 

ᠵᠠᠰᠠᠮᠠᠯ ᠵᠠᠮ ᠤᠨ ᠬᠠᠵᠠᠭᠤ ᠳᠤ ᠳᠤᠷ᠎ᠠ ᠪᠠᠷ ᠢᠶᠠᠨ ᠫᠠᠶᠢᠰᠠ ᠢᠯᠡᠷᠭᠡᠶᠢᠯᠡᠯ ᠪᠤᠰᠬᠠᠪᠠᠯ ᠬᠠᠤᠯᠢ ᠶᠢᠨ ᠬᠠᠷᠢᠭᠤᠴᠠᠯᠭ᠎ᠠ 

2017-04-15 20:47
  418
  0
 ᠭᠡᠷᠡᠭ ᠤᠨ ᠦᠩᠭᠡᠷᠡᠯᠳᠡ    2015 ᠤᠨ ᠤ 1 ᠰᠠᠷ᠎ᠠ ᠶᠢᠨ 15 ᠤ 17 ᠴᠠᠭ ᠤᠨ ᠦᠶᠡᠰ ᠲᠤ᠂ ᠮᠠᠰᠢᠨ ᠲᠡᠷᠭᠡᠨ ᠤ ᠵᠢᠯᠤᠭᠤᠴᠢ ᠶᠢᠨ ᠦᠨᠡᠮᠯᠠᠯ ᠦᠭᠡᠢ ᠵᠢᠶᠡ ᠭᠤᠸᠠᠢ ᠠᠷᠢᠬᠢᠨ ᠤᠤᠭᠤᠭᠰᠠᠨ ᠤ ᠲᠡᠷᠠᠭ᠎ᠠ᠂ ᠵᠠᠩ ᠭᠤᠸᠠᠢ ᠶᠢᠨ 蒙D5Q501 ᠨᠤᠮᠧᠷ ᠤᠨ ᠪᠢᠴᠢᠬᠠᠨ ᠮᠠᠰᠢᠨ ᠲᠡᠷᠭᠡ ᠶᠢ ᠵᠢᠯᠤᠭᠤᠳᠤᠨ᠂ X ᠱᠤᠭᠤᠮ ᠢᠶᠠᠷ ᠬᠤᠶᠢᠨ᠎ᠠ ᠠᠴᠠ ᠡᠮᠤᠨᠡᠰᠢ ᠶᠠᠪᠤᠵᠤ᠂ ᠲᠤᠰ ᠱᠤᠭᠤᠮ ᠳᠠᠬᠢ ᠰᠠᠯᠪᠤᠷᠢ ᠵᠠᠮ ᠬᠦᠷᠬᠦ ᠦᠶᠡᠰ ᠲᠡᠭᠡᠨ᠂ ᠤᠯᠤᠰ ᠤᠨ ᠵᠠᠮ ᠪᠤᠯᠤᠨ ᠰᠢᠶᠠᠩ ᠪᠠᠯᠭᠠᠰᠤᠨ ᠤ ᠵᠠᠮ ᠤᠨ ᠠᠭᠤᠯᠵᠠᠷ ᠤᠨ ᠬᠡᠰᠡᠭ ᠲᠤ ᠪᠤᠰᠬᠠᠭᠰᠠᠨ ︽XXX ᠮᠠᠯᠵᠢᠯ ᠤᠨ ᠲᠠᠯᠠᠪᠠᠢ︾ ᠬᠡᠬᠦ ᠢᠯᠡᠷᠬᠡᠶᠢᠯᠡᠯᠲᠡ ᠲᠠᠢ ᠴᠢᠯᠠᠭᠤᠨ ᠫᠠᠶᠢᠵᠠ ᠶᠢ ᠮᠦᠷᠬᠦᠭᠰᠡᠨ ᠠᠴᠠ ᠪᠤᠯᠵᠤ᠂ ᠲᠡᠷᠭᠡᠨ ᠵᠢᠯᠤᠭᠤᠴᠢ ᠵᠢᠶᠠ ᠭᠤᠸᠠᠢ᠂ ᠲᠡᠳ᠋ ᠵᠢᠯᠤᠭᠤᠴᠢ ᠶᠢᠨ ᠰᠠᠭᠤᠳᠠᠯ ᠲᠡᠭᠡᠷ᠎ᠡ ᠰᠠᠭᠤᠵᠤ ᠪᠠᠶᠢᠭᠰᠠᠨ ᠵᠠᠩ ᠤᠪᠤᠭᠲᠤ ᠠᠮᠢ ᠪᠠᠨ ᠠᠯᠳᠠᠵᠦ᠂ ᠠᠷᠤ ᠶᠢᠨ ᠰᠠᠭᠤᠳᠠᠯ ᠳᠤ ᠰᠠᠭᠤᠵᠤ ᠪᠠᠶᠢᠭᠰᠠᠨ ᠯᠠᠨ ᠭᠤᠸᠠᠢ᠂ ᠵᠢᠶᠠ ᠹᠠᠩ᠂ ᠵᠢᠶᠠ ᠶᠢᠩ ᠭᠤᠷᠪᠠᠭᠤᠯᠠ ᠠᠳᠠᠯᠢ ᠪᠤᠰᠤ ᠬᠡᠮᠵᠢᠶ᠎ᠡ ᠪᠠᠷ ᠰᠢᠷᠬᠠᠳᠤᠵᠤ᠂ 蒙D5Q501 ᠨᠤᠮᠧᠷ ᠤᠨ ᠪᠢᠴᠢᠬᠠᠨ ᠮᠠᠰᠢᠨ ᠲᠡᠷᠭᠡ ᠨᠢ ᠡᠪᠲᠡᠷᠡᠵᠤ ᠰᠦᠢᠳᠦᠭᠰᠡᠨ ᠵᠠᠮ ᠬᠠᠷᠢᠯᠴᠠᠭᠠᠨ ᠤ ᠡ᠊ᠨᠳᠡᠯ ᠤᠨ ᠬᠡᠷᠡᠭ ᠭᠠᠷᠴᠠᠢ᠃ ᠲᠤᠬᠠᠢ ᠶᠢᠨ ᠭᠠᠵᠠᠷ ᠤᠨ ᠲᠤᠲᠤᠭᠠᠲᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠲᠠᠭᠠᠨ ᠤ ᠶᠡᠭᠡ ᠠᠩᠭᠢ ᠠᠴᠠ ᠵᠢᠶᠠ ᠭᠤᠸᠠᠢ ᠶᠢ ᠲᠤᠰ ᠬᠡᠷᠡᠭ ᠤᠨ ᠪᠦᠬᠦ ᠬᠠᠷᠢᠭᠤᠴᠠᠯᠭ᠎ᠠ ᠶᠢ ᠡᠭᠦᠷᠭᠡᠯᠡᠭᠦ ᠬᠡᠷᠡᠭᠲᠡᠢ ᠬᠡᠵᠤ ᠵᠠᠮ ᠬᠠᠷᠢᠯᠴᠠᠭᠠᠨ ᠤ ᠡ᠊ᠨᠳᠡᠯ ᠤᠨ ᠬᠠᠷᠢᠭᠤᠴᠠᠯᠭ᠎ᠠ ᠶᠢ ᠲᠤᠭᠲᠠᠭᠠᠪᠠ᠃ ᠬᠡᠷᠡᠭ ᠤᠨ ᠲᠠᠷᠠᠭ᠎ᠠ᠂ ᠵᠢᠶᠠ ᠭᠤᠸᠠᠢ᠂ ᠵᠠᠩ ᠭᠤᠸᠠᠢ ᠶᠢᠨ ᠭᠡᠷ ᠪᠦᠯᠢ ᠶᠢᠨ ᠬᠦᠮᠦᠰ ᠪᠤᠯᠤᠨ ᠯᠠᠨ ᠭᠤᠸᠠᠢ᠂ ᠵᠢᠶᠠ ᠹᠠᠩ᠂ ᠵᠢᠶᠠ ᠶᠢᠩ ᠭᠤᠷᠪᠠᠭᠤᠯᠠ ᠠᠴᠠ ᠵᠠᠮ ᠤᠨ ᠠᠭᠤᠯᠵᠠᠷ ᠲᠤ ︽XXX ᠮᠠᠯᠵᠢᠯ ᠤᠨ ᠲᠠᠯᠠᠪᠠᠢ︾ ᠭᠡᠭᠦ ᠫᠠᠶᠢᠰᠠ ᠢᠯᠡᠷᠬᠡᠶᠢᠯᠡᠯ ᠪᠤᠰᠠᠬᠠᠭᠰᠠᠨ XXX ᠮᠠᠯᠵᠢᠯ ᠤᠨ ᠲᠠᠯᠠᠪᠠᠢ ᠪᠤᠯᠤᠨ ᠲᠤᠬᠠᠢ ᠶᠢᠨ ᠤᠷᠤᠨ ᠤ XXX ᠵᠠᠮ ᠬᠠᠷᠢᠯᠴᠠᠭ᠎ᠠ ᠲᠡᠭᠡᠭᠡᠪᠤᠷᠢ ᠶᠢᠨ ᠬᠠᠮᠢᠶᠠᠷᠤᠯᠲᠠ ᠶᠢᠨ ᠲᠤᠪᠴᠢᠶ᠎ᠠ ᠶᠢ ᠠᠷᠠᠳ ᠤᠨ ᠰᠢᠬᠦᠬᠦ ᠬᠤᠷᠢᠶᠠᠨ ᠳᠤ ᠵᠠᠭᠠᠯᠳᠤᠵᠤ᠂ ᠵᠤᠬᠢᠰᠲᠡᠢ ᠲᠦᠯᠤᠪᠦᠷᠢ ᠦᠭᠭᠦ ᠶᠢ ᠱᠠᠭᠠᠷᠳᠠᠪᠠ᠃    ᠰᠢᠬᠦᠭᠴᠢ ᠶᠢᠨ ᠵᠠᠳᠠᠯᠤᠯᠲᠠ    ᠰᠢᠬᠦᠭᠴᠢ ᠶᠢᠨ ᠦᠵᠡᠬᠦ ᠪᠠᠷ᠂ ᠲᠤᠰ ᠭᠡᠷᠡᠭ ᠲᠤ ᠬᠡᠳᠦ᠋ᠢᠪᠡᠷ ᠵᠢᠶᠠ ᠭᠤᠸᠠᠢ ᠶᠢ ᠲᠤᠰ ᠵᠠᠮ ᠬᠠᠷᠢᠯᠴᠠᠭᠠᠨ ᠤ ᠡ᠊ᠨᠳᠡᠯ ᠤᠨ ᠬᠡᠷᠡᠭ ᠤᠨ ᠪᠦᠬᠦ ᠬᠠᠷᠢᠭᠤᠴᠠᠯᠭ᠎ᠠ ᠶᠢ ᠡᠭᠦᠷᠭᠡᠯᠡᠬᠦ ᠭᠡᠷᠡᠭᠲᠡᠢ ᠭᠡᠵᠦ ᠲᠤᠭᠲᠠᠭᠠᠭᠰᠠᠨ ᠪᠤᠯᠪᠠᠴᠤ ᠲᠤᠰ ᠵᠠᠮ ᠬᠠᠷᠢᠯᠴᠠᠭᠠᠨ ᠤ ᠡ᠊ᠨᠳᠡᠯ ᠤᠨ ᠬᠡᠷᠡᠭ ᠨᠢ ᠭᠠᠭᠴᠠᠬᠠᠨ ᠵᠢᠶᠠ ᠭᠤᠸᠠᠢ ᠶᠢᠨ ᠦᠢᠯᠠ ᠠᠵᠢᠯᠯᠠᠭ᠎ᠠ ᠠᠴᠠ ᠯᠠ ᠡᠭᠦᠰᠦᠭᠰᠡᠨ ᠪᠢᠰᠢ᠂ ᠬᠠᠷᠢᠨ XXX ᠮᠠᠯᠵᠢᠯ ᠤᠨ ᠲᠠᠯᠠᠪᠠᠢ ᠶᠢᠨ ᠬᠠᠤᠯᠢ ᠴᠠᠭᠠᠵᠠ ᠶᠢᠨ ᠲᠤᠭᠲᠠᠭᠠᠯ ᠪᠤᠶᠤ ᠪᠠᠷᠢᠮᠵᠢᠶ᠎ᠡ ᠠᠴᠠ ᠵᠦᠷᠢᠴᠡᠵᠤ ᠵᠠᠮ ᠤᠨ ᠠᠭᠤᠯᠵᠠᠷ ᠲᠤ ᠫᠠᠶᠢᠰᠠ ᠢᠯᠡᠷᠬᠡᠶᠢᠯᠡᠯ ᠪᠤᠰᠬᠠᠭᠰᠠᠨ ᠦᠢᠯᠠ ᠠᠵᠢᠯᠯᠠᠭ᠎ᠠ ᠪᠤᠯᠤᠨ ᠲᠤᠬᠠᠢ ᠶᠢᠨ ᠤᠷᠤᠨ ᠤ XXX ᠵᠠᠮ ᠬᠠᠷᠢᠯᠴᠠᠭ᠎ᠠ ᠲᠡᠭᠡᠭᠡᠪᠤᠷᠢ ᠶᠢᠨ ᠬᠠᠮᠢᠶᠠᠷᠤᠯᠲᠠ ᠶᠢᠨ ᠲᠤᠪᠴᠢᠶ᠎ᠠ ᠬᠠᠷᠢᠭᠤᠴᠠᠯᠭ᠎ᠠ ᠠᠯᠳᠠᠭᠰᠠᠨ ᠡᠰᠡᠬᠦ ᠨᠢ ᠴᠤ ᠲᠤᠰ ᠤᠳᠠᠭᠠᠨ ᠤ ᠡ᠊ᠨᠳᠡᠯ ᠤᠨ ᠭᠡᠷᠡᠭ ᠡᠭᠦᠰᠦᠭᠰᠡᠨ ᠰᠢᠯᠲᠠᠭᠠᠨ ᠤ ᠨᠢᠭᠡ ᠪᠤᠯᠤᠨ᠎ᠠ᠃ ᠬᠠᠮᠢᠶ᠎ᠠ ᠪᠦᠬᠦᠢ ᠬᠠᠤᠯᠢ ᠴᠠᠭᠠᠵᠠ ᠶᠢᠨ ᠲᠤᠭᠲᠠᠭᠠᠯ ᠢ ᠦᠨᠳᠤᠰᠤᠯᠠᠪᠠᠯ᠂ ︽ᠬᠤᠶᠠᠷ ᠠᠴᠠ ᠲᠡᠭᠡᠭᠰᠢᠬᠢ ᠬᠦᠮᠦᠨ ᠬᠠᠮᠲᠤ ᠪᠠᠷ ᠵᠤᠷᠢᠭᠤᠲᠠ ᠪᠢᠰᠢ ᠪᠤᠶᠤ ᠬᠠᠮᠲᠤ ᠶᠢᠨ ᠤᠰᠤᠯ ᠪᠤᠷᠤᠭᠤ ᠦᠭᠡᠢ ᠪᠤᠯᠪᠠᠴᠤ ᠲᠡᠲᠡᠨ ᠤ ᠡᠷᠭᠡᠨ ᠳᠤ ᠬᠠᠯᠳᠠᠭᠰᠠᠨ ᠲᠤᠰ ᠲᠤᠰ ᠢᠶᠠᠷ ᠢᠶᠠᠨ ᠬᠢᠭᠰᠡᠨ ᠤᠯᠠᠨ ᠤᠶᠢᠯᠠ ᠠᠵᠢᠯᠯᠠᠭ᠎ᠠ ᠨᠢ ᠠᠳᠠᠯᠢ ᠨᠢᠭᠡᠨ ᠬᠤᠬᠢᠷᠠᠯ ᠤᠴᠠᠷᠠᠭᠤᠯᠤᠭᠰᠠᠨ ᠪᠤᠯ᠂ ᠬᠠᠷᠢᠭᠤᠴᠠᠯᠭ᠎ᠠ ᠶᠢᠨ ᠶᠡᠭᠡ ᠪᠠᠭ᠎ᠠ ᠪᠤᠶᠤ ᠡᠰᠡᠭᠦᠯ᠎ᠡ ᠬᠡᠷᠡᠭ ᠡᠭᠦᠰᠦᠭᠰᠡᠨ ᠰᠢᠯᠲᠠᠭᠠᠨ ᠤ ᠬᠢᠨᠢ ᠶᠡᠭᠡ ᠪᠠᠭ᠎ᠠ ᠶᠢᠨ ᠬᠠᠷᠢᠴᠠᠯ ᠢᠶᠠᠷ ᠲᠤᠰ ᠪᠦᠷᠢ ᠵᠤᠬᠢᠰᠲᠡᠢ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ︾ ᠭᠡᠵᠤ ᠲᠤᠭᠲᠠᠭᠠᠵᠠᠢ᠃    ᠲᠤᠰ ᠭᠡᠷᠡᠭ ᠲᠤ᠂ ᠵᠢᠶᠠ ᠭᠤᠸᠠᠢ ᠵᠢᠯᠤᠭᠤᠴᠢ ᠶᠢᠨ ᠦᠨᠡᠮᠯᠠᠯ ᠤᠯᠤᠭᠰᠠᠨ ᠦᠭᠡᠢ ᠪᠠᠷ᠂ ᠠᠷᠢᠬᠢ ᠤᠤᠭᠤᠭᠰᠠᠨ ᠤ ᠲᠠᠷᠠᠭ᠎ᠠ᠂ ᠮᠠᠰᠢᠨ ᠲᠡᠷᠭᠡ ᠵᠢᠯᠤᠭᠤᠳᠤᠭᠰᠠᠨ ᠨᠢ ᠲᠤᠰ ᠤᠲᠠᠭᠠᠨ ᠤ ᠵᠠᠮ ᠬᠠᠷᠢᠯᠴᠠᠭᠠᠨ ᠤ ᠡ᠊ᠨᠳᠡᠯ ᠬᠡᠷᠡᠭ ᠡᠭᠦᠰᠦᠭᠰᠡᠨ ᠤ ᠰᠢᠭᠤᠳ ᠪᠤᠶᠤ ᠭᠤᠤᠯ ᠰᠢᠯᠲᠠᠭᠠᠨ ᠪᠤᠯᠤᠨ᠎ᠠ᠂ XXX ᠮᠠᠯᠵᠢᠯ ᠤᠨ ᠲᠠᠯᠠᠪᠠᠢ ᠶᠢᠨ ᠤᠯᠤᠰ ᠤᠨ ᠵᠠᠮ ᠪᠤᠯᠤᠨ ᠰᠢᠶᠠᠩ ᠪᠠᠯᠭᠠᠰᠤᠨ ᠤ ᠵᠠᠮ ᠤᠨ ᠠᠭᠤᠯᠵᠠᠷ ᠤᠨ ᠬᠡᠰᠡᠭ ᠲᠤ ᠪᠤᠰᠬᠠᠭᠰᠠᠨ ︽XXX ᠮᠠᠯᠵᠢᠯ ᠤᠨ ᠲᠠᠯᠠᠪᠠᠢ︾ ᠬᠡᠬᠦ ᠢᠯᠡᠷᠬᠡᠶᠢᠯᠡᠯᠲᠡ ᠲᠠᠢ ᠴᠢᠯᠠᠭᠤᠨ ᠫᠠᠶᠢᠰᠠ ᠨᠢ ᠬᠠᠮᠢᠶ᠎ᠠ ᠪᠦᠬᠦᠢ ᠬᠠᠤᠯᠢ ᠴᠠᠭᠠᠵᠠ᠂ ᠲᠦᠷᠢᠮ ᠲᠤᠭᠲᠠᠭᠠᠯ ᠳᠤ ᠲᠤᠭᠲᠠᠭᠠᠭᠰᠠᠨ ᠤᠷᠤᠨ ᠵᠠᠢ᠂ ᠬᠡᠪ ᠪᠠᠷᠢᠮᠵᠢᠶ᠎ᠡ ᠳᠤ ᠨᠡᠶᠢᠴᠡᠬᠦ ᠦᠭᠡᠢ ᠲᠤᠯᠠ ᠲᠤᠰ ᠤᠲᠠᠭᠠᠨ ᠤ ᠵᠠᠮ ᠬᠠᠷᠢᠯᠴᠠᠭᠠᠨ ᠤ ᠡ᠊ᠨᠳᠡᠯ ᠤᠨ ᠬᠡᠷᠡᠭ ᠡᠬᠦᠰᠬᠦ ᠶᠢᠨ ᠲᠠᠮ ᠰᠢᠯᠲᠠᠭᠠᠨ ᠪᠤᠯᠤᠭᠰᠠᠨ ᠪᠦᠭᠡᠳ ᠪᠠᠰᠠ ᠴᠤ ᠵᠠᠮ ᠬᠠᠷᠢᠯᠴᠠᠭᠠᠨ ᠤ ᠡ᠊ᠨᠳᠡᠯ ᠤᠨ ᠬᠡᠷᠡᠭ ᠡᠬᠦᠰᠬᠦ ᠳᠤ ᠪᠤᠯᠤᠮᠵᠢ ᠪᠤᠯᠤᠭᠰᠠᠨ ᠲᠤᠯᠠ XXX ᠮᠠᠯᠵᠢᠯ ᠤᠨ ᠲᠠᠯᠠᠪᠠᠢ ᠵᠤᠬᠢᠰᠲᠡᠢ ᠲᠦᠯᠦᠪᠤᠷᠢ ᠦᠭᠬᠦ ᠬᠠᠷᠢᠭᠤᠴᠠᠯᠭ᠎ᠠ ᠡᠭᠦᠷᠭᠡᠯᠡᠵᠤ᠂ ᠪᠦᠬᠦ ᠬᠤᠬᠢᠷᠡᠯ ᠤᠨ ᠬᠢᠨᠢ ᠵᠠᠭᠤᠨ ᠤ ᠠᠷᠪᠠ ᠶᠢ ᠲᠦᠯᠦᠪᠡᠯ ᠵᠤᠬᠢᠨ᠎ᠠ᠃ XXX ᠵᠠᠮ ᠬᠠᠷᠢᠯᠴᠠᠭ᠎ᠠ ᠲᠡᠭᠡᠭᠡᠪᠤᠷᠢ ᠶᠢᠨ ᠬᠠᠮᠢᠶᠠᠷᠤᠯᠲᠠ ᠶᠢᠨ ᠲᠤᠪᠴᠢᠶ᠎ᠠ ᠪᠤᠯ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠮᠢᠶᠠᠷᠤᠯᠲᠠ ᠶᠢᠨ ᠰᠠᠯᠠᠭ᠎ᠠ ᠮᠦᠴᠢᠷ ᠪᠤᠯᠬᠤᠷ ᠬᠠᠤᠯᠢ ᠲᠤᠭᠲᠠᠭᠠᠯ ᠠᠴᠠ ᠵᠦᠷᠢᠴᠡᠵᠤ᠂ ᠵᠠᠮ ᠤᠨ ᠭᠤᠤᠯ ᠪᠤᠶᠤ ᠵᠠᠮ ᠤᠨ ᠬᠠᠵᠠᠭᠤ᠂ ᠵᠠᠮ ᠤᠨ ᠠᠭᠤᠯᠵᠠᠷ ᠵᠡᠷᠭᠡ ᠬᠤᠷᠢᠭ᠎ᠠ ᠲᠠᠢ ᠭᠠᠵᠠᠷ ᠲᠤ ᠲᠤᠷ᠎ᠠ ᠪᠠᠷ ᠢᠶᠠᠨ ᠪᠠᠷᠢᠯᠭ᠎ᠠ ᠪᠠᠷᠢᠵᠤ᠂ ᠫᠠᠶᠢᠰᠠ ᠢᠯᠡᠷᠬᠡᠶᠢᠯᠡᠯ ᠪᠤᠰᠬᠠᠬᠤ ᠶᠢ ᠬᠤᠷᠢᠭᠯᠬᠤ ᠬᠡᠷᠡᠭᠲᠡᠢ᠂ ᠴᠠᠭ ᠢᠮᠠᠭᠲᠠ ᠪᠠᠶᠢᠴᠠᠭᠠᠵᠤ᠂ ᠵᠠᠮ ᠬᠠᠷᠢᠯᠴᠠᠭᠠᠨ ᠤ ᠠᠶᠤᠯᠬᠦᠢ ᠪᠠᠶᠢᠬᠤ ᠶᠢ ᠪᠠᠲᠤᠯᠠᠬᠤ ᠡᠭᠦᠷᠭᠡ ᠲᠠᠢ ᠶᠤᠮ᠃ ᠭᠡᠲᠡᠯ᠎ᠡ ᠲᠤᠰ ᠬᠡᠷᠡᠭ ᠲᠤ᠂ ᠲᠤᠰ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠮᠢᠶᠠᠷᠤᠯᠲᠠ ᠶᠢᠨ ᠲᠤᠪᠴᠢᠶ᠎ᠠ ᠨᠢ ᠬᠠᠤᠯᠢ ᠲᠤᠭᠲᠠᠭᠠᠯ ᠳᠤ ᠨᠡᠶᠢᠴᠡᠬᠦ ᠦᠭᠡᠢ ᠫᠠᠶᠢᠰᠠ ᠢᠯᠡᠷᠬᠡᠶᠢᠯᠡᠯ ᠢ ᠵᠠᠷᠯᠢᠭᠲᠠᠨ ᠨᠤᠷᠠᠭᠠᠯᠭᠠᠭᠰᠠᠨ ᠦᠭᠡᠢ ᠪᠠᠷ ᠬᠠᠰᠢ ᠶᠠᠰᠢ ᠬᠠᠨᠲᠤᠵᠤ᠂ ᠬᠠᠮᠢᠶᠠᠷᠤᠯᠲᠠ ᠶᠢᠨ ᠲᠠᠯ᠎ᠠ ᠪᠠᠷ ᠲᠤᠲᠠᠮᠠᠭ ᠪᠤᠯᠤᠭᠰᠠᠨ ᠪᠤᠯᠬᠤᠷ ᠡᠨᠡᠬᠦ ᠵᠠᠮ ᠬᠠᠷᠢᠯᠴᠠᠭᠠᠨ ᠤ ᠡ᠊ᠨᠳᠡᠯ ᠤᠨ ᠭᠡᠷᠡᠭ ᠢ ᠭᠠᠷᠭᠠᠭᠰᠠᠨ ᠲᠤᠯᠠ ᠵᠤᠬᠢᠰᠲᠡᠢ ᠲᠦᠯᠦᠪᠤᠷᠢ ᠦᠭᠬᠦ ᠬᠠᠷᠢᠭᠤᠴᠠᠯᠭ᠎ᠠ ᠡᠭᠦᠷᠭᠡᠯᠡᠵᠤ᠂ ᠪᠦᠬᠦ ᠲᠦᠯᠦᠪᠦᠷᠢ ᠶᠢᠨ ᠵᠠᠭᠤᠨ ᠤ ᠠᠷᠪᠠ ᠶᠢ ᠲᠦᠯᠦᠪᠠᠯ ᠵᠤᠬᠢᠨ᠎ᠠ᠃    ︽ᠪᠦᠭᠦᠲᠡ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠵᠠᠰᠠᠮᠠᠯ ᠵᠠᠮ ᠤᠨ ᠬᠠᠤᠯᠢ︾ ᠶᠢᠨ ᠲᠠᠪᠢᠨ ᠲᠦᠷᠪᠡᠲᠦᠭᠡᠷ ᠵᠦᠢᠯ ᠳᠤ ︽ᠶᠠᠮᠠᠷᠪᠠ ᠨᠢᠬᠡᠴᠡ ᠪᠠ ᠬᠤᠪᠢ ᠬᠦᠮᠦᠨ ᠰᠢᠶᠠᠨ ᠤ ᠱᠠᠲᠤᠨ ᠠᠴᠠ ᠲᠡᠭᠡᠭᠰᠢᠬᠢ ᠤᠷᠤᠨ ᠨᠤᠲᠤᠭ ᠤᠨ ᠠᠷᠠᠳ ᠤᠨ ᠵᠠᠰᠠᠭ ᠤᠨ ᠤᠷᠲᠤᠨ ᠤ ᠵᠠᠮ ᠬᠠᠷᠢᠯᠴᠠᠭᠠᠨ ᠤ ᠭᠤᠤᠯᠯᠠᠨ ᠬᠠᠮᠢᠶᠠᠷᠠᠬᠤ ᠰᠠᠯᠠᠭ᠎ᠠ ᠮᠦᠴᠢᠷ ᠤᠨ ᠵᠦᠪᠰᠢᠶᠡᠷᠡᠯ ᠦᠭᠡᠢ ᠪᠠᠷ᠂ ᠵᠠᠰᠠᠮᠠᠯ ᠵᠠᠮ ᠤᠨ ᠬᠡᠷᠡᠭᠯᠡᠵᠤ ᠪᠠᠶᠢᠭ᠎ᠠ ᠭᠠᠵᠠᠷ ᠤᠨ ᠬᠡᠪᠴᠢᠶᠡᠨ ᠳᠤ ᠵᠠᠰᠠᠮᠠᠯ ᠵᠠᠮ ᠤᠨ ᠫᠠᠶᠢᠰᠠ ᠲᠡᠮᠲᠡᠭ ᠠᠴᠠ ᠤᠨᠲᠤᠤ ᠫᠠᠶᠢᠰᠠ ᠲᠡᠮᠲᠡᠭ ᠪᠤᠰᠬᠠᠵᠤ ᠪᠤᠯᠬᠤ ᠦᠭᠡᠢ︾ ᠬᠡᠵᠤ ᠲᠤᠭᠲᠠᠭᠠᠭᠰᠠᠨ ᠪᠦᠭᠡᠳ ᠲᠤᠰ ᠬᠠᠤᠯᠢ ᠶᠢᠨ ᠲᠠᠪᠢᠨ ᠵᠢᠷᠭᠤᠲᠤᠭᠠᠷ ᠵᠦᠢᠯ ᠳᠤ᠂ ︽ᠵᠠᠰᠠᠮᠠᠯ ᠵᠠᠮ ᠢ ᠬᠠᠮᠠᠭᠠᠯᠠᠬᠤ ᠫᠠᠶᠢᠰᠠ ᠢᠯᠡᠷᠬᠡᠶᠢᠯᠡᠯ ᠠᠴᠠ ᠭᠠᠳᠠᠨ᠎ᠠ᠂ ᠵᠠᠰᠠᠮᠠᠯ ᠵᠠᠮ ᠤᠨ ᠬᠤᠶᠠᠷ ᠲᠠᠯ᠎ᠠ ᠶᠢᠨ ᠪᠠᠷᠢᠯᠭ᠎ᠠ ᠶᠢᠨ ᠡᠵᠡᠮᠰᠢᠯ ᠤᠨ ᠭᠠᠵᠠᠷ ᠲᠤ ᠪᠠᠷᠢᠯᠭ᠎ᠠ ᠪᠠᠷᠢᠬᠤ᠂ ᠭᠠᠵᠠᠷ ᠤᠨ ᠨᠢᠭᠤᠷ ᠲᠤ ᠲᠤᠭᠲᠠᠮᠠᠯ ᠪᠠᠷᠢᠯᠭ᠎ᠠ ᠪᠠᠷᠢᠬᠤ ᠶᠢ ᠴᠠᠭᠠᠵᠠᠯᠠᠬᠤ ᠬᠡᠷᠡᠭᠲᠡᠢ︾ ᠭᠡᠵᠤ ᠲᠤᠭᠲᠠᠭᠠᠵᠠᠢ᠃ ᠲᠡᠭᠡᠷ᠎ᠡ ᠬᠡᠯᠡᠵᠤ ᠪᠠᠶᠢᠭ᠎ᠠ ᠵᠠᠰᠠᠮᠠᠯ ᠵᠠᠮ ᠤᠨ ᠬᠤᠶᠠᠷ ᠲᠠᠯ᠎ᠠ ᠶᠢᠨ ᠪᠠᠷᠢᠯᠭ᠎ᠠ ᠶᠢᠨ ᠡᠵᠡᠮᠰᠢᠯ ᠤᠨ ᠭᠠᠵᠠᠷ ᠤᠨ ᠬᠡᠪᠴᠢᠶ᠎ᠡ ᠨᠢ ᠵᠠᠰᠠᠮᠠᠯ ᠵᠠᠮ ᠤᠨ ᠭᠦᠪᠡᠭᠡ ᠶᠢᠨ ᠭᠤᠤ ᠠᠴᠠ ᠭᠠᠳᠠᠭᠰᠢ᠂ ᠭᠤᠤ ᠦᠭᠡᠢ ᠪᠤᠯ ᠵᠠᠰᠠᠮᠠᠯ ᠵᠠᠮ ᠤᠨ ᠨᠠᠯᠠᠤ ᠬᠠᠵᠠᠭᠤ ᠶᠢᠨ ᠲᠤᠤᠷ᠎ᠡ ᠲᠡᠯ᠎ᠡ ᠠᠴᠠ ᠭᠠᠳᠠᠭᠰᠢ᠂ ᠤᠯᠤᠰ ᠤᠨ ᠵᠠᠮ ᠪᠤᠯ ᠠᠳᠠᠭ ᠲᠠᠭᠠᠨ 20 ᠮᠧᠲᠷ ᠪᠠᠶᠢᠬᠤ᠂ ᠮᠤᠵᠢ ᠶᠢᠨ ᠵᠠᠮ ᠪᠤᠯ ᠠᠳᠠᠭ ᠲᠠᠭᠠᠨ 15 ᠮᠧᠲᠷ ᠪᠠᠶᠢᠬᠤ᠂ ᠰᠢᠶᠡᠨ ᠤ ᠵᠠᠮ ᠪᠤᠯ ᠠᠳᠠᠭ ᠲᠠᠭᠠᠨ 10 ᠮᠧᠲᠷ ᠪᠠᠶᠢᠬᠤ᠂ ᠰᠢᠶᠠᠩ ᠪᠠᠯᠭᠠᠰᠤᠨ ᠤ ᠵᠠᠮ ᠪᠤᠯ ᠠᠳᠠᠭ ᠲᠠᠭᠠᠨ 5 ᠮᠧᠲᠷ ᠪᠠᠶᠢᠬᠤ ᠬᠡᠪᠴᠢᠶ᠎ᠡ ᠶᠢᠨ ᠲᠤᠲᠤᠷᠠᠬᠢ ᠭᠠᠵᠠᠷ ᠢ ᠵᠢᠭᠠᠵᠤ ᠪᠤᠢ᠃    ᠶᠡᠮᠡᠷᠪᠡ ᠨᠢᠭᠡᠴᠡ ᠪᠠ ᠬᠤᠪᠢ ᠬᠦᠮᠦᠨ ᠰᠢᠶᠠᠨ ᠤ ᠱᠠᠲᠤᠨ ᠠᠴᠠ ᠲᠡᠭᠡᠭᠰᠢᠬᠢ ᠤᠷᠤᠨ ᠨᠤᠲᠤᠭ ᠤᠨ ᠠᠷᠠᠳ ᠤᠨ ᠵᠠᠰᠠᠭ ᠤᠨ ᠤᠷᠲᠤᠨ ᠤ ᠵᠠᠮ ᠬᠠᠷᠢᠯᠴᠠᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠵᠦᠪᠰᠢᠶᠡᠷᠡᠯ ᠦᠭᠡᠢ ᠪᠠᠷ᠂ ᠵᠠᠰᠠᠮᠠᠯ ᠵᠠᠮ ᠤᠨ ᠬᠤᠶᠠᠷ ᠲᠠᠯ᠎ᠠ ᠶᠢᠨ ᠪᠠᠷᠢᠯᠭ᠎ᠠ ᠶᠢᠨ ᠡᠵᠡᠮᠰᠢᠯ ᠤᠨ ᠭᠠᠵᠠᠷ ᠤᠨ ᠬᠡᠪᠴᠢᠶᠡᠨ ᠲᠤᠲᠤᠷ᠎ᠠ᠂ ᠶᠠᠮᠠᠷ ᠨᠢᠭᠡᠨ ᠪᠠᠷᠢᠯᠭ᠎ᠠ ᠪᠠᠷᠢᠬᠤ ᠪᠤᠶᠤ ᠫᠠᠶᠢᠰᠠ ᠲᠡᠮᠳᠡᠭ ᠪᠤᠰᠬᠠᠬᠤ ᠳᠤ ᠬᠦᠷᠪᠡᠯ᠂ ᠬᠠᠤᠯᠢ ᠴᠠᠭᠠᠵᠠ ᠶᠢᠨ ᠲᠤᠭᠲᠠᠭᠠᠯ ᠢ ᠵᠦᠷᠢᠴᠠᠬᠦ ᠮᠦᠷᠲᠡᠬᠡᠨ ᠪᠠᠷᠢᠭᠰᠠᠨ ᠪᠠᠷᠢᠯᠭ᠎ᠠ ᠪᠤᠶᠤ ᠫᠠᠶᠢᠰᠠ ᠲᠡᠮᠳᠡᠭ ᠨᠢ ᠵᠠᠮ ᠤᠨ ᠬᠠᠷᠠᠭ᠎ᠠ ᠶᠢ ᠬᠠᠯᠬᠠᠯᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠢ ᠨᠦᠯᠦᠭᠡᠯᠡᠵᠤ᠂ ᠴᠢᠨᠠᠭᠰᠢᠯᠠᠪᠠᠯ ᠦᠭᠡᠷ᠎ᠠ ᠪᠤᠰᠤᠳ ᠤᠨ ᠪᠡᠶ᠎ᠡ ᠮᠠᠬᠠᠪᠤᠳ ᠪᠤᠶᠤ ᠡᠳ᠋ ᠪᠤᠳᠠᠰ ᠲᠤ ᠠᠵᠠ ᠪᠤᠰᠤ ᠬᠤᠬᠢᠷᠠᠯ ᠤᠴᠠᠷᠠᠭᠤᠯᠬᠤ ᠲᠤᠯᠠ ᠵᠠᠮ ᠤᠨ ᠬᠠᠵᠠᠭᠤ ᠳᠤ ᠳᠤᠷ᠎ᠠ ᠪᠠᠷ ᠫᠠᠶᠢᠰᠠ ᠢᠯᠡᠷᠭᠡᠶᠢᠯᠡᠯ ᠪᠤᠰᠬᠠᠬᠤ ᠵᠡᠷᠭᠡ ᠶᠢ ᠠᠩᠬᠠᠷᠬᠤ ᠶᠢ ᠲᠡᠭᠡᠷᠡᠬᠢ ᠭᠡᠷᠡᠭ ᠤᠨ ᠵᠢᠱᠢᠶ᠎ᠡ ᠪᠠᠷ ᠲᠠᠮᠵᠢᠨ ᠰᠡᠷᠡᠮᠵᠢᠯᠡᠭᠦᠯᠤᠶ᠎ᠡ︕ 



  
     
     