-
2077442
ᠶᠠᠳᠠᠭᠤ ᠶᠢ ᠳᠡᠳᠭᠦᠭᠦ ᠬᠠᠮᠵᠢᠯᠴᠠᠭ᠎ᠠ ︽ᠲᠦᠷᠭᠡᠨ ᠤ ᠵᠠᠮ︾ ᠳᠤ ᠣᠷᠣᠯ᠎ᠠ
2019-10-16 20:48
251
0
— 2019 ᠤᠨ ᠤ ᠪᠡᠭᠡᠵᠢᠩ ᠦᠪᠦᠷ ᠮᠤᠩᠭᠤᠯ ᠤᠨ ᠶᠠᠳᠠᠭᠤ ᠶᠢ ᠳᠡᠳᠭᠦᠭᠦ ᠬᠠᠮᠵᠢᠯᠴᠠᠭ᠎ᠠ ᠶᠢ ᠬᠦᠨᠵᠡᠭᠡᠶᠢᠷᠡᠭᠦᠯᠬᠦ ᠠᠵᠢᠯᠯᠠᠭ᠎ᠠ ᠶᠢᠨ ᠳᠤᠬᠠᠢ ᠬᠦᠤᠷᠨᠢᠯ
ᠪᠡᠭᠡᠵᠢᠩ ᠤᠨ ᠨᠠᠷᠠᠲᠤ ᠡᠮᠴᠢ ᠮᠠᠨ ᠤ ᠤᠷᠤᠨ ᠤ ᠶᠠᠳᠠᠭᠤ ᠬᠦᠴᠢᠷᠳᠠᠯᠳᠠᠢ ᠬᠡᠷ ᠪᠦᠯᠢ ᠳᠤ ᠬᠦᠷᠴᠦ ᠡᠪᠡᠳᠴᠢᠨ ᠢ ᠨᠢ ᠣᠨᠣᠰᠢᠯᠠᠨ ᠦᠭᠭᠦ ᠪᠤᠯᠤᠭᠰᠠᠨ᠂ ᠳᠠᠯ᠎ᠠ ᠨᠤᠳᠤᠭ ᠤᠨ ᠪᠣᠬᠢᠷᠲᠤᠯ ᠦᠭᠡᠢ ᠪᠦᠲᠦᠭᠡᠭᠳᠡᠬᠦᠨ ᠦᠷᠭᠡᠨ ᠲᠠᠯᠬᠡᠷ ᠵᠠᠬ᠎ᠠ ᠳᠡᠯᠭᠡᠭᠦᠷ ᠲᠠᠢ ᠪᠤᠯᠤᠭᠰᠠᠨ᠂ ᠪᠤᠶᠢᠳᠠ ᠪᠥᠭᠯᠡᠭᠦᠤ ᠮᠠᠯᠵᠢᠬᠤ ᠣᠷᠣᠨ ᠳᠤ ᠶᠠᠳᠠᠭᠤ ᠶᠢ ᠲᠡᠳᠬᠦᠬᠦ ᠠᠵᠤ ᠦᠶ᠋ᠯᠡᠰ ᠲᠠᠢ ᠪᠤᠯᠤᠭᠰᠠᠨ ᠁ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢᠨ ᠭᠤᠷᠪᠠᠨ ᠵᠢᠯ ᠤᠨ ᠠᠵᠢᠯᠯᠠᠭᠠᠨ ᠤ ᠪᠦᠳᠦᠭᠦᠪᠴᠢ ᠵᠥᠪᠳᠡᠯᠴᠡᠭᠡᠷ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠭᠰᠠᠨ ᠠᠴᠠ ᠨᠠᠭᠠᠰᠢ᠂ ᠬᠤᠶᠠᠷ ᠲᠠᠯ᠎ᠠ ᠪᠠᠷ ᠢᠶᠠᠨ ᠲᠥᠷᠦ ᠶᠢᠨ ᠪᠣᠳᠣᠯᠭ᠎ᠠ ᠶᠢᠨ ᠵᠣᠬᠢᠴᠠᠭᠤᠯᠭ᠎ᠠ ᠪᠠᠨ ᠴᠢᠩᠭᠠᠳᠬᠠᠵᠤ ᠦᠩᠬᠡᠷᠡᠭᠰᠡᠨ ᠤ ᠳᠠᠩ ᠴᠤᠯᠭᠤᠶ᠂ ᠣᠬᠤᠷ ᠬᠤᠭᠤᠴᠠᠭᠠᠨ ᠤ᠂ ᠲᠡᠳᠬᠦᠮᠵᠢ ᠶᠢᠨ ᠵᠣᠭᠤᠰ ᠮᠥᠩᠭᠦ ᠡᠳ᠋ ᠪᠣᠳᠠᠰ ᠬᠦᠷᠭᠡᠵᠦ ᠪᠠᠶᠢᠭᠰᠠᠨ ᠠᠷᠭ᠎ᠠ ᠬᠡᠯᠪᠡᠷᠢ ᠪᠠᠨ ᠬᠤᠪᠢᠷᠠᠭᠤᠯᠵᠤ᠂ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠶᠢ ᠴᠢᠬᠤᠯᠠᠴᠢᠯᠠᠨ ᠬᠠᠪᠰᠤᠷᠤᠨ ᠲᠡᠳᠬᠦᠬᠦ ᠪᠡᠯᠡ ᠮᠥᠩᠭᠦ ᠪᠣᠯᠤᠨ ᠲᠥᠷᠥᠯ ᠵᠦᠶ᠋ᠯ ᠢ ᠤᠨᠢᠨ ᠳᠡᠭᠡᠷ᠎ᠡ ᠨᠢ ᠬᠡᠷᠡᠭᠯᠡᠵᠦ᠂ ᠵᠠᠰᠠᠭ ᠤᠨ ᠣᠷᠳᠣᠨ ᠠᠴᠠ ᠲᠤᠰᠠᠯᠠᠬᠤ᠂ ᠴᠢᠳᠠᠪᠤᠷᠢᠲᠠᠨ ᠢᠶᠠᠷ ᠳᠡᠮᠵᠢᠬᠦ᠂ ᠠᠵᠤ ᠠᠬᠤᠢᠢᠯᠠᠯ ᠬᠠᠮᠲᠤᠷᠠᠯᠴᠠᠬᠤ᠂ ᠨᠡᠶᠢᠭᠡᠮ ᠠᠴᠠ ᠣᠷᠣᠯᠴᠠᠬᠤ ᠴᠢᠨᠠᠷ ᠰᠠᠶᠢᠲᠠᠶ ᠬᠠᠮᠵᠢᠯᠴᠠᠭ᠎ᠠ ᠶᠢᠨ ᠪᠠᠶᠢᠳᠠᠯ ᠢ ᠠᠯᠬᠤᠮ ᠠᠯᠬᠤᠮ ᠢᠶᠠᠷ ᠪᠦᠷᠢᠯᠳᠦᠭᠦᠯᠦᠭᠰᠡᠨ ᠠᠴᠠ ᠡᠨᠡ ᠵᠢᠯ ᠪᠤᠯᠬᠤ ᠳᠤ ᠪᠡᠭᠡᠵᠢᠩ ᠦᠪᠦᠷ ᠮᠤᠩᠭᠤᠯ ᠤᠨ ᠶᠠᠳᠠᠭᠤ ᠶᠢ ᠳᠡᠳᠭᠦᠭᠦ ᠬᠠᠮᠵᠢᠯᠴᠠᠭ᠎ᠠ ᠳᠠᠰᠤᠷᠠᠯᠳᠠ ᠦᠭᠡᠢ ᠬᠦᠨᠵᠡᠭᠡᠶᠢᠷᠡᠨ ︽ᠲᠦᠷᠭᠡᠨ ᠤ ᠵᠠᠮ︾ ᠳᠤ ᠣᠷᠣᠯ᠎ᠠ᠃
2019 ᠣᠨ ᠪᠣᠯ ᠬᠦᠴᠦᠨ ᠢᠶᠠᠨ ᠲᠥᠪᠯᠡᠷᠡᠭᠦᠯᠦᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠂ ᠮᠦᠨ ᠴᠤ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠨᠢᠭᠡ ᠵᠢᠯ ᠪᠣᠯᠬᠤ ᠶᠤᠮ᠃
ᠡᠨᠡ ᠵᠢᠯ ᠪᠤᠯᠬᠤ ᠳᠤ ᠪᠡᠭᠡᠵᠢᠩ ᠦᠪᠦᠷ ᠮᠤᠩᠭᠤᠯ ᠤᠨ ᠶᠠᠳᠠᠭᠤ ᠶᠢ ᠳᠡᠳᠭᠦᠭᠦ ᠬᠠᠮᠵᠢᠯᠴᠠᠭᠠᠨ ᠤ ᠠᠵᠢᠯ ᠤᠨ ᠲᠣᠭᠲᠠᠴᠠ ᠨᠡᠩ ᠲᠡᠭᠦᠯᠳᠡᠷᠵᠢᠭᠦᠯᠵᠦ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠠᠨ ᠴᠢᠩᠭᠠᠳᠬᠠᠨ ᠲᠦᠯᠦᠪᠵᠢᠭᠦᠯᠭᠡ ᠶᠢ ︽ᠴᠡᠭ︾ ᠲᠤ ᠬᠦᠷᠭᠡᠵᠤ᠂ ᠶᠠᠳᠠᠭᠤ ᠶᠢ ᠳᠡᠳᠭᠦᠭᠦ ᠠᠵᠢᠯ ᠢ ︽ᠦᠨᠳᠦᠰᠤᠨ︾ ᠳᠤᠨᠢ ᠬᠦᠷᠳᠡᠯ᠎ᠡ ᠬᠦᠨᠵᠡᠭᠡᠶᠢᠷᠡᠭᠦᠯᠪᠡ᠃ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ ᠬᠠᠪᠰᠤᠷᠤᠨ ᠲᠡᠳᠬᠦᠬᠦ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠲᠥᠯᠥᠭᠡ᠂ ᠪᠡᠭᠡᠵᠢᠩ ᠥᠪᠥᠷ ᠮᠣᠩᠭᠤᠯ ᠬᠤᠶᠠᠷ ᠲᠠᠯ᠎ᠠ ᠪᠠᠷ ᠢᠶᠠᠨ ᠨᠢᠭᠲᠠ ᠵᠣᠯᠭᠠᠭᠤᠯᠬᠤ ᠲᠣᠭᠲᠠᠴᠠ ᠶᠢ ᠪᠠᠶᠢᠭᠤᠯᠤᠨ ᠪᠠᠶᠢᠩᠭᠤᠵᠢᠭᠤᠯᠪᠠ᠃ ᠡᠨᠡ ᠵᠢᠯ ᠤᠨ 9 ᠰᠠᠷ᠎ᠠ ᠶᠢᠨ ᠰᠡᠭᠦᠯᠴᠢ ᠪᠣᠯᠲᠠᠯ᠎ᠠ᠂ ᠬᠤᠶᠠᠷ ᠲᠠᠯ᠎ᠠ ᠪᠠᠷ ᠢᠶᠠᠨ 2 ᠤᠳᠠᠭ᠎ᠠ ᠶᠢᠨ ᠳᠡᠭᠡᠳᠦ ᠳᠠᠪᠬᠤᠷᠭ᠎ᠠ ᠶᠢᠨ ᠠᠶᠢᠯᠴᠢᠯᠠᠯᠲᠠ ᠥᠷᠨᠢᠭᠦᠯᠵᠦ᠂ 2 ᠤᠳᠠᠭ᠎ᠠ ᠶᠢᠨ ᠳᠡᠭᠡᠳᠦ ᠳᠠᠪᠬᠤᠷᠭ᠎ᠠ ᠶᠢᠨ ᠬᠠᠮᠲᠤᠷᠠᠭᠰᠠᠨ ᠬᠤᠷᠠᠯ ᠬᠤᠷᠠᠯᠳᠤᠭᠤᠯᠵᠤ᠂ ᠡᠨᠡ ᠵᠢᠯ ᠪᠣᠯᠤᠨ ᠢᠷᠡᠬᠦ ᠵᠢᠯ ᠤᠨ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠠᠵᠢᠯ ᠢ ᠬᠠᠮᠲᠤ ᠪᠠᠷ ᠲᠥᠯᠥᠪᠵᠢᠭᠦᠯᠵᠦ᠂ ᠪᠡᠭᠡᠵᠢᠩ ᠥᠪᠥᠷ ᠮᠣᠩᠭᠤᠯ ᠤᠨ ᠡᠯ᠎ᠡ ᠬᠦᠷᠢᠶ᠎ᠡ ᠴᠠᠷᠠᠭᠠᠨ ᠤ ᠬᠠᠮᠲᠤᠷᠠᠯᠴᠠᠭ᠎ᠠ ᠶᠢ ᠲᠠᠰᠤᠷᠠᠯᠲᠠ ᠥᠬᠡᠶ ᠭᠦᠨᠵᠡᠭᠡᠶᠢᠷᠡᠨ ᠬᠥᠭᠵᠢᠬᠦ ᠶᠢ ᠠᠬᠢᠭᠤᠯᠵᠠᠢ᠃ ᠪᠠᠰᠠ ᠣᠷᠣᠨ ᠨᠤᠳᠤᠭ ᠬᠤᠲᠠ ᠶᠢᠨ ᠱᠠᠲᠤᠨ ᠤ ᠨᠠᠮ ᠵᠠᠰᠠᠭ ᠤᠨ ᠬᠠᠮᠲᠤᠷᠠᠭᠰᠠᠨ ᠬᠤᠷᠠᠯ ᠢ 22 ᠤᠳᠠᠭ᠎ᠠ ᠬᠤᠷᠠᠯᠳᠤᠭᠤᠯᠵᠤ᠂ ᠪᠡᠭᠡᠵᠢᠩ ᠥᠪᠥᠷ ᠮᠣᠩᠭᠤᠯ ᠬᠤᠶᠠᠷ ᠲᠠᠯ᠎ᠠ ᠶᠢᠨ ᠡᠯ᠎ᠡ ᠬᠦᠷᠢᠶ᠎ᠡ ᠴᠠᠷᠠᠭᠠᠨ ᠤ ᠠᠶᠢᠯᠴᠢᠯᠠᠯᠲᠠ ᠶᠢ 992 ᠤᠳᠠᠭ᠎ᠠ ᠦᠷᠨᠢᠭᠦᠯᠪᠡ᠃
ᠪᠡᠭᠡᠵᠢᠩ ᠦᠪᠦᠷ ᠮᠤᠩᠭᠤᠯ ᠤᠨ ᠶᠠᠳᠠᠭᠤ ᠶᠢ ᠳᠡᠳᠭᠦᠭᠦ ᠬᠠᠮᠵᠢᠯᠴᠠᠭᠠᠨ ᠤ ᠳᠤᠮᠳᠠ ᠮᠠᠨ ᠤ ᠤᠷᠤᠨ ᠤ ᠶᠠᠳᠠᠭᠤ ᠬᠦᠴᠢᠷᠳᠡᠯᠲᠡᠶ ᠭᠠᠵᠠᠷ ᠣᠷᠣᠨ ᠤ ᠳᠤᠲᠠᠭᠤᠳᠠᠯ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠲᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠭᠰᠡᠨ ᠨᠢ ᠦᠨᠡᠨ᠃ ︽ᠪᠡᠭᠡᠵᠢᠩ ᠤᠨ ᠲᠤᠰᠬᠠᠶ ᠮᠡᠷᠭᠡᠵᠢᠯᠲᠡᠨ ᠴᠧᠨ ᡁᠢ ᠮᠠᠨ ᠤ ᠰᠢᠶᠠᠨ ᠤ ᠡᠮᠨᠡᠯᠭᠡ ᠶᠢᠨ ᠬᠤᠷᠢᠶᠠᠨ ᠳᠤ ᠢᠷᠡᠵᠦ᠂ ᠥᠬᠢᠨ ᠤ ᠮᠢᠨᠢ ᠡᠪᠡᠳᠴᠢᠨ ᠢ ᠵᠠᠰᠠᠵᠤ ᠦᠭᠬᠦᠯ᠎ᠠ᠃ ᠳᠡᠶᠢᠮᠦ ᠪᠢᠰᠢ ᠪᠤᠯ ᠮᠠᠨ ᠤ ᠠᠮᠢᠳᠤᠷᠠᠯ ᠤᠨ ᠨᠦᠭᠦᠴᠡᠯ ᠢᠶᠠᠷ ᠶᠠᠭᠠᠬᠢᠵᠤ ᠪᠡᠭᠡᠵᠢᠩ ᠤᠨ ᠨᠡᠷᠡᠳᠡᠢ ᠡᠮᠴᠢ ᠪᠠᠷ ᠦᠵᠡᠭᠦᠯᠵᠤ ᠴᠢᠳᠠᠬᠤ ᠪᠤᠢ⁈︾ ᠭᠡᠵᠤ ᠠᠵᠢᠯ ᠲᠦᠷᠦᠯ ᠢᠶᠠᠷ ᠬᠠᠪᠰᠤᠷᠤᠨ ᠳᠡᠳᠭᠦᠭᠦ ᠶᠢᠨ ᠠᠰᠢᠭ ᠢ ᠬᠦᠷᠳᠡᠭᠰᠡᠨ ᠯᠢᠨᠰᠢ ᠰᠢᠶᠠᠨ ᠤ ᠭᠤᠸᠠᠨ ᠳ᠋ᠢ ᠪᠠᠯᠭᠠᠰᠤ ᠶᠢᠨ ᠯᠦᠩ ᠳᠧᠦ ᠱᠠᠨ ᠲᠣᠰᠬᠤᠨ ᠤ ᠳᠠᠩ ᠨᠢᠶᠠᠨ ᠵᠢᠶᠧ ᠳᠤᠭᠳᠤᠯᠤᠩᠭᠤᠢ ᠶᠠᠷᠢᠵᠤ ᠪᠠᠶᠢᠭᠰᠠᠨ ᠶᠤᠮ᠃ ᠬᠠᠮᠵᠢᠯᠴᠠᠭ᠎ᠠ ᠶᠢᠨ ᠠᠵᠢᠯ ᠬᠦᠨᠵᠡᠭᠡᠶᠢᠷᠡᠬᠦ ᠶᠢ ᠳᠠᠭᠠᠯᠳᠤᠨ ᠪᠡᠭᠡᠵᠢᠩ ᠬᠤᠲᠠ ᠶᠢᠨ 182 ᠡᠮᠨᠡᠯᠭᠡ ᠶᠢᠨ ᠬᠤᠷᠢᠶ᠎ᠠ ᠨᠢ ᠥᠪᠥᠷ ᠮᠣᠩᠭᠤᠯ ᠤᠨ 203 ᠡᠮᠨᠡᠯᠭᠡ ᠶᠢᠨ ᠬᠤᠷᠢᠶ᠎ᠠ ᠶᠢ ᠠᠵᠢᠯ ᠲᠦᠷᠦᠯ ᠢᠶᠠᠷ ᠬᠠᠪᠰᠤᠷᠤᠨ ᠲᠡᠳᠬᠦᠵᠦ᠂ ᠪᠡᠭᠡᠵᠢᠩ ᠬᠤᠲᠠ ᠶᠢᠨ 254 ᠰᠤᠷᠭᠠᠭᠤᠯᠢ ᠪᠣᠯᠤᠨ ᠥᠪᠥᠷ ᠮᠣᠩᠭᠤᠯ ᠤᠨ 287 ᠰᠤᠷᠭᠠᠭᠤᠯᠢ ᠠᠵᠢᠯ ᠲᠦᠷᠦᠯ ᠢᠶᠠᠷ ᠬᠠᠪᠰᠤᠷᠤᠨ ᠲᠡᠳᠬᠦᠬᠦ ᠬᠠᠷᠢᠴᠠᠭ᠎ᠠ ᠪᠠᠶᠢᠭᠤᠯᠪᠡ᠃ ᠪᠡᠭᠡᠵᠢᠩ ᠬᠤᠲᠠ ᠶᠢᠨ 267 ᠠᠵᠤ ᠠᠬᠤᠢ ᠶᠢᠨ ᠬᠦᠴᠦᠷᠬᠡᠭ ᠪᠠᠯᠭᠠᠰᠤ᠂ 405 ᠲᠣᠰᠬᠤᠨ ᠨᠡᠶᠢᠭᠡᠮ ᠲᠣᠭᠤᠷᠢᠭ᠂ 432 ᠠᠵᠤ ᠠᠬᠤᠢᠢᠯᠠᠯ᠂ 32 ᠨᠡᠶᠢᠭᠡᠮ ᠤᠨ ᠵᠣᠬᠢᠶᠠᠨ ᠪᠠᠶᠢᠭᠤᠯᠤᠯᠲᠠ ᠨᠢ ᠦᠪᠦᠷ ᠮᠤᠩᠭᠤᠯ ᠤᠨ ᠬᠠᠮᠢᠶ᠎ᠠ ᠪᠦᠬᠦᠢ ᠭᠠᠵᠠᠷ ᠤᠷᠤᠨ ᠰᠠᠯᠠᠭ᠎ᠠ ᠮᠦᠴᠢᠷ ᠲᠠᠢ ᠠᠵᠢᠯ ᠲᠦᠷᠦᠯ ᠢᠶᠠᠷ ᠬᠠᠪᠰᠤᠷᠤᠨ ᠲᠡᠳᠬᠦᠬᠦ ᠬᠠᠷᠢᠴᠠᠭ᠎ᠠ ᠶᠢ ᠪᠠᠶᠢᠭᠤᠯᠤᠭᠰᠡᠨ ᠪᠠᠶᠢᠨ᠎ᠡ᠃
ᠮᠠᠨ ᠤ ᠤᠷᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢᠨ ᠪᠡᠯᠡ ᠮᠥᠩᠭᠦ ᠶᠢ ᠣᠨᠴᠠ ᠶᠠᠳᠠᠭᠤ ᠬᠦᠴᠢᠷᠳᠡᠯᠲᠡᠶ ᠭᠠᠵᠠᠷ ᠣᠷᠣᠨ ᠳᠤ ᠲᠦᠪᠯᠡᠷᠡᠭᠦᠯᠤᠨ᠂ ᠣᠨᠴᠠᠭᠠᠢ ᠶᠠᠳᠠᠭᠤ ᠬᠦᠴᠢᠷᠳᠡᠯᠲᠡᠶ ᠬᠥᠮᠦᠰ ᠲᠤ ᠠᠩᠬᠠᠷᠤᠯ ᠢᠶᠠᠨ ᠬᠠᠨᠳᠤᠭᠤᠯᠵᠤ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠡᠶᠢᠰᠢ ᠬᠡᠯᠪᠠᠶᠢᠯᠭᠡᠬᠦ ᠶᠢ ᠪᠠᠷᠢᠮᠲᠠᠯᠠᠪᠠ᠃ ᠡᠨᠡ ᠵᠢᠯ ᠶᠠᠳᠠᠭᠤ ᠶᠢ ᠲᠡᠳᠬᠦᠬᠦ ᠬᠠᠮᠵᠢᠯᠴᠠᠭᠠᠨ ᠤ ᠪᠡᠯᠡ ᠮᠥᠩᠭᠦ ᠶᠢᠨ 60% ᠶᠢ ᠡᠵᠡᠯᠡᠬᠦ 6.92 ᠳ᠋ᠦᠩᠰᠢᠭᠤᠷ ᠲᠦᠭᠦᠷᠢᠭ ᠢ ᠪᠦᠬᠦ ᠣᠷᠣᠨ ᠤ ᠣᠨᠴᠠ ᠶᠠᠳᠠᠭᠤ ᠬᠦᠴᠢᠷᠳᠡᠯᠲᠡᠶ 15 ᠬᠤᠰᠢᠭᠤ ᠰᠢᠶᠠᠨ ᠳᠤ ᠪᠠᠭᠤᠯᠭᠠᠵᠤ᠂ 2018 ᠣᠨ ᠤ ᠬᠢ ᠠᠴᠠ ᠵᠠᠭᠤᠨ ᠤ ᠬᠠᠷᠢᠴᠠᠯ ᠢᠶᠠᠷ 5 ᠬᠤᠪᠢ ᠨᠡᠮᠡᠭᠳᠡᠭᠦᠯᠦᠭᠰᠡᠨ ᠠᠵᠢ᠃ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠪᠡᠯᠡ ᠮᠥᠩᠭᠦ ᠶᠢ 1860 ᠲᠦᠮᠡᠨ ᠲᠥᠭᠦᠷᠢᠭ ᠣᠷᠣᠭᠤᠯᠵᠤ᠂ ᠶᠠᠳᠠᠭᠤ ᠬᠦᠴᠢᠷᠳᠡᠯᠲᠡᠶ ᠵᠡᠮᠳᠡᠭᠴᠦᠳ ᠤᠨ 15 ᠲᠥᠷᠥᠯ ᠵᠦᠢᠯ ᠢ ᠬᠡᠷᠡᠭᠵᠢᠭᠦᠯᠤᠨ᠂ ᠶᠠᠳᠠᠭᠤ ᠶᠢ ᠲᠡᠳᠬᠦᠬᠦ ᠬᠠᠮᠵᠢᠯᠴᠠᠭᠠᠨ ᠤ 97.3% ᠶᠢᠨ ᠲᠥᠷᠥᠯ ᠵᠦᠢᠯ ᠪᠤᠯᠤᠨ 98.3% ᠶᠢᠨ ᠪᠡᠯᠡ ᠮᠥᠩᠭᠦ ᠶᠢ ᠬᠤᠰᠢᠭᠤ ᠰᠢᠶᠠᠨ ᠠᠴᠠ ᠳᠣᠷᠣᠭᠰᠢᠬᠢ ᠭᠠᠵᠠᠷ ᠤᠷᠤᠨ ᠳᠤ ᠲᠣᠬᠢᠷᠠᠭᠤᠯᠵᠤ᠂ ᠲᠥᠷᠥᠯ ᠵᠦᠢᠯ ᠪᠠ ᠪᠡᠯᠡ ᠮᠥᠩᠭᠦ ᠪᠠᠷ ᠶᠠᠳᠠᠭᠤ ᠬᠦᠴᠢᠷᠳᠡᠯᠲᠡᠶ ᠬᠥᠮᠦᠨ ᠠᠮᠠ ᠶᠢ ᠶᠠᠳᠠᠭᠤ ᠠᠴᠠ ᠠᠩᠬᠢᠵᠢᠷᠠᠭᠤᠯᠬᠤ ᠶᠢ ᠬᠦᠢᠴᠡᠳ ᠳᠠᠶᠢᠴᠢᠯᠠᠵᠦ ᠴᠢᠳᠠᠵᠠᠢ᠃
ᠶᠠᠳᠠᠭᠤ ᠶᠢ ᠳᠡᠳᠭᠦᠭᠦ ᠬᠠᠮᠵᠢᠯᠴᠠᠭᠠᠨ ᠤ ᠭᠤᠤᠯᠳᠠᠯᠭ᠎ᠠ ᠶᠢ ᠠᠵᠦ ᠦᠢᠯᠡᠰ ᠢᠶᠠᠷ ᠶᠠᠳᠠᠭᠤ ᠳᠡᠳᠭᠦᠭᠦ ᠳᠠᠯ᠎ᠠ ᠳᠤ ᠴᠢᠭᠯᠡᠬᠦᠯᠪᠡ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠤᠷᠢᠳ ᠢᠶᠠᠷ ᠬᠡᠷᠡᠭᠵᠢᠭᠦᠯᠵᠤ᠂ ᠪᠡᠭᠡᠵᠢᠩ ᠦᠪᠦᠷ ᠮᠤᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠪᠡᠯᠡ ᠮᠥᠩᠭᠦ ᠶᠢᠨ 70% ᠠᠴᠠ ᠳᠡᠭᠡᠭᠰᠢᠬᠢ ᠶᠢ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠳᠤ ᠭᠤᠤᠯᠳᠠᠯᠭ᠎ᠠ ᠲᠠᠢ ᠬᠡᠷᠡᠭᠵᠢᠭᠦᠯᠵᠦ᠂ ᠭᠤᠤᠯᠳᠠᠯᠭ᠎ᠠ ᠲᠠᠢ ᠠᠬᠢᠭᠤᠯᠤᠭᠰᠠᠨ ᠪᠠᠶᠢᠨ᠎ᠠ᠃ ᠪᠡᠭᠡᠵᠢᠩ ᠬᠤᠲᠠ ᠶᠢᠨ ᠠᠵᠤ ᠠᠬᠤᠢᠢᠯᠠᠯ ᠤᠨ ᠮᠠᠨ ᠤ ᠣᠷᠣᠨ ᠤ ᠤᠯᠤᠰ ᠤᠨ ᠲᠡᠰ ᠤᠨ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠳᠤ ᠢᠷᠡᠵᠦ ᠪᠠᠯᠠ ᠣᠷᠣᠭᠤᠯᠬᠤ ᠡᠯ᠎ᠡ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠦᠷᠢᠵᠢᠭᠤᠯᠵᠤ᠂ ᠪᠡᠭᠡᠵᠢᠩ ᠤᠨ ᠰᠢᠶᠠᠩ ᠳ᠋ᠠ ᠷᠦᠢ ᠯᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠪᠡᠭᠡᠵᠢᠩ ᠬᠤᠲᠠ ᠶᠢᠨ 24 ᠠᠵᠤ ᠠᠬᠤᠢᠢᠯᠠᠯ ᠢ ᠬᠥᠲᠥᠯᠥᠨ ᠵᠢᠯᠣᠭᠤᠳᠴᠤ ᠪᠠᠶᠢᠭᠠᠳ 31 ᠶᠠᠳᠠᠭᠤ ᠬᠦᠴᠢᠷᠳᠡᠯᠲᠡᠶ ᠬᠤᠰᠢᠭᠤ ᠰᠢᠶᠠᠨ ᠳᠤ ᠣᠴᠢᠭᠤᠯᠤᠨ 2 ᠳ᠋ᠦᠩᠰᠢᠭᠤᠷ ᠰᠢᠬᠠᠮ ᠲᠥᠭᠦᠷᠢᠭ ᠤᠨ ᠪᠠᠯᠠ ᠣᠷᠣᠭᠤᠯᠵᠤ᠂ ᠰᠢᠨ᠎ᠠ ᠪᠠᠷ 12 ᠠᠵᠤ ᠦᠢᠯᠡᠰ ᠤᠨ ᠬᠦᠷᠢᠶᠡᠯᠡᠩ ᠲᠣᠭᠤᠷᠢᠭ ᠪᠤᠯᠤᠨ ᠶᠠᠳᠠᠭᠤ ᠶᠢ ᠲᠡᠳᠬᠦᠬᠦ 49 ᠦᠢᠯᠡᠳᠪᠦᠷᠢᠯᠡᠯ ᠤᠨ ᠳᠠᠰᠤᠭ ᠪᠠᠶᠢᠭᠤᠯᠪᠠ᠃ ᠲᠦᠴᠢᠦᠸᠠᠨ ᠰᠢᠶᠠᠨ 2018 ᠤᠨ ᠪᠤᠯᠤᠨ 2019 ᠣᠨ ᠤ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ 7165 ᠲᠦᠮᠡᠨ ᠲᠥᠭᠦᠷᠢᠭ ᠤᠨ ᠪᠡᠯᠡ ᠮᠦᠩᠬᠦ ᠶᠢ ᠠᠰᠢᠭᠯᠠᠨ ᠰᠠᠭᠤᠷᠢ ᠡᠬᠡ ᠮᠠᠯ ᠪᠠ ᠠᠩᠭᠢᠰ ᠦᠬᠡᠷ ᠤᠷᠤᠭᠤᠯᠵᠤ᠂ ᠠᠵᠤ ᠠᠬᠤᠢᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠬᠡᠪᠴᠢᠶ᠎ᠡ ᠪᠠᠨ ᠴᠢᠨᠠᠭᠰᠢᠳᠠ ᠥᠷᠭᠡᠳᠬᠡᠬᠦ ᠶᠢᠨ ᠬᠠᠮᠲᠤ᠂ ︽ᠡᠳ᠋ ᠬᠥᠷᠥᠩᠭᠡ ᠶᠢᠨ ᠠᠰᠢᠭ ᠬᠤᠨᠵᠢᠪᠦᠷᠢ︾᠂ ︽ᠦᠨᠢᠶ᠎ᠠ ᠳᠡᠵᠢᠭᠡᠯᠬᠡᠨ ᠲᠤᠭᠤᠯ ᠬᠤᠷᠢᠶᠠᠬᠤ︾᠂ ︽ᠭᠠᠵᠠᠷ ᠰᠢᠷᠣᠶ ᠶᠢᠨ ᠡᠵᠡᠩᠨᠡᠯᠳᠡ ᠶᠢᠨ ᠡᠷᠬᠡ ᠶᠢ ᠰᠢᠯᠵᠢᠬᠦᠯᠬᠦ︾᠂ ︽ᠬᠥᠳᠡᠯᠮᠦᠷᠢ ᠦᠢᠯᠡᠴᠢᠯᠡᠭᠡ ᠪᠠᠷ ᠠᠵᠢᠯᠴᠢᠨ ᠬᠡᠷᠡᠭᠯᠡᠬᠦ︾ ᠵᠡᠷᠭᠡ ᠶᠠᠳᠠᠭᠤ ᠬᠦᠴᠢᠷᠳᠡᠯᠲᠡᠶ ᠡᠷᠦᠬᠡ ᠳᠤ ᠠᠰᠢᠭ ᠬᠦᠷᠳᠡᠭᠡᠬᠦ ᠳᠥᠷᠪᠡᠨ ᠵᠦᠢᠯ ᠤᠨ ᠵᠠᠭᠪᠤᠷ ᠢ ᠰᠦᠪᠡᠭᠴᠢᠯᠡᠨ ᠬᠡᠷᠡᠭᠵᠢᠭᠦᠯᠵᠦ᠂ ᠶᠠᠳᠠᠭᠤ ᠬᠦᠴᠢᠷᠳᠡᠯᠲᠡᠶ 862 ᠡᠷᠦᠬᠡ ᠶᠢ ᠳᠠᠶᠢᠴᠢᠯᠠᠨ ᠵᠢᠯ ᠲᠤᠮᠳᠠᠴᠢ ᠶᠢᠨ ᠤᠷᠤᠯᠭ᠎ᠠ ᠶᠢ ᠨᠢ 3000 ᠲᠥᠭᠦᠷᠢᠭ ᠨᠡᠮᠡᠭᠳᠡᠭᠦᠯᠦᠭᠰᠡᠨ ᠠᠵᠢ᠃
ᠲᠤᠰᠢᠶᠠᠯ ᠡᠭᠦᠷᠭᠡᠯᠡᠭᠰᠡᠨ ᠺᠠᠳ᠋ᠷ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠮᠧᠩ ᠸᠧᠨ ᠲᠤᠤ ᠪᠡᠭᠡᠵᠢᠩ ᠦᠪᠦᠷ ᠮᠤᠩᠭᠤᠯ ᠤᠨ ᠶᠠᠳᠠᠭᠤ ᠶᠢ ᠳᠡᠳᠭᠦᠭᠦ ᠬᠠᠮᠵᠢᠯᠴᠠᠭ᠎ᠠ ᠶᠢᠨ ᠠᠵᠢᠯ ᠳᠤ ᠭᠦᠨ ᠲᠥᠷᠥᠭᠳᠡᠯ ᠲᠠᠢ ᠪᠠᠶᠢᠯ᠎ᠠ᠃ ᠲᠠᠬᠦᠨ ᠤ ᠬᠡᠯᠡᠬᠦ ᠪᠠᠷ᠂ ᠥᠪᠥᠷ ᠮᠣᠩᠭᠤᠯ ᠣᠷᠣᠨ ᠤ ᠡᠬᠢ ᠪᠠᠶᠠᠯᠢᠭ ᠡᠯᠪᠡᠭ ᠪᠠᠶᠠᠯᠢᠭ᠂ ᠪᠡᠯᠡ ᠣᠷᠣᠭᠤᠯᠤᠯᠲᠠ ᠶᠢᠨ ᠬᠡᠷᠡᠭᠴᠡᠭᠡ ᠥᠷᠨᠢᠭᠦᠨ᠂ ᠬᠡᠷᠡᠭᠯᠡᠭᠡᠨ ᠤ ᠨᠡᠮᠡᠭᠳᠡᠯ ᠤᠨ ᠨᠦᠭᠡᠴᠡ ᠬᠦᠴᠦᠨ ᠯᠤᠲᠤ ᠶᠡᠭᠡ᠂ ᠵᠠᠬ᠎ᠠ ᠳᠡᠯᠭᠡᠭᠦᠷ ᠥᠷᠭᠡᠨ ᠠᠭᠤᠳᠠᠮ ᠪᠠᠶᠢᠨ᠎ᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠳᠤᠮᠳᠠ ᠵᠠᠬ᠎ᠠ ᠳᠡᠯᠭᠡᠭᠦᠷ ᠤᠨ ᠴᠢᠳᠠᠪᠤᠷᠢ ᠪᠠᠨ ᠲᠠᠬᠡᠭᠰᠢᠯᠡᠬᠦᠯᠵᠤ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠶᠢ ᠠᠬᠢᠭᠤᠯᠵᠤ ᠪᠠᠶᠢᠨ᠎ᠠ᠃ ᠪᠡᠭᠡᠵᠢᠩ ᠤᠨ ᠬᠡᠷᠡᠭᠯᠡᠭᠡ ᠪᠠᠷ ᠶᠠᠳᠠᠭᠤ ᠶᠢ ᠲᠡᠳᠬᠦᠬᠦ ᠲᠥᠪ ᠢᠶᠠᠷ ᠳᠠᠮᠵᠢᠨ ᠦᠪᠦᠷ ᠮᠤᠩᠭᠤᠯ ᠤᠨ ᠪᠣᠬᠢᠷᠲᠤᠯ ᠥᠬᠡᠶ ᠲᠠᠷᠢᠶᠠᠯᠠᠩ ᠤᠨ ᠪᠦᠲᠦᠭᠡᠭᠳᠡᠬᠦᠨ ᠤ ᠪᠡᠭᠡᠵᠢᠩ ᠳᠤ ᠣᠷᠣᠬᠤ ᠵᠠᠮ ᠢ ᠰᠠᠭᠠᠳ ᠥᠬᠡᠶ ᠨᠡᠪᠲᠡᠷᠡᠬᠦᠯᠵᠦ᠂ ᠤᠯᠠᠭᠠᠨᠴᠠᠪ ᠤᠨ ᠲᠥᠮᠥᠰᠥ᠂ ᠤᠯᠠᠭᠠᠨᠬᠠᠳᠠ ᠶᠢᠨ ᠨᠠᠷᠢᠮᠤ᠂ ᠰᠢᠯᠢ ᠶᠢᠨ ᠭᠤᠤᠯ ᠤᠨ ᠬᠤᠨᠢᠨ ᠮᠢᠬ᠎ᠠ ᠵᠡᠷᠭᠡ ᠪᠦᠲᠦᠭᠡᠭᠳᠡᠬᠦᠨ ᠪᠡᠭᠡᠵᠢᠩ ᠤᠨ ᠵᠠᠬ᠎ᠠ ᠳᠡᠯᠭᠡᠭᠦᠷ ᠲᠤ ᠤᠯᠠᠮ ᠢᠶᠠᠷ ᠳᠠᠭᠠᠰᠢᠶᠠᠭᠳᠠᠵᠦ ᠪᠤᠢ᠃ ᠪᠡᠭᠡᠵᠢᠩ ᠤᠨ ᠳᠡᠯᠡᠬᠡᠶ ᠶᠢᠨ ᠴᠡᠴᠡᠷᠯᠢᠭ ᠤᠨ ᠦᠵᠡᠰᠬᠦᠯᠡᠩ ᠤᠨ ᠴᠤᠭᠯᠠᠭᠠᠨ᠂ ᠲᠠᠷᠢᠶᠠᠯᠠᠩ ᠤᠨ ᠦᠵᠡᠰᠬᠦᠯᠡᠩ ᠵᠡᠷᠭᠡ ᠲᠠᠪᠴᠠᠩ ᠢ ᠠᠰᠢᠬᠯᠠᠨ ᠥᠪᠥᠷ ᠮᠣᠩᠭᠤᠯ ᠤᠨ 6 ᠠᠶᠢᠮᠠᠭ ᠬᠤᠲᠠ ᠮᠠᠯ ᠤᠨ ᠠᠰᠢᠭ ᠰᠢᠮ᠎ᠠ ᠳᠠᠷᠢᠶᠠᠯᠠᠩ ᠤᠨ ᠪᠦᠳᠦᠭᠡᠭᠳᠡᠭᠦᠨ ᠤ ᠳᠠᠨᠢᠯᠴᠠᠭᠤᠯᠭ᠎ᠠ ᠶᠢᠨ ᠬᠤᠷᠠᠯ ᠡᠷᠬᠢᠯᠡᠵᠦ᠂ ᠤᠨᠴᠠᠯᠢᠬᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠪᠤᠯᠤᠨ ᠦᠨᠳᠦᠰᠦᠲᠡᠨ ᠤ ᠰᠣᠶᠣᠯ ᠤᠨ ᠪᠦᠲᠦᠭᠡᠭᠳᠡᠬᠦᠨ ᠢᠶᠠᠨ ᠤᠬᠠᠭᠤᠯᠵᠤ᠂ ᠪᠡᠭᠡᠵᠢᠩ ᠬᠤᠲᠠ ᠶᠢᠨ ᠠᠷᠠᠳ ᠤᠨ ᠬᠦᠷᠢᠶᠡᠯᠡᠯ ᠢ ᠶᠡᠬᠡᠳᠡ ᠣᠯᠤᠭᠰᠠᠨ ᠪᠠᠶᠢᠨ᠎ᠡ᠃
︽ᠪᠡᠭᠡᠵᠢᠩ ᠤᠨ ᠴᠢᠳᠠᠪᠤᠷᠢᠲᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠡᠳ᠋ ᠬᠥᠷᠥᠩᠭᠡ ᠪᠠ ᠵᠠᠬ᠎ᠠ ᠳᠡᠯᠭᠡᠭᠦᠷ ᠤᠨ ᠳᠠᠪᠠᠭᠤᠯᠢᠭ ᠢ ᠠᠰᠢᠬᠯᠠᠵᠤ᠂ ᠬᠦᠷᠢᠶᠡᠯᠡᠩ ᠲᠣᠭᠤᠷᠢᠭ ᠢ ᠬᠠᠮᠲᠤ ᠪᠠᠷ ᠪᠦᠳᠦᠬᠡᠨ ᠪᠠᠶᠢᠭᠤᠯᠬᠤ᠂ ᠬᠠᠮᠵᠢᠯᠴᠠᠨ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢᠨ ᠲᠥᠷᠥᠯ ᠵᠦᠶ᠋ᠯ ᠬᠢᠭᠡᠳ ᠳᠠᠩᠰᠠᠯᠠᠵᠤ ᠺᠠᠷᠳ᠋ᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠪᠠᠶᠢᠭᠤᠯᠤᠭᠰᠠᠨ ᠶᠠᠪᠤᠳᠠᠯ ᠪᠤᠯ ᠶᠠᠳᠠᠭᠤ ᠶᠢ ᠲᠡᠳᠬᠦᠬᠦ ᠬᠠᠮᠵᠢᠯᠴᠠᠭ᠎ᠠ ᠳᠤ ᠣᠯᠤᠭᠰᠠᠨ ᠬᠤᠪᠤᠷ ᠨᠠᠨᠳᠢᠨ ᠦᠷ᠎ᠠ ᠪᠦᠳᠦᠬᠡᠯ ᠶᠤᠮ︾ ᠭᠡᠵᠦ ᠦᠪᠡᠷᠳᠡᠭᠡᠨ ᠵᠠᠰᠠᠬᠤ ᠤᠷᠤᠨ ᠤ ᠶᠠᠳᠠᠭᠤ ᠶᠢ ᠳᠡᠳᠭᠦᠭᠦ ᠨᠡᠭᠡᠭᠡᠯᠳᠡ ᠶᠢᠨ ᠠᠯᠪᠠᠨ ᠬᠡᠷ ᠤᠨ ᠡᠷᠬᠢᠯᠡᠭᠴᠢ ᠶᠤᠤ ᠶᠦᠩ ᠪᠦᠸᠧ ᠬᠡᠯᠡᠨ᠎ᠡ᠃ ᠬᠤᠶᠠᠷ ᠭᠠᠵᠠᠷ ᠬᠠᠮᠵᠢᠯᠴᠠᠨ ᠶᠠᠳᠠᠭᠤ ᠶᠢ ᠲᠡᠳᠬᠦᠭᠰᠡᠨ ᠬᠦᠴᠦᠨ ᠳᠤ ᠮᠠᠨ ᠤ ᠤᠷᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠳᠤᠲᠠᠭᠤᠳᠠᠯ ᠪᠠ ᠲᠣᠪᠤᠶᠢᠮ᠎ᠠ ᠠᠰᠠᠭᠤᠳᠠᠯ ᠰᠢᠢᠳᠪᠦᠷᠢᠯᠡᠭᠳᠡᠵᠦ᠂ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠠᠵᠢᠯ ᠰᠢᠪᠲᠤᠯᠤᠯᠲᠠ ᠶᠢᠨ ᠴᠢᠨᠠᠷᠲᠠᠶ ᠠᠬᠢᠴᠠ ᠲᠠᠢ ᠪᠣᠯᠵᠤ᠂ ᠮᠠᠨ ᠤ ᠤᠷᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠰᠠᠶᠢᠨ ᠰᠠᠶᠢᠬᠠᠨ ᠰᠠᠭᠤᠷᠢ ᠶᠢ ᠲᠠᠯᠪᠢᠵᠤ ᠦᠭᠬᠦᠯ᠎ᠠ᠃ ᠵᠣᠬᠢᠶᠠᠭᠴᠢ᠄ ᠭᠤᠸ᠎ᠠ