩᠬᠡᠶᠢᠯᠡᠭᠰᠠᠨ ᠦᠨᠲᠤᠷ ᠵᠡᠷᠭᠡ ᠶᠢᠨ ᠲᠤᠮᠲᠠᠲᠤ ᠰᠤᠷᠭᠠᠭᠤᠯᠢ ᠳᠤ ᠲᠤᠰ ᠲᠤᠰ ᠬᠠᠭᠠᠰ ᠡᠲᠤᠷ ᠤᠨ ᠬᠤᠭᠤᠴᠠᠭ᠎ᠠ ᠲᠠᠢ ᠨᠢᠵᠢᠭᠢᠷ ᠰᠠᠶᠢᠬᠠᠨ ᠶᠠᠪᠤᠭᠲᠠᠭᠰᠠᠨ ᠪᠠᠶᠢᠨ᠎ᠠ᠃
    ᠰᠠᠨᠠᠵᠤ ᠶᠠᠪᠤᠪᠠᠯ ᠪᠦᠲᠤᠨ᠎ᠡ᠂ ᠰᠠᠵᠢᠯᠠᠵᠤ ᠶᠠᠪᠤᠪᠠᠯ ᠬᠦᠷᠤᠨ᠎ᠡ
  ᠲᠤᠰ ᠤᠷᠤᠯᠲᠤᠭᠠᠨ ᠤ ᠠᠩᠬᠠᠨ ᠤ ᠰᠢᠯᠭᠠᠷᠠᠭᠤᠯᠤᠯᠲᠠ ᠶᠢ ᠰᠦᠯᠵᠢᠶᠡᠨ ᠲᠡᠭᠡᠷ᠎ᠡ 5 ᠰᠠᠷ᠎ᠠ ᠶᠢᠨ 25 ᠠᠴᠠ 7 ᠰᠠᠷ᠎ᠠ ᠶᠢᠨ 10 ᠤ ᠡᠲᠤᠷ ᠬᠦᠷᠲᠡᠯ᠎ᠡ ᠶᠠᠪᠤᠭᠲᠠᠭᠤᠯᠤᠬᠰᠠᠨ ᠪᠠᠶᠢᠨ᠎ᠠ᠃ ᠰᠢᠢᠳᠪᠤᠷᠢᠲᠤ ᠤᠷᠤᠯᠲᠤᠭᠠᠨ ᠳᠤ ᠬᠢᠨᠠᠭᠴᠢᠳ ᠡᠷᠬᠡ ᠲᠡᠭᠰᠢ᠂ ᠲᠦᠪ ᠭᠤᠤᠯᠴᠢ ᠵᠠᠷᠴᠢᠮ ᠢ  ᠪᠠᠷᠢᠮᠲᠠᠯᠠᠨ᠂ ᠮᠤᠩᠭᠤᠯ ᠤᠯᠤᠰ᠂ ᠰᠢᠨᠵᠢᠶᠠᠩ ᠤᠨ ᠤᠢᠢᠭᠤᠷ ᠦᠨᠲᠦᠰᠦᠳᠡᠨ ᠤ ᠦᠪᠡᠷᠳᠡᠭᠡᠨ ᠵᠠᠰᠠᠬᠤ ᠤᠷᠤᠨ ᠪᠤᠯᠤᠨ ᠮᠠᠨ ᠤ ᠤᠷᠤᠨ ᠤ ᠭᠡᠰᠡᠭ ᠠᠶᠢᠮᠠᠭ ᠬᠤᠲᠠ ᠵᠢᠴᠢ ᠶᠡᠭᠡ ᠲᠡᠭᠡᠲᠤ ᠰᠤᠷᠭᠠᠭᠤᠯᠢ ᠠᠴᠠ ᠮᠡᠳᠡᠬᠦᠯᠦᠭᠰᠡᠨ 200 ᠤᠷᠴᠢᠮ ᠪᠦᠲᠤᠭᠡᠯ ᠠᠴᠠ ᠰᠢᠯᠭᠠᠷᠠᠭᠤᠯᠵᠤ ᠦᠯᠡᠲᠡᠭᠰᠠᠨ 10 ᠰᠢᠯᠢᠲᠡᠭ ᠲᠦᠰᠤᠪᠯᠡᠭᠴᠢ ᠶᠢᠨ 70 ᠰᠢᠬᠠᠮ ᠪᠦᠲᠤᠭᠡᠯ ᠢ ᠲᠤᠬᠠᠢ ᠶᠢᠨ ᠲᠠᠯᠠᠪᠤᠷ ᠲᠤ ᠲᠡᠬᠢᠨ ᠰᠢᠯᠭᠠᠷᠠᠭᠤᠯᠵᠠᠢ᠃ ᠬᠠᠮᠤᠭ ᠤᠨ ᠡᠴᠦᠰ ᠲᠤ᠂ ᠮᠤᠩᠭᠤᠯ ᠤᠯᠤᠰ ᠤᠨ ᠰᠤᠭᠠᠷᠠᠮ᠎ᠠ᠂ ᠡᠷᠢᠶᠡᠨ ᠬᠤᠲᠠ ᠶᠢᠨ ᠰᠤᠯᠣᠩᠭᠤᠸ᠎ᠠ᠂ ᠮᠤᠩᠭᠤᠯ ᠤᠯᠤᠰ ᠤᠨ ᠭᠡᠷᠡᠯᠮ᠎ᠠ ᠶᠢᠨ ᠪᠦᠲᠤᠭᠡᠯ ᠲᠤᠰ ᠲᠤᠰ ᠲᠦᠷᠤᠬᠦᠤ 3 ᠨᠠᠷ᠎ᠡ ᠳᠤ ᠲᠤᠲᠤᠷᠠᠨ᠂ ᠲᠡᠯᠡᠬᠡᠢ ᠶᠢᠨ ᠴᠢᠨᠠᠷᠲᠠᠢ ᠭᠤᠶᠤ ᠠᠪᠠᠭ᠋ᠠᠢ ᠶᠢᠨ ᠤᠷᠤᠯᠲᠤᠭᠠᠨ ᠳᠤ ᠮᠤᠩᠭᠤᠯ ᠬᠡᠤᠭᠡᠨ ᠤ ᠠᠷᠤᠤᠬᠠᠨ ᠠᠯᠲᠠᠷ ᠢ ᠬᠡᠲᠤᠨᠲᠡ ᠡᠷᠬᠦᠭᠰᠡᠨ ᠬᠦᠪᠡᠭᠡᠲᠤ ᠰᠢᠷ᠎ᠠ ᠬᠤᠰᠢᠭᠤᠨ ᠳᠤ ᠨᠤᠲᠤᠭ ᠲᠠᠢ ᠵᠤᠯ ᠤᠨ ᠪᠦᠲᠤᠭᠡᠯ ᠳᠤ ᠤᠨᠴᠠ ᠲᠡᠰ ᠤᠨ ᠱᠠᠩᠨᠠᠯ ᠤᠯᠭᠤᠵᠤ᠂ ᠪᠤᠰᠤᠳ ᠪᠦᠲᠦᠭᠡᠯ ᠳᠤ ︽ᠬᠠᠮᠤᠭ ᠤᠨ ᠰᠢᠯᠢᠲᠡᠭ ᠤᠷᠠᠯᠢᠭ ᠪᠦᠲᠤᠭᠡᠯ︾᠂ ︽ᠬᠠᠮᠤᠭ ᠤᠨ ᠶᠡᠭᠡ ᠠᠷᠠᠯᠵᠢᠶ᠎ᠡ ᠬᠤᠲᠠᠯᠲᠤᠭᠠᠨ ᠤ ᠦᠨ᠎ᠡ ᠦᠷᠲᠡᠭ ᠲᠠᠢ ᠪᠦᠲᠤᠭᠡᠯ︾᠂ ︽ᠬᠠᠮᠤᠭ ᠤᠨ ᠤᠯᠠᠨ ᠬᠡᠷᠡᠭᠴᠡᠭᠡᠲᠤ ᠰᠢᠨ᠎ᠡ ᠵᠠᠭᠪᠤᠷ ᠤᠨ ᠪᠦᠲᠤᠭᠡᠯ︾᠂ ︽ᠦᠨᠲᠤᠰᠤᠲᠡᠨ ᠤ ᠰᠤᠶᠤᠯ ᠤᠨ ᠬᠠᠮᠤᠭ ᠤᠨ ᠶᠡᠭᠡ ᠠᠭᠤᠯᠬᠤᠨ ᠲᠠᠢ ᠪᠦᠲᠤᠭᠡᠯ︾ ᠵᠡᠷᠭᠡ ᠠᠲᠠᠯᠢ ᠪᠤᠰᠤ ᠱᠠᠩᠨᠠᠯ ᠢ ᠤᠯᠭᠤᠭᠰᠠᠨ ᠪᠠᠶᠢᠨ᠎ᠠ᠃
  ᠲᠤᠰ ᠤᠲᠠᠭᠠᠨ ᠤ ᠠᠵᠢᠯᠯᠠᠭ᠎ᠠ ᠶᠢ ᠰᠡᠲᠤᠵᠤ ᠵᠤᠬᠢᠶᠠᠨ ᠪᠠᠶᠢᠭᠤᠯᠤᠬᠰᠠᠨ ︽ᠷᠤᠯᠮ᠎ᠠ︾ ᠮᠤᠩᠭᠤᠯ ᠬᠤᠪᠴᠠᠰᠤ ᠵᠠᠰᠠᠯ ᠤᠨ ᠬᠢᠵᠠᠭᠠᠷᠲᠤ ᠺᠦ᠋ᠮᠫᠠᠨᠢ ᠶᠢᠨ ᠬᠠᠷᠢᠭᠤᠴᠠᠯᠭᠠᠲᠠᠨ ᠷᠤᠯᠮᠠᠰᠦ᠋ᠷᠤᠩ ᠰᠤᠷᠪᠤᠯᠵᠢᠯᠠᠭ᠎ᠠ ᠬᠦᠯᠢᠶᠡᠬᠦ ᠳᠡᠭᠡᠨ᠄ ︽ᠮᠤᠩᠭᠤᠯ ᠦᠨᠲᠤᠰᠤᠲᠠᠨ ᠤ ᠬᠤᠪᠴᠠᠰᠦ ᠵᠠᠰᠠᠯ᠂ ᠤᠨᠴᠠᠭᠠᠢᠢᠯᠠᠨ ᠴᠠᠬᠠᠷ ᠬᠤᠪᠴᠠᠰᠤ ᠵᠠᠰᠠᠯ ᠢ ᠤᠷᠠᠯᠠᠨ ᠲᠦᠰᠤᠪᠯᠡᠬᠦ ᠠᠵᠢᠯ ᠳᠤ ᠤᠲᠠᠭᠠᠨ ᠵᠢᠯ ᠵᠢᠳᠬᠦᠵᠤ ᠶᠠᠪᠤᠬᠤ ᠳᠠᠭᠠᠨ ᠪᠢ᠂ ᠬᠤᠪᠴᠠᠰᠤ ᠵᠠᠰᠠᠯ ᠤᠨ ᠦᠨᠲᠤᠰᠤᠲᠡᠨ ᠤ ᠤᠨᠴᠠᠯᠢᠭ ᠢ ᠤᠯᠠᠮᠵᠢᠯᠠᠬᠤ ᠰᠠᠭᠤᠷᠢᠨ ᠲᠡᠭᠡᠷ᠎ᠡ ᠴᠠᠭ ᠦᠶᠡᠴᠢᠯᠡᠬᠦ ᠶᠢ ᠠᠩᠬᠠᠷᠴᠤ᠂ ᠮᠤᠩᠭᠤᠯ ᠡᠯᠧᠮᠧᠨ᠋ᠲ ᠲᠠᠢ ᠰᠤᠷᠤᠭᠴᠢ ᠶᠢᠨ ᠬᠤᠪᠴᠠᠰᠤ ᠶᠢ ᠶᠠᠩᠵᠤ ᠬᠡᠯᠪᠡᠷᠢ᠂ ᠴᠢᠨᠠᠷ ᠴᠢᠨᠰᠠᠭ᠎ᠠ ᠶᠢᠨ ᠲᠠᠯ᠎ᠠ ᠪᠠᠷ ᠪᠠᠷᠢᠮᠵᠢᠶᠠᠨ ᠳᠤ ᠬᠦᠷᠭᠡᠨ᠂ ᠮᠤᠩᠭᠤᠯ ᠦᠨᠲᠤᠰᠤᠲᠠᠨ ᠤ ᠬᠤᠪᠴᠠᠰᠤ ᠵᠠᠰᠠᠯ ᠤᠨ ᠰᠤᠶᠤᠯ ᠤᠨ ᠠᠭᠤᠯᠬᠤᠨ ᠢ ᠠᠭᠤᠲᠠᠯᠤᠨ᠂ ᠬᠠᠮᠠᠭᠠᠯᠠᠵᠤ ᠬᠦᠭᠵᠢᠬᠦᠯᠬᠦ ᠪᠠᠷ ᠴᠢᠷᠮᠠᠶᠢᠬᠰᠠᠭᠠᠷ ᠢᠷᠡᠭᠰᠡᠨ ᠶᠤᠮ᠃ ᠭᠡᠪᠡᠴᠤ ᠡᠬᠦᠨ ᠢ ᠨᠢᠬᠡᠳ ᠨᠢᠬᠡ ᠪᠠᠷ᠂ ᠠᠯᠬᠤᠮ ᠲᠠᠷᠠᠭ᠎ᠠ ᠲᠠᠢ ᠬᠢᠬᠦ ᠬᠡᠷᠡᠭᠲᠡᠢ᠃ ᠰᠤᠷᠤᠭᠴᠢᠳ ᠢᠶᠠᠨ ᠮᠤᠩᠭᠤᠯ ᠤᠨᠴᠠᠯᠢᠭ ᠲᠠᠢ ᠰᠤᠷᠭᠠᠭᠤᠯᠢ ᠶᠢᠨ ᠬᠤᠪᠴᠠᠰᠦ ᠪᠠᠷ ᠭᠤᠶᠤᠯᠠᠵᠦ᠂ ᠦᠨᠲᠦᠰᠦᠳᠡᠨ ᠤ ᠰᠤᠶᠤᠯ ᠢ ᠨᠢ ᠲᠠᠨᠢᠭᠤᠯᠬᠤ ᠬᠡᠵᠦ ᠲᠤᠰ ᠤᠲᠠᠭᠠᠨ ᠤ ᠠᠵᠢᠯᠯᠠᠭ᠎ᠠ ᠶᠢ ᠵᠤᠬᠢᠶᠠᠨ ᠪᠠᠶᠢᠭᠤᠯᠤᠬᠰᠠᠨ ᠶᠤᠮ︾ ᠭᠡᠵᠤ ᠦᠵᠡᠯ ᠪᠤᠲᠤᠯ ᠢᠶᠠᠨ ᠴᠢᠯᠤᠭᠡᠲᠠᠢ ᠲᠡᠯᠭᠡᠨ᠎ᠡ᠃
  ᠷᠤᠯᠮᠠᠰᠦ᠋ᠷᠤᠩ ᠨᠦᠬᠦᠷ ᠪᠤᠯ ᠤᠶᠢᠯᠡ ᠤᠶᠤᠲᠠᠯ ᠤᠨ ᠲᠠᠯ᠎ᠠ ᠪᠠᠷ ᠤᠷ᠎ᠠ ᠠᠪᠢᠶᠠᠰ ᠲᠠᠢ᠂ ᠦᠨᠲᠦᠰᠦᠳᠡᠨ ᠤ ᠬᠤᠪᠴᠠᠰᠦ ᠵᠠᠭᠪᠤᠷ ᠤᠷᠠᠯᠠᠵᠤ ᠲᠦᠰᠤᠪᠯᠡᠨ ᠰᠢᠨ᠎ᠡ ᠶᠢ ᠡᠬᠦᠳᠬᠦ ᠲᠠᠯ᠎ᠠ ᠪᠠᠷ ᠬᠤᠯᠠ ᠶᠢᠨ ᠬᠠᠷᠠᠴᠠ ᠲᠠᠢ᠂ ᠭᠠᠷ ᠤᠨ ᠱᠠᠪᠢ ᠤᠯᠠᠨ ᠬᠦᠮᠦᠵᠢᠬᠦᠯᠦᠭᠰᠡᠨ᠂ ᠬᠤᠯᠠ ᠤᠢᠢᠷ᠎ᠠ ᠳᠠᠭᠠᠨ ᠠᠯᠲᠠᠷᠲᠠᠢ᠂ ᠦᠨᠲᠦᠰᠦᠳᠡᠨ ᠤ ᠬᠤᠪᠴᠠᠰᠦ ᠵᠠᠰᠠᠯ ᠤᠨ ᠠᠶᠢᠮᠠᠭ ᠤᠨ ᠲᠡᠰ ᠤᠨ ᠪᠤᠲᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢ ᠶᠢᠨ ᠬᠢᠷᠢ ᠬᠡᠮ ᠲᠠᠢ᠂ ᠤᠶᠢᠯᠡᠰᠴᠢ ᠬᠠᠯᠠᠭᠤᠨ ᠰᠡᠳᠬᠢᠯᠬᠡ ᠲᠠᠢ ᠬᠦᠮᠤᠨ ᠤ ᠨᠢᠭᠡ ᠪᠤᠯᠬᠤ ᠶᠤᠮ᠃
  ᠬᠡᠲᠦ᠋ᠢᠪᠡᠷ ᠵᠠᠵᠢᠨ ᠦᠰᠦ ᠨᠢ ᠵᠠᠬ᠎ᠠ ᠠᠴᠠ ᠪᠠᠨ ᠪᠤᠭᠤᠷᠤᠯᠲᠤᠵᠦ ᠵᠢᠷᠠ ᠶᠢᠨ ᠲᠠᠪᠠᠭ᠎ᠠ ᠶᠢ ᠲᠠᠪᠠᠭᠰᠠᠨ ᠪᠤᠯᠪᠠᠴᠦ᠂ ᠲᠡᠷᠡ ᠮᠠᠨᠢ ᠮᠤᠩᠭᠤᠯ ᠬᠤᠪᠴᠠᠰᠦ ᠵᠠᠰᠠᠯ ᠤᠨ ᠦᠢᠯᠡᠰ ᠲᠤ ᠵᠠᠯᠠᠭᠤ ᠬᠦᠮᠦᠨ ᠠᠴᠠ ᠴᠦ ᠲᠠᠲᠠᠭᠤᠲᠠᠬᠤ ᠦᠬᠡᠢ ᠤᠷᠮ᠎ᠠ ᠵᠤᠷᠢᠭ ᠢᠶᠠᠷ ᠠᠵᠢᠯᠯᠠᠵᠦ᠂ ᠮᠤᠩᠭᠤᠯᠴᠤᠳ ᠤᠨ ᠲᠠᠷᠬᠠᠨ ᠰᠠᠭᠤᠷᠢᠰᠢᠵᠦ ᠪᠠᠶᠢᠭ᠎ᠠ ᠠᠳᠠᠯᠢ ᠪᠤᠰᠤ ᠤᠷᠤᠨ ᠨᠤᠲᠤᠭ ᠤᠨ ᠤᠨᠴᠠᠯᠢᠭ ᠲᠠᠢ ᠬᠤᠪᠴᠠᠰᠦ ᠵᠠᠰᠠᠯ ᠤᠨ ᠤᠨᠴᠠᠯᠢᠬ ᠬᠢᠴᠡ ᠶᠢ ᠪᠦᠷᠢᠨ ᠡᠵᠡᠮᠰᠢᠭᠰᠡᠨ ᠢᠶᠠᠷ ᠦᠯᠦ ᠪᠠᠷᠠᠮ᠂ ᠤᠢᠢᠷ᠎ᠠ ᠶᠢᠨ ᠵᠢᠯ ᠳᠤ ᠬᠡᠦᠬᠡᠳ ᠪᠠᠭᠠᠴᠤᠳ ᠤᠨ ᠭᠤᠸ᠎ᠠ ᠰᠠᠶᠢᠬᠠᠨ ᠤ ᠮᠡᠲᠡᠷᠡᠮᠵᠢ ᠳᠤ ᠠᠩᠬᠠᠷᠤᠯ ᠢᠶᠠᠨ ᠬᠠᠨᠲᠤᠭᠤᠯᠵᠤ᠂ ᠰᠤᠷᠤᠭᠴᠢ ᠶᠢᠨ ᠬᠤᠪᠴᠠᠰᠤ ᠲᠦᠰᠦᠪᠯᠡᠵᠦ ᠤᠷᠠᠯᠠᠬᠤ ᠠᠵᠢᠯ ᠤᠨ ᠲᠠᠯ᠎ᠠ ᠪᠠᠷ ᠲᠤᠰᠬᠠᠢ ᠮᠡᠷᠭᠡᠵᠢᠯᠲᠠᠳ ᠲᠠᠢ ᠰᠠᠨᠠᠯ ᠪᠤᠲᠤᠯ ᠢᠶᠠᠨ ᠰᠤᠯᠢᠯᠴᠠᠨ᠂ ᠤᠶᠢᠯᠡᠰ ᠨᠢᠭᠡᠲᠡᠨ ᠲᠠᠢ ᠪᠠᠨ ᠬᠠᠮᠲᠤᠷᠠᠯᠴᠠᠭ᠎ᠠ ᠬᠤᠯᠪᠤᠭ᠎ᠠ ᠪᠠᠶᠢᠭᠤᠯᠦᠨ᠂ ᠢᠳᠡᠪᠬᠢᠳᠡᠢ ᠠᠵᠢᠯᠯᠠᠭᠰᠠᠭᠠᠷ ᠢᠷᠡᠭᠰᠡᠨ ᠪᠢᠯᠡ᠃
  ᠨᠡᠩ ᠴᠦ ᠡᠨᠡ ᠵᠢᠯ ᠰᠤᠷᠭᠠᠭᠤᠯᠢ ᠶᠢᠨ ᠲᠦᠷᠢᠮᠲᠤ ᠬᠤᠪᠴᠠᠰᠤ ᠵᠠᠰᠠᠯ ᠢ ᠲᠦᠰᠦᠪᠯᠡᠵᠦ ᠤᠷᠠᠯᠠᠬᠤ ᠠᠵᠢᠯ ᠤᠨ ᠲᠠᠯ᠎ᠠ ᠪᠠᠷ ᠤᠯᠠᠨ ᠤᠯᠤᠰ ᠤᠨ ᠴᠢᠨᠠᠷ ᠲᠠᠢ ᠠᠵᠢᠯᠯᠠᠭ᠎ᠠ ᠦᠷᠨᠢᠬᠦᠯᠬᠦ ᠬᠡᠮᠡᠨ ᠲᠡᠷᠡ ᠮᠠᠨᠢ ᠬᠡᠲᠦ᠋ᠢᠨ ᠠᠴᠠ ᠰᠡᠲᠦᠨ ᠤᠬᠠᠭᠠᠯᠠᠵᠦ᠂ ᠬᠠᠲᠠᠭᠤ ᠵᠦᠬᠡᠯᠡᠨ ᠲᠤᠨᠤᠭ ᠤᠨ ᠲᠠᠯ᠎ᠠ ᠪᠠᠷ ᠲᠡᠬᠦᠯᠳᠡᠷᠵᠢᠬᠦᠯᠦᠭᠰᠡᠭᠡᠷ ᠢᠷᠡᠭᠰᠡᠨ ᠪᠠᠶᠢᠨ᠎ᠠ᠃ ︽ᠰᠠᠨᠠᠵᠦ ᠪᠠᠶᠢᠪᠠᠯ ᠪᠦᠲᠦᠨ᠎ᠡ᠂ ᠰᠠᠵᠢᠯᠠᠵᠦ ᠶᠠᠪᠤᠪᠠᠯ ᠬᠦᠷᠦᠨ᠎ᠡ︾ ᠭᠡᠳᠡᠭ ᠢᠶᠠᠷ᠂ ᠷᠤᠯᠮᠠᠰᠦ᠋ᠷᠦᠩ ᠨᠦᠬᠦᠷ ᠤᠨ ᠰᠠᠨᠠᠵᠦ ᠪᠠᠶᠢᠬᠰᠠᠨ ᠵᠦᠢᠯ ᠤᠲᠤ ᠪᠤᠲᠠᠲᠦ ᠶᠠᠪᠤᠲᠠᠯ ᠪᠤᠯᠵᠦ ᠪᠡᠶᠡᠯᠡᠭᠳᠡᠨ᠂ ᠠᠵᠢᠯᠯᠠᠭ᠎ᠠ ᠨᠢ ᠠᠮᠵᠢᠯᠲᠠ ᠲᠦᠬᠦᠷᠡᠩ ᠶᠠᠪᠤᠭᠲᠠᠵᠦ᠂ ᠤᠯᠠᠮᠵᠢᠯᠠᠯ ᠢ ᠬᠦᠨᠲᠦᠳᠭᠡᠵᠦ ᠰᠢᠨᠡᠴᠢᠯᠡᠯ ᠢ ᠡᠷᠬᠢᠮᠯᠡᠨ᠂ ᠦᠨᠲᠦᠰᠦᠳᠡᠨ ᠤ ᠤᠨᠴᠠᠯᠢᠬ ᠢ ᠲᠤᠪᠤᠶᠢᠯᠭᠠᠨ᠂ ᠪᠠᠭᠠᠴᠤᠳ ᠬᠡᠦᠬᠡᠳ ᠤᠨ ᠪᠡᠶ᠎ᠡ ᠮᠠᠬᠠᠪᠤᠳ ᠤᠨ ᠤᠨᠴᠠᠯᠢᠭ ᠲᠤ ᠲᠤᠬᠢᠷᠠᠭᠰᠠᠨ ᠰᠤᠷᠤᠭᠴᠢ ᠶᠢᠨ ᠬᠤᠪᠴᠠᠰᠦ ᠨᠢ ᠲᠤᠰ ᠤᠲᠠᠭᠠᠨ ᠤ ᠠᠵᠢᠯᠯᠠᠭ᠎ᠠ ᠶᠢᠨ ᠬᠢᠯᠠᠰ ᠴᠡᠭ ᠪᠤᠯᠵᠦ᠂ ᠮᠤᠩᠭᠤᠯ ᠦᠨᠲᠦᠰᠦᠳᠡᠨ ᠤ ᠰᠤᠶᠤᠯ ᠤᠨ ᠴᠢᠬᠤᠯᠠ ᠲᠡᠮᠳᠡᠭ ᠪᠤᠯᠤᠬᠰᠠᠨ ᠮᠤᠩᠭᠤᠯ ᠬᠤᠪᠴᠠᠰᠦ ᠵᠠᠰᠠᠯ ᠨᠢ ᠬᠦᠷᠦᠭᠰᠡᠨ ᠪᠦᠬᠦᠨ ᠤ ᠠᠩᠬᠠᠷᠤᠯ ᠢ ᠲᠠᠲᠠᠵᠦ᠂ ᠤᠯᠠᠮᠵᠢᠯᠠᠯ ᠰᠢᠨᠡᠴᠢᠯᠡᠯ᠂ ᠴᠠᠭ ᠦᠶᠡᠴᠢᠯᠡᠯ ᠤᠨ ᠲᠠᠯ᠎ᠠ ᠪᠠᠷ ᠠᠵᠢᠯ ᠨᠢᠬᠡᠳᠡᠳ ᠲᠤ ᠨᠢᠬᠡᠨ ᠲᠤᠷᠰᠢᠯᠭ᠎ᠠ ᠪᠠᠨ ᠰᠤᠯᠢᠯᠴᠠᠵᠦ᠂ ᠦᠵᠡᠯ ᠪᠤᠲᠤᠯ ᠢᠶᠠᠨ ᠨᠢᠬᠡᠳᠬᠡᠨ᠂ ᠬᠠᠮᠲᠤᠷᠠᠨ ᠠᠵᠢᠯᠯᠠᠬᠤ ᠰᠠᠶᠢᠨ ᠲᠠᠪᠴᠠᠩ ᠬᠠᠨᠭ᠍ᠭᠠᠬᠰᠠᠨ ᠪᠢᠯᠡ᠃

     ᠣᠷᠣᠯᠳᠣᠭᠠᠨ ᠤ ᠬᠢᠨᠠᠭᠴᠢᠳ ᠤᠨ ᠪᠠᠭ ᠤᠨ ᠬᠢᠨ
    ᠤᠯᠠᠨ ᠤ ᠬᠦᠴᠦ ᠤᠯᠤᠮ ᠦᠬᠡᠢ ᠲᠠᠯᠠᠢ
  7 ᠰᠠᠷ᠎ᠠ ᠶᠢᠨ 30 ᠤ ᠡᠲᠦᠷ ᠤᠨ ᠦᠳᠡ ᠶᠢᠨ ᠬᠤᠶᠢᠨ᠎ᠠ ᠪᠤᠯᠤᠬᠰᠠᠨ ᠮᠤᠩᠭᠤᠯ ᠬᠤᠪᠴᠠᠰᠤ ᠵᠠᠰᠠᠯ ᠢᠶᠠᠨ ᠴᠠᠭ ᠦᠶᠡᠴᠢᠯᠡᠬᠦ ᠰᠤᠲᠤᠯᠤᠨ ᠶᠡᠷᠢᠯᠴᠠᠬᠤ ᠬᠤᠷᠠᠯ ᠳᠤ ᠵᠠᠭᠪᠤᠷ ᠲᠦᠰᠤᠪᠯᠡᠭᠴᠢᠳ ᠪᠤᠯᠤᠨ ᠲᠤᠰᠬᠠᠢ ᠮᠡᠷᠭᠡᠵᠢᠯᠲᠡᠳ᠂ ᠰᠢᠢᠳᠪᠤᠷᠢᠲᠤ ᠤᠷᠤᠯᠲᠤᠭᠠᠨ ᠳᠤ ᠤᠷᠤᠯᠴᠠᠭᠰᠠᠨ ᠪᠦᠲᠤᠭᠡᠯ ᠳᠤ ᠦᠨᠲᠦᠰᠦᠯᠡᠵᠦ᠂ ᠠᠮᠵᠢᠯᠲᠠ ᠪᠠᠨ ᠨᠤᠲᠠᠯᠠᠨ᠂ ᠬᠦᠷᠤᠯᠴᠡᠬᠦ ᠦᠭᠡᠢ ᠲᠡᠯ᠎ᠡ ᠪᠠᠨ ᠡᠷᠢᠵᠤ ᠭᠠᠷᠭᠠᠨ᠂ ᠦᠵᠡᠯ ᠪᠤᠲᠤᠯ ᠢᠶᠠᠨ ᠴᠢᠯᠤᠭᠡᠲᠠᠢ ᠰᠤᠯᠢᠯᠴᠠᠬᠰᠠᠨ ᠪᠠᠶᠢᠨ᠎ᠠ᠃
  ᠲᠡᠲᠡ ᠬᠤᠵᠢᠮ ᠤᠨ ᠠᠵᠢᠯ ᠳᠠᠭᠠᠨ ᠬᠠᠮᠲᠤᠷᠠᠯᠴᠠᠭ᠎ᠠ ᠪᠠᠨ ᠠᠬᠢᠭᠤᠯᠵᠤ᠂ ᠮᠤᠩᠭᠤᠯ ᠦᠨᠲᠤᠰᠤᠲᠠᠨ ᠤ ᠬᠤᠪᠴᠠᠰᠤ ᠵᠠᠰᠠᠯ ᠤᠨ ᠰᠤᠶᠤᠯ ᠤᠨ ᠤᠬᠢ ᠱᠦᠯᠲᠦ ᠶᠢ ᠤᠯᠠᠮᠵᠢᠯᠠᠨ ᠪᠠᠲᠠᠷᠠᠭᠤᠯᠵᠤ᠂ ᠦᠨᠲᠤᠰᠤᠲᠠᠨ ᠤ ᠬᠤᠪᠴᠠᠰᠦ ᠵᠠᠰᠠᠯ ᠤᠨ ᠰᠤᠶᠤᠯ ᠢ ᠤᠯᠠᠮ ᠴᠠᠭᠠᠰᠢᠲᠠ ᠬᠦᠭᠵᠢᠬᠦᠯᠵᠦ᠂ ᠤᠲᠤ ᠶᠢᠨ ᠬᠦᠮᠦᠰ ᠤᠨ ᠲᠤᠷ᠎ᠠ ᠲᠠᠭᠠᠰᠢᠶᠠᠯ ᠳᠤ ᠨᠡᠶᠢᠴᠡᠬᠦᠯᠦᠨ᠂ ᠴᠠᠭ ᠦᠶ᠎ᠡ ᠶᠢᠨ ᠤᠷᠤᠰᠬᠠᠯ ᠢ ᠲᠠᠭᠠᠭᠰᠠᠨ ᠦᠨᠲᠦᠰᠦᠳᠡᠨ ᠤ ᠬᠤᠪᠴᠠᠰᠦ ᠵᠠᠰᠠᠯ ᠲᠦᠰᠦᠪᠯᠡᠵᠦ ᠦᠢᠯᠡᠳᠪᠦᠷᠢᠯᠡᠬᠦ ᠬᠠᠮᠲᠤ ᠶᠢᠨ ᠲᠠᠨᠢᠯᠲᠠ ᠲᠠᠢ ᠪᠤᠯᠤᠭᠰᠠᠨ ᠪᠠᠶᠢᠯ᠎ᠠ᠃ ᠰᠢᠢᠳᠪᠤᠷᠢᠲᠤ ᠤᠷᠤᠯᠲᠤᠭᠠᠨ ᠳᠤ ᠤᠷᠤᠯᠴᠠᠭᠰᠠᠨ ᠬᠤᠪᠴᠠᠰᠤ ᠵᠠᠰᠠᠯ ᠤᠨ ᠵᠠᠭᠪᠤᠷ ᠲᠦᠰᠤᠪᠯᠡᠬᠦ ᠲᠠᠯ᠎ᠠ ᠪᠠᠷ ᠵᠡᠷᠢᠮ ᠨᠢ ᠬᠠᠷᠢᠯᠴᠠᠨ ᠵᠦᠪᠲᠡᠯᠴᠡᠭᠡᠷ ᠲᠤᠭᠲᠠᠵᠤ᠂ ᠬᠠᠮᠲᠤᠷᠠᠯᠴᠠᠨ ᠠᠵᠢᠯᠯᠠᠬᠤ ᠪᠠᠷ ᠲᠤᠬᠢᠷᠠᠭᠰᠠᠨ ᠪᠠᠶᠢᠨ᠎ᠠ᠃
  ᠦᠪᠤᠷ ᠮᠤᠩᠭᠤᠯ ᠤᠨ ᠤᠷᠠᠯᠢᠭ ᠤᠨ ᠲᠡᠭᠡᠲᠤ ᠰᠤᠷᠭᠠᠭᠤᠯᠢ ᠶᠢᠨ ᠦᠨᠲᠤᠰᠤᠲᠠᠨ ᠤ ᠤᠷᠠᠯᠢᠭ ᠰᠤᠲᠤᠯᠬᠤ ᠭᠠᠵᠡᠷ ᠤᠨ ᠲᠠᠷᠤᠭ᠎ᠠ   ᠦᠯᠵᠡᠶᠢᠪᠠᠶᠠᠷ᠄ ︽ᠤᠯᠠᠨ ᠤᠯᠤᠰ ᠤᠨ ᠬᠡᠪᠴᠢᠶᠡᠨ ᠳᠠᠬᠢ ᠰᠤᠷᠤᠭᠴᠢ ᠶᠢᠨ ᠬᠤᠪᠴᠠᠰᠦ ᠲᠦᠰᠦᠪᠯᠡᠬᠦ ᠠᠵᠢᠯᠯᠠᠭ᠎ᠠ ᠶᠢ ᠬᠦᠪᠡᠭᠡᠲᠤ ᠰᠢᠷ᠎ᠠ ᠬᠤᠰᠢᠭᠤ ᠡᠬᠢᠯᠡᠬᠦᠯᠤᠯ᠎ᠡ᠃ ᠡᠨᠡ ᠪᠤᠯ ᠴᠠᠭ ᠦᠶ᠎ᠡ ᠶᠢ ᠲᠠᠭᠠᠵᠤ ᠴᠢᠲᠠᠭᠰᠠᠨ ᠪᠦᠲᠤᠭᠡᠯᠴᠢ ᠴᠢᠨᠠᠷᠲᠠᠢ ᠤᠶᠢᠯᠡᠰ ᠪᠤᠯᠬᠤ ᠶᠤᠮ᠂ ᠡᠬᠦᠨ ᠠᠴᠠ ᠬᠤᠶᠢᠰᠢ ᠰᠤᠷᠤᠭᠴᠢ ᠶᠢᠨ ᠬᠤᠪᠴᠠᠰᠤ ᠨᠡᠩ ᠭᠤᠶᠤ ᠰᠠᠶᠢᠬᠠᠨ ᠨᠡᠩ ᠲᠡᠬᠦᠯᠲᠡᠷ ᠪᠤᠯᠤᠨ᠎ᠠ ᠭᠡᠬᠦ ᠳᠤ ᠪᠢ ᠢᠲᠡᠭᠡᠯ ᠲᠠᠢ ᠪᠠᠶᠢᠨ᠎ᠠ᠃ ᠦᠲᠡ ᠶᠢᠨ ᠡᠮᠤᠨᠡᠬᠢ ᠰᠢᠢᠳᠪᠤᠷᠢᠲᠤ ᠤᠷᠤᠯᠲᠤᠭᠠᠨ ᠢ ︿ᠵᠠᠭᠪᠤᠷ ᠰᠢᠨ᠎ᠡ ᠰᠡᠪᠡᠬᠦᠨ᠂ ᠦᠨᠲᠤᠰᠤᠲᠡᠨ ᠤ ᠤᠨᠴᠠᠯᠢᠭ ᠢᠯᠡ ᠲᠤᠲᠤ᠂ ᠦᠩᠭᠡ ᠭᠠᠯᠪᠢᠷ ᠰᠤᠲᠤᠬᠠᠨ᠂ ᠴᠤᠭ ᠵᠢᠪᠬᠤᠭ᠎ᠠ ᠲᠡᠬᠦᠯᠲᠡᠷ﹀ ᠬᠡᠬᠦ ᠬᠡᠲᠤᠨ ᠦᠭᠡ ᠪᠠᠷ ᠬᠤᠷᠢᠶᠠᠩᠭᠤᠶᠢᠯᠠᠨ ᠬᠡᠯᠠᠵᠤ ᠪᠤᠯᠤᠨ᠎ᠠ᠃ ᠲᠤᠰ ᠤᠲᠠᠭᠠᠨ ᠤ ᠤᠷᠤᠯᠲᠤᠭᠠᠨ ᠨᠢ ᠮᠤᠩᠭᠤᠯ ᠦᠨᠲᠤᠰᠤᠲᠡᠨ ᠤ ᠰᠤᠷᠤᠬᠴᠢ ᠶᠢᠨ ᠬᠤᠪᠴᠠᠰᠤ ᠪᠤᠯᠤᠨ ᠲᠠᠮᠢᠷ ᠤᠨ ᠬᠤᠪᠴᠠᠰᠤ ᠶᠢ ᠲᠦᠰᠤᠪᠯᠡᠬᠦ ᠠᠩᠬᠠᠲᠠᠭᠴᠢ ᠤᠲᠠᠭᠠᠨ ᠤ ᠤᠯᠠᠨ ᠤᠯᠤᠰ ᠤᠨ ᠴᠢᠨᠠᠷᠲᠠᠢ ᠤᠷᠤᠯᠲᠤᠭᠠᠨ ᠪᠤᠯᠤᠭᠰᠠᠨ ᠤ ᠬᠤᠪᠢ ᠳᠤ ᠮᠤᠩᠭᠤᠯ ᠦᠨᠲᠤᠰᠤᠲᠡᠨ ᠤ ᠬᠤᠪᠴᠠᠰᠤ ᠵᠠᠰᠠᠯ ᠤᠨ ᠲᠡᠤᠬᠡᠨ ᠳᠤ ᠪᠢᠴᠢᠵᠤ ᠤᠷᠤᠭᠤᠯᠬᠤ ᠶᠤᠰᠤᠲᠠᠢ ᠨᠢᠭᠡ ᠤᠲᠠᠭ᠎ᠠ ᠶᠢᠨ ᠪᠠᠶᠠᠷᠲᠤ ᠶᠠᠪᠤᠲᠠᠯ ᠪᠤᠯᠤᠨ᠎ᠠ︾ ᠭᠡᠵᠤ ᠡᠨᠡ ᠤᠲᠠᠭᠠᠨ ᠤ ᠠᠵᠢᠯᠯᠠᠭ᠎ᠠ ᠶᠢᠨ ᠦᠨᠲᠤᠰᠤᠲᠡᠨ ᠤ ᠰᠤᠶᠤᠯ ᠲᠡᠤᠬᠡ ᠵᠠᠩ ᠤᠶᠢᠯᠡ ᠳᠤ ᠦᠵᠡᠬᠦᠯᠬᠦ ᠲᠡᠤᠬᠡᠲᠤ ᠠᠴᠢ ᠬᠤᠯᠪᠤᠭᠲᠠᠯ ᠳᠤ ᠦᠨᠲᠤᠷ ᠦᠨᠡᠯᠡᠭᠡ ᠦᠭᠴᠤ ᠪᠠᠶᠢᠯ᠎ᠠ᠃
  ᠶᠠᠮᠠᠷᠪᠠ ᠨᠢᠭᠡᠨ ᠠᠵᠢᠯ ᠢ ᠬᠢᠬᠦ ᠳᠤ ᠦᠵᠡᠯᠲᠡ ᠤᠶᠢᠯᠠᠭᠠᠯᠲᠠ ᠶᠢᠨ ᠠᠰᠠᠭᠤᠲᠠᠯ ᠴᠢᠬᠤᠯᠠ ᠤᠶᠢᠯᠡᠲᠤᠯ ᠦᠵᠡᠬᠦᠯᠳᠡᠭ ᠪᠦᠬᠡᠳ ᠬᠠᠮᠲᠦ ᠶᠢᠨ ᠬᠦᠴᠦᠨ ᠢ ᠨᠢᠬᠲᠠᠷᠠᠭᠤᠯᠬᠤ ᠨᠢ ᠴᠦ ᠮᠠᠰᠢ ᠴᠢᠬᠤᠯᠠ ᠪᠠᠶᠢᠲᠠᠭ᠃ ᠡᠨᠡ ᠤᠲᠠᠭᠠᠨ ᠤ ᠰᠢᠢᠳᠪᠤᠷᠢᠲᠤ ᠤᠷᠤᠯᠲᠣᠭᠠᠨ ᠬᠢᠭᠡᠳ ᠰᠤᠲᠤᠯᠤᠨ ᠶᠠᠷᠢᠯᠴᠠᠬᠤ ᠬᠤᠷᠠᠯ ᠢᠶᠠᠷ ᠲᠠᠮᠵᠢᠨ᠂ ᠦᠨᠲᠣᠰᠤᠲᠡᠨ ᠤ ᠤᠨᠴᠠᠯᠢᠭ ᠢ ᠲᠤᠪᠤᠶᠢᠯᠭᠠᠭᠰᠠᠨ᠂ ᠰᠢᠨ᠎ᠡ ᠶᠢ ᠡᠬᠦᠳᠬᠦ ᠶᠢ ᠡᠷᠢᠯᠬᠢᠯᠡᠭᠰᠡᠨ ᠰᠤᠷᠤᠭᠴᠢ ᠶᠢᠨ ᠬᠤᠪᠴᠠᠰᠤ ᠶᠢ ᠲᠤᠰᠬᠠᠢ ᠮᠡᠷᠭᠡᠵᠢᠯᠲᠠᠨ ᠬᠢᠭᠡᠳ ᠵᠠᠭᠪᠤᠷ ᠲᠦᠰᠤᠪᠯᠡᠭᠴᠢ᠂ ᠴᠠᠭᠠᠰᠢᠯᠠᠪᠠᠯ ᠡᠩ ᠤᠨ ᠨᠢᠭᠡᠨ ᠦᠵᠡᠭᠴᠢ ᠳᠤ ᠬᠦᠷᠲᠡᠯ᠎ᠡ ᠪᠦᠷ ᠦᠨᠲᠦᠷ ᠦᠨᠡᠯᠡᠭᠡ ᠦᠭᠬᠦᠭᠰᠡᠨ ᠪᠦᠬᠡᠳ ᠴᠠᠭᠠᠰᠢᠲᠠ ᠬᠠᠷᠠᠯᠲᠠ ᠪᠠᠨ ᠨᠡᠩ ᠲᠤᠲᠤᠷᠬᠠᠢ ᠪᠤᠯᠭᠠᠵᠦ᠂ ᠬᠦᠴᠦᠨ ᠢᠶᠠᠨ ᠨᠢᠬᠡᠳᠬᠡᠵᠦ᠂ ᠦᠨᠲᠦᠰᠦᠳᠡᠨ ᠤ ᠬᠤᠪᠴᠠᠰᠦ ᠵᠠᠰᠠᠯ ᠳᠠᠭᠠᠨ ᠨᠡᠩ ᠤᠯᠠᠨ ᠰᠢᠨ᠎ᠡ ᠬᠦᠴᠦᠨ ᠵᠦᠢᠯ ᠨᠡᠮᠡᠷᠢᠯᠡᠵᠦ᠂ ᠲᠡᠬᠦᠨ ᠢᠶᠠᠨ ᠤᠯᠠᠮ ᠴᠠᠭᠠᠰᠢᠲᠠ ᠬᠦᠭᠵᠢᠬᠦᠯᠦᠨ ᠲᠡᠬᠦᠯᠳᠡᠷᠵᠢᠬᠦᠯᠬᠦ ᠲᠤᠬᠠᠢ ᠠᠩᠬ᠎ᠠ ᠠᠯᠬᠤᠮ ᠤᠨ ᠬᠠᠮᠲᠤ ᠶᠢᠨ ᠲᠠᠨᠢᠯᠲᠠ ᠲᠠᠢ ᠪᠤᠯᠵᠤ ᠴᠢᠲᠠᠭᠰᠠᠨ ᠪᠠᠶᠢᠨ᠎ᠠ᠃
  ︽ᠤᠯᠠᠨ ᠤ ᠬᠦᠴᠦ ᠤᠯᠤᠮ ᠦᠬᠡᠢ ᠲᠠᠯᠠᠢ︾᠃ ᠦᠨᠲᠦᠰᠦᠳᠡᠨ ᠤ ᠬᠤᠪᠴᠠᠰᠦ ᠵᠠᠰᠠᠯ ᠤᠨ ᠰᠤᠶᠤᠯ ᠢᠶᠠᠨ ᠤᠯᠠᠮ ᠴᠠᠭᠠᠰᠢᠲᠠ ᠬᠦᠭᠵᠢᠬᠦᠯᠵᠦ᠂ ᠲᠡᠬᠦᠨ ᠳᠤ ᠴᠠᠭ ᠦᠶ᠎ᠡ ᠶᠢᠨ ᠡᠯᠧᠮᠧᠨ᠋ᠲ ᠢ ᠨᠡᠮᠡᠷᠢᠯᠡᠵᠦ᠂ ᠡᠶᠢᠮᠦᠷᠬᠦᠦ ᠠᠵᠢᠯᠯᠠᠭ᠎ᠠ ᠶᠢ ᠢᠯᠡᠬᠦᠬᠡᠨ ᠵᠤᠬᠢᠶᠠᠨ ᠪᠠᠶᠢᠭᠤᠯᠵᠦ᠂ ᠲᠤᠷᠰᠢᠯᠭ᠎ᠠ ᠪᠠᠨ ᠬᠠᠮᠲᠦ ᠳᠠᠭᠠᠨ ᠰᠤᠯᠢᠯᠴᠠᠵᠦ᠂ ᠬᠦᠷᠦᠯᠴᠡᠬᠦ ᠦᠬᠡᠢ ᠵᠦᠢᠯ ᠢᠶᠠᠨ ᠬᠠᠮᠲᠦ ᠳᠠᠭᠠᠨ ᠨᠦᠬᠦᠪᠦᠷᠢᠯᠡᠨ᠂ ᠬᠠᠮᠲᠦ ᠪᠠᠷ ᠲᠠᠪᠰᠢᠪᠠᠯ ᠵᠤᠬᠢᠨ᠎ᠠ ᠭᠡᠵᠦ ᠲᠤᠰ ᠠᠵᠢᠯᠯᠠᠭ᠎ᠠ ᠳᠤ ᠤᠷᠤᠯᠴᠠᠬᠰᠠᠨ ᠲᠤᠰᠬᠠᠢ ᠮᠡᠷᠭᠡᠵᠢᠯᠳᠡᠳ᠂ ᠵᠠᠬᠪᠦᠷ ᠲᠦᠰᠦᠪᠯᠡᠭᠴᠢᠳ ᠪᠠ ᠮᠤᠩᠭᠤᠯ ᠬᠤᠪᠴᠠᠰᠦ ᠵᠠᠰᠠᠯ ᠤᠨ ᠲᠤᠷ᠎ᠠ ᠪᠠᠭ᠋ᠠᠲᠠᠳ ᠰᠠᠨᠠᠯ ᠨᠢᠬᠡᠳᠡᠢ ᠦᠵᠡᠵᠡᠭᠡᠵᠦ ᠪᠠᠶᠢᠯ᠎ᠠ᠃
    ᠵᠢᠮ᠎ᠡ ᠭᠠᠷᠪᠠᠯ ᠵᠠᠮ ᠭᠠᠷᠲᠠᠭ
  ᠰᠢᠯᠢ ᠶᠢᠨ ᠭᠤᠤᠯ ᠠᠶᠢᠮᠠᠭ ᠤᠨ ᠬᠦᠪᠡᠬᠡᠲᠦ ᠰᠢᠷ᠎ᠠ ᠬᠤᠰᠢᠭᠤ ᠨᠢ ᠤᠢᠢᠷ᠎ᠠ ᠶᠢᠨ ᠵᠢᠯ ᠠᠴᠠ ᠮᠤᠩᠭᠤᠯ ᠬᠤᠪᠴᠠᠰᠤ ᠵᠠᠰᠠᠯ ᠤᠨ ᠰᠤᠶᠤᠯ ᠢ ᠬᠦᠭᠵᠢᠬᠦᠯᠬᠦ ᠶᠢ ᠴᠢᠬᠤᠯᠠᠴᠢᠯᠠᠨ ᠠᠳᠬᠤᠵᠤ᠂ ᠮᠤᠩᠭᠤᠯ ᠬᠤᠪᠴᠠᠰᠦ ᠵᠠᠰᠠᠯ ᠤᠨ ᠰᠤᠶᠤᠯ ᠢᠶᠠᠨ ᠰᠤᠶᠤᠯ ᠵᠢᠭᠤᠯᠴᠢᠯᠠᠯ ᠢ ᠠᠭᠤᠰᠤᠯᠴᠠᠭᠤᠯᠤᠨ ᠬᠦᠭᠵᠢᠬᠦᠯᠬᠦ᠂ ᠰᠤᠶᠤᠯ ᠤᠨ ᠨᠡᠷᠡᠲᠤ ᠲᠡᠮᠲᠡᠭ ᠢ ᠡᠬᠦᠳᠬᠦ ᠶᠢᠨ ᠴᠢᠬᠤᠯᠠ ᠠᠭᠤᠯᠭ᠎ᠠ ᠪᠤᠯᠭᠠᠵᠦ᠂ ︽ᠴᠠᠬᠠᠷ ᠬᠤᠨᠲᠠᠭᠠᠲᠤ︾ ᠮᠤᠩᠭᠤᠯ ᠬᠤᠪᠴᠠᠰᠤ ᠵᠠᠰᠠᠯ ᠤᠨ ᠤᠷᠤᠯᠲᠤᠭᠠᠨ ᠢ 2015 ᠤᠨ ᠠᠴᠠ ᠨᠠᠭᠠᠰᠢ ᠨᠡᠶᠢᠳᠡ 3 ᠤᠲᠠᠭ᠎ᠠ ᠵᠤᠬᠢᠶᠠᠨ ᠪᠠᠶᠢᠭᠤᠯᠤᠨ ᠶᠠᠪᠤᠭᠲᠠᠭᠤᠯᠤᠬᠰᠠᠨ ᠶᠤᠮ᠃
  ᠤᠤᠯ ᠨᠢ ᠲᠤᠰ ᠠᠵᠢᠯᠯᠠᠭ᠎ᠠ ᠶᠢ ᠬᠦᠪᠡᠭᠡᠲᠦ ᠰᠢᠷ᠎ᠠ ᠬᠤᠰᠢᠭᠤᠨ ᠤ ᠡᠮᠡᠭᠲᠠᠶᠢᠴᠤᠳ ᠤᠨ ᠬᠤᠯᠪᠤᠭ᠎ᠠ ᠠᠴᠠ ᠭᠤᠤᠯᠴᠢᠯᠠᠨ ᠬᠠᠮᠢᠶᠠᠷᠴᠤ᠂ ᠬᠤᠰᠢᠭᠤ ᠠᠶᠢᠮᠠᠭ ᠤᠨ ᠬᠡᠪᠴᠢᠶ᠎ᠡ ᠲᠠᠢ ᠯᠡ ᠵᠤᠬᠢᠶᠠᠨ ᠪᠠᠶᠢᠭᠤᠯᠵᠦ ᠪᠠᠶᠢᠭᠰᠠᠠ ᠪᠤᠯ 2017 ᠤᠨ ᠳᠤ᠂ ᠬᠦᠪᠡᠬᠡᠲᠦ ᠰᠢᠷ᠎ᠠ ᠬᠤᠰᠢᠭᠤᠨ ᠤ ᠨᠡᠮ ᠤᠨ ᠬᠤᠷᠢᠶ᠎ᠡ ᠪᠤᠯᠤᠨ ᠵᠠᠰᠠᠭ ᠤᠨ ᠤᠷᠲᠤᠨ ᠤ ᠨᠡᠷ᠎ᠡ ᠪᠠᠷ ᠪᠦᠬᠦ ᠤᠷᠤᠨ ᠤ ᠬᠡᠪᠴᠢᠶ᠎ᠡ ᠲᠠᠢ ᠡᠷᠬᠢᠯᠡᠨ ᠶᠠᠪᠤᠭᠲᠠᠭᠤᠯᠬᠤ ᠪᠤᠯᠤᠬᠰᠠᠨ ᠶᠤᠮ᠃ ᠦᠨᠲᠤᠰᠤᠲᠠᠨ ᠤ ᠰᠤᠶᠤᠯ ᠵᠠᠩ ᠤᠶᠢᠯᠡ ᠶᠢᠨ ᠴᠢᠬᠤᠯᠠ ᠠᠭᠤᠯᠬᠤᠨ ᠪᠤᠯᠬᠤ ᠮᠤᠩᠭᠤᠯ ᠬᠤᠪᠴᠠᠰᠦ ᠵᠠᠰᠠᠯ ᠢᠶᠠᠨ ᠤᠷᠤᠨ ᠨᠤᠲᠤᠭ ᠤᠨ ᠤᠨᠴᠠᠯᠢᠬ ᠪᠠ ᠴᠠᠭ ᠦᠶ᠎ᠡ ᠶᠢᠨ ᠤᠨᠴᠠᠯᠢᠭ ᠢ ᠬᠠᠷᠠᠭᠤᠯᠤᠬᠰᠠᠨ ᠦᠨᠲᠦᠰᠦᠳᠡᠨ ᠤ ᠰᠤᠶᠤᠯ ᠤᠨ ᠴᠢᠬᠤᠯᠠ ᠲᠡᠮᠳᠡᠭ ᠪᠤᠯᠭᠠᠨ ᠬᠦᠭᠵᠢᠬᠦᠯᠬᠦ ᠵᠤᠷᠢᠯᠭ᠎ᠠ ᠪᠠᠷ ᠲᠤᠰ ᠬᠤᠰᠢᠭᠤ ᠨᠢ ᠢᠳᠡᠪᠬᠢᠳᠡᠢ ᠠᠷᠭ᠎ᠠ ᠠᠪᠴᠠᠯ ᠢ ᠭᠡᠷᠡᠭᠵᠢᠬᠦᠯᠦᠭᠰᠡᠭᠡᠷ ᠢᠷᠡᠭᠰᠡᠨ ᠪᠢᠯᠡ᠃
  ᠪᠦᠷᠢᠨ ᠪᠤᠰᠤ ᠪᠦᠷᠢᠳᠭᠡᠯ ᠢ ᠦᠨᠲᠦᠰᠦᠯᠡᠪᠡᠯ᠂ ᠤᠲᠤ ᠵᠦᠪᠭᠡᠨ ᠬᠦᠪᠡᠬᠡᠲᠦ ᠰᠢᠷ᠎ᠠ ᠬᠤᠰᠢᠭᠤᠨ ᠤ ᠲᠦᠪ ᠰᠢᠨᠡᠪᠤᠯᠠᠭ ᠪᠠᠯᠭᠠᠰᠤᠨ ᠳᠤ ᠮᠤᠩᠭᠤᠯ ᠬᠤᠪᠴᠠᠰᠤ ᠵᠠᠰᠠᠯ ᠤᠨ ᠤᠶᠢᠯᠡᠰ ᠡᠷᠬᠢᠯᠡᠬᠦ ᠪᠠᠷ ᠲᠠᠩᠰᠠᠯᠠᠭᠤᠯᠵᠤ ᠲᠡᠮᠲᠡᠭᠯᠡᠬᠦᠯᠤᠭ᠍ᠰᠠᠨ ᠺᠦ᠋ᠮᠫᠠᠨᠢ ᠪᠤᠶᠤ ᠤᠶᠤᠲᠠᠯ ᠤᠨ ᠭᠠᠵᠠᠷ ᠨᠡᠶᠢᠳᠡ 37 ᠡᠷᠤᠬᠡ ᠪᠠᠶᠢᠨ᠎ᠠ᠃ ᠨᠡᠩ ᠴᠦ ᠡᠬᠦᠨ ᠤ ᠲᠤᠮᠲᠠ ᠪᠠᠨ᠂ ︽ᠷᠤᠯᠮ᠎ᠠ︾ ᠮᠤᠩᠭᠤᠯ ᠬᠤᠪᠴᠠᠰᠤ ᠵᠠᠰᠠᠯ ᠤᠨ ᠬᠢᠵᠠᠭᠠᠷᠲᠤ ᠺᠦ᠋ᠮᠫᠠᠨᠢ ᠰᠢᠬ ᠵᠢᠯ ᠤᠨ ᠴᠡᠪᠡᠷ ᠤᠷᠤᠯᠭ᠎ᠠ 20 ᠲᠦᠮᠡ ᠶᠢ ᠲᠠᠪᠠᠭᠰᠠᠨ ᠨᠡᠯᠢᠶᠡᠳ ᠶᠡᠭᠡ ᠬᠡᠪᠴᠢᠶᠡᠵᠢᠯ ᠲᠠᠢ ᠤᠶᠤᠲᠠᠯ ᠤᠨ ᠭᠠᠵᠠᠷ 4 ᠪᠠᠶᠢᠵᠤ᠂ 139 ᠬᠦᠮᠦᠨ ᠳᠤ ᠠᠵᠢᠯ ᠤᠨ ᠪᠠᠶᠢᠷᠢ ᠤᠯᠭᠤᠭᠰᠠᠨ ᠪᠠᠶᠢᠨ᠎ᠠ᠃ ᠡᠨᠡ ᠨᠢ ᠬᠦᠳᠡᠭᠡ ᠶᠢᠨ ᠮᠠᠯᠴᠢᠳ ᠤᠨ ᠬᠤᠲᠠ ᠤᠷᠤᠵᠤ᠂ ᠭᠤᠷᠪᠠᠲᠤᠭᠠᠷ ᠠᠵᠤ ᠤᠶᠢᠯᠡᠰ  ᠡᠷᠬᠢᠯᠡᠨ᠂ ᠤᠷᠤᠯᠭ᠎ᠠ ᠪᠠᠨ ᠨᠡᠮᠡᠭᠳᠡᠬᠦᠯᠬᠦ ᠪᠠᠰᠠ ᠨᠢᠭᠡᠨ ᠴᠢᠬᠤᠯᠠ ᠠᠷᠭ᠎ᠠ ᠵᠠᠮ ᠪᠤᠯᠤᠭᠰᠠᠨ ᠪᠢᠯᠡ᠃ ᠡᠶᠢᠨ ᠬᠦ᠂ ᠦᠨᠲᠦᠰᠦᠳᠡᠨ ᠤ ᠬᠤᠪᠴᠠᠰᠦ ᠵᠠᠰᠠᠯ ᠤᠨ ᠦᠢᠯᠡᠰ ᠢ ᠬᠦᠭᠵᠢᠬᠦᠯᠬᠦ ᠶᠢᠨ ᠲᠤᠯᠠᠲᠠ ᠲᠡᠭᠡᠷ᠎ᠡ ᠱᠠᠲᠦᠨ ᠠᠴᠠ ᠵᠢᠬᠡᠯᠡᠯᠬᠡ ᠲᠠᠯᠪᠢᠵᠦ ᠬᠦᠤ ᠮᠦᠩᠬᠦ ᠶᠢ ᠨᠢ ᠤᠷᠤᠯᠠᠨ ᠲᠤᠰᠢᠶᠠᠬᠤ ᠪᠤᠲᠤᠯᠭ᠎ᠠ ᠶᠢ ᠭᠡᠷᠡᠭᠵᠢᠬᠦᠯᠦᠭᠰᠡᠨ ᠪᠦᠬᠡᠳ ᠡᠯ᠎ᠡ ᠵᠦᠢᠯ ᠤᠨ ᠲᠠᠪᠲᠠᠨ ᠪᠤᠯᠪᠠᠰᠤᠷᠠᠯ ᠤᠨ ᠠᠩᠬᠢ ᠶᠢ ᠤᠯᠠᠨᠲᠠ ᠨᠡᠭᠡᠭᠡᠭᠰᠡᠨ ᠪᠠᠶᠢᠨ᠎ᠠ᠃ ᠡᠬᠦᠨ ᠤ ᠬᠠᠮᠲᠦ ᠪᠠᠰᠠ ᠭᠠᠵᠠᠷ ᠤᠨ ᠲᠡᠰ ᠤᠨ ᠤᠲᠤᠷᠢᠲᠤᠯᠭ᠎ᠠ ᠪᠠᠷ ᠬᠠᠷᠢᠭᠤᠴᠠᠭᠤᠯᠤᠭᠰᠠᠨ ᠦᠨᠲᠤᠰᠤᠲᠠᠨ ᠤ ᠬᠤᠪᠴᠠᠰᠤ ᠵᠠᠰᠠᠯ ᠤᠨ ᠰᠤᠶᠤᠯ ᠢ ᠬᠦᠭᠵᠢᠬᠦᠯᠬᠦ ᠠᠵᠢᠯ ᠢ ᠠᠬᠢᠭᠤᠯᠬᠤ ᠤᠲᠤᠷᠢᠳᠬᠤ ᠪᠠᠭ᠎ᠠ ᠲᠤᠭᠤᠶᠢᠯᠠᠩ ᠪᠠᠶᠢᠭᠤᠯᠵᠤ᠂ ᠦᠨᠲᠦᠰᠦᠳᠡᠨ ᠤ ᠬᠤᠪᠴᠠᠰᠦ ᠵᠠᠰᠠᠯ ᠤᠨ ᠦᠢᠯᠡᠰ ᠡᠷᠬᠢᠯᠡᠭᠴᠢᠳ ᠲᠤ ᠲᠤᠭᠤᠷᠢᠨ ᠰᠤᠷᠤᠯᠴᠠᠬᠤ᠂ ᠪᠤᠷᠤᠯᠠᠭᠤᠯᠭ᠎ᠠ ᠶᠢᠨ ᠵᠠᠮ ᠢ ᠨᠢ ᠦᠷᠭᠡᠳᠭᠡᠬᠦ ᠵᠡᠷᠭᠡ ᠲᠠᠯ᠎ᠠ ᠪᠠᠷ ᠬᠠᠪᠰᠤᠷᠤᠯᠭ᠎ᠠ ᠲᠡᠮᠵᠢᠯᠬᠡ ᠦᠵᠡᠬᠦᠯᠦᠭᠰᠡᠨ ᠪᠠᠶᠢᠨ᠎ᠠ᠃
  ᠦᠪᠦᠷ ᠮᠤᠩᠭᠤᠯ ᠤᠨ ᠴᠠᠬᠠᠷ ᠰᠤᠶᠤᠯ ᠤᠨ ᠰᠤᠲᠤᠯᠭᠠᠨ ᠤ ᠨᠡᠶᠢᠭᠡᠮᠯᠢᠭ ᠤᠨ ᠲᠠᠷᠤᠭ᠎ᠠ ᠫᠠᠨ ᠰᠢᠶᠤᠤ ᠫᠢᠩ ᠨᠦᠬᠦᠷ᠂ 2017 ᠤᠨ ᠤ ᠵᠢᠯ ᠤᠨ ᠰᠡᠬᠦᠯᠴᠢ ᠪᠠᠷ ᠶᠠᠪᠤᠭᠲᠠᠭᠰᠠᠨ ᠬᠦᠪᠡᠭᠡᠲᠤ ᠰᠢᠷ᠎ᠠ ᠬᠤᠰᠢᠭᠤᠨ ᠤ ᠭᠤᠷᠪᠠᠲᠤᠭᠠᠷ ᠬᠤᠭᠤᠴᠠᠭᠠᠨ ᠤ ︽ᠴᠠᠬᠠᠷ ᠬᠤᠨᠲᠠᠭᠠᠲᠤ︾ ᠮᠤᠩᠭᠤᠯ ᠬᠤᠪᠴᠠᠰᠤ ᠵᠠᠰᠠᠯ ᠤᠨ ᠲᠦᠰᠤᠪᠯᠡᠯ ᠤᠨ ᠤᠷᠤᠯᠲᠤᠭᠠᠨ ᠵᠢᠴᠢ ᠤᠶᠢᠯᠡᠰ ᠪᠤᠰᠬᠠᠬᠤ ᠤᠷ᠎ᠠ ᠮᠡᠷᠭᠡᠵᠢᠯ ᠤᠨ ᠣᠷᠣᠯᠲᠤᠭᠠᠨ ᠳᠤ ᠤᠷᠤᠯᠴᠠᠬᠤ ᠳᠠᠭᠠᠨ᠄ ︽ᠤᠷᠤᠯᠲᠤᠭᠠᠨ ᠮᠠᠰᠢ ᠰᠠᠶᠢᠬᠠᠨ ᠶᠠᠪᠤᠭᠲᠠᠵᠤ ᠪᠠᠶᠢᠨ᠎ᠠ᠂ ᠡᠨᠡ ᠪᠤᠯ ᠮᠤᠩᠭᠤᠯ ᠦᠨᠲᠤᠰᠤᠲᠠᠨ ᠤ ᠪᠠᠨ ᠬᠤᠪᠴᠠᠰᠤ ᠵᠠᠰᠠᠯ ᠤᠨ ᠰᠤᠶᠤᠯ ᠢ ᠤᠯᠠᠮᠵᠢᠯᠠᠨ ᠬᠦᠭᠵᠢᠬᠦᠯᠵᠤ ᠪᠠᠶᠢᠭ᠎ᠠ ᠠᠵᠢᠯᠯᠠᠭ᠎ᠠ ᠶᠢᠨ ᠨᠢᠭᠡ ᠬᠡᠯᠪᠡᠷᠢ ᠪᠤᠯᠬᠤ ᠶᠤᠮ᠂ ᠮᠦᠨ ᠴᠤ ᠨᠠᠮ ᠤᠨ ᠦᠨᠲᠤᠰᠤᠲᠡᠨ ᠤ ᠠᠵᠢᠯ ᠤᠨ ᠲᠤᠬᠠᠢ ᠲᠦᠷᠤ ᠶᠢᠨ ᠪᠤᠲᠤᠯᠭ᠎ᠠ ᠶᠢ ᠲᠤᠭᠤᠰᠢᠯᠠᠭᠤᠯᠤᠨ ᠨᠠᠶᠢᠲᠠᠪᠤᠷᠢᠵᠢᠭᠤᠯᠵᠤ ᠪᠠᠶᠢᠬᠤ ᠶᠢᠨ ᠦᠯᠢᠭᠡᠷ ᠵᠢᠱᠢᠶ᠎ᠡ ᠪᠤᠯᠤᠨ᠎ᠠ᠃ ᠬᠦᠪᠡᠭᠡᠲᠤ ᠰᠢᠷ᠎ᠠ ᠬᠤᠰᠢᠭᠤ 3 ᠵᠢᠯ ᠲᠠᠷᠠᠭᠠᠯᠠᠨ ᠢᠢᠮᠤᠷᠬᠦᠤ ᠤᠷᠤᠯᠲᠤᠭᠠᠨ ᠢ ᠵᠤᠬᠢᠶᠠᠨ ᠪᠠᠶᠢᠭᠤᠯᠵᠤ ᠪᠠᠶᠢᠨ᠎ᠠ᠂ ᠡᠨᠡ ᠨᠢ ᠮᠠᠯᠴᠢᠳ ᠤᠨ ᠠᠵᠢᠯ ᠤᠶᠢᠯᠡᠰ ᠢ ᠬᠦᠭᠵᠢᠬᠦᠯᠵᠤ᠂ ᠦᠨᠲᠤᠰᠤᠲᠡᠨ ᠤ ᠰᠤᠶᠤᠯ ᠵᠠᠩ ᠤᠶᠢᠯᠡ ᠶᠢ ᠤᠯᠠᠮᠵᠢᠯᠠᠨ ᠲᠡᠯᠭᠡᠷᠡᠬᠦᠯᠬᠦ ᠳᠤ ᠠᠴᠢ ᠲᠤᠰᠠᠲᠠᠢ ᠶᠠᠪᠤᠲᠠᠯ ᠪᠤᠯᠬᠤ ᠶᠤᠮ︾ ᠬᠡᠵᠤ ᠶᠠᠷᠢᠬᠰᠠᠨ ᠶᠤᠮ᠃
  ᠮᠤᠩᠭᠤᠯ ᠬᠤᠪᠴᠠᠰᠦ ᠵᠠᠰᠠᠯ ᠪᠤᠯ ᠮᠤᠩᠭᠤᠯᠴᠤᠳ ᠤᠨ ᠤᠷᠲᠤ ᠤᠲᠠᠭᠠᠨ ᠲᠡᠦᠭᠡᠨ ᠶᠠᠪᠤᠴᠠ ᠳᠤ ᠪᠦᠷᠢᠯᠲᠦᠵᠦ ᠲᠦᠯᠦᠪᠰᠢᠭᠰᠡᠨ᠂ ᠤᠷᠤᠰᠢᠨ ᠠᠮᠢᠲᠤᠷᠠᠵᠦ ᠪᠠᠶᠢᠭ᠎ᠠ ᠪᠠᠶᠢᠭᠠᠯᠢ ᠶᠢᠨ ᠤᠷᠴᠢᠨ ᠲᠤᠭᠤᠷᠢᠨ ᠪᠠ ᠮᠤᠩᠭᠤᠯᠴᠤᠳ ᠤᠨ ᠦᠢᠯᠡᠳᠪᠦᠷᠢᠯᠡᠯ ᠠᠮᠢᠲᠤᠷᠠᠯ ᠤᠨ ᠤᠨᠴᠠᠯᠢᠭ ᠲᠤ ᠲᠤᠬᠢᠷᠠᠭᠰᠠᠨ ᠰᠤᠶᠤᠯ ᠤᠨ ᠨᠢᠬᠡᠨ ᠴᠢᠬᠤᠯᠠ ᠲᠡᠮᠳᠡᠭ ᠪᠤᠯᠬᠤ ᠶᠤᠮ᠃ ᠲᠤᠰ ᠤᠲᠠᠭᠠᠨ ᠤ ᠠᠵᠢᠯᠯᠠᠭ᠎ᠠ ᠨᠢ ᠤᠯᠠᠮᠵᠢᠯᠠᠯ ᠢ ᠬᠦᠨᠲᠦᠳᠭᠡᠵᠦ᠂ ᠰᠢᠨ᠎ᠡ ᠶᠢ ᠡᠬᠦᠳᠬᠦ ᠶᠢ ᠡᠷᠢᠯᠬᠢᠯᠡᠨ᠂ ᠦᠢᠯᠡᠰ ᠨᠢᠬᠡᠳᠡᠳ ᠲᠤ ᠦᠵᠡᠯ ᠪᠤᠲᠤᠯ ᠢᠶᠠᠨ ᠰᠤᠯᠢᠯᠴᠠᠵᠦ ᠲᠤᠷᠰᠢᠯᠭ᠎ᠠ ᠪᠠᠨ ᠳ᠋ᠦᠡᠭᠨᠡᠬᠦ ᠰᠠᠶᠢᠬᠠᠨ ᠲᠠᠪᠴᠠᠩ  ᠬᠠᠨᠭ᠍ᠭᠠᠵᠦ᠂ ᠦᠨᠲᠤᠰᠤᠲᠡᠨ ᠤ ᠰᠤᠶᠤᠯ ᠢᠶᠠᠨ ᠬᠦᠭᠵᠢᠬᠦᠯᠵᠤ᠂ ︽ᠰᠤᠶᠤᠯ ᠤᠨ ᠢᠲᠡᠭᠡᠯ︾ ᠢᠶᠠᠨ ᠪᠠᠲᠤᠳᠬᠠᠬᠤ ᠶᠢᠨ ᠬᠡᠪ ᠵᠢᠱᠢᠶ᠎ᠡ ᠪᠤᠯᠬᠤᠢᠢᠴᠠ ᠦᠢᠯᠡ ᠠᠵᠢᠯᠯᠠᠭ᠎ᠠ ᠪᠤᠯᠤᠬᠰᠠᠨ ᠶᠤᠮ᠃ ᠵᠣᠬᠢᠶᠠᠭᠴᠢ᠄  ᠲᠠᠯᠠᠨᠪᠠᠶᠠᠷ 



  
     
     