-
2144216
ᠪᠠᠶᠠᠨ ᠨᠠᠮᠣᠷ ᠤᠨ ᠪᠠᠭ᠋ᠠᠷᠬᠠᠯ
2019-09-23 20:54
440
0
ᠲᠠᠷᠢᠶᠠᠨ ᠲᠦᠷᠦᠬᠦᠤ ᠨᠠᠶᠢᠭᠤᠨ ᠳᠤᠬᠢᠯᠵᠠᠵᠤ᠂ ᠦᠷᠡᠯᠡᠭᠰᠡᠨ ᠡᠪᠡᠰᠤ ᠦᠵᠦᠬᠦᠷ ᠢᠶᠠᠷ ᠢᠶᠠᠨ ᠰᠢᠷᠠᠯᠠᠵᠤ ᠡᠬᠢᠯᠡᠯ᠎ᠠ᠃ ᠪᠠᠶᠠᠨ ᠨᠠᠮᠤᠷ ᠤᠨ ᠬᠤᠩᠭᠤᠷ ᠰᠠᠯᠬᠢᠨ ᠳᠤ ᠲᠠᠷᠢᠶ᠎ᠠ ᠲᠦᠮᠦᠰᠤ ᠪᠤᠯᠪᠠᠰᠤᠷᠠᠨ ᠦᠷ᠎ᠠ ᠰᠢᠮ᠎ᠠ ᠪᠦᠷᠢᠳᠴᠦ ᠡᠬᠢᠯᠡᠬᠦ ᠳᠤ᠂ ᠡᠮᠡᠬᠡᠯ ᠠᠭᠤᠯᠠ ᠲᠤᠰᠬᠤᠨ ᠤ ᠠᠭᠤᠯᠠᠨ ᠭᠠᠵᠠᠷ ᠢ ᠬᠠᠮᠠᠷᠯᠠᠵᠤ ᠲᠠᠷᠢᠭᠰᠠᠨ ᠦᠵᠦᠮ᠂ ᠱᠤᠤ ᠪᠠᠯᠭᠠᠰᠤ ᠶᠢᠨ ᠡᠯᠡᠰᠦᠷᠬᠡᠭ ᠭᠠᠵᠠᠷ ᠢ ᠨᠦᠮᠦᠷᠬᠡᠯᠡᠵᠤ ᠲᠠᠷᠢᠭᠰᠠᠨ ᠴᠠᠷᠭᠠᠰᠤ ᠪᠦᠷ ᠡᠯᠪᠡᠭ ᠬᠤᠷᠢᠶᠠᠯᠳᠡ ᠤᠯᠵᠤ᠂ ᠦᠵᠡᠭᠰᠡᠨ ᠪᠦᠬᠦᠨ ᠤ ᠪᠠᠭ᠋ᠠᠷᠬᠠᠯ ᠢ ᠲᠠᠳᠠᠨ᠎ᠠ᠃
ᠬᠠᠷᠠᠴᠢᠨ ᠬᠤᠰᠢᠭᠤᠨ ᠤ ᠾᠧ ᠨᠠᠨ ᠵᠡᠭᠡᠯᠢ ᠶᠢᠨ ᠡᠮᠡᠭᠡᠯ ᠠᠭᠤᠯᠠ ᠲᠤᠰᠬᠤᠨ ᠤᠷᠤᠨ ᠨᠤᠳᠤᠭ ᠤᠨ ᠪᠤᠲᠠᠲᠤ ᠪᠠᠶᠢᠲᠠᠯ ᠲᠠᠢ ᠪᠠᠨ ᠤᠶᠠᠯᠲᠤᠭᠤᠯᠤᠨ ᠠᠭᠤᠯᠠᠨ ᠭᠠᠵᠠᠷ ᠤᠨ ᠦᠵᠦᠮ ᠤᠨ ᠠᠵᠦ ᠦᠢᠯᠡᠰ ᠢ ᠭᠤᠤᠯᠲᠠᠯᠭ᠎ᠠ ᠲᠠᠢ ᠬᠦᠭᠵᠢᠭᠦᠯᠬᠦ ᠶᠢᠨ ᠳᠠᠭᠠᠤ ᠤᠯᠠᠭᠠᠠ ᠦᠵᠦᠮ ᠤᠨ ᠠᠷᠢᠬᠢ ᠶᠢᠨ ᠠᠵᠦ ᠠᠬᠤᠢᠢᠯᠠᠯ ᠢ ᠲᠡᠳᠬᠦᠨ ᠬᠦᠭᠵᠢᠬᠦᠯᠵᠤ᠂ ᠲᠤᠰᠬᠤᠨ ᠤ ᠠᠷᠠᠳ ᠬᠤᠷᠢᠶᠠᠭᠰᠠᠨ ᠦᠵᠦᠮ ᠢᠶᠠᠨ ᠲᠤᠬᠠᠢ ᠶᠢᠨ ᠭᠠᠵᠠᠷ ᠲᠠᠭᠠᠨ ᠪᠤᠷᠤᠯᠠᠭᠤᠯᠵᠦ ᠲᠠᠶᠢᠯᠬᠦ ᠪᠤᠯᠤᠭᠰᠠᠨ ᠢᠶᠠᠷ ᠪᠠᠷᠠᠬᠤ ᠦᠭᠡᠢ ᠪᠠᠰᠠ ᠠᠵᠦ ᠠᠬᠤᠢᠢᠯᠠᠯ ᠲᠠᠢ ᠨᠠᠭᠠᠳᠤ ᠵᠠᠬ᠎ᠠ ᠶᠢᠨ ᠬᠤᠲᠠᠯᠲᠤᠨ ᠠᠪᠬᠤ ᠦᠨ᠎ᠠ ᠲᠤᠭᠲᠠᠨ᠂ ᠲᠠᠷᠢᠮᠠᠯ ᠤᠨ ᠤᠷᠤᠯᠭ᠎ᠠ ᠨᠢ ᠴᠦ ᠪᠠᠲᠤᠯᠠᠭ᠎ᠠ ᠲᠠᠢ ᠪᠤᠯᠵᠠᠢ᠃ ᠤᠳᠤ ᠲᠤᠰ ᠲᠤᠰᠬᠤᠠ ᠳᠤ ᠠᠭᠤᠯᠠᠨ ᠭᠠᠵᠠᠷ ᠤᠨ ᠦᠵᠦᠮ ᠲᠠᠷᠢᠵᠦ ᠪᠠᠶᠢᠭ᠎ᠠ ᠡᠷᠦᠭᠡ 200 ᠭᠠᠷᠤᠢ ᠪᠤᠯᠵᠦ᠂ ᠲᠠᠷᠢᠮᠠᠯ ᠤᠨ ᠲᠠᠯᠠᠪᠠᠢ ᠨᠢ 3000 ᠮᠦ ᠶᠢ ᠲᠠᠪᠠᠨ᠂ ᠮᠠᠰᠢ ᠤᠯᠠᠠ ᠲᠤᠰᠬᠤᠨ ᠤ ᠠᠷᠠᠳ ᠠᠭᠤᠯᠠᠨ ᠭᠠᠵᠠᠷ ᠤᠨ ᠦᠵᠦᠮ ᠲᠠᠷᠢᠬᠤ ᠪᠠᠷ ᠲᠠᠮᠵᠢᠨ ᠶᠠᠲᠠᠭᠤ ᠠᠴᠠ ᠠᠩᠭᠢᠵᠢᠷᠠᠠ ᠪᠠᠶᠠᠵᠢᠭᠰᠠᠨ ᠪᠠᠶᠢᠨ᠎ᠠ᠃ ᠮᠠᠨ ᠤ ᠤᠯᠤᠰ ᠤᠨ ᠬᠠᠮᠤᠭ ᠤᠨ ᠶᠡᠭᠡ ᠡᠯᠡᠰᠦᠷᠬᠡᠭ ᠭᠠᠵᠠᠷ ᠪᠤᠯᠬᠤ ᠬᠤᠷᠴᠢᠨ ᠤ ᠡᠯᠡᠰᠦᠷᠬᠡᠭ ᠭᠠᠵᠠᠷ ᠤᠨ ᠪᠠᠷᠠᠭᠤᠨ ᠬᠦᠪᠡᠭᠡ ᠳᠤ ᠪᠠᠶᠢᠷᠢᠯᠠᠭᠰᠠᠨ ᠠᠷᠤ ᠬᠤᠷᠴᠢᠨ ᠬᠤᠰᠢᠭᠤ 2011 ᠤᠨ ᠠᠴᠠ ᠡᠬᠢᠯᠡᠨ᠂ ᠱᠤᠤ ᠪᠠᠯᠭᠠᠰᠤ ᠪᠠᠷ ᠢᠶᠠᠨ ᠭᠤᠤᠯ ᠪᠤᠯᠭᠠᠨ ᠠᠷᠠᠯᠵᠢᠶᠡᠴᠢᠨ ᠤᠷᠢᠵᠤ ᠪᠡᠯᠡ ᠮᠦᠩᠬᠦ ᠤᠷᠤᠭᠤᠯᠤᠨ ᠴᠠᠷᠭᠠᠰᠤ ᠲᠡᠷᠢᠵᠥ᠂ ᠡᠯᠡᠰᠦᠷᠬᠡᠭ ᠭᠠᠵᠠᠷ ᠲᠤ ᠴᠠᠷᠭᠠᠰᠤ ᠲᠠᠷᠢᠵᠤ ᠤᠷᠭᠤᠭᠤᠯᠤᠭᠰᠠᠨ ᠲᠠᠯᠠᠪᠠᠢ ᠨᠢ 70 ᠲᠦᠮᠡᠨ ᠮᠦ ᠶᠢ ᠲᠠᠪᠠᠵᠤ᠂ ᠡᠯᠡᠰᠦᠷᠬᠡᠭ ᠭᠠᠵᠠᠷ ᠨᠢ ᠨᠢᠬᠡᠨᠳᠡ ︽ᠨᠤᠭᠤᠭᠠᠨ ᠪᠦᠷᠢᠳᠤ︾ ᠪᠤᠯᠵᠤ ᠬᠤᠪᠢᠷᠠᠭᠰᠠᠨ ᠠᠵᠢ᠃
9 ᠰᠠᠷ᠎ᠠ ᠶᠢᠨ 18 ᠤ ᠡᠲᠦᠷ᠂ ᠡᠮᠡᠭᠡᠯ ᠠᠭᠤᠯᠠ ᠲᠤᠰᠬᠤᠠ ᠤ ᠲᠠᠷᠢᠶᠠᠴᠢᠳ ᠬᠤᠷᠢᠶᠠᠭᠰᠠᠨ ᠦᠵᠦᠮ ᠢᠶᠠᠨ ᠠᠵᠤ ᠠᠬᠤᠢᠢᠯᠠᠯ ᠳᠤ ᠬᠤᠳᠠᠯᠳᠤᠨ ᠦᠭᠴᠦ ᠪᠠᠶᠢᠭ᠎ᠠ ᠨᠢ᠃
9 ᠰᠠᠷ᠎ᠠ ᠶᠢᠨ 20 ᠤ ᠡᠳᠤᠷ᠂ ᠱᠤᠤ ᠪᠠᠯᠭᠠᠰᠤ ᠶᠢᠨ ᠠᠵᠥ ᠠᠬᠤᠢᠢᠯᠠᠯ ᠤᠨ ᠬᠢᠨ ᠮᠠᠯᠴᠢᠳ ᠲᠠᠢ ᠬᠤᠯᠪᠤᠭᠠᠯᠠᠨ ᠲᠠᠷᠢᠭᠰᠠᠨ ᠴᠠᠷᠭᠠᠰᠤ ᠪᠠᠨ ᠬᠠᠳᠤᠨ ᠬᠤᠷᠢᠶᠠᠵᠤ ᠪᠠᠶᠢᠭ᠎ᠠ ᠨᠢ᠃
ᠰᠢᠨᠬᠤᠸᠠ ᠬᠤᠷᠢᠶᠠᠨ ᠤ ᠰᠤᠷᠪᠤᠯᠵᠢᠯᠠᠬᠴᠢ ᠯᠢᠦ ᠯᠸᠢ ᠬᠡᠷᠡᠯ ᠵᠢᠷᠤᠭ ᠢᠶᠠᠷ ᠮᠡᠳᠡᠬᠡᠯᠡᠪᠡ