 

ᠬᠦᠭᠵᠢᠯᠳᠡ  ᠶᠢᠨ ᠳᠤᠮᠳᠠ ᠠᠷᠠᠳ ᠤᠨ ᠠᠮᠢᠳᠤᠷᠠᠯ ᠤᠨ ᠪᠤᠶᠠᠨ ᠭᠡᠰᠢᠭ ᠢ ᠨᠡᠮᠡᠭᠳᠡᠬᠦᠯᠬᠦ 

2019-08-23 12:10
  602
  0
ᠠᠷᠠᠳ ᠳᠦᠮᠡᠨ ᠪᠤᠯ ᠳᠦᠷᠦ ᠶᠢᠨ ᠦᠨᠳᠦᠰᠦ᠂ ᠦᠨᠳᠤᠰᠤ ᠪᠠᠬᠢ ᠪᠤᠯ ᠳᠦᠷᠦ ᠳᠤᠬᠳᠠᠭᠤᠨ᠃ ᠠᠷᠠᠳ ᠤᠨ ᠠᠮᠢᠳᠤᠷᠠᠯ ᠤᠨ ᠠᠰᠠᠭᠤᠳᠠᠯ ᠨᠢ ᠠᠵᠥ ᠠᠬᠤᠢ ᠶᠢᠨ ᠬᠦᠭᠵᠢᠯᠳᠡ᠂ ᠠᠷᠠᠳ ᠳᠦᠮᠡᠨ ᠤ ᠵᠤᠯ ᠵᠢᠷᠭᠠᠯ᠂ ᠨᠡᠶᠢᠬᠡᠮ ᠤᠨ ᠶᠡᠭᠡ ᠳᠠᠯ᠎ᠠ ᠶᠢᠨ ᠳᠤᠬᠳᠠᠭᠤᠨ ᠳᠤ ᠬᠤᠯᠪᠤᠬᠳᠠᠨ᠎ᠠ᠂ ᠬᠢᠷᠢ ᠵᠡᠷᠬᠡ ᠴᠢᠬᠤᠯᠠᠴᠢᠯᠠᠨ ᠦᠵᠡᠭᠰᠡᠨ ᠴᠤ ᠢᠯᠡᠬᠦᠳᠡᠬᠦ ᠦᠬᠡᠢ᠂ ᠬᠢᠷᠢ ᠵᠡᠷᠬᠡ ᠴᠢᠬᠤᠯᠠᠴᠢᠯᠠᠬᠰᠠᠨ ᠴᠤ ᠵᠦᠢ ᠶᠤᠰᠤᠨ ᠤ ᠶᠤᠮ᠃
   ᠠᠷᠠᠳ ᠤᠨ ᠠᠮᠢᠳᠤᠷᠠᠯ ᠤᠨ ᠪᠤᠶᠠᠨ ᠭᠡᠰᠢᠭ ᠢ ᠨᠡᠮᠡᠭᠳᠡᠬᠦᠯᠬᠦ ᠪᠤᠯ ᠬᠦᠭᠵᠢᠯᠳᠡ ᠶᠢᠨ ᠦᠨᠳᠦᠰᠦᠨ ᠬᠠᠷᠠᠯᠳᠠ ᠮᠦᠨ᠃ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠠᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠤᠷᠢᠬ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠬᠤ ᠬᠡᠪᠡᠯ ᠳᠠᠷᠤᠢ ᠬᠠᠮᠳᠤ ᠪᠠᠷ ᠡᠳ᠋ᠯᠡᠬᠦ ᠬᠦᠭᠵᠢᠯᠳᠡ ᠶᠢᠨ ᠦᠢᠯᠠᠭᠠᠬᠳᠠᠬᠤᠨ ᠢ ᠨᠠᠷᠢᠨ ᠬᠢᠨᠠᠮᠠᠭᠠᠢ ᠦᠢᠯᠡᠳᠦᠯᠬᠡᠵᠢᠬᠦᠯᠵᠥ᠂ ᠠᠷᠠᠳ ᠤᠨ ᠠᠮᠢᠳᠤᠷᠠᠯ ᠢ ᠬᠦᠭᠵᠢᠯᠳᠡ ᠶᠢᠨ ᠵᠦᠭᠯᠡᠬᠦᠷ ᠪᠤᠯᠭᠠᠵᠥ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠪᠦᠯᠬᠦᠮᠳᠡᠯ ᠢ ᠠᠬᠢᠭᠤᠯᠬᠤ᠂ ᠠᠮᠤᠷ ᠳᠤᠬᠳᠠᠭᠤᠨ ᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠥ᠂ ᠦᠨᠳᠦᠰᠦᠳᠡᠨ ᠨᠦᠭᠦᠳ ᠤᠨ ᠠᠷᠠᠳ ᠳᠦᠮᠡᠨ ᠳᠤ ᠬᠦᠭᠵᠢᠯᠳᠡ ᠶᠢᠨ ᠦᠷ᠎ᠡ ᠪᠦᠳᠦᠬᠡᠯ ᠢ ᠬᠠᠮᠳᠤ ᠪᠠᠷ ᠡᠳ᠋ᠯᠡᠬᠦᠯᠦᠨ᠂ ᠦᠨᠳᠦᠰᠦᠳᠡᠨ ᠤ ᠪᠦᠯᠬᠦᠮᠳᠡᠯ ᠤᠨ ᠴᠡᠴᠡᠬᠡᠰ ᠢ ᠡᠬᠦᠷᠢᠳᠡ ᠳᠡᠯᠬᠡᠷᠡᠬᠦᠯᠦᠨ ᠪᠠᠳᠮᠠᠷᠠᠭᠤᠯᠵᠥ᠂ ᠬᠢᠯᠢ ᠬᠢᠵᠠᠭᠠᠷ ᠤᠨ ᠠᠮᠤᠷ ᠳᠤᠬᠳᠠᠭᠤᠨ ᠪᠠᠶᠢᠳᠠᠯ ᠢ ᠡᠬᠦᠷᠢᠳᠡ ᠪᠡᠳᠤᠳᠬᠠᠨ ᠪᠠᠬᠢᠵᠢᠬᠦᠯᠬᠦ ᠬᠡᠷᠡᠭᠳᠡᠢ᠃
 ᠠᠷᠠᠳ ᠤᠨ ᠠᠮᠢᠳᠤᠷᠠᠯ ᠪᠤᠯ ᠲᠦᠮᠡᠨ ᠶᠠᠪᠤᠳᠠᠯ ᠤᠨ ᠦᠨᠳᠦᠰᠦ︔ ᠠᠷᠠᠳ ᠤᠨ ᠠᠮᠢᠳᠤᠷᠠᠯ ᠲᠦᠭ ᠲᠦᠮᠡᠨ ᠠᠶᠢᠯ ᠡᠷᠦᠬᠡ ᠳᠤ ᠬᠤᠯᠪᠤᠭᠳᠠᠨ᠎ᠠ︔ ᠠᠷᠠᠳ ᠤᠨ ᠠᠮᠢᠳᠤᠷᠠᠯ ᠮᠢᠩᠭ᠎ᠠ ᠲᠦᠮᠡᠨ ᠵᠦᠢᠯ ᠲᠠᠢ᠃ ᠴᠢᠨᠡᠭᠡᠯᠢᠭ ᠨᠡᠶᠢᠬᠡᠮ ᠢ ᠪᠦᠬᠦ ᠲᠡᠯ᠎ᠡ ᠪᠠᠷ ᠪᠡᠶᠡᠯᠡᠬᠦᠯᠬᠦ ᠡᠬᠦᠷᠬᠡ ᠬᠠᠷᠠᠯᠳᠠ ᠶᠢ ᠪᠡᠶᠡᠯᠡᠬᠦᠯᠬᠦ ᠪᠤᠯᠳᠠᠯ᠎ᠠ 500 ᠡᠳᠤᠷ ᠯᠡ ᠪᠠᠶᠢᠨ᠎ᠠ᠂ ᠠᠷᠠᠳ ᠤᠨ ᠠᠮᠢᠳᠤᠷᠠᠯ ᠤᠨ ᠠᠵᠢᠯ ᠢ ᠠᠳᠬᠤᠬᠤ ᠳᠤ ᠡᠷᠬᠡᠪᠰᠢ ᠬᠠᠷᠠᠯᠳᠠ ᠶᠢᠨ ᠤᠳᠤᠷᠢᠳᠤᠮᠵᠢ ᠪᠠᠨ ᠴᠢᠩᠭᠠᠳᠬᠠᠵᠥ᠂ ᠤᠨᠢᠨ ᠲᠡᠬᠡᠷ᠎ᠡ ᠨᠢ ᠪᠤᠭᠤᠮᠳᠠ ᠰᠢᠪᠳᠤᠯᠬᠤ ᠶᠢ ᠬᠡᠷᠡᠭᠵᠢᠬᠦᠯᠬᠦ ᠬᠡᠷᠡᠭᠳᠡᠢ᠃ ᠰᠠᠭᠤᠷᠢ ᠪᠠᠷᠢᠮᠵᠢᠶ᠎ᠠ ᠶᠢ ᠬᠦᠴᠢᠷᠳᠡᠯᠳᠡᠢ ᠤᠯᠠᠨ ᠲᠦᠮᠡᠨ ᠤ ᠪᠡᠶ᠎ᠡ ᠲᠡᠭᠡᠷ᠎ᠡ ᠲᠠᠯᠪᠢᠵᠥ᠂ ᠲᠦᠭᠡᠮᠡᠯ ᠬᠠᠷᠠᠭᠠᠯᠵᠠᠬᠤ ᠴᠢᠨᠠᠷᠳᠠᠢ᠂ ᠰᠠᠭᠤᠷᠢ ᠴᠢᠨᠠᠷᠳᠠᠢ᠂ ᠦᠨᠳᠤᠰᠤᠨ ᠵᠦᠢᠯ ᠢ ᠪᠠᠳᠤᠯᠠᠬᠤ ᠴᠢᠨᠠᠷᠳᠠᠢ ᠠᠷᠠᠳ ᠤᠨ ᠠᠮᠢᠳᠤᠷᠠᠯ ᠤᠨ ᠪᠠᠶᠢᠭᠤᠯᠤᠯᠳᠠ ᠳᠤ ᠴᠢᠭᠯᠡᠬᠦᠯᠵᠥ᠂ ᠦᠩᠬᠡᠨ ᠲᠠᠯ᠎ᠠ ᠶᠢᠨ ᠠᠵᠢᠯ ᠢ ᠨᠢᠬᠡᠳᠤᠯᠳᠡᠢ ᠲᠦᠯᠥᠪᠵᠢᠬᠦᠯᠬᠦ ᠪᠠᠷ ᠪᠠᠷᠠᠬᠤ ᠦᠬᠡᠢ᠂ ᠪᠠᠰᠠ ᠬᠠᠳᠬᠤᠮᠠᠯ ᠬᠠᠳᠬᠤᠬᠤ ᠰᠢᠬ ᠬᠦᠴᠦ ᠤᠷᠤᠭᠤᠯᠵᠥ᠂ ᠡᠯ᠎ᠡ ᠵᠦᠢᠯ ᠤᠨ ᠠᠷᠠᠳ ᠲᠤ ᠠᠰᠢᠬ ᠬᠦᠷᠳᠡᠬᠡᠬᠦ ᠲᠦᠷᠦ ᠶᠢᠨ ᠪᠤᠳᠤᠯᠭ᠎ᠠ ᠶᠢ ᠪᠤᠳᠠᠳᠠᠢ ᠨᠠᠶᠢᠳᠠᠪᠤᠷᠢᠵᠢᠭᠤᠯᠵᠥ᠂ ᠤᠨᠤᠪᠴᠢᠳᠠᠢ ᠨᠠᠶᠢᠳᠠᠪᠤᠷᠢᠵᠢᠭᠤᠯᠵᠥ᠂ ᠪᠦᠷᠢᠨ ᠨᠠᠶᠢᠳᠠᠪᠤᠷᠢᠵᠢᠭᠤᠯᠬᠤ ᠬᠡᠷᠡᠭᠳᠡᠢ᠃ ᠭᠤᠤᠯᠳᠠᠯᠭ᠎ᠠ ᠪᠠᠨ ᠤᠨᠴᠠ ᠶᠠᠳᠠᠭᠤ ᠬᠦᠴᠢᠷᠳᠡᠯᠳᠡᠢ ᠭᠠᠵᠠᠷ ᠤᠷᠤᠨ ᠪᠤᠯᠤᠨ ᠤᠨᠴᠠᠭᠠᠢ ᠶᠠᠳᠠᠭᠤ ᠬᠦᠴᠢᠷᠳᠡᠯᠳᠡᠢ ᠤᠯᠠᠨ ᠲᠦᠮᠡᠨ ᠳᠤ ᠨᠠᠩ ᠲᠦᠪᠯᠡᠷᠡᠬᠦᠯᠵᠥ᠂ ︽ᠬᠤᠶᠠᠷ ᠲᠤ ᠵᠤᠪᠠᠭ᠋ᠤ ᠦᠬᠡᠢ︾ ᠶᠢ ᠨᠠᠶᠢᠳᠠᠮ ᠪᠡᠶᠡᠯᠡᠬᠦᠯᠥᠭᠰᠡᠡ ᠰᠠᠭᠤᠷᠢᠨ ᠲᠡᠭᠡᠷ᠎ᠡ᠂ ︽ᠭᠤᠷᠪᠠ ᠶᠢ ᠪᠠᠳᠤᠯᠠᠬᠤ︾ ᠳᠤ ᠲᠤᠯᠭᠠᠷᠠᠵᠥ ᠪᠠᠶᠢᠭ᠎ᠠ ᠡᠴᠤᠰ ᠤᠨ ᠪᠠᠬᠢᠯᠡᠯᠳᠡ ᠶᠢ ᠬᠦᠴᠦᠯᠡᠨ ᠰᠢᠪᠳᠤᠯᠵᠥ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠬᠠᠳᠠᠭᠤ ᠡᠬᠦᠷᠬᠡ ᠶᠢ ᠲᠤᠭᠳᠠᠭᠰᠠᠠ ᠬᠤᠭᠤᠴᠠᠭᠠᠨ ᠳᠤ ᠪᠦᠬᠦ ᠲᠡᠯ᠎ᠡ ᠪᠠᠷ ᠪᠡᠶᠡᠯᠡᠬᠦᠯᠬᠦ ᠬᠡᠷᠡᠭᠳᠡᠢ᠃ ᠴᠢᠳᠠᠯ ᠤᠨ ᠢᠶᠠᠨ ᠬᠢᠷᠢ ᠪᠠᠷ ᠴᠢᠷᠮᠡᠶᠢᠬᠤ ᠶᠢ ᠪᠠᠷᠢᠮᠳᠠᠯᠠᠵᠥ᠂ ᠪᠤᠳᠠᠳᠤ ᠪᠠᠶᠢᠳᠠᠯ ᠳᠤ ᠨᠡᠶᠢᠴᠡᠬᠦ ᠦᠬᠡᠢ ᠪᠠᠷ ᠶᠡᠭᠡ ᠶᠢ ᠪᠤᠳᠤᠬᠤ᠂ ᠪᠤᠳᠠᠳᠤ ᠪᠠᠶᠢᠳᠠᠯ ᠠᠴᠠ ᠰᠠᠯᠤᠩᠬᠢᠷᠡᠵᠥ ᠰᠤᠬᠤᠷ ᠪᠠᠯᠠᠢ ᠪᠠᠷ ᠮᠦᠴᠡᠬᠡᠷᠬᠡᠬᠦ ᠶᠢ ᠰᠡᠷᠬᠡᠶᠢᠯᠡᠵᠥ᠂ ᠪᠤᠳᠠᠳᠠᠢ ᠠᠴᠠ ᠡᠬᠦᠰᠴᠦ ᠠᠷᠠᠳ ᠤᠨ ᠠᠮᠢᠳᠤᠷᠠᠯ ᠤᠨ ᠪᠠᠳᠤᠯᠠᠪᠤᠷᠢ ᠶᠢᠨ ᠲᠦᠪᠰᠢᠨ ᠢ ᠲᠠᠰᠤᠷᠠᠯᠳᠡ ᠦᠬᠡᠢ ᠲᠡᠭᠡᠭᠰᠢᠯᠡᠬᠦᠯᠬᠦ ᠬᠡᠷᠡᠭᠳᠡᠢ᠃
  ᠦᠨᠲᠦᠰᠦᠲᠡᠡ ᠤ ᠪᠦᠯᠬᠦᠮᠲᠡᠯ ᠪᠤᠯ ᠦᠨᠲᠦᠰᠦᠲᠡᠠ ᠨᠦᠭᠦᠳ ᠤᠨ ᠠᠷᠠᠳ ᠲᠦᠮᠡᠡ ᠤ ᠠᠮᠢ ᠨᠠᠰᠤᠨ ᠤ ᠱᠤᠭᠤᠮ᠂ ᠵᠤᠯ ᠵᠢᠷᠭᠠᠯ ᠤᠨ ᠱᠤᠭᠤᠮ ᠮᠦᠨ᠃ ᠪᠢᠲᠠ ᠦᠨᠲᠦᠰᠦᠲᠡᠡ ᠨᠦᠭᠦᠳ ᠤᠨ ᠶᠡᠭᠡ ᠪᠦᠯᠭᠦᠮᠲᠠᠯ ᠤᠨ ᠲᠤᠭ ᠢ ᠦᠨᠲᠦᠷ ᠮᠠᠠᠲᠤᠭᠤᠯᠤᠨ᠂ ᠨᠠᠮ ᠤᠨ ᠦᠨᠲᠦᠰᠦᠲᠡᠡ ᠤ ᠲᠦᠷᠦ ᠶᠢᠨ ᠪᠤᠲᠤᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠦᠨᠲᠦᠰᠦᠲᠡᠡ ᠤ ᠤᠷᠤᠨ ᠤ ᠦᠪᠡᠷᠲᠡᠭᠡᠡ ᠵᠠᠰᠠᠬᠤ ᠪᠠᠶᠢᠭᠤᠯᠤᠯ ᠢ ᠪᠠᠷᠢᠮᠲᠠᠯᠠᠠ ᠲᠡᠭᠦᠯᠲᠡᠷᠵᠢᠭᠦᠯᠵᠦ᠂ ᠤᠨᠤᠯ ᠪᠤᠯᠤᠨ ᠦᠢᠯᠡᠲᠦᠯᠭᠡ ᠶᠢᠨ ᠲᠤᠷᠰᠢᠯᠭ᠎ᠠ ᠪᠠᠨ ᠨᠠᠷᠢᠨ ᠬᠢᠨᠠᠮᠭᠠᠢ ᠳ᠋ᠦᠩᠨᠡᠵᠦ᠂ ᠦᠨᠲᠦᠰᠦᠲᠡᠡ ᠤ ᠠᠵᠢᠯ ᠢ ᠰᠠᠶᠢᠲᠤᠷ ᠬᠢᠬᠦ ᠴᠢᠲᠠᠪᠤᠷᠢ ᠪᠤᠯᠤᠨ ᠲᠦᠪᠰᠢᠨ ᠢᠶᠠᠨ ᠲᠠᠰᠤᠷᠠᠯᠲᠠ ᠦᠭᠡᠢ ᠲᠡᠭᠡᠭᠰᠢᠯᠡᠭᠦᠯᠬᠦ ᠬᠡᠷᠡᠭᠲᠡᠢ᠃ ᠦᠨᠲᠦᠰᠦᠲᠡᠡ ᠤ ᠪᠦᠯᠬᠦᠮᠲᠡᠯ ᠲᠠᠪᠰᠢᠯᠲᠠ ᠶᠢᠨ ᠬᠦᠮᠦᠵᠢᠯ ᠢ ᠬᠦᠨᠵᠡᠭᠡᠶᠢᠷᠡᠭᠦᠯᠵᠦ᠂ ᠨᠡᠶᠢᠭᠡᠮ ᠵᠢᠷᠤᠮ ᠤᠨ ᠭᠤᠤᠯᠯᠠᠭᠴᠢ ᠦᠷᠲᠡᠭ ᠤᠨ ᠦᠵᠡᠯᠲᠡ ᠶᠢ ᠶᠡᠭᠡ ᠪᠠᠷ ᠪᠤᠢ ᠪᠤᠯᠭᠠᠨ ᠦᠢᠯᠡᠲᠦᠯᠭᠡᠵᠢᠭᠦᠯᠵᠦ᠂ ᠴᠦᠭᠡᠡ ᠲᠤᠭᠠᠲᠤ ᠦᠨᠲᠦᠰᠦᠲᠡᠡ ᠤ ᠰᠤᠶᠤᠯ ᠳᠤ ᠠᠭᠤᠯᠤᠭᠲᠠᠵᠦ ᠪᠦᠬᠦᠢ ᠦᠨᠲᠦᠰᠦᠲᠠᠠ ᠤ ᠪᠦᠯᠬᠦᠮᠲᠡᠯ ᠲᠠᠪᠰᠢᠯᠲᠠ ᠶᠢᠨ ᠦᠵᠡᠯ ᠰᠠᠨᠠᠭ᠎ᠠ ᠶᠢ ᠢᠯᠡᠷᠡᠭᠦᠯᠦᠨ ᠪᠠᠲᠠᠷᠠᠭᠤᠯᠵᠦ᠂ ᠦᠨᠲᠦᠰᠦᠲᠡᠡ ᠨᠦᠭᠦᠳ ᠠᠨᠠᠷ ᠤᠨ ᠦᠷ᠎ᠠ ᠰᠢᠭ ᠨᠢᠭᠲᠠᠷᠠᠠ ᠪᠦᠯᠬᠦᠮᠲᠡᠬᠦ ᠶᠢ ᠠᠬᠢᠭᠤᠯᠬᠤ ᠭᠡᠷᠡᠭᠲᠡᠢ᠃ ᠰᠠᠬᠢᠨ ᠪᠠᠷᠠᠯᠠᠵᠦ ᠬᠠᠷᠢᠯᠴᠠᠠ ᠬᠠᠪᠰᠤᠷᠤᠯᠴᠠᠬᠤ ᠤᠢᠢᠯᠠᠭᠠᠭᠲᠠᠬᠤᠨ ᠢ ᠨᠡᠩ ᠰᠠᠶᠢᠨ ᠦᠢᠯᠡᠲᠦᠯᠭᠡᠵᠢᠭᠦᠯᠦᠨ᠂ ᠲᠤᠮᠲᠠᠲᠤ ᠶᠢᠨ ᠦᠨᠲᠦᠰᠦᠲᠡᠡ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠳᠤ ᠪᠠᠬᠢ ᠪᠤᠯᠭᠠᠵᠤ᠂ ᠦᠨᠲᠦᠰᠦᠲᠡᠡ ᠨᠦᠭᠦᠳ ᠤᠨ ᠠᠷᠠᠳ ᠲᠦᠮᠡᠡ ᠢ ᠬᠦᠲᠦᠯᠦᠨ ᠲᠠᠭᠠᠭᠤᠯᠵᠦ ᠶᠤᠰᠤ ᠤᠴᠢᠷ ᠢ ᠲᠠᠨᠢᠭᠤᠯᠬᠤ᠂ ᠶᠡᠭᠡ ᠲᠠᠯ᠎ᠠ ᠶᠢ ᠬᠠᠷᠠᠭᠠᠯᠵᠠᠬᠤ᠂ ᠬᠡᠪ ᠰᠤᠷᠲᠠᠯ ᠢ ᠡᠷᠬᠢᠮᠯᠡᠬᠦ᠂ ᠬᠤᠪᠢ ᠨᠡᠮᠡᠷᠢ ᠦᠵᠡᠭᠦᠯᠬᠦ ᠪᠠᠷ ᠡᠷᠢᠯᠬᠢᠯᠡᠬᠦ᠂ ᠡᠬᠦᠷᠭᠡᠯᠡᠯ ᠲᠠᠢ ᠰᠢᠯᠢᠲᠡᠭ ᠤᠯᠠᠮᠵᠢᠯᠠᠯ ᠢ ᠪᠠᠲᠠᠷᠠᠭᠤᠯᠤᠨ᠂ ᠨᠠᠮ ᠤᠨ ᠲᠤᠭᠤᠷᠢᠨ ᠳᠤ ᠨᠢᠭᠲᠠᠷᠠᠠ ᠪᠦᠯᠬᠦᠮᠲᠡᠵᠦ᠂ ᠡᠭᠡ ᠤᠯᠤᠰ ᠤᠨ ᠤᠮᠠᠷᠠᠲᠦ ᠬᠢᠯᠢ ᠶᠢ ᠬᠠᠮᠲᠤ ᠪᠠᠷ ᠰᠠᠬᠢᠨ ᠬᠠᠮᠠᠭᠠᠯᠠᠵᠦ᠂ ᠰᠠᠶᠢᠠ ᠰᠠᠶᠢᠬᠠᠠ ᠠᠮᠢᠲᠤᠷᠠᠯ ᠢᠶᠠᠨ ᠬᠠᠮᠲᠤ ᠪᠠᠷ ᠴᠤᠭᠴᠠᠯᠠᠠ ᠪᠠᠶᠢᠭᠤᠯᠵᠦ᠂ ᠰᠢᠨ᠎ᠠ ᠴᠠᠭ ᠦᠶ᠎ᠠ ᠳᠤ ᠵᠢᠱᠢᠶᠡᠴᠢ ᠦᠪᠡᠷᠲᠡᠭᠡᠡ ᠵᠠᠰᠬᠠᠤ ᠤᠷᠤᠨ ᠤ ᠡᠷᠬᠢᠮ ᠲᠡᠭᠡᠲᠦ ᠢᠷᠠᠭᠤ ᠠᠯᠲᠠᠷ ᠢᠶᠠᠨ ᠦᠷᠬᠦᠯᠵᠢᠯᠡᠡ ᠬᠠᠮᠠᠭᠠᠯᠠᠬᠤ ᠭᠡᠷᠡᠭᠲᠡᠢ᠃
  ᠠᠮᠤᠷ ᠲᠤᠬᠳᠠᠭᠤᠨ ᠪᠤᠯ ᠬᠦᠮᠦᠨ ᠨᠢᠭᠡᠪᠤᠷᠢ ᠶᠢᠨ ᠰᠡᠳᠬᠢᠯ ᠤᠨ ᠬᠦᠨ ᠳᠠᠬᠢ ᠬᠦᠰᠡᠯ ᠡᠷᠡᠮᠡᠯᠵᠡᠯ ᠪᠤᠯᠬᠤ ᠪᠦᠭᠡᠳ ᠪᠠᠰᠠ ᠬᠠᠮᠤᠭ ᠤᠨ ᠶᠡᠭᠡ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠮᠦᠨ᠃ ᠪᠢᠳᠠ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠠᠶᠤᠯ ᠲᠦᠭᠰᠢᠬᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠬᠦᠨᠳᠤ ᠶᠡᠭᠡ ᠠᠶᠤᠯ ᠲᠦᠭᠰᠢᠬᠦᠷᠢ ᠶᠢ ᠡᠷᠡᠰ ᠬᠦᠴᠤ ᠲᠠᠢ ᠰᠡᠷᠭᠡᠶᠢᠯᠡᠨ ᠠᠷᠢᠯᠭᠠᠬᠤ ᠭᠡᠷᠡᠭᠳᠠᠢ᠃ ᠶᠡᠷᠤᠩᠭᠡᠢ ᠴᠤᠬᠴᠠ ᠶᠢᠨ ᠤᠯᠤᠰ ᠤᠨ ᠠᠮᠤᠷ ᠲᠦᠪᠰᠢᠨ ᠤ ᠦᠵᠡᠯᠳᠠ ᠶᠢ ᠲᠤᠭᠤᠰᠢᠯᠠᠭᠤᠯᠵᠤ᠂ ᠡᠯ᠎ᠡ ᠲᠠᠯ᠎ᠡ ᠶᠢᠨ ᠲᠤᠬᠳᠠᠭᠤᠨ ᠪᠠᠶᠢᠳᠠᠯ ᠢ ᠬᠠᠮᠠᠭᠠᠯᠠᠬᠤ ᠬᠠᠷᠢᠭᠤᠴᠠᠯᠭ᠎ᠠ ᠶᠢ ᠪᠤᠳᠠᠳᠠᠶᠢᠵᠢᠭᠤᠯᠵᠤ᠂ ᠡᠯ᠎ᠡ ᠵᠦᠢᠯ ᠤᠨ ᠲᠤᠭᠳᠠᠭᠤᠨ ᠪᠠᠶᠢᠳᠠᠯ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠡᠭᠡ ᠤᠯᠤᠰ ᠤᠨ ︽ᠤᠮᠠᠷᠠᠳᠤ ᠬᠠᠭᠠᠯᠭ᠎ᠠ︾ ᠪᠠ ᠨᠡᠶᠢᠰᠯᠡᠯ ᠤᠨ ︽ᠤᠨᠠᠭᠤᠯᠢ ᠭᠤᠤᠯ︾ ᠢ ᠰᠠᠶᠢᠳᠤᠷ ᠰᠠᠬᠢᠨ ᠬᠠᠮᠠᠭᠠᠯᠠᠬᠤ ᠭᠡᠷᠡᠭᠳᠠᠢ᠃ ᠠᠮᠤᠷ ᠠᠮᠤᠭᠤᠯᠠᠩ ᠦᠪᠤᠷ ᠮᠤᠩᠭᠤᠯ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠵᠤ᠂ ᠪᠤᠰᠤᠭ᠎ᠠ ᠴᠤᠬᠴᠠᠵᠢᠬᠰᠡᠨ ᠮᠡᠳᠡᠭᠡ ᠵᠠᠩᠭᠢᠴᠢᠯᠠᠬᠰᠡᠨ ᠨᠡᠶᠢᠭᠡᠮ ᠤᠨ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠰᠢᠰᠲᠧᠮ ᠢ ᠲᠡᠬᠦᠯᠳᠡᠷᠵᠢᠬᠦᠯᠵᠤ᠂ ᠪᠡᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠪᠠᠶᠢᠭᠤᠯᠤᠮᠵᠢ ᠲᠤᠬᠳᠠᠴᠠ ᠶᠢᠨ ᠪᠠᠶᠢᠭᠤᠯᠤᠯᠳᠠ ᠶᠢ ᠴᠢᠩᠭᠠᠳᠬᠠᠵᠤ᠂ ᠬᠠᠷ᠎ᠡ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠬᠦᠨᠵᠡᠭᠡᠢ ᠠᠬᠢᠭᠤᠯᠵᠤ᠂ ᠤᠯᠠᠨ ᠤ ᠠᠮᠤᠷ ᠲᠦᠪᠰᠢᠨ ᠲᠦᠷᠦᠭᠳᠡᠯ ᠢ ᠦᠨᠡᠨ ᠬᠦ ᠴᠢᠩᠭᠠᠳᠬᠠᠵᠤ᠂ ᠡᠭᠡ ᠤᠯᠤᠰ ᠤᠨ ᠤᠮᠠᠷᠠᠳᠤ ᠶᠢᠨ ᠠᠮᠤᠷ ᠲᠦᠪᠰᠢᠨ ᠲᠤᠬᠳᠠᠭᠤᠨ ᠤ ᠬᠠᠯᠬᠠᠪᠴᠢ ᠶᠢ ᠪᠠᠳᠤ ᠴᠤᠬᠴᠠᠯᠠᠬᠤ ᠭᠡᠷᠡᠭᠳᠠᠢ᠃
  ᠠᠷᠠᠳ ᠤᠨ ᠠᠮᠢᠳᠤᠷᠠᠯ ᠠᠷᠠᠳ ᠤᠨ ᠰᠡᠳᠬᠢᠯ ᠢ ᠬᠤᠯᠪᠤᠵᠤ᠂ ᠠᠷᠠᠳ ᠤᠨ ᠰᠡᠳᠬᠢᠯ ᠠᠷᠠᠳ ᠤᠨ ᠬᠦᠴᠤᠨ ᠢ ᠨᠢᠬᠳᠠᠷᠠᠭᠤᠯᠵᠤ ᠪᠠᠶᠢᠳᠠᠭ᠃ ᠨᠢᠭᠡ ᠭᠠᠵᠠᠷ ᠤᠷᠤᠨ ᠤ ᠬᠦᠭᠵᠢᠯᠳᠠ ᠶᠢ ᠦᠨᠡᠯᠡᠬᠦ ᠳᠤ ᠠᠵᠤ ᠠᠬᠤᠢ ᠶᠢᠨ ᠶᠠᠷᠤᠩᠭᠡᠢ ᠬᠡᠮᠵᠢᠶ᠎ᠡ᠂ ᠬᠦᠭᠵᠢᠯᠳᠠ ᠶᠢᠨ ᠬᠤᠷᠳᠤᠴᠠ ᠶᠢ ᠦᠵᠡᠬᠦ ᠪᠠᠷ ᠪᠠᠷᠠᠬᠤ ᠦᠭᠡᠢ ᠨᠡᠩ ᠴᠤ ᠦᠷᠭᠡᠨ ᠤᠯᠠᠨ ᠲᠦᠮᠡᠨ ᠤ ᠬᠦᠷᠳᠡᠮᠵᠢ ᠶᠢᠨ ᠲᠦᠷᠦᠭᠳᠡᠯ᠂ ᠵᠤᠯ ᠵᠢᠷᠭᠠᠯᠳᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠦᠵᠡᠬᠦ ᠭᠡᠷᠡᠭᠳᠠᠢ᠃ ᠭᠠᠭᠴᠠ ᠬᠦ ᠪᠢᠳᠠ ᠬᠦᠭᠵᠢᠯᠳᠠ ᠶᠢᠨ ᠲᠤᠮᠳᠠ ᠠᠷᠠᠳ ᠤᠨ ᠠᠮᠢᠳᠤᠷᠠᠯ ᠤᠨ ᠪᠤᠶᠠᠨ ᠭᠡᠰᠢᠭ ᠢ ᠨᠡᠮᠡᠭᠳᠡᠬᠦᠯᠬᠦ ᠶᠢ ᠪᠠᠷᠢᠮᠳᠠᠯᠠᠵᠤ᠂ ᠤᠯᠠᠨ ᠲᠦᠮᠡᠨ ᠳᠤ ᠦᠭᠡᠷᠡᠴᠢᠯᠡᠯᠳᠠ ᠬᠦᠭᠵᠢᠯᠳᠠ ᠶᠢᠨ ᠦᠷ᠎ᠡ ᠪᠦᠳᠦᠭᠡᠯ ᠢ ᠬᠠᠮᠳᠤ ᠪᠠᠷ ᠡᠳ᠋ᠯᠡᠬᠦᠯᠪᠡᠯ ᠤᠯᠠᠨ ᠲᠦᠮᠡᠨ ᠤ ᠤᠶᠤᠨ ᠤᠬᠠᠭᠠᠨ ᠪᠠ ᠬᠦᠴᠤᠨ ᠴᠢᠳᠠᠯ ᠢ ᠯᠠᠪᠳᠠᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠵᠤ᠂ ᠦᠪᠤᠷ ᠮ ᠵᠣᠬᠢᠶᠠᠭᠴᠢ᠄  ᠦᠪᠦᠷ ᠮᠤᠩᠭᠤᠯ ᠤᠨ ᠡᠳᠦᠷ ᠤᠨ ᠰᠤᠨᠢᠨ ᠤ ᠰᠢᠬᠦᠮᠵᠢᠯᠡᠭᠴᠢ ᠤᠩᠭᠤᠯ ᠤᠨ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠠᠮᠢᠵᠢᠷᠠᠯ ᠤᠨ ᠬᠦᠴᠦᠨ ᠢ ᠡᠬᠦᠷᠢᠳᠡ ᠪᠠᠳᠠᠷᠠᠭᠤᠯᠵᠤ ᠴᠢᠳᠠᠨ᠎ᠡ᠃



  
     
     