  

︽ᠨᠢᠭᠡ ᠪᠦᠰᠡ ᠨᠢᠭᠡ ᠵᠠᠮ︾

2017-05-17 20:49
  178
  0
︽ᠨᠢᠭᠡ ᠪᠦᠰᠡ ᠨᠢᠭᠡ ᠵᠠᠮ︾  ᠤᠯᠠᠨ ᠤᠯᠤᠰ  ᠬᠠᠮᠳᠤᠷᠠᠯᠴᠠᠭᠠᠨ  ᠲᠦᠷᠦᠬᠦᠴᠤᠳ  ᠶᠠᠷᠢᠶᠠᠨ  ᠲᠠᠪᠴᠠᠩ  ᠲᠤᠭᠤᠷᠢᠭ ᠰᠢᠷᠡᠭᠡᠨ  ᠲᠦᠷᠦᠬᠦᠴᠤᠳ  ᠬᠤᠷᠠᠯ ᠬᠤᠷᠠᠯᠳᠤᠪᠠ


5 ᠰᠠᠷ᠎ᠠ ᠶᠢᠨ 15᠎ ᠤ ᠡᠳᠦᠷ᠂ ︽ᠨᠢᠭᠡ ᠪᠦᠰᠡ ᠨᠢᠭᠡ ᠵᠠᠮ︾᠎ ᠤᠨ ᠤᠯᠠᠨ ᠤᠯᠤᠰ ᠤᠨ ᠬᠠᠮᠳᠤᠷᠠᠯᠴᠠᠭᠠᠨ ᠤ ᠲᠦᠷᠦᠬᠦᠴᠤᠳ ᠤᠨ ᠶᠠᠷᠢᠶᠠᠨ ᠤ ᠲᠠᠪᠴᠠᠩ ᠪᠡᠭᠡᠵᠢᠩ ᠤᠨ ᠶᠠᠨ ᠴᠢ ᠨᠠᠭᠤᠷ ᠤᠯᠠᠨ ᠤᠯᠤᠰ ᠤᠨ ᠬᠤᠷᠠᠯ ᠤᠨ ᠲᠦᠪ ᠲᠤ ᠲᠤᠭᠤᠷᠢᠭ ᠰᠢᠷᠡᠭᠡᠨ ᠤ ᠲᠦᠷᠦᠬᠦᠴᠤᠳ ᠤᠨ ᠬᠤᠷᠠᠯ ᠬᠤᠷᠠᠯᠳᠤᠭᠤᠯᠪᠠ᠃ ᠳᠤᠮᠳᠠᠳᠤ ᠤᠯᠤᠰ ᠤᠨ ᠤᠯᠤᠰ ᠤᠨ ᠲᠡᠷᠢᠬᠦᠯᠡᠭᠴᠢ ᠰᠢ ᠶᠢᠨ ᠫᠢᠩ ᠬᠤᠷᠠᠯ ᠢ ᠡᠷᠬᠢᠯᠡᠬᠦ ᠶᠢᠨ ᠬᠠᠮᠲᠤ ᠬᠤᠷᠠᠯ ᠡᠬᠢᠯᠡᠬᠦ ᠦᠭᠡ ᠭᠡᠯᠡᠵᠡᠢ᠃ ᠵᠢᠷᠤᠭ ᠪᠤᠯ ᠰᠢ ᠶᠢᠨ ᠫᠢᠩ ᠮᠤᠳᠤᠨ ᠲᠤᠬᠢᠭᠤᠷ ᠢ ᠲᠤᠭᠰᠢᠵᠦ᠂ ᠲᠤᠭᠤᠷᠢᠭ ᠰᠢᠷᠡᠭᠡᠨ ᠤ ᠲᠦᠷᠦᠬᠦᠴᠤᠳ ᠤᠨ ᠬᠤᠷᠠᠯ ᠡᠬᠢᠯᠡᠭᠰᠡᠨ ᠢ ᠵᠠᠷᠯᠠᠪᠠ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠮᠠ ᠵᠠᠨ ᠴᠧᠩ ᠰᠡᠭᠦᠳᠡᠷᠯᠡᠪᠡ 

     ︽ᠨᠢᠭᠡ ᠪᠦᠰᠡ ᠨᠢᠭᠡ ᠵᠠᠮ︾᠎ ᠤᠨ ᠤᠯᠠᠨ ᠤᠯᠤᠰ ᠤᠨ ᠬᠠᠮᠳᠤᠷᠠᠯᠴᠠᠭᠠᠨ ᠤ ᠲᠦᠷᠦᠬᠦᠴᠤᠳ ᠤᠨ ᠶᠠᠷᠢᠶᠠᠨ ᠤ ᠲᠠᠪᠴᠠᠩ 15᠎ ᠤ ᠡᠳᠦᠷ ᠪᠡᠭᠡᠵᠢᠩ ᠤᠨ ᠶᠠᠨ ᠴᠢ ᠨᠠᠭᠤᠷ ᠤᠯᠠᠨ ᠤᠯᠤᠰ ᠤᠨ ᠬᠤᠷᠠᠯ ᠤᠨ ᠲᠦᠪ ᠲᠤ ᠲᠤᠭᠤᠷᠢᠭ ᠰᠢᠷᠡᠭᠡᠨ ᠤ ᠲᠦᠷᠦᠬᠦᠴᠤᠳ ᠤᠨ ᠬᠤᠷᠠᠯ ᠬᠤᠷᠠᠯᠳᠤᠭᠤᠯᠪᠠ᠃ 30 ᠭᠠᠷᠤᠢ ᠤᠯᠤᠰ ᠤᠨ ᠤᠳᠤᠷᠢᠳᠬᠤ ᠬᠦᠮᠦᠨ ᠪᠤᠯᠤᠨ ᠤᠯᠠᠨ ᠤᠯᠤᠰ ᠤᠨ ᠬᠤᠯᠪᠤᠭᠠᠳᠦ ᠪᠠᠶᠢᠭᠤᠯᠤᠯᠭ᠎ᠠ᠂ ᠳᠡᠯᠡᠭᠡᠢ ᠶᠢᠨ ᠪᠠᠩᠬᠢ᠂ ᠲᠡᠯᠡᠬᠡᠢ ᠶᠢᠨ ᠵᠤᠭᠤᠰᠤᠨ ᠤ ᠰᠠᠭᠤᠷᠢ ᠮᠦᠩᠬᠦᠨ ᠤ ᠵᠤᠬᠢᠶᠠᠨ ᠪᠠᠶᠢᠭᠤᠯᠤᠯᠳᠠ ᠶᠢᠨ ᠬᠠᠷᠢᠭᠤᠴᠠᠯᠭᠠᠳᠠᠨ ᠲᠤᠭᠤᠷᠢᠭ ᠰᠢᠷᠡᠭᠡᠨ ᠤ ᠲᠦᠷᠦᠬᠦᠴᠤᠳ ᠤᠨ ᠬᠤᠷᠠᠯ ᠳᠤ ᠤᠷᠤᠯᠴᠠᠵᠦ᠂ ︽ᠤᠯᠠᠨ ᠤᠯᠤᠰ ᠤᠨ ᠬᠠᠮᠳᠤᠷᠠᠯᠴᠠᠭ᠎ᠠ ᠶᠢ ᠴᠢᠩᠭᠠᠳᠬᠠᠵᠦ᠂ ︿ᠨᠢᠭᠡ ᠪᠦᠰᠡ ᠨᠢᠭᠡ ᠵᠠᠮ﹀᠎ ᠢ ᠬᠠᠮᠳᠤ ᠪᠠᠷ ᠪᠠᠶᠢᠭᠤᠯᠵᠦ᠂ ᠬᠠᠷᠢᠯᠴᠠᠨ ᠠᠰᠢᠬᠳᠠᠢ ᠬᠠᠮᠲᠦ ᠪᠠᠷ ᠠᠰᠢᠭ ᠬᠦᠷᠲᠡᠬᠦ ᠬᠦᠭᠵᠢᠯᠳᠠ ᠶᠢ ᠪᠡᠶᠡᠯᠡᠬᠦᠯᠬᠦ︾ ᠭᠤᠤᠯ ᠰᠡᠳᠦᠪ ᠤᠨ ᠲᠤᠭᠤᠷᠢᠨ ᠳᠤ᠂ ᠬᠦᠭᠵᠢᠯᠳᠠ ᠶᠢᠨ ᠪᠠᠶᠢᠯᠳᠤᠬᠤ ᠪᠤᠳᠤᠯᠭ᠎ᠠ ᠶᠢ ᠵᠤᠯᠭᠠᠭᠤᠯᠬᠤ᠂ ᠬᠠᠷᠢᠯᠴᠠᠨ ᠬᠤᠯᠪᠤᠭᠠᠯᠠᠵᠦ ᠬᠠᠷᠢᠯᠴᠠᠨ ᠨᠡᠪᠳᠡᠷᠡᠯᠴᠡᠬᠦ ᠶᠢ ᠠᠬᠢᠭᠤᠯᠬᠤ᠂ ᠰᠤᠶᠤᠯ ᠢᠷᠭᠡᠨᠰᠢᠯ ᠤᠨ ᠰᠤᠯᠢᠯᠴᠠᠭ᠎ᠠ ᠶᠢ ᠠᠬᠢᠭᠤᠯᠬᠤ ᠵᠡᠷᠭᠡ ᠵᠦᠪᠯᠡᠬᠦ ᠰᠡᠳᠦᠪ ᠤᠨ ᠲᠤᠬᠠᠢ ᠰᠠᠨᠠᠯ ᠢᠶᠠᠨ ᠰᠤᠯᠢᠯᠴᠠᠵᠦ᠂ ᠦᠷᠭᠡᠨ ᠲᠡᠯᠭᠡᠷ ᠬᠠᠮᠳᠦ ᠶᠢᠨ ᠲᠠᠨᠢᠯᠳᠠ ᠲᠠᠢ ᠪᠤᠯᠬᠤ ᠶᠢᠨ ᠵᠡᠷᠭᠡᠪᠡᠷ ᠬᠠᠮᠳᠤᠷᠠᠭᠰᠠᠨ ᠠᠯᠪᠡᠨ ᠮᠡᠳᠡᠭᠡ ᠶᠢ ᠪᠠᠳᠤᠯᠠᠵᠠᠢ᠃     ᠳᠤᠮᠳᠠᠳᠤ ᠤᠯᠤᠰ ᠤᠨ ᠤᠯᠤᠰ ᠤᠨ ᠲᠡᠷᠢᠬᠦᠯᠡᠭᠴᠢ ᠰᠢ ᠶᠢᠨ ᠫᠢᠩ ᠬᠤᠷᠠᠯ ᠢ ᠡᠷᠬᠢᠯᠡᠪᠡ᠃ ᠵᠠᠩ ᠭᠤᠤ ᠯᠢ ᠤᠷᠤᠯᠴᠠᠵᠠᠢ᠃ ᠠᠭᠤᠯᠠ ᠤᠰᠤᠨ᠎ᠠ ᠬᠦᠷᠢᠶᠡᠯᠡᠭᠳᠡᠭᠰᠡᠨ ᠵᠤᠨ ᠤ ᠡᠬᠢᠨ ᠤ ᠶᠠᠨ ᠴᠢ ᠨᠠᠭᠤᠷ ᠤᠨ ᠬᠦᠪᠡᠭᠡ ᠪᠠᠷ ᠠᠮᠢᠵᠢᠷᠠᠯ ᠤᠨ ᠬᠦᠴᠦᠨ ᠪᠢᠯᠬᠠᠵᠦ᠂ ᠦᠩᠭᠡ ᠶᠢᠨ ᠴᠡᠴᠡᠭ ᠪᠠᠳᠠᠷᠠᠨ ᠳᠡᠯᠭᠡᠷᠡᠨ᠎ᠠ᠃ ᠡᠷᠳᠡᠨ ᠤ ᠲᠤᠷᠭᠠᠨ ᠵᠠᠮ ᠬᠦ᠋ᠭᠵᠢᠨ ᠪᠠᠳᠠᠷᠠᠭᠰᠠᠨ ᠴᠠᠭ ᠦᠶ᠎ᠠ ᠶᠢᠨ ᠳᠤᠮᠳᠠᠳᠤ ᠤᠯᠤᠰ ᠤᠨ ᠬᠠᠨ ᠤᠯᠤᠰ ᠲᠠᠩ ᠤᠯᠤᠰ ᠤᠨ ᠦᠶ᠎ᠠ ᠶᠢᠨ ᠪᠠᠷᠢᠯᠭ᠎ᠠ ᠶᠢᠨ ᠤᠨᠴᠠᠯᠢᠭ ᠢᠶᠠᠷ ᠵᠢᠷᠤᠭ ᠲᠦᠯᠦᠪᠯᠡᠭᠡ ᠶᠢᠨ ᠤᠡᠭᠭᠤᠳ ᠪᠤᠯᠭᠠᠭᠰᠠᠨ ᠶᠠᠨ ᠴᠢ ᠨᠠᠭᠤᠷ ᠤᠯᠠᠨ ᠤᠯᠤᠰ ᠤᠨ ᠬᠤᠷᠠᠯ ᠤᠨ ᠲᠦᠪ ᠶᠠᠭ ᠵᠢᠭᠦᠷ ᠲᠠᠯᠠᠪᠴᠢ ᠪᠠᠨ ᠳᠡᠯᠭᠡᠭᠰᠡᠨ ᠬᠤᠨ ᠰᠢᠬ ᠭᠤᠶᠢᠳᠠᠬᠠᠨ᠃ ᠦᠳᠡ ᠶᠢᠨ ᠡᠮᠦᠨᠡᠬᠢ 9 ᠴᠠᠭ 40 ᠮᠢᠨᠦ᠋ᠲ ᠤᠨ ᠦᠶ᠎ᠠ ᠪᠠᠷ᠂ ᠬᠤᠷᠠᠯ ᠳᠤ ᠤᠷᠤᠯᠴᠠᠬᠤ ᠤᠳᠤᠷᠢᠳᠬᠤ ᠬᠦᠮᠦᠨ ᠪᠠ ᠤᠯᠠᠨ ᠤᠯᠤᠰ ᠤᠨ ᠵᠤᠬᠢᠶᠠᠨ ᠪᠠᠶᠢᠭᠤᠯᠤᠯᠳᠠ ᠶᠢᠨ ᠬᠠᠷᠢᠭᠤᠴᠠᠯᠭᠠᠳᠠᠨ ᠤᠷᠢᠳ ᠬᠤᠵᠢᠳ ᠬᠦᠷᠦᠯᠴᠡᠨ ᠢᠷᠡᠵᠡᠭᠡᠪᠡ᠃ ᠰᠢ ᠶᠢᠨ ᠫᠢᠩ ᠶᠡᠭᠡ ᠲᠠᠩᠬᠢᠮ ᠳᠤ ᠬᠠᠯᠠᠭᠤᠮᠰᠤᠭ ᠢᠶᠠᠷ ᠤᠭᠳᠤᠵᠦ᠂ ᠳᠡᠳᠡᠨ ᠲᠠᠢ ᠨᠢᠭᠡᠳ ᠨᠢᠭᠡ ᠪᠠᠷ ᠭᠠᠷ ᠠᠳᠬᠤᠪᠠ᠃ ᠦᠳᠡ ᠶᠢᠨ ᠡᠮᠦᠨᠡᠬᠢ 10 ᠴᠠᠭ ᠲᠤ᠂ ᠰᠢ ᠶᠢᠨ ᠫᠢᠩ ᠮᠤᠳᠤᠨ ᠲᠤᠬᠢᠭᠤᠷ ᠢ ᠲᠤᠭᠰᠢᠵᠦ᠂ ᠲᠤᠭᠤᠷᠢᠭ ᠰᠢᠷᠡᠭᠡᠨ ᠤ ᠲᠦᠷᠦᠬᠦᠴᠤᠳ ᠤᠨ ᠬᠤᠷᠠᠯ ᠡᠬᠢᠯᠡᠭᠰᠡᠨ ᠢ ᠵᠠᠷᠯᠠᠪᠠ᠃     ᠰᠢ ᠶᠢᠨ ᠫᠢᠩ ᠬᠤᠷᠠᠯ ᠡᠬᠢᠯᠡᠬᠦ ᠦᠭᠡ ᠳᠡᠭᠡᠨ᠂ ᠡᠯ᠎ᠠ ᠤᠯᠤᠰ ᠬᠠᠷᠢᠯᠴᠠᠨ ᠲᠦᠰᠢᠯᠴᠡᠨ ᠤᠷᠤᠰᠢᠵᠦ᠂ ᠪᠦᠬᠦ ᠪᠦᠮᠪᠦᠷᠴᠡᠭ ᠤᠨ ᠴᠢᠨᠠᠷᠳᠠᠢ ᠦᠷᠢᠰᠦᠯᠳᠦᠭᠡᠨ ᠵᠠᠯᠭ᠎ᠠ ᠵᠠᠯᠭᠠᠪᠡᠷ ᠲᠤᠯᠭᠠᠷᠠᠵᠦ ᠪᠠᠶᠢᠬᠤ ᠦᠨᠦᠳᠦᠷ᠂ ᠡᠯ᠎ᠠ ᠤᠯᠤᠰ ᠤᠨ ᠬᠢᠨ ᠲᠤᠰ ᠲᠤᠰ ᠤᠨ ᠢᠶᠠᠨ ᠲᠦᠷᠦ ᠶᠢᠨ ᠪᠤᠳᠤᠯᠭ᠎ᠠ ᠶᠢ ᠵᠤᠯᠭᠠᠭᠤᠯᠵᠦ᠂ ᠪᠦᠬᠦ ᠪᠦᠮᠪᠦᠷᠴᠡᠭ ᠤᠨ ᠨᠡᠩ ᠶᠡᠭᠡ ᠭᠡᠪᠴᠢᠶᠠᠨ ᠳᠤ ᠠᠵᠤ ᠠᠬᠤᠢ ᠶᠢᠨ ᠡᠯᠧᠮᠧᠨ᠋ᠲ ᠪᠠ ᠬᠦᠭᠵᠢᠯᠳᠠ ᠶᠢᠨ ᠡᠬᠢ ᠪᠠᠶᠠᠯᠢᠭ ᠢ ᠨᠡᠶᠢᠳᠭᠡᠪᠡᠯ ᠰᠠᠶ᠋ᠢ ᠬᠠᠮᠳᠤᠷᠠᠯ ᠬᠦᠴᠦᠨ ᠢ ᠪᠦᠷᠢᠯᠳᠦᠬᠦᠯᠵᠦ᠂ ᠳᠡᠯᠡᠭᠡᠢ ᠶᠢᠨ ᠡᠩᠭᠡ ᠲᠠᠶᠢᠪᠤᠩ ᠠᠮᠤᠷ ᠲᠤᠭᠳᠠᠭᠤᠨ ᠪᠠ ᠬᠠᠮᠳᠦ ᠶᠢᠨ ᠬᠦᠭᠵᠢᠯᠳᠠ ᠶᠢ ᠠᠬᠢᠭᠤᠯᠵᠦ ᠴᠢᠳᠠᠨ᠎ᠠ᠃ ︽ᠨᠢᠭᠡ ᠪᠦᠰᠡ ᠨᠢᠭᠡ ᠵᠠᠮ︾᠎ ᠤᠨ ᠪᠦᠳᠦᠭᠡᠨ ᠪᠠᠶᠢᠭᠤᠯᠤᠯᠳᠠ ᠪᠤᠯ ᠮᠢᠨᠤ 2013 ᠤᠨ ᠳᠤ ᠳᠤᠷᠠᠳᠤᠭᠰᠠᠨ ᠰᠠᠨᠠᠭᠠᠴᠢᠯᠠᠭ᠎ᠠ ᠮᠦᠨ᠃ ᠲᠡᠬᠦᠨ ᠤ ᠭᠤᠤᠯᠯᠠᠬᠴᠢ ᠠᠭᠤᠯᠭ᠎ᠠ ᠪᠤᠯ ᠰᠠᠭᠤᠷᠢ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠠ ᠪᠠ ᠲᠡᠭᠦᠨ ᠤ ᠬᠠᠷᠢᠯᠴᠠᠨ ᠬᠤᠯᠪᠤᠭᠠᠯᠠᠵᠦ ᠬᠠᠷᠢᠯᠴᠠᠨ ᠨᠡᠪᠳᠡᠷᠡᠯᠴᠡᠬᠦ ᠶᠢ ᠠᠬᠢᠭᠤᠯᠵᠦ᠂ ᠡᠯ᠎ᠠ ᠤᠯᠤᠰ ᠤᠨ ᠲᠦᠷᠦ ᠶᠢᠨ ᠪᠤᠳᠤᠯᠭ᠎ᠠ ᠪᠠ ᠬᠦᠭᠵᠢᠯᠳᠠ ᠶᠢᠨ ᠪᠠᠶᠢᠯᠳᠤᠬᠤ ᠪᠤᠳᠤᠯᠭ᠎ᠠ ᠶᠢ ᠵᠤᠯᠭᠠᠭᠤᠯᠵᠦ᠂ ᠪᠤᠳᠠᠳᠠᠢ ᠶᠢ ᠡᠷᠬᠢᠮᠯᠡᠭᠰᠡᠨ ᠬᠠᠮᠳᠤᠷᠠᠯᠴᠠᠭ᠎ᠠ ᠶᠢ ᠬᠦᠨᠵᠡᠭᠡᠶᠢᠷᠡᠬᠦᠯᠵᠦ᠂ ᠵᠤᠬᠢᠴᠠᠯᠳᠤᠨ ᠬᠤᠯᠪᠤᠯᠳᠤᠬᠤ ᠬᠦᠭᠵᠢᠯᠳᠠ ᠶᠢ ᠠᠬᠢᠭᠤᠯᠵᠦ᠂ ᠬᠠᠮᠳᠤ ᠶᠢᠨ ᠬᠦᠭᠵᠢᠯ ᠪᠠᠳᠠᠷᠠᠯ ᠢ ᠪᠡᠶᠡᠯᠡᠬᠦᠯᠬᠦ ᠪᠤᠯᠤᠨ᠎ᠠ᠃ ︽ᠨᠢᠬᠡ ᠪᠦᠰᠡ ᠨᠢᠬᠡ ᠵᠠᠮ︾᠎ ᠤᠨ ᠪᠦᠳᠦᠬᠡᠨ ᠪᠠᠶᠢᠭᠤᠯᠤᠯᠳᠠ ᠨᠢ ᠳᠡᠤᠬᠡ ᠠᠴᠠ ᠦᠨᠳᠦᠰᠦᠯᠡᠭᠰᠡᠨ ᠪᠤᠯᠪᠠᠴᠤ᠂ ᠢᠷᠡᠬᠡᠳᠦᠢ ᠳᠤ ᠬᠠᠨᠳᠤᠵᠦ ᠪᠠᠶᠢᠭ᠎ᠠ ᠶᠤᠮ︔ ︽ᠨᠢᠬᠡ ᠪᠦᠰᠡ ᠨᠢᠬᠡ ᠵᠡᠮ︾ ᠎ ᠨᠢ ᠳᠤᠮᠳᠠᠳᠤ ᠤᠯᠤᠰ ᠠᠴᠠ ᠡᠬᠦᠰᠦᠭᠰᠡᠨ ᠪᠤᠯᠪᠠᠴᠤ᠂ ᠳᠡᠷᠡ ᠨᠢ ᠪᠦᠬᠦ ᠳᠡᠯᠡᠬᠡᠢ ᠳᠤ ᠬᠠᠷᠢᠶᠠᠯᠠᠭᠳᠠᠬᠤ ᠶᠤᠮ᠃ ︽ᠨᠢᠭᠡ ᠪᠦᠰᠡ ᠨᠢᠭᠡ ᠵᠠᠮ︾᠎ ᠤᠨ ᠪᠦᠲᠦᠭᠡᠡ ᠪᠠᠶᠢᠭᠤᠯᠤᠯᠲᠠ ᠶᠢᠨ ᠤᠯᠠᠠ ᠤᠯᠤᠰ ᠤᠨ ᠬᠠᠮᠲᠤᠷᠠᠯᠴᠠᠭᠠᠠ ᠤ ᠪᠦᠲᠦᠭᠦᠪᠴᠢ ᠵᠠᠬᠪᠤᠷ ᠤᠨ ᠲᠤᠲᠤᠷ᠎ᠠ᠂ ᠲᠡᠯᠡᠭᠡᠢ ᠶᠢᠨ ᠠᠵᠦ ᠠᠬᠤᠢ ᠳᠤ ᠲᠤᠯᠭᠠᠷᠠᠵᠦ  ᠪᠠᠶᠢᠭ᠎ᠠ ᠦᠷᠢᠰᠦᠯᠲᠦᠭᠡᠡ ᠢ ᠭᠠᠷ ᠬᠤᠯᠪᠤᠠ ᠠᠷᠭᠠᠴᠠᠵᠦ᠂ ᠬᠦᠭᠵᠢᠯᠲᠠ ᠶᠢᠨ ᠰᠢᠨ᠎ᠠ ᠠᠵᠠ ᠲᠤᠬᠢᠶᠠᠯ ᠢ ᠡᠭᠦᠳᠴᠤ᠂ ᠬᠦᠭᠵᠢᠯᠲᠠ ᠶᠢᠨ ᠰᠢᠨ᠎ᠠ ᠬᠦᠲᠡᠯᠭᠡᠬᠦ ᠬᠦᠴᠤᠨ ᠢ ᠡᠷᠢᠯᠬᠢᠯᠡᠵᠦ᠂ ᠬᠦᠭᠵᠢᠯᠲᠠ ᠶᠢᠨ ᠰᠢᠨ᠎ᠠ ᠤᠷᠤᠠ ᠵᠠᠢ ᠶᠢ ᠦᠷᠭᠡᠳᠭᠡᠡ᠂ ᠲᠠᠪᠠᠭᠤᠯᠢᠭ ᠢᠶᠠᠷ ᠢᠶᠠᠨ ᠬᠠᠷᠢᠯᠴᠠᠠ ᠨᠦᠬᠦᠪᠦᠷᠢᠯᠡᠬᠦ᠂ ᠬᠠᠷᠢᠯᠴᠠᠠ ᠠᠰᠢᠠᠠᠲᠠᠢ  ᠬᠠᠮᠲᠤ ᠪᠠᠷ  ᠠᠰᠢᠭ  ᠬᠦᠷᠲᠡᠬᠦ ᠶᠢ  ᠪᠡᠶᠡᠯᠡᠭᠦᠯᠵᠦ᠂  ᠬᠦᠮᠦᠨ ᠲᠦᠷᠦᠯᠬᠢᠲᠠᠠ ᠤ ᠬᠤᠪᠢ ᠵᠠᠶᠠᠭᠠᠠ ᠤ ᠬᠠᠮᠲᠤ ᠶᠢᠨ ᠴᠤᠭᠴᠠ ᠶᠢᠨ ᠴᠢᠭᠯᠡᠯ ᠲᠡᠰᠢ ᠲᠠᠰᠤᠷᠠᠯᠲᠠ ᠦᠭᠡᠢ ᠤᠷᠤᠭᠰᠢᠯᠠᠶ᠎ᠠ᠃ ᠰᠠᠨᠠᠭᠠᠴᠢᠯᠠᠭ᠎ᠠ ᠶᠢ ᠳᠤᠷᠠᠳᠤᠭᠰᠠᠨ ᠤ ᠳᠠᠷᠠᠭ᠎ᠠ᠂ ᠳᠡᠯᠡᠭᠡᠢ ᠨᠡᠶᠢᠭᠡᠮ ᠤᠨ ᠢᠳᠡᠪᠬᠢᠳᠠᠢ ᠲᠤᠰᠬᠠᠯ ᠪᠠ ᠦᠷᠭᠡᠨ ᠬᠡᠪᠴᠢᠶᠠᠨ ᠤ ᠳᠡᠮᠵᠢᠯᠭᠡ ᠶᠢ ᠤᠯᠵᠠᠢ ᠬᠡᠵᠦ ᠵᠢᠭᠠᠵᠦ ᠭᠠᠷᠭᠠᠪᠠ᠃ ᠰᠢ ᠶᠢᠨ ᠫᠢᠩ᠂ ᠲᠤᠮᠲᠠᠲᠤ ᠶᠢᠨ ᠲᠠᠯ᠎ᠠ  ᠡᠨᠡ  ᠤᠲᠠᠭ᠎ᠠ ᠶᠢᠨ ᠲᠦᠷᠦᠭᠦᠴᠤᠳ ᠤᠨ ᠶᠠᠷᠢᠶᠠᠠ ᠤ ᠲᠠᠪᠴᠠᠩ ᠢ ᠭᠤᠤᠯᠯᠠᠠ ᠡᠷᠬᠢᠯᠡᠬᠦ ᠪᠠᠷ ᠰᠠᠨᠠᠭᠠᠴᠢᠯᠠᠭᠰᠠᠠ  ᠵᠤᠷᠢᠯᠭ᠎ᠠ  ᠪᠤᠯ  ᠲᠠᠷᠤᠢ ᠬᠠᠮᠲᠤᠷᠠᠯᠴᠠᠭᠠᠠ ᠤ ᠶᠡᠭᠡ ᠪᠤᠲᠤᠯᠭ᠎ᠠ ᠶᠢ ᠬᠠᠮᠲᠤ ᠪᠠᠷ ᠵᠦᠪᠲᠡᠵᠦ᠂ ᠬᠠᠮᠲᠤᠷᠠᠯᠴᠠᠭᠠᠠ ᠤ ᠲᠠᠪᠴᠠᠩ ᠢ ᠬᠠᠮᠲᠤ ᠪᠠᠷ ᠪᠠᠶᠢᠭᠤᠯᠵᠦ᠂ ᠬᠠᠮᠲᠤᠷᠠᠯᠴᠠᠭ᠎ᠠ ᠶᠢᠨ ᠦᠷ᠎ᠡ ᠪᠦᠲᠦᠮᠵᠢ ᠶᠢ ᠬᠠᠮᠲᠤ ᠪᠠᠷ ᠡᠳ᠋ᠯᠡᠵᠦ᠂ ︽ᠨᠢᠭᠡ ᠪᠦᠰᠡ ᠨᠢᠭᠡ ᠵᠠᠮ︾᠎ ᠤᠨ  ᠪᠦᠲᠦᠭᠡᠡ ᠪᠠᠶᠢᠭᠤᠯᠤᠯᠲᠠ ᠪᠠᠷ ᠡᠯ᠎ᠠ ᠤᠯᠤᠰ ᠤᠨ ᠠᠷᠠᠳ ᠲᠦᠮᠡᠡ ᠳᠤ ᠨᠡᠩ ᠰᠠᠶᠢᠠ ᠪᠤᠶᠠᠠ ᠦᠢᠯᠡᠳᠭᠦ ᠶᠢᠨ ᠲᠦᠯᠦᠭᠡ ᠶᠤᠮ᠃ ᠲᠤᠭᠤᠷᠢᠭ ᠰᠢᠷᠡᠭᠡᠡ ᠤ ᠲᠦᠷᠦᠭᠦᠴᠤᠳ ᠤᠨ ᠬᠤᠷᠠᠯ ᠢᠶᠠᠷ ᠲᠠᠮᠵᠢᠭᠤᠯᠵᠦ᠂ ᠬᠠᠮᠲᠤ ᠶᠢᠨ ᠲᠠᠨᠢᠯᠲᠠ ᠪᠠᠨ  ᠴᠢᠨᠠᠭᠰᠢᠲᠠ ᠨᠢᠭᠲᠠᠷᠠᠭᠤᠯᠤᠨ᠂ ︽ᠨᠢᠭᠡ ᠪᠦᠰᠡ ᠨᠢᠭᠡ ᠵᠠᠮ︾᠎ ᠤᠨ ᠪᠦᠲᠦᠭᠡᠡ ᠪᠠᠶᠢᠭᠤᠯᠤᠯᠲᠠ ᠶᠢᠨ ᠤᠯᠠᠠ ᠤᠯᠤᠰ ᠤᠨ ᠬᠠᠮᠲᠤᠷᠠᠯᠴᠠᠭ᠎ᠠ ᠳᠤ ᠴᠢᠭᠯᠡᠯ ᠢ ᠵᠢᠭᠠᠠ᠂ ᠠᠯᠤᠰ ᠤᠨ ᠲᠦᠯᠦᠪ ᠢ ᠵᠢᠷᠤᠭᠯᠠᠬᠤ ᠶᠢ ᠬᠦᠰᠡᠨ᠎ᠠ ᠭᠡᠵᠦ ᠵᠢᠭᠠᠵᠦ ᠭᠠᠷᠭᠠᠵᠠᠢ᠃ ᠰᠢ ᠶᠢᠨ ᠫᠢᠩ᠂ ᠪᠢᠳᠡ ᠬᠠᠷᠢᠯᠴᠠᠨ ᠠᠰᠢᠬᠳᠠᠢ ᠬᠠᠮᠳᠤᠪᠡᠷ ᠠᠰᠢᠬ ᠬᠦᠷᠳᠡᠬᠦ ᠶᠢ ᠠᠬᠢᠭᠤᠯᠵᠦ᠂ ᠬᠠᠮᠳᠤᠷᠠᠯᠴᠠᠭᠠᠨ ᠤ ᠴᠢᠭᠯᠡᠯ ᠢ ᠲᠤᠭᠳᠠᠭᠠᠵᠦ᠂ ᠬᠠᠨᠢᠳᠠᠨ ᠤ ᠵᠤᠷᠢᠭ ᠰᠠᠨᠠᠭ᠎ᠠ ᠪᠠᠷ ᠬᠠᠮᠳᠤ ᠪᠠᠷ ᠵᠦᠪᠳᠡᠯᠴᠡᠭᠦ᠂ ᠬᠠᠮᠳᠤ ᠪᠠᠷ ᠪᠠᠶᠢᠭᠤᠯᠬᠤ᠂ ᠬᠠᠮᠳᠤ ᠪᠠᠷ ᠡᠳ᠋ᠯᠡᠭᠦ ᠶᠢ ᠪᠠᠳᠤ ᠪᠠᠷᠢᠮᠳᠠᠯᠠᠵᠤ᠂ ᠲᠦᠷᠦ ᠶᠢᠨ ᠪᠤᠳᠤᠯᠭ᠎ᠠ ᠶᠢᠨ ᠨᠡᠪᠲᠡᠷᠡᠯᠴᠡᠭᠡ᠂ ᠰᠠᠭᠤᠷᠢ ᠲᠦᠭᠦᠭᠡᠷᠦᠮᠵᠢ ᠶᠢᠨ ᠬᠤᠯᠪᠤᠯᠳᠤᠯ᠂ ᠠᠷᠠᠯᠵᠢᠶ᠎ᠡ ᠶᠢ ᠰᠠᠭᠠᠳ ᠦᠭᠡᠢ ᠨᠡᠪᠳᠡᠷᠡᠭᠦᠯᠭᠦ᠂ ᠮᠦᠩᠭᠦᠨ ᠭᠦᠢᠯᠭᠡᠭᠡᠨ ᠤ ᠠᠭᠤᠰᠤᠯᠴᠠᠨ ᠨᠡᠪᠳᠡᠷᠡᠯᠴᠡᠬᠦ᠂ ᠠᠷᠠᠳ ᠤᠨ ᠰᠡᠳᠬᠢᠯ ᠢ ᠬᠠᠷᠢᠯᠴᠡᠨ ᠨᠡᠪᠳᠡᠷᠡᠯᠴᠡᠬᠦᠯᠬᠦ ᠪᠠᠷ ᠬᠠᠮᠳᠤ ᠪᠠᠷ ᠴᠢᠷᠮᠠᠶᠢᠬᠤ ᠬᠠᠷᠠᠯᠳᠡ ᠪᠤᠯᠭᠠᠵᠦ᠂  ᠨᠡᠭᠡᠭᠡᠯᠳᠡ ᠶᠢᠨ  ᠲᠤᠮᠳᠡ  ᠬᠠᠮᠳᠤᠷᠠᠯᠴᠠᠬᠤ ᠶᠢ ᠪᠠᠷᠢᠮᠳᠠᠯᠠᠵᠤ᠂ ᠬᠠᠮᠳᠤᠷᠠᠯᠴᠠᠬᠤ ᠶᠢᠨ ᠲᠤᠮᠳᠠ ᠬᠠᠮᠳᠤ ᠪᠠᠷ ᠠᠰᠢᠭ ᠭᠦᠷᠳᠡᠵᠤ᠂ ᠦᠭᠡ ᠵᠤᠯᠭᠠᠯᠴᠠᠭ᠎ᠠ ᠪᠠᠷ ᠵᠦᠷᠢᠯᠳᠦᠭᠡᠨ ᠢ ᠰᠢᠢᠳᠪᠦᠷᠢᠯᠡᠵᠤ᠂ ᠵᠦᠪᠳᠡᠯᠴᠡᠵᠤ ᠪᠠᠶᠢᠭᠠᠳ ᠵᠢᠭᠤᠷᠠᠯᠳᠤᠭᠠᠨ ᠢ ᠰᠢᠢᠳᠪᠦᠷᠢᠯᠡᠵᠤ᠂  ᠬᠠᠮᠳᠤ ᠪᠠᠷ  ᠭᠠᠵᠠᠷ  ᠤᠷᠤᠨ ᠤ ᠲᠤᠭᠳᠠᠭᠤᠨ ᠢ ᠬᠠᠮᠠᠭᠠᠯᠠᠬᠤ ᠶᠢ ᠪᠠᠷᠢᠮᠳᠠᠯᠠᠶ᠎ᠠ᠃  ᠪᠢᠳᠡ  ᠡᠷᠬᠡᠪᠰᠢ  ᠳᠦᠷᠦ ᠶᠢᠨ  ᠪᠤᠳᠤᠯᠭ᠎ᠠ ᠶᠢᠨ
ᠵᠤᠯᠭᠠᠯᠴᠠᠭ᠎ᠠ ᠶᠢ ᠨᠢᠬᠳᠠᠷᠠᠭᠤᠯᠵᠦ᠂ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢ ᠵᠤᠯᠭᠠᠯᠴᠠᠭᠤᠯᠬᠤ ᠬᠡᠷᠡᠭᠳᠡᠢ᠃ ︽ᠨᠢᠬᠡ ᠪᠦᠰᠡ ᠨᠢᠬᠡ ᠵᠠᠮ︾᠎ ᠤᠨ ᠪᠦᠳᠦᠬᠡᠨ ᠪᠠᠶᠢᠭᠤᠯᠤᠯᠳᠠ ᠶᠢᠨ ᠬᠠᠮᠳᠤᠷᠠᠯᠴᠠᠭ᠎ᠠ ᠶᠢ ᠤᠯᠠᠨ ᠤᠯᠤᠰ ᠤᠨ ᠬᠤᠯᠪᠤᠭᠠᠳᠤ ᠪᠠᠶᠢᠭᠤᠯᠤᠯᠭ᠎ᠠ ᠶᠢᠨ 2030 ᠤᠨ ᠤ ᠦᠷᠬᠦᠯᠵᠢᠯᠡᠬᠦ ᠬᠦᠭᠵᠢᠯᠳᠡ ᠶᠢᠨ ᠵᠦᠪᠯᠡᠬᠦ ᠵᠦᠢᠯ᠂ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠦᠮᠦᠰ ᠤᠨ ᠬᠠᠩᠵᠸᠦ ᠳᠠᠬᠢ ᠳᠦᠷᠦᠬᠦᠴᠤᠳ ᠤᠨ ᠬᠤᠷᠠᠯ ᠤᠨ ᠠᠮᠵᠢᠯᠳᠠ ᠪᠦᠳᠦᠮᠵᠢ ᠲᠠᠢ ᠤᠶᠠᠯᠳᠤᠭᠤᠯᠵᠦ᠂ ᠤᠷᠤᠨ ᠪᠦᠰᠡ ᠶᠢᠨ ᠬᠦᠭᠵᠢᠯᠳᠡ ᠶᠢᠨ ᠳᠦᠯᠦᠪᠯᠡᠭᠡ ᠯᠦᠭᠡ ᠵᠤᠯᠭᠠᠯᠴᠠᠭᠤᠯᠵᠦ᠂ ᠬᠠᠮᠢᠶ᠎ᠠ ᠪᠦᠬᠦᠢ  ᠤᠯᠤᠰ ᠤᠨ  ᠳᠤᠷᠠᠳᠤᠬᠰᠠᠨ ᠬᠦᠭᠵᠢᠯᠳᠡ ᠶᠢᠨ ᠳᠦᠯᠦᠪᠵᠢᠬᠦᠯᠬᠡ ᠯᠦᠭᠡ ᠵᠤᠬᠢᠴᠠᠭᠤᠯᠵᠦ᠂ ︽ᠨᠢᠬᠡ ᠳᠡᠬᠡᠷ᠎ᠡ ᠨᠢᠬᠡ ᠨᠡᠮᠡᠪᠡᠯ ᠬᠤᠶᠠᠷ ᠠᠴᠠ ᠶᠡᠭᠡ ᠪᠤᠯᠬᠤ︾ ᠦᠷ᠎ᠠ ᠪᠦᠳᠦᠮᠵᠢ ᠶᠢ ᠭᠠᠷᠭᠠᠶ᠎ᠠ᠃ ᠪᠢᠳᠠ ᠳᠦᠷᠦᠯ ᠵᠦᠢᠯ ᠢᠶᠠᠷ ᠠᠬᠢᠭᠤᠯᠬᠤ ᠳᠤ ᠳᠦᠰᠢᠭᠯᠡᠨ᠂ ᠰᠠᠭᠤᠷᠢ ᠳᠦᠬᠦᠬᠡᠷᠦᠮᠵᠢ ᠶᠢᠨ ᠨᠡᠪᠳᠡᠷᠡᠯᠴᠡᠭᠡ᠂ ᠪᠤᠳᠠᠳᠤ ᠴᠤᠭᠴᠠ ᠶᠢᠨ ᠠᠵᠦ  ᠠᠬᠤᠢ ᠶᠢᠨ  ᠬᠠᠮᠳᠤᠷᠠᠯᠴᠠᠭ᠎ᠠ᠂  ᠠᠵᠦ  ᠠᠬᠤᠢ  ᠪᠤᠯᠤᠨ  ᠪᠡᠯᠡ ᠤᠷᠤᠭᠤᠯᠤᠯᠳᠠ ᠶᠢᠨ ᠴᠢᠯᠦᠬᠡᠳᠠᠢ ᠪᠠᠶᠢᠬᠤ ᠪᠠ ᠲᠦᠬᠦᠮᠴᠢᠯᠡᠯᠳᠠ᠂ ᠮᠦᠩᠬᠦᠨ ᠬᠦᠢᠯᠬᠡᠬᠡᠨ ᠤ ᠬᠠᠮᠳᠤᠷᠠᠯᠴᠠᠭ᠎ᠠ᠂ ᠠᠷᠠᠳ ᠤᠨ ᠰᠡᠳᠬᠢᠯ ᠤᠨ ᠨᠡᠪᠳᠡᠷᠡᠯᠴᠡᠬᠦ ᠵᠡᠷᠬᠡ ᠳᠠᠯ᠎ᠠ ᠪᠠᠷ ᠪᠤᠳᠠᠳᠠᠢ ᠶᠢ ᠡᠷᠬᠢᠮᠯᠡᠭᠰᠡᠨ ᠬᠠᠮᠳᠤᠷᠠᠯᠴᠠᠭ᠎ᠠ ᠶᠢ ᠬᠦᠨᠵᠡᠬᠡᠶᠢᠷᠡᠬᠦᠯᠦᠶ᠎ᠠ ᠭᠡᠵᠦ ᠴᠢᠬᠤᠯᠠᠴᠢᠯᠠᠪᠠ᠃ ᠳᠠᠷᠠᠭ᠎ᠠ ᠨᠢ ᠨᠢᠬᠡᠳᠦᠬᠡᠷ ᠱᠠᠳᠤᠨ ᠤ ᠬᠤᠷᠠᠯ᠂ ᠦᠳᠡ ᠶᠢᠨ ᠳᠠᠶᠢᠯᠠᠯᠭ᠎ᠠ᠂ ᠬᠤᠶᠠᠳᠤᠭᠠᠷ ᠱᠠᠳᠤᠨ ᠤ ᠬᠤᠷᠠᠯ ᠢ ᠶᠠᠪᠤᠭᠳᠠᠭᠤᠯᠪᠠ᠃ ᠬᠤᠷᠠᠯ ᠳᠤ ᠤᠷᠤᠯᠴᠠᠬᠰᠠᠨ ᠤᠳᠤᠷᠢᠳᠬᠤ ᠬᠦᠮᠦᠰ ᠳᠤᠰᠪᠤᠷᠢ ︽ᠳᠦᠷᠦ ᠶᠢᠨ ᠪᠤᠳᠤᠯᠭ᠎ᠠ ᠪᠠ ᠬᠦᠭᠵᠢᠯᠲᠡ ᠶᠢᠨ  ᠪᠠᠶᠢᠯᠳᠤᠬᠤ  ᠪᠤᠳᠤᠯᠭ᠎ᠠ ᠶᠢᠨ
ᠵᠤᠯᠭᠠᠯᠴᠠᠭ᠎ᠠ ᠶᠢ  ᠴᠢᠩᠭᠠᠳᠬᠠᠵᠤ᠂  ᠬᠠᠨᠢᠳᠠᠨ ᠤ  ᠬᠠᠷᠢᠴᠠᠭ᠎ᠠ ᠶᠢ ᠬᠦᠨᠵᠡᠬᠡᠶᠢᠷᠡᠬᠦᠯᠬᠦ︾᠂ ︽ᠰᠤᠶᠤᠯ ᠢᠷᠬᠡᠨᠰᠢᠯ ᠤᠨ ᠰᠤᠯᠢᠯᠴᠠᠭ᠎ᠠ  ᠬᠠᠮᠳᠤᠷᠠᠯᠴᠠᠭ᠎ᠠ ᠶᠢ  ᠠᠬᠢᠭᠤᠯᠬᠤ︾᠂  ︽ᠬᠠᠷᠢᠯᠴᠠᠨ ᠬᠤᠯᠪᠤᠭᠠᠯᠠᠵᠦ ᠬᠠᠷᠢᠯᠴᠠᠨ ᠨᠡᠪᠳᠡᠷᠡᠯᠴᠡᠬᠦ ᠳᠠᠯ᠎ᠠ ᠪᠠᠷ ᠬᠢ ᠪᠤᠳᠠᠳᠠᠢ ᠶᠢ ᠡᠷᠬᠢᠮᠯᠡᠭᠰᠡᠨ ᠬᠠᠮᠳᠤᠷᠠᠯᠴᠠᠭ᠎ᠠ ᠶᠢ ᠠᠬᠢᠭᠤᠯᠵᠦ᠂ ᠬᠠᠷᠢᠯᠴᠠᠨ ᠬᠤᠯᠪᠤᠯᠳᠤᠨ ᠬᠦᠭᠵᠢᠬᠦ ᠶᠢ ᠪᠠᠶᠠᠯᠠᠬᠦᠯᠬᠦ︾ ᠰᠡᠳᠦᠪ ᠤᠨ ᠳᠤᠭᠤᠷᠢᠨ ᠳᠤ ᠦᠷᠬᠡᠨ ᠬᠦᠨᠵᠡᠬᠡᠢ ᠰᠠᠨᠠᠯ ᠢᠶᠠᠨ ᠰᠤᠯᠢᠯᠴᠠᠵᠦ᠂ ᠴᠢᠬᠤᠯᠠ ᠬᠠᠮᠳᠤ ᠶᠢᠨ ᠳᠠᠨᠢᠯᠳᠠ ᠲᠠᠢ ᠪᠤᠯᠵᠠᠢ᠃ ᠡᠯ᠎ᠠ ᠳᠠᠯ᠎ᠠ ᠶᠢᠨ ᠬᠢᠨ ︽ᠨᠢᠬᠡ ᠪᠦᠰᠡ ᠨᠢᠬᠡ ᠵᠠᠮ︾ ᠎ ᠤᠨ ᠪᠦᠳᠦᠬᠡᠨ ᠪᠠᠶᠢᠭᠤᠯᠤᠯᠳᠠ ᠶᠢᠨ ᠴᠢᠬᠤᠯᠠ ᠠᠴᠢ ᠬᠤᠯᠪᠤᠬᠳᠠᠯ ᠢ ᠴᠢᠬᠤᠯᠠᠴᠢᠯᠠᠵᠦ᠂ ᠬᠠᠮᠳᠤᠷᠠᠯᠴᠠᠭ᠎ᠠ ᠬᠢᠬᠦ ᠶᠢ ᠨᠡᠩ ᠦᠨᠳᠦᠷ ᠳᠦᠪᠰᠢᠨ᠂ ᠨᠡᠩ ᠶᠡᠭᠡ ᠬᠡᠪᠴᠢᠶ᠎ᠠ᠂ ᠨᠡᠩ ᠬᠦᠨ ᠳᠠᠪᠬᠤᠷᠭ᠎ᠠ ᠳᠡᠰᠢ ᠠᠬᠢᠭᠤᠯᠬᠤ ᠶᠢ ᠬᠦᠰᠡᠪᠡ︔ ᠬᠤᠷᠸ᠎ᠠ ᠠᠵᠦ ᠠᠬᠤᠢ ᠶᠢᠨ ᠳᠦᠷᠦ ᠶᠢᠨ ᠪᠤᠳᠤᠯᠭ᠎ᠠ ᠶᠢᠨ ᠵᠤᠬᠢᠴᠠᠭᠤᠯᠭ᠎ᠠ ᠶᠢ ᠴᠢᠩᠭᠠᠳᠬᠠᠵᠦ᠂ ᠰᠠᠶᠢᠨ ᠰᠠᠶᠢᠬᠠᠨ ᠤᠯᠠᠨ  ᠤᠯᠤᠰ ᠤᠨ ᠤᠷᠴᠢᠨ ᠳᠤᠭᠤᠷᠢᠨ ᠢ ᠪᠤᠢ ᠪᠤᠯᠭᠠᠬᠤ ᠶᠢ ᠵᠦᠪᠰᠢᠶᠡᠷᠡᠪᠡ︔ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠪᠠᠨ ᠵᠤᠯᠭᠠᠭᠤᠯᠬᠤ ᠶᠢ ᠪᠤᠳᠠᠳᠠᠢ ᠨᠠᠶᠢᠳᠠᠪᠤᠷᠢᠵᠢᠭᠤᠯᠵᠦ᠂ ᠡᠯ᠎ᠠ ᠤᠯᠤᠰ ᠤᠨ ᠳᠦᠯᠦᠪᠵᠢᠬᠦᠯᠬᠡ ᠬᠠᠷᠢᠯᠴᠠᠨ  ᠵᠤᠯᠭᠠᠯᠴᠠᠬᠤ᠂  ᠬᠦᠭᠵᠢᠯᠳᠡ  ᠬᠠᠷᠢᠯᠴᠠᠨ ᠠᠭᠤᠰᠤᠯᠴᠠᠬᠤ᠂ ᠠᠰᠢᠬ ᠳᠤᠰᠠ ᠶᠢ ᠬᠠᠮᠳᠤ ᠪᠠᠷ ᠡᠳ᠋ᠯᠡᠬᠦ ᠪᠠᠶᠢᠳᠠᠯ ᠢ ᠴᠢᠷᠮᠠᠶᠢᠨ ᠪᠦᠷᠢᠯᠳᠦᠬᠦᠯᠬᠦ ᠶᠢ ᠬᠦᠰᠡᠵᠡᠬᠡᠪᠡ᠃ ᠡᠯ᠎ᠠ ᠲᠠᠯ᠎ᠠ ᠶᠢᠨ ᠬᠢᠨ᠂ ᠬᠤᠯᠪᠤᠯᠲᠤᠨ ᠨᠡᠪᠲᠡᠷᠡᠯᠴᠡᠬᠦ ᠶᠢ ︽ᠨᠢᠭᠡ ᠪᠦᠰᠡ ᠨᠢᠭᠡ ᠵᠠᠮ︾᠎ ᠤᠨ ᠪᠦᠲᠦᠭᠡᠡ ᠪᠠᠶᠢᠭᠤᠯᠤᠯᠲᠠ ᠶᠢᠨ ᠬᠠᠮᠲᠤᠷᠠᠯᠴᠠᠭ᠎ᠠ ᠶᠢᠨ ᠭᠤᠤᠯᠲᠠᠯᠭ᠎ᠠ ᠲᠠᠢ ᠬᠦᠷᠢᠶ᠎ᠠ ᠴᠠᠷᠠᠭ᠎ᠠ ᠪᠤᠯᠭᠠᠵᠤ᠂ ᠰᠠᠭᠤᠷᠢ ᠲᠦᠬᠦᠭᠡᠷᠦᠮᠵᠢ ᠶᠢᠨ  ᠬᠤᠯᠪᠤᠯᠲᠤᠠ ᠨᠡᠪᠲᠡᠷᠡᠯᠴᠡᠬᠦ ᠲᠤᠤᠷ ᠢ ᠲᠡᠭᠦᠯᠲᠡᠷᠵᠢᠭᠦᠯᠦᠨ᠂ ᠲᠦᠷᠦ ᠶᠢᠨ ᠪᠤᠲᠤᠯᠭ᠎ᠠ᠂ ᠲᠦᠷᠢᠮ ᠲᠤᠭᠲᠠᠭᠠᠯ᠂  ᠪᠠᠷᠢᠮᠵᠢᠶ᠎ᠠ  ᠵᠡᠷᠭᠡ ᠲᠠᠯ᠎ᠠ ᠪᠠᠷ ᠬᠢ ︽ᠵᠦᠬᠡᠯᠡᠡ ᠬᠤᠯᠪᠤᠯᠲᠤᠯ ᠨᠡᠪᠲᠡᠷᠡᠯ︾᠎ ᠢ ᠴᠢᠷᠮᠠᠶᠢᠨ ᠴᠢᠩᠭᠠᠳᠬᠠᠵᠦ᠂ ᠬᠤᠯᠪᠤᠯᠲᠤᠯ ᠨᠡᠪᠲᠡᠷᠡᠯᠴᠡᠯ ᠤᠨ ᠪᠤᠲᠠᠲᠤ ᠴᠤᠭᠴᠠ ᠶᠢᠨ ᠠᠵᠦ ᠠᠬᠤᠢ ᠳᠤ ᠦᠵᠡᠭᠦᠯᠬᠦ ᠰᠠᠴᠤᠷᠠᠭ ᠨᠦᠯᠦᠭᠡ ᠪᠤᠯᠤᠨ ᠲᠠᠶᠢᠴᠢᠯᠠᠬᠤ ᠦᠢᠯᠡᠲᠦᠯ ᠢ  ᠬᠦᠢᠴᠡᠳ ᠪᠠᠲᠠᠷᠠᠭᠤᠯᠵᠦ᠂ ᠲᠤᠭᠲᠠᠭᠤᠨ ᠪᠦᠭᠡᠳ ᠤᠯᠠᠠ ᠡᠰᠢᠲᠦ ᠮᠦᠩᠭᠦᠨ ᠬᠦᠢᠯᠭᠡᠭᠡ ᠶᠢᠨ ᠬᠤᠯᠪᠤᠯᠲᠤᠯ ᠨᠡᠪᠲᠡᠷᠡᠯ  ᠪᠤᠯᠤᠨ ᠬᠠᠮᠲᠤᠷᠠᠯᠴᠠᠭᠠᠠ ᠤ ᠪᠠᠶᠢᠷᠢᠰᠢᠯ ᠢ ᠪᠠᠶᠢᠭᠤᠯᠬᠤ ᠪᠠᠷ ᠰᠠᠨᠠᠯ ᠨᠢᠭᠡᠲᠠᠢ ᠲᠤᠭᠲᠠᠵᠠᠢ᠃ ᠡᠯ᠎ᠠ ᠲᠠᠯ᠎ᠠ ᠶᠢᠨ ᠬᠢᠨ ︽ᠨᠢᠭᠡ ᠪᠦᠰᠡ ᠨᠢᠭᠡ ᠵᠠᠮ ︾᠎ ᠤᠨ ᠪᠦᠲᠦᠭᠡᠡ ᠪᠠᠶᠢᠭᠤᠯᠤᠯᠲᠠ ᠳᠤ ᠠᠵᠦ ᠠᠬᠤᠢ ᠶᠢᠨ ᠬᠠᠮᠲᠤᠷᠠᠯᠴᠠᠭ᠎ᠠ  ᠪᠤᠯᠤᠨ  ᠰᠤᠶᠦᠯ  ᠢᠷᠭᠡᠨᠰᠢᠯ ᠤᠨ ᠰᠤᠯᠢᠯᠴᠠᠭ᠎ᠠ ᠶᠢᠨ ᠬᠤᠤᠰ ᠵᠢᠮ ᠢᠶᠠᠷ ᠬᠠᠮᠲᠤ ᠤᠷᠤᠭᠰᠢᠯᠠᠬᠤ ᠶᠢ ᠪᠠᠷᠢᠮᠲᠠᠯᠠᠵᠦ᠂ ᠠᠷᠠᠳ ᠤᠨ ᠠᠮᠢᠲᠤᠷᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠦ᠂ ᠦᠷᠬᠦᠯᠵᠢᠯᠡᠬᠦ ᠬᠦᠭᠵᠢᠯᠲᠡ ᠳᠤ ᠦᠢᠯᠡᠴᠢᠯᠡᠬᠦ ᠪᠠᠷ ᠰᠠᠨᠠᠯ ᠨᠢᠭᠡᠲᠡᠢ ᠵᠦᠪᠰᠢᠶᠡᠷᠡᠵᠠᠢ᠃ ᠬᠤᠷᠠᠯ ᠳᠤ ᠤᠷᠤᠯᠴᠠᠭᠰᠠᠠ ᠡᠯ᠎ᠠ ᠤᠯᠤᠰ ᠤᠨ ᠤᠲᠤᠷᠢᠳᠬᠤ ᠬᠦᠮᠦᠰ ᠵᠢᠴᠢ ᠤᠯᠠᠠ ᠤᠯᠤᠰ ᠤᠨ ᠵᠤᠬᠢᠶᠠᠠ ᠪᠠᠶᠢᠭᠤᠯᠤᠯᠲᠠ ᠶᠢᠨ ᠬᠠᠷᠢᠭᠤᠴᠠᠯᠭᠠᠲᠠᠠ ᠲᠤᠮᠲᠠᠲᠤ ᠤᠯᠤᠰ ᠤᠨ ᠲᠠᠯ᠎ᠠ ᠶᠢᠨ ᠲᠤᠷᠠᠲᠤᠭᠰᠠᠠ ︽ᠨᠢᠭᠡ ᠪᠦᠰᠡ ᠨᠢᠭᠡ ᠵᠠᠮ︾ ᠎ ᠤᠨ ᠰᠠᠨᠠᠭᠠᠴᠢᠯᠠᠭ᠎ᠠ ᠵᠢᠴᠢ ᠡᠨᠡ ᠤᠲᠠᠭᠠᠠ ᠤ ᠲᠦᠷᠦᠭᠦᠴᠤᠳ ᠤᠨ ᠶᠠᠷᠢᠶᠠᠠ ᠤ ᠲᠡᠪᠴᠠᠩ ᠢ ᠡᠷᠬᠢᠯᠡᠭᠰᠡᠡ ᠢ ᠲᠡᠭᠡᠲᠦ ᠬᠡᠮᠵᠢᠶ᠎ᠠ ᠪᠠᠷ ᠦᠨᠡᠯᠡᠵᠦ᠂ ᠭᠠᠷ ᠬᠤᠯᠪᠤᠠ ︽ᠨᠢᠭᠡ ᠪᠦᠰᠡ ᠨᠢᠭᠡ ᠵᠠᠮ︾᠎ ᠤᠨ ᠪᠦᠲᠦᠭᠡᠡ ᠪᠠᠶᠢᠭᠤᠯᠤᠯᠲᠠ ᠶᠢ ᠠᠬᠢᠭᠤᠯᠵᠦ᠂ ᠬᠠᠮᠲᠤ ᠪᠠᠷ ᠴᠡᠴᠡᠭᠯᠡᠡ ᠬᠦᠭᠵᠢᠬᠦ ᠶᠢ ᠪᠡᠶᠡᠯᠡᠭᠦᠯᠬᠦ ᠶᠢ ᠬᠦᠰᠡᠡ ᠱᠠᠭᠠᠷᠳᠠᠪᠠ᠃ ᠦᠲᠡ ᠶᠢᠨ ᠬᠤᠶᠢᠨᠠᠬᠢ 5 ᠴᠠᠭ ᠤᠨ ᠦᠶ᠎ᠠ ᠪᠠᠷ᠂ ᠬᠤᠷᠠᠯ ᠲᠡᠭᠦᠰᠭᠦ ᠭᠤᠭᠴᠤᠭ᠎ᠠ ᠳᠤ ᠤᠷᠤᠵᠦ᠂ ᠡᠯ᠎ᠠ ᠲᠠᠯ᠎ᠠ ᠶᠢᠨ ᠬᠢᠨ ︽︿ᠨᠢᠭᠡ ᠪᠦᠰᠡ ᠨᠢᠭᠡ
ᠵᠠᠮ﹀᠎ ᠤᠨ  ᠤᠯᠠᠠ  ᠤᠯᠤᠰ ᠤᠨ  ᠬᠠᠮᠲᠤᠷᠠᠯᠴᠠᠭᠠᠨ ᠤ ᠲᠦᠷᠦᠭᠦᠴᠤᠳ ᠤᠨ ᠶᠠᠷᠢᠶᠠᠠ ᠤ ᠲᠡᠪᠴᠠᠩ ᠤᠨ ᠲᠤᠭᠤᠷᠢᠭ ᠰᠢᠷᠡᠭᠡᠡ ᠤ ᠲᠦᠷᠦᠭᠦᠴᠤᠳ ᠤᠨ ᠬᠤᠷᠠᠯ ᠤᠨ ᠬᠠᠮᠲᠤᠷᠠᠭᠰᠠᠠ ᠠᠯᠪᠠᠠ ᠮᠡᠲᠡᠭᠡ︾᠎ ᠶᠢ ᠪᠠᠲᠤᠯᠠᠵᠦ᠂ ︽ᠨᠢᠭᠡ ᠪᠦᠰᠡ ᠨᠢᠭᠡ ᠵᠠᠮ︾᠎ ᠤᠨ  ᠤᠯᠠᠠ  ᠤᠯᠤᠰ ᠤᠨ
ᠬᠠᠮᠲᠤᠷᠠᠯᠴᠠᠭᠠᠠ ᠤ ᠲᠦᠷᠦᠭᠦᠴᠤᠳ ᠤᠨ ᠶᠠᠷᠢᠶᠠᠠ ᠤ ᠲᠡᠪᠴᠠᠩ ᠤᠨ ᠦᠷ᠎ᠡ ᠪᠦᠲᠦᠮᠵᠢ ᠶᠢᠨ ᠨᠠᠷᠢᠨ ᠬᠠᠭᠤᠲᠠᠰᠤ ᠶᠢ ᠨᠡᠶᠢᠲᠡᠯᠡᠪᠠ᠃ ᠰᠢ ᠶᠢᠨ ᠫᠢᠩ ᠲᠡᠭᠦᠰᠬᠦ ᠦᠭᠡ ᠬᠡᠯᠡᠵᠦ᠂ ᠬᠤᠷᠠᠯ ᠲᠡᠭᠡᠷ᠎ᠠ ᠲᠤᠬᠢᠷᠠᠯᠴᠠᠭᠰᠠᠠ 5 ᠴᠢᠬᠤᠯᠠ ᠬᠠᠮᠲᠤ ᠶᠢᠨ ᠲᠠᠨᠢᠯᠲᠠ ᠶᠢ ᠳ᠋ᠦᠩᠨᠡᠵᠠᠢ᠃ ᠨᠢᠭᠡᠲᠦᠭᠡᠷ ᠲᠤ᠂ ︽ᠨᠢᠭᠡ ᠪᠦᠰᠡ ᠨᠢᠭᠡ ᠵᠠᠮ︾᠎ ᠤᠨ ᠪᠦᠲᠦᠭᠡᠡ ᠪᠠᠶᠢᠭᠤᠯᠤᠯᠲᠠ ᠶᠢᠨ ᠬᠠᠮᠲᠤᠷᠠᠯᠴᠠᠭ᠎ᠠ ᠶᠢ ᠠᠬᠢᠭᠤᠯᠬᠤ ᠪᠠᠷ ᠬᠦᠴᠦᠯᠡᠨ ᠴᠢᠷᠮᠠᠶᠢᠵᠦ᠂ ᠭᠠᠷ ᠬᠤᠯᠪᠤᠠ ᠲᠡᠯᠡᠭᠡᠢ ᠶᠢᠨ ᠠᠵᠦ ᠠᠬᠤᠢ ᠳᠤ ᠲᠤᠯᠭᠠᠷᠠᠵᠦ ᠪᠠᠶᠢᠭ᠎ᠠ ᠦᠷᠢᠰᠦᠯᠲᠦᠭᠡᠡ ᠢ ᠠᠷᠭᠠᠴᠠᠨ᠎ᠠ᠃ ᠡᠯ᠎ᠠ ᠲᠠᠯ᠎ᠠ ᠶᠢᠨ ᠬᠢᠨ ︽ᠨᠢᠭᠡ ᠪᠦᠰᠡ ᠨᠢᠭᠡ ᠵᠠᠮ︾᠎ ᠤᠨ ᠪᠦᠲᠦᠭᠡᠡ ᠪᠠᠶᠢᠭᠤᠯᠤᠯᠲᠠ ᠶᠢᠨ ᠬᠠᠮᠲᠤᠷᠠᠯᠴᠠᠭ᠎ᠠ ᠶᠢᠨ ᠤᠯᠤᠭᠰᠠᠠ ᠠᠬᠢᠴᠠ ᠶᠢ ᠢᠲᠡᠪᠬᠢᠲᠠᠢ ᠦᠨᠡᠯᠡᠵᠦ᠂ ᠦᠷᠬᠦᠯᠵᠢᠯᠡᠡ ᠴᠢᠷᠮᠠᠶᠢᠵᠦ ᠪᠠᠶᠢᠭᠠᠳ ᠡᠯ᠎ᠠ ᠤᠯᠤᠰ ᠤᠨ ᠲᠦᠷᠦ ᠶᠢᠨ ᠪᠤᠲᠤᠯᠭ᠎ᠠ ᠶᠢᠨ ᠨᠡᠪᠲᠡᠷᠡᠯᠴᠡᠭᠡ ᠶᠢ ᠨᠡᠩ ᠬᠦᠴᠤᠨ ᠲᠠᠢ᠂ ᠰᠠᠭᠤᠷᠢ ᠲᠦᠬᠦᠭᠡᠷᠦᠮᠵᠢ ᠶᠢᠨ ᠬᠤᠯᠪᠤᠯᠲᠤᠯ ᠨᠡᠪᠲᠡᠷᠡᠯ ᠢ ᠨᠡᠩ ᠦᠨᠲᠦᠷ ᠪᠦᠲᠦᠮᠵᠢᠲᠠᠢ᠂ ᠠᠷᠠᠯᠵᠢᠶ᠎ᠠ ᠶᠢ ᠨᠡᠩ ᠰᠠᠭᠠᠳ ᠦᠭᠡᠢ ᠨᠡᠪᠲᠠᠷᠠᠭᠦᠯᠵᠦ᠂ ᠪᠡᠯᠡ ᠮᠦᠩᠭᠦ ᠶᠢ ᠨᠡᠩ ᠠᠭᠤᠰᠤᠯᠴᠠᠭᠤᠯᠤᠨ ᠨᠡᠪᠲᠡᠷᠡᠭᠦᠯᠵᠦ᠂ ᠠᠷᠠᠳ ᠤᠨ ᠰᠡᠳᠭᠢᠯ ᠢ ᠨᠡᠩ ᠨᠡᠪᠲᠡᠷᠡᠭᠦᠯᠦᠨ᠎ᠠ ᠭᠡᠵᠤ ᠢᠯᠡᠳᠭᠡᠪᠡ᠃ ᠬᠤᠶᠠᠳᠤᠭᠠᠷ ᠲᠤ᠂ ᠠᠵᠦ ᠠᠬᠤᠢ ᠶᠢᠨ ᠳᠦᠷᠦ ᠶᠢᠨ ᠪᠤᠳᠤᠯᠭ᠎ᠠ ᠶᠢ ᠵᠤᠬᠢᠴᠠᠭᠤᠯᠬᠤ  ᠪᠠ  ᠬᠦᠭᠵᠢᠯᠳᠠ ᠶᠢᠨ  ᠪᠠᠶᠢᠯᠳᠤᠬᠤ
ᠪᠤᠳᠤᠯᠭ᠎ᠠ ᠶᠢ  ᠵᠤᠯᠭᠠᠭᠤᠯᠬᠤ ᠶᠢ ᠴᠢᠩᠭᠠᠳᠬᠠᠬᠤ ᠶᠢ ᠳᠠᠮᠵᠢᠵᠦ᠂ ᠵᠤᠬᠢᠴᠠᠯᠳᠤᠵᠤ ᠬᠤᠯᠪᠤᠯᠳᠤᠵᠤ ᠬᠦᠭᠵᠢᠬᠦ ᠶᠢ ᠪᠠᠶᠠᠯᠠᠬᠦᠯᠬᠦ ᠪᠠᠷ  ᠴᠢᠷᠮᠠᠶᠢᠨ᠎ᠠ᠃  ᠡᠯ᠎ᠠ ᠳᠠᠯ᠎ᠠ ᠶᠢᠨ ᠬᠢᠨ ᠠᠵᠦ ᠠᠬᠤᠢ᠂ ᠮᠦᠩᠬᠦᠡ ᠬᠦᠢᠯᠬᠡᠬᠡ᠂ ᠠᠷᠠᠯᠵᠢᠶ᠎ᠠ᠂ ᠪᠠᠯᠠ ᠤᠷᠦᠭᠤᠯᠤᠯᠳᠠ ᠵᠡᠷᠬᠡ ᠬᠦᠷᠢᠶᠡᠡ ᠳᠠᠬᠢ ᠬᠤᠷᠸ᠎ᠠ ᠳᠦᠷᠦ ᠶᠢᠨ ᠪᠤᠳᠤᠯᠭ᠎ᠠ ᠶᠢᠨ ᠵᠤᠬᠢᠴᠠᠭᠤᠯᠭ᠎ᠠ ᠬᠢᠬᠦ ᠶᠢ ᠴᠢᠩᠭᠠᠳᠬᠠᠬᠤ︔ ᠨᠡᠬᠡᠬᠡᠯᠳᠡᠲᠦ ᠬᠡᠯᠪᠡᠷᠢ ᠶᠢᠨ ᠳᠠᠯᠠᠬᠡᠢ ᠶᠢᠨ ᠠᠵᠦ ᠠᠬᠤᠢ ᠶᠢ ᠪᠠᠶᠢᠭᠤᠯᠬᠤ ᠶᠢ ᠳᠡᠮᠵᠢᠵᠦ᠂ ᠴᠢᠯᠦᠬᠡᠳᠦ ᠠᠷᠠᠯᠵᠢᠶᠡᠡ ᠤ ᠤᠷᠤᠨ ᠤ ᠪᠦᠳᠦᠬᠡᠡ ᠪᠠᠶᠢᠭᠤᠯᠤᠯᠳᠠ ᠶᠢ ᠠᠬᠢᠭᠤᠯᠵᠦ᠂ ᠠᠷᠠᠯᠵᠢᠶ᠎ᠠ ᠪᠡ ᠪᠡᠯᠡ ᠤᠷᠦᠭᠤᠯᠤᠯᠳᠠ ᠶᠢᠨ ᠴᠢᠯᠦᠬᠡᠵᠢᠯᠲᠡ ᠳᠦᠬᠦᠮᠴᠢᠯᠡᠯᠲᠡ ᠶᠢ ᠠᠬᠢᠭᠤᠯᠬᠤ︔ ᠬᠦᠭᠵᠢᠯᠳᠠ ᠶᠢᠨ ᠪᠠᠶᠢᠯᠳᠤᠬᠤ ᠪᠤᠳᠤᠯᠭ᠎ᠠ ᠵᠢᠴᠢ ᠬᠠᠮᠳᠦᠷᠠᠯᠴᠠᠭᠠᠠ ᠤ ᠳᠦᠯᠥᠪᠵᠢᠬᠦᠯᠬᠡ ᠶᠢ ᠪᠦᠳᠦᠮᠵᠢᠳᠠᠢ ᠵᠤᠯᠭᠠᠭᠤᠯᠵᠦ᠂ ᠳᠠᠪᠠᠭᠤᠯᠢᠬ ᠢᠶᠠᠷ ᠢᠶᠠᠨ ᠬᠠᠷᠢᠯᠴᠠᠠ ᠨᠦᠬᠦᠪᠤᠷᠢᠯᠠᠵᠦ᠂ ᠬᠠᠮᠵᠢᠯᠴᠠᠠ ᠵᠡᠷᠬᠡᠪᠡᠷ ᠤᠷᠦᠬᠰᠢᠯᠠᠬᠤ︔ ᠰᠢᠨ᠎ᠠ ᠶᠢ ᠡᠬᠦᠳᠦᠡ ᠬᠦᠭᠵᠢᠬᠦᠯᠬᠦ ᠶᠢ ᠴᠢᠬᠤᠯᠠᠴᠢᠯᠠᠵᠦ᠂ ᠰᠢᠨ᠎ᠠ ᠠᠵᠦ ᠦᠢᠯᠠᠰ᠂ ᠰᠢᠨ᠎ᠠ ᠡᠵᠡᠩᠨᠡᠯᠳᠡ ᠶᠢᠨ ᠬᠡᠯᠪᠡᠷᠢ᠂ ᠰᠢᠨ᠎ᠠ ᠵᠠᠬᠪᠤᠷ ᠢ ᠪᠤᠶᠢᠵᠢᠭᠤᠯᠵᠦ᠂ ᠨᠡᠮᠡᠭᠳᠡᠯ ᠤᠨ ᠰᠢᠨ᠎ᠠ ᠬᠦᠳᠠᠯᠬᠡᠬᠦ ᠬᠦᠴᠦᠡ ᠢ ᠠᠭᠤᠳᠠᠯᠯᠠᠬᠤ ᠪᠠᠷ ᠵᠦᠪᠰᠢᠶᠠᠷᠠᠵᠡᠢ᠃ ᠭᠤᠷᠪᠡᠳᠦᠭᠠᠷ ᠲᠤ᠂ ᠡᠯ᠎ᠠ ᠬᠦᠷᠢᠶᠠᠠ ᠳᠠᠬᠢ ᠪᠤᠳᠠᠳᠠᠢ ᠶᠢ ᠡᠷᠬᠢᠮᠯᠡᠭᠰᠠᠠ ᠬᠠᠮᠳᠦᠷᠠᠯᠴᠠᠭ᠎ᠠ ᠶᠢᠨ ᠳᠠᠰᠦᠷᠠᠯᠳᠠ ᠦᠬᠡᠢ ᠰᠢᠨ᠎ᠠ ᠦᠷ᠎ᠠ ᠪᠦᠳᠦᠮᠵᠢ ᠤᠯᠬᠤ ᠶᠢ ᠠᠬᠢᠭᠤᠯᠤᠨ᠎ᠠ᠃ ᠡᠯ᠎ᠠ ᠳᠠᠯ᠎ᠠ ᠶᠢᠨ ᠬᠢᠨ ᠬᠠᠷᠢᠯᠴᠠᠠ
ᠬᠤᠯᠪᠤᠭᠠᠯᠠᠵᠦ  ᠬᠠᠷᠢᠯᠴᠠᠠ  ᠨᠡᠪᠳᠡᠷᠡᠯᠴᠡᠬᠦ ᠶᠢ  ᠦᠷᠬᠦᠯᠵᠢᠯᠡᠡ  ᠭᠤᠤᠯᠳᠠᠯᠭ᠎ᠠ
ᠪᠤᠯᠭᠠᠵᠦ᠂  ᠰᠠᠭᠤᠷᠢ ᠳᠦᠬᠦᠬᠡᠷᠦᠮᠵᠢ ᠶᠢᠨ ᠬᠤᠯᠪᠤᠭᠠᠯᠠᠠ ᠨᠡᠪᠳᠡᠷᠡᠯᠴᠡᠬᠦ ᠰᠦᠯᠵᠢᠶ᠎ᠠ ᠶᠢ ᠪᠠᠶᠢᠭᠤᠯᠬᠤ︔ ᠠᠵᠦ ᠠᠬᠤᠢ ᠶᠢᠨ ᠬᠤᠨᠭ᠍ᠬᠢᠯ ᠤᠨ ᠪᠦᠳᠦᠬᠡᠡ ᠪᠠᠶᠢᠭᠤᠯᠤᠯᠳᠠ ᠶᠢ ᠦᠷᠬᠦᠯᠵᠢᠯᠡᠡ ᠢᠳᠡᠪᠬᠢᠳᠡᠢ ᠪᠠᠷ ᠠᠬᠢᠭᠤᠯᠵᠦ᠂ ᠪᠤᠳᠠᠳᠦ ᠴᠤᠬᠴᠠ ᠶᠢᠨ ᠠᠵᠦ ᠠᠬᠤᠢ ᠶᠢ ᠨᠠᠩ ᠰᠠᠶᠢᠠ ᠨᠠᠩ ᠳᠦᠷᠬᠡᠡ ᠬᠦᠭᠵᠢᠬᠦᠯᠬᠦ ᠶᠢ ᠠᠬᠢᠭᠤᠯᠬᠤ︔ ᠪᠡᠯᠡ ᠤᠷᠦᠭᠤᠯᠤᠯᠳᠠ ᠪᠡ  ᠪᠠᠯᠠ  ᠴᠤᠬᠯᠠᠭᠤᠯᠬᠤ
ᠬᠠᠮᠳᠦᠷᠠᠯᠴᠠᠭ᠎ᠠ ᠶᠢ ᠴᠢᠬᠤᠯᠠᠴᠢᠯᠠᠵᠦ᠂ ᠬᠠᠷᠢᠯᠴᠠᠠ ᠮᠦᠩᠬᠦᠠ ᠬᠦᠢᠯᠬᠡᠬᠡᠡ ᠤ ᠵᠠᠬ᠎ᠠ ᠳᠠᠯᠬᠡᠬᠦᠷ ᠤᠨ ᠨᠡᠬᠡᠬᠡᠯᠲᠡ ᠪᠠᠨ ᠦᠷᠬᠡᠳᠬᠡᠬᠦ ᠶᠢ ᠳᠡᠮᠵᠢᠵᠦ᠂ ᠳᠤᠬᠳᠠᠭᠤᠠ᠂   
ᠦᠷᠬᠦᠯᠵᠢᠯᠡᠬᠦ᠂ ᠳᠦᠭᠰᠢᠬᠦᠷᠢ ᠶᠢ ᠡᠵᠡᠮᠳᠡᠵᠦ ᠪᠤᠯᠬᠤ ᠮᠦᠩᠬᠦᠠ ᠬᠦᠢᠯᠬᠡᠬᠡᠡ ᠤ ᠪᠠᠳᠦᠯᠠᠪᠤᠷᠢ ᠶᠢᠨ ᠰᠢᠰᠲ᠋ᠧᠮ ᠢ ᠴᠢᠷᠮᠠᠶᠢᠠ ᠪᠠᠶᠢᠭᠤᠯᠬᠤ ᠪᠠᠷ ᠳᠤᠬᠳᠠᠪᠡ᠃ ᠳᠦᠷᠪᠡᠳᠦᠬᠡᠷ ᠲᠤ᠂ ᠡᠯ᠎ᠠ ᠤᠯᠤᠰ ᠤᠨ ᠠᠷᠠᠳ ᠤᠨ ᠬᠤᠭᠤᠷᠦᠠᠳᠦᠬᠢ ᠬᠠᠷᠢᠯᠴᠠᠭ᠎ᠠ ᠶᠠᠪᠤᠯᠴᠠᠭ᠎ᠠ ᠶᠢᠨ ᠬᠦᠬᠦᠷᠬᠡ ᠪᠤᠰᠬᠠᠨ᠎ᠠ᠃ ᠡᠯ᠎ᠠ ᠳᠠᠯ᠎ᠠ ᠶᠢᠨ ᠬᠢᠨ ᠳᠤᠷᠠᠳᠠᠶ᠎ᠠ ᠤᠯᠠᠠ ᠳᠡᠰ ᠳᠠᠪᠬᠤᠷᠭ᠎ᠠ ᠶᠢᠨ᠂ ᠦᠷᠬᠡᠡ ᠬᠦᠷᠢᠶᠡᠡ ᠳᠠᠬᠢ ᠰᠤᠶᠤᠯ ᠢᠷᠬᠡᠨᠰᠢᠯ ᠤᠨ ᠬᠠᠮᠳᠦᠷᠠᠯᠴᠠᠭ᠎ᠠ ᠶᠢ ᠰᠦᠪᠡᠭᠴᠢᠯᠠᠠ ᠰᠤᠳᠤᠯᠵᠦ᠂ ᠤᠯᠠᠠ ᠡᠰᠢᠴᠢᠯᠠᠠ ᠬᠠᠷᠢᠯᠴᠠᠠ ᠬᠦᠳᠡᠯᠦᠯᠴᠡᠬᠦ᠂ ᠴᠡᠴᠡᠭ ᠪᠦᠬᠦᠠ ᠢ ᠵᠡᠷᠬᠡᠪᠡᠷ ᠳᠡᠯᠬᠡᠷᠡᠬᠦᠯᠬᠦ ᠰᠤᠶᠤᠯ ᠢᠷᠬᠡᠨᠰᠢᠯ ᠤᠨ ᠰᠤᠯᠢᠯᠴᠠᠭ᠎ᠠ ᠶᠢᠨ ᠪᠠᠶᠢᠳᠠᠯ ᠢ ᠪᠤᠢ ᠪᠤᠯᠭᠠᠨ᠎ᠠ︔ ᠤᠷᠴᠢᠠ ᠳᠤᠭᠤᠷᠢᠠ ᠢ ᠬᠠᠮᠠᠭᠠᠯᠠᠬᠤ᠂ ᠠᠭᠤᠷ ᠠᠮᠢᠰᠬᠤᠯ ᠤᠨ ᠬᠤᠪᠢᠷᠠᠯᠳᠠ ᠶᠢ ᠠᠷᠭᠠᠴᠠᠬᠤ᠂ ᠢᠯᠵᠢᠷᠠᠯ ᠢ ᠡᠰᠠᠷᠬᠦᠴᠠᠬᠦ ᠵᠡᠷᠬᠡ ᠬᠦᠷᠢᠶᠠᠠ ᠳᠠᠬᠢ ᠬᠠᠮᠳᠦᠷᠠᠯᠴᠠᠭ᠎ᠠ ᠪᠠᠨ ᠴᠢᠩᠭᠠᠳᠬᠠᠵᠦ᠂ ᠬᠦᠮᠦᠰ ᠤᠨ ᠬᠠᠷᠢᠯᠴᠠᠵᠦ ᠶᠠᠪᠤᠯᠴᠠᠬᠤ ᠳᠤ ᠳᠦᠬᠦᠮ ᠦᠵᠡᠬᠦᠯᠤᠨ᠎ᠠ᠃ ᠲᠠᠪᠤᠳᠤᠭᠠᠷ ᠲᠤ᠂ ︽ᠨᠢᠭᠡ ᠪᠦᠰᠡ ᠨᠢᠭᠡ ᠵᠠᠮ︾᠎ ᠤᠨ ᠪᠦᠳᠦᠭᠡᠨ ᠪᠠᠶᠢᠭᠤᠯᠤᠯᠳᠡ ᠪᠤᠯ ᠨᠡᠭᠡᠭᠡᠯᠳᠡᠲᠠᠢ ᠪᠠᠭᠳᠠᠭᠠᠮᠵᠢᠳᠠᠢ ᠭᠦᠭᠵᠢᠯᠳᠡ ᠶᠢᠨ ᠲᠠᠪᠴᠠᠩ ᠪᠤᠯᠤᠨ᠎ᠡ᠂ ᠡᠯ᠎ᠡ ᠤᠯᠤᠰ ᠴᠦᠮ ᠡᠷᠭᠡ ᠲᠡᠭᠰᠢ ᠤᠷᠤᠯᠴᠠᠬᠴᠢ᠂ ᠬᠤᠪᠢ ᠨᠡᠮᠡᠷᠢ ᠦᠵᠡᠭᠦᠯᠦᠭᠴᠢ᠂ ᠠᠰᠢᠭ ᠲᠤᠰᠡ ᠭᠦᠷᠳᠡᠭᠴᠢ ᠪᠤᠯᠤᠨ᠎ᠡ ᠭᠡᠳᠡᠭ ᠲᠤ ᠪᠠᠲᠦ ᠢᠲᠡᠭᠡᠯ ᠲᠠᠢ ᠪᠤᠯᠵᠠᠢ᠃ ᠰᠢ ᠶᠢᠨ ᠫᠢᠩ᠂ ᠡᠯ᠎ᠡ ᠲᠠᠯ᠎ᠡ ᠶᠢᠨ ᠬᠢᠨ ᠬᠠᠮᠳᠤ ᠪᠠᠷ ᠵᠦᠪᠳᠡᠯᠴᠡᠭᠦ᠂ ᠬᠠᠮᠳᠤ ᠪᠠᠷ ᠪᠠᠶᠢᠭᠤᠯᠬᠤ᠂ ᠬᠠᠮᠳᠤ ᠪᠠᠷ ᠡᠳ᠋ᠯᠡᠭᠦ ᠵᠠᠷᠴᠢᠮ ᠢ ᠪᠠᠷᠢᠮᠳᠠᠯᠠᠵᠤ᠂ ᠬᠠᠷᠢᠯᠴᠡᠨ ᠭᠦᠨᠳᠦᠳᠭᠡᠵᠤ᠂ ᠠᠷᠠᠳᠴᠢᠯᠡᠯ ᠢᠶᠠᠷ ᠵᠦᠪᠳᠡᠵᠤ᠂ ᠬᠠᠮᠳᠤ ᠪᠠᠷ ᠰᠢᠢᠳᠪᠦᠷᠢᠳᠤ ᠪᠤᠳᠤᠯᠭ᠎ᠠ ᠲᠤᠭᠳᠠᠭᠠᠬᠤ ᠶᠢ ᠪᠠᠷᠢᠮᠳᠠᠯᠠᠶ᠎ᠡ᠃ ᠲᠡᠤᠭᠡ ᠬᠡᠵᠢᠶᠡᠳᠡ ᠬᠦᠮᠦᠰ ᠤᠨ ᠰᠠᠶᠢᠨ ᠰᠠᠶᠢᠬᠠᠨ ᠠᠮᠢᠳᠤᠷᠠᠯ ᠢ ᠭᠦᠭᠡᠭᠡᠴᠡᠯᠳᠦᠭᠦ ᠠᠯᠬᠤᠴᠡ ᠶᠢ ᠲᠠᠭᠠᠯᠳᠤᠵᠤ ᠤᠷᠤᠭᠰᠢ ᠭᠦᠭᠵᠢᠳᠡᠭ᠃ ᠬᠤᠶᠠᠷ ᠮᠢᠩᠭᠠᠨ ᠵᠢᠯ ᠤᠨ ᠡᠮᠤᠨᠡᠬᠢ ᠶᠢ ᠡᠷᠬᠢᠴᠡᠭᠦᠯᠪᠡᠯ᠂ ᠮᠠᠨ ᠤ ᠤᠷᠢᠳᠤᠰ ᠶᠠᠭ ᠡᠶᠢᠮᠦᠷᠬᠦ ᠢᠳᠡᠷᠭᠡᠭ ᠠᠯᠬᠤᠭ᠎ᠠ ᠪᠠᠷ ᠰᠢᠨᠳᠡᠷᠡᠰᠢ ᠦᠭᠡᠢ ᠤᠷᠤᠭᠰᠢᠯᠠᠬᠤ ᠵᠤᠷᠢᠭ ᠰᠠᠨᠠᠭ᠎ᠠ ᠪᠠᠷ᠂ ᠠᠽᠢᠶ᠎ᠡ ᠡᠸᠦ᠋ᠷᠤᠫᠠ ᠶᠢᠨ ᠡᠭᠡ ᠬᠠᠭᠤᠷᠠᠢ ᠶᠢ ᠬᠤᠯᠪᠤᠬᠰᠡᠨ ᠲᠤᠷᠭᠠᠨ ᠵᠠᠮ ᠢ ᠨᠡᠭᠡᠭᠡᠵᠠᠢ᠃ ᠦᠨᠤᠳᠤᠷ᠂ ︽ ᠨᠢᠭᠡ ᠪᠦᠰᠡ ᠨᠢᠭᠡ ᠵᠠᠮ︾᠎ ᠤᠨ ᠪᠠᠶᠢᠭᠤᠯᠤᠯᠳᠡ ᠨᠢ ᠵᠠᠮ ᠲᠠᠭᠠᠤ ᠶᠢᠨ ᠡᠯ᠎ᠡ ᠤᠯᠤᠰ ᠤᠨ ᠠᠷᠠᠳ ᠲᠦᠮᠡᠨ ᠢ ᠨᠢᠬᠳᠡ ᠬᠤᠯᠪᠤᠵᠤ᠂ ᠡᠯ᠎ᠡ ᠤᠯᠤᠰ ᠤᠨ ᠠᠷᠠᠳ ᠲᠦᠮᠡᠨ ᠢ ᠨᠡᠩ ᠰᠠᠶᠢᠨ ᠢᠶᠠᠷ ᠭᠦᠭᠵᠢᠯᠳᠡ ᠶᠢᠨ ᠦᠷ᠎ᠠ ᠪᠦᠳᠦᠮᠵᠢ ᠶᠢ ᠬᠠᠮᠳᠤ ᠪᠠᠷ ᠡᠳ᠋ᠯᠡᠭᠦᠯᠵᠦ ᠪᠠᠶᠢᠨ᠎ᠠ᠃ ᠪᠢᠳᠡ ᠵᠤᠷᠢᠭᠳᠠᠢ ᠪᠠᠷ ᠡᠭᠦᠷᠭᠡᠯᠡᠵᠤ᠂ ᠵᠡᠮ ᠨᠡᠭᠡᠭᠡᠨ ᠤᠷᠤᠬᠰᠢᠯᠠᠵᠦ᠂ ᠪᠤᠳᠠᠳᠠᠢ ᠦᠢᠯᠡ ᠠᠵᠢᠯᠯᠠᠭ᠎ᠠ ᠪᠠᠷ ︽ᠨᠢᠭᠡ ᠪᠦᠰᠡ ᠨᠢᠭᠡ
ᠵᠠᠮ︾᠎ ᠤᠨ  ᠪᠦᠳᠦᠭᠡᠨ ᠪᠠᠶᠢᠭᠤᠯᠤᠯᠳᠡ ᠶᠢᠨ ᠬᠠᠮᠳᠤᠷᠠᠯᠴᠠᠭ᠎ᠠ ᠲᠠᠰᠤᠷᠠᠯᠳᠡ ᠦᠭᠡᠢ ᠰᠢᠨ᠎ᠡ ᠠᠬᠢᠴᠡ ᠲᠠᠢ ᠪᠤᠯᠬᠤ ᠶᠢ ᠠᠬᠢᠭᠤᠯᠵᠤ᠂  ᠬᠦᠮᠤᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠭᠴᠡ ᠶᠢ ᠪᠠᠶᠢᠭᠤᠯᠬᠤ ᠳᠤ ᠭᠦᠴᠦᠷᠭᠡᠭ ᠭᠦᠳᠡᠯᠭᠡᠭᠦ ᠭᠦᠴᠤᠨ ᠨᠡᠮᠡᠷᠢᠯᠡᠶ᠎ᠡ ᠭᠡᠵᠤ ᠵᠢᠭᠠᠵᠤ ᠭᠠᠷᠭᠠᠪᠡ᠃ ᠰᠢ ᠶᠢᠨ ᠫᠢᠩ᠂ ᠲᠤᠮᠳᠠᠳᠤ ᠤᠯᠤᠰ 2019 ᠤᠨ ᠳᠤ ᠬᠤᠶᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠎ ᠤᠨ ᠤᠯᠠᠨ ᠤᠯᠤᠰ ᠤᠨ ᠬᠠᠮᠳᠤᠷᠠᠯᠴᠠᠭᠠᠨ ᠤ ᠲᠦᠷᠦᠭᠦᠴᠤᠳ ᠤᠨ ᠶᠡᠷᠢᠶᠡᠨ ᠤ ᠲᠠᠪᠴᠠᠩ ᠢ ᠡᠷᠬᠢᠯᠡᠨ᠎ᠠ ᠭᠡᠵᠤ ᠨᠡᠶᠢᠳᠡᠯᠡᠪᠡ᠃ ᠲᠤᠭᠤᠷᠢᠭ ᠰᠢᠷᠡᠭᠡᠨ ᠤ ᠬᠤᠷᠠᠯ ᠲᠡᠭᠦᠰᠦᠭᠰᠡᠨ ᠤ ᠲᠠᠷᠠᠭ᠎ᠠ᠂ ᠰᠢ ᠶᠢᠨ ᠫᠢᠩ ᠲᠤᠮᠳᠠᠳᠤ ᠭᠠᠳᠠᠭᠠᠳᠤ ᠶᠢᠨ ᠰᠤᠷᠪᠤᠯᠵᠢᠯᠠᠭᠴᠢ ᠲᠠᠢ ᠠᠭᠤᠯᠵᠠᠵᠤ᠂ ︽ᠨᠢᠭᠡ ᠪᠦᠰᠡ ᠨᠢᠭᠡ ᠵᠠᠮ︾᠎ ᠤᠨ  ᠤᠯᠠᠨ  ᠤᠯᠤᠰ ᠤᠨ  ᠬᠠᠮᠳᠤᠷᠠᠯᠴᠠᠭᠠᠨ ᠤ ᠲᠦᠷᠦᠭᠦᠴᠤᠳ ᠤᠨ ᠶᠠᠷᠢᠶᠡᠨ ᠤ ᠲᠠᠪᠴᠠᠩ ᠤᠨ ᠬᠤᠷᠠᠯ ᠤᠨ ᠪᠠᠶᠢᠳᠠᠯ ᠪᠡ ᠭᠤᠤᠯ ᠦᠷ᠎ᠡ ᠪᠦᠳᠦᠮᠵᠢ ᠶᠢ ᠲᠠᠨᠢᠯᠴᠠᠭᠤᠯᠵᠠᠢ᠃ ᠰᠢ ᠶᠢᠨ ᠫᠢᠩ᠂ ᠡᠨᠡ ᠪᠤᠯ ᠲᠠᠯᠠᠬᠡᠢ ᠨᠡᠶᠢᠭᠡᠮ ᠤᠨ ︽ᠨᠢᠭᠡ ᠪᠦᠰᠡ ᠨᠢᠭᠡ ᠵᠠᠮ︾᠎ ᠤᠨ ᠪᠦᠳᠦᠭᠡᠨ ᠪᠠᠶᠢᠭᠤᠯᠤᠯᠳᠡ ᠶᠢᠨ ᠲᠤᠭᠤᠷᠢᠨ ᠳᠤ ᠡᠷᠬᠢᠯᠡᠭᠰᠡᠨ ᠲᠡᠭᠡᠳᠤ ᠲᠡᠰ ᠤᠨ ᠦᠪᠡᠳᠡᠭᠰᠢ ᠬᠤᠷᠠᠯ ᠪᠤᠯᠤᠨ᠎ᠡ᠃ ᠬᠤᠷᠠᠯ ᠠᠴᠠ ᠡᠯ᠎ᠡ ᠲᠠᠯ᠎ᠠ ᠶᠢᠨ ᠬᠢᠨ ᠤ ︽ ᠨᠢᠬᠡ ᠪᠦᠰᠡ ᠨᠢᠬᠡ ᠵᠠᠮ︾᠎ ᠤᠨ ᠪᠦᠳᠦᠭᠡᠨ ᠪᠠᠶᠢᠭᠤᠯᠤᠯᠳᠠ ᠶᠢᠨ ᠬᠠᠮᠳᠤᠷᠠᠯᠴᠠᠭ᠎ᠠ ᠶᠢ ᠬᠦᠴᠦᠯᠡᠨ ᠠᠬᠢᠭᠤᠯᠵᠥ᠂ ᠭᠠᠷ ᠬᠤᠯᠪᠤᠨ ᠬᠦᠮᠥᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ  ᠴᠤᠭᠴᠠ ᠶᠢ
ᠪᠠᠶᠢᠭᠤᠯᠬᠤ  ᠢᠳᠡᠪᠬᠢᠳᠡᠢ  ᠲᠤᠬᠢᠶ᠎ᠠ ᠶᠢ ᠲᠠᠮᠵᠢᠭᠤᠯᠤᠭᠰᠠᠠ ᠪᠠᠶᠢᠨ᠎ᠠ᠃ ᠪᠢᠳᠡ ᠲᠤᠰ ᠪᠡᠶ᠎ᠡ ᠶᠢᠨ ᠬᠦᠭᠵᠢᠯᠳᠡ ᠪᠠᠨ ᠲᠡᠯᠡᠬᠡᠢ ᠶᠢᠨ ᠬᠠᠮᠳᠤ ᠶᠢᠨ ᠬᠦᠭᠵᠢᠯᠳᠡ ᠲᠠᠢ ᠤᠶᠠᠯᠳᠤᠭᠤᠯᠬᠤ ᠪᠠᠷ ᠬᠦᠰᠡᠮᠵᠢᠯᠡᠵᠤ᠂ ︽ᠨᠢᠬᠡ ᠪᠦᠰᠡ ᠨᠢᠬᠡ ᠵᠠᠮ︾᠎ ᠤᠨ ᠪᠦᠳᠦᠭᠡᠨ ᠪᠠᠶᠢᠭᠤᠯᠤᠯᠳᠠ ᠶᠢᠨ ᠬᠠᠷᠠᠯᠳᠡ ᠪᠤᠯᠤᠨ ᠴᠢᠭᠯᠡᠯ ᠢ ᠲᠤᠳᠤᠷᠬᠠᠢᠢᠯᠠᠪᠠ᠃ ᠪᠢᠳᠡ ᠲᠤᠷᠭᠠᠨ ᠵᠠᠮ ᠤᠨ ᠵᠤᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠥ᠂ ᠬᠠᠮᠳᠤᠷᠠᠯᠴᠠᠭ᠎ᠠ ᠬᠢᠵᠥ ᠬᠠᠮᠳᠤ ᠪᠠᠷ ᠠᠰᠢᠭ ᠬᠦᠷᠳᠡᠬᠦ ᠪᠠᠷ ᠴᠢᠷᠮᠡᠶᠢᠨ᠎ᠡ᠃ ᠪᠢᠳᠡ ᠲᠦᠷᠦ ᠶᠢᠨ ᠪᠤᠳᠤᠯᠭ᠎ᠠ ᠶᠢᠨ ᠵᠤᠬᠢᠴᠠᠭᠤᠯᠭ᠎ᠠ ᠪᠤᠯᠤᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢᠨ ᠵᠤᠯᠭᠠᠭᠤᠯᠭ᠎ᠠ ᠪᠠᠨ ᠦᠷᠬᠦᠯᠵᠢᠯᠡᠨ ᠴᠢᠩᠭᠠᠳᠬᠠᠵᠥ᠂ ᠬᠠᠮᠵᠢᠯᠴᠠᠨ ᠬᠦᠭᠵᠢᠬᠦ ᠨᠡᠶᠢᠯᠡᠯ ᠬᠦᠴᠦᠨ ᠢ ᠪᠦᠷᠢᠯᠳᠦᠬᠦᠯᠥᠨ᠎ᠡ᠃ ᠪᠢᠳᠡ ᠬᠠᠮᠳᠤᠷᠠᠯᠴᠠᠭᠠᠨ ᠤ ᠱᠤᠭᠤᠮ ᠤᠨ  ᠵᠢᠷᠤᠭ ᠢ  ᠲᠦᠯᠥᠪᠵᠢᠬᠦᠯᠵᠥ᠂ ᠭᠤᠤᠯᠳᠠᠯᠭ᠎ᠠ ᠲᠠᠢ ᠬᠠᠮᠳᠤᠷᠠᠯᠴᠠᠭᠠᠨ ᠤ ᠬᠦᠷᠢᠶ᠎ᠡ ᠪᠤᠯᠤᠨ ᠠᠵᠢᠯᠯᠠᠭ᠎ᠠ ᠶᠢᠨ ᠵᠠᠮ ᠢ ᠲᠤᠭᠳᠠᠭᠠᠪᠠ᠃ ᠪᠢᠳᠡ ᠲᠦᠷᠦᠬᠦᠴᠤᠳ ᠤᠨ ᠶᠠᠷᠢᠶᠠᠨ ᠤ ᠲᠠᠪᠴᠠᠩ ᠢᠶᠠᠷ ᠲᠠᠪᠴᠠᠩ ᠪᠤᠯᠭᠠᠵᠥ ᠪᠤᠳᠠᠳᠠᠢ ᠶᠢ ᠡᠷᠬᠢᠮᠯᠡᠭᠰᠡᠡ ᠬᠠᠮᠳᠤᠷᠠᠯᠴᠠᠭ᠎ᠠ ᠪᠠᠨ ᠠᠬᠢᠭᠤᠯᠵᠥ᠂ ᠠᠯᠢ ᠤᠯᠠᠨ ᠢᠳᠡᠪᠬᠢᠳᠡᠢ ᠦᠷ᠎ᠡ ᠪᠦᠳᠦᠭᠡᠯ ᠤᠯᠤᠭᠰᠠᠠ ᠪᠠᠶᠢᠨ᠎ᠠ ᠬᠡᠵᠥ ᠵᠢᠭᠠᠵᠤ ᠭᠠᠷᠭᠠᠪᠡ᠃ ᠰᠢ ᠶᠢᠨ ᠫᠢᠩ᠂ ︽ᠨᠢᠬᠡ ᠪᠦᠰᠡ ᠨᠢᠬᠡ ᠵᠠᠮ︾᠎ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠵᠥ᠂ ᠲᠡᠯᠡᠬᠡᠢ ᠶᠢᠨ  ᠠᠵᠥ  ᠠᠬᠤᠢ ᠳᠤ  ᠲᠤᠯᠭᠠᠷᠠᠵᠥ  ᠪᠠᠶᠢᠭ᠎ᠠ ᠦᠷᠢᠰᠦᠯᠳᠦᠬᠡᠨ ᠢ ᠬᠠᠮᠳᠤ ᠪᠠᠷ ᠠᠷᠭᠠᠴᠠᠬᠤ ᠨᠢ ᠪᠢᠳᠡᠨ ᠤ ᠬᠠᠮᠳᠤ ᠶᠢᠨ ᠠᠰᠢᠭ ᠲᠤᠰᠠ ᠲᠠᠢ ᠨᠡᠶᠢᠴᠡᠨ᠎ᠡ᠃ ᠪᠢᠳᠡ ︽ᠨᠢᠬᠡ ᠪᠦᠰᠡ ᠨᠢᠬᠡ ᠵᠠᠮ︾᠎ ᠤᠨ ᠪᠦᠳᠦᠭᠡᠨ ᠪᠠᠶᠢᠭᠤᠯᠤᠯᠳᠠ ᠶᠢᠨ ᠢᠷᠡᠬᠡᠳᠤᠢ ᠳᠤ ᠢᠳᠡᠭᠡᠯ ᠲᠦᠬᠦᠷᠡᠩ ᠪᠠᠶᠢᠨ᠎ᠠ᠃ ᠡᠬᠦᠨ ᠤ ᠵᠡᠷᠬᠡᠪᠡᠷ᠂ ︽ᠨᠢᠬᠡ ᠪᠦᠰᠡ ᠨᠢᠬᠡ ᠵᠠᠮ︾᠎ ᠤᠨ ᠪᠦᠳᠦᠭᠡᠨ ᠪᠠᠶᠢᠭᠤᠯᠤᠯᠳᠠ ᠪᠤᠯ ᠤᠷᠳᠤ ᠬᠤᠭᠤᠴᠠᠭᠠᠨ ᠤ ᠢᠨᠵᠧᠨᠧᠷᠢᠩ ᠪᠤᠯᠬᠤ ᠲᠤᠯᠠ ᠡᠮᠤᠨᠡᠬᠢ ᠵᠠᠮ ᠪᠠᠰᠠ ᠲᠤᠩ ᠤᠷᠳᠤ ᠪᠠᠶᠢᠨ᠎ᠠ᠂ ᠡᠯ᠎ᠡ ᠲᠠᠯ᠎ᠠ ᠶᠢᠨ ᠬᠢᠨ ᠭᠠᠷ ᠬᠤᠯᠪᠤᠨ ᠬᠠᠮᠳᠤᠷᠠᠯᠴᠠᠵᠥ᠂ ᠲᠠᠰᠤᠷᠠᠯᠲᠠ ᠦᠭᠡᠢ ᠪᠠᠷ ᠦᠨᠡᠨ ᠪᠤᠳᠠᠳᠠᠢ ᠦᠷ᠎ᠡ ᠪᠦᠳᠦᠮᠵᠢ ᠤᠯᠬᠤ ᠶᠢ ᠱᠠᠭᠠᠷᠳᠠᠨ᠎ᠠ᠃ ᠡᠯ᠎ᠡ ᠲᠠᠯ᠎ᠠ ᠶᠢᠨ ᠬᠠᠮᠳᠤ ᠶᠢᠨ ᠴᠢᠷᠮᠠᠶᠢᠯᠭ᠎ᠠ ᠪᠠᠷ᠂ ︽ᠨᠢᠬᠡ ᠪᠦᠰᠡ ᠨᠢᠬᠡ ᠵᠠᠮ︾᠎ ᠢ ᠡᠩᠬᠡ ᠲᠠᠶᠢᠪᠤᠩ ᠤᠨ ᠵᠠᠮ᠂ ᠬᠦᠭᠵᠢᠯ ᠴᠡᠴᠡᠭᠯᠡᠯ ᠤᠨ ᠵᠠᠮ᠂ ᠨᠡᠬᠡᠬᠡᠯᠳᠡ ᠬᠢᠬᠦ ᠵᠠᠮ᠂ ᠰᠢᠨ᠎ᠡ ᠶᠢ ᠡᠬᠦᠳᠬᠦ ᠵᠠᠮ᠂ ᠪᠤᠯᠪᠠᠰᠤᠨ ᠤ ᠵᠠᠮ ᠪᠤᠯᠭᠠᠨ ᠪᠦᠳᠦᠭᠡᠨ ᠪᠠᠶᠢᠭᠤᠯᠵᠥ ᠴᠢᠳᠠᠨ᠎ᠠ ᠬᠡᠳᠡᠭ ᠢ ᠢᠳᠡᠬᠡᠵᠥ ᠪᠠᠶᠢᠨ᠎ᠠ ᠭᠡᠵᠥ ᠴᠢᠬᠤᠯᠠᠴᠢᠯᠠᠪᠠ᠃ ᠲᠤᠰ ᠡᠳᠤᠷ ᠤᠨ ᠦᠳᠡ ᠳᠤ᠂ ᠰᠢ ᠶᠢᠨ ᠫᠢᠩ ᠬᠤᠷᠠᠯ ᠳᠤ ᠤᠷᠤᠯᠴᠠᠭᠰᠠᠠ ᠤᠳᠤᠷᠢᠳᠬᠤ ᠬᠦᠮᠥᠰ ᠪᠤᠯᠤᠨ ᠤᠯᠠᠨ ᠤᠯᠤᠰ ᠤᠨ ᠵᠤᠬᠢᠶᠠᠨ ᠪᠠᠶᠢᠭᠤᠯᠤᠯᠳᠠ ᠶᠢᠨ ᠬᠠᠷᠢᠭᠤᠴᠠᠯᠭᠠᠳᠠᠳ ᠲᠠᠢ ᠤᠯᠠᠨ ᠤᠯᠤᠰ ᠤᠨ ᠬᠤᠷᠠᠯ ᠤᠨ ᠲᠦᠪ ᠤᠨ ᠪᠠᠷᠢᠯᠭ᠎ᠠ ᠪᠠᠷ ᠠᠷᠤ ᠦᠵᠡᠭᠳᠡᠯ ᠪᠤᠯᠭᠠᠵᠥ ᠬᠠᠮᠳᠤ ᠶᠢᠨ ᠬᠡᠷᠡᠯ ᠵᠢᠷᠤᠭ ᠲᠠᠳᠠᠭᠤᠯᠪᠠ᠃ ᠸᠠᠩ ᠬᠤ᠋ ᠨᠢᠩ᠂ ᠸᠠᠩ ᠶᠠᠩ᠂ ᠯᠢ ᠵᠠᠨ ᠱᠦ᠂ ᠶᠠᠩ ᠵᠢᠶᠧ ‍ᠤᠤᠢ ᠨᠡᠷ ᠲᠡᠭᠡᠷᠡᠬᠢ ᠠᠵᠢᠯᠯᠠᠭ᠎ᠠ ᠳᠤ ᠤᠷᠤᠯᠴᠠᠵᠠᠢ᠃


5 ᠰᠠᠷ᠎ᠠ ᠶᠢᠨ 15᠎ ᠤ ᠡᠳᠦᠷ᠂ ︽ᠨᠢᠭᠡ ᠪᠦᠰᠡ ᠨᠢᠭᠡ ᠵᠠᠮ︾᠎ ᠤᠨ ᠤᠯᠠᠨ ᠤᠯᠤᠰ ᠤᠨ ᠬᠠᠮᠳᠤᠷᠠᠯᠴᠠᠭᠠᠨ ᠤ ᠲᠦᠷᠦᠬᠦᠴᠤᠳ ᠤᠨ ᠶᠠᠷᠢᠶᠠᠨ ᠤ ᠲᠠᠪᠴᠠᠩ ᠪᠡᠭᠡᠵᠢᠩ ᠤᠨ ᠶᠠᠨ ᠴᠢ ᠨᠠᠭᠤᠷ ᠤᠯᠠᠨ ᠤᠯᠤᠰ ᠤᠨ ᠬᠤᠷᠠᠯ ᠤᠨ ᠲᠦᠪ ᠲᠤᠭᠤᠷᠢᠬ ᠰᠢᠷᠡᠬᠡᠨ ᠤ ᠲᠦᠷᠦᠬᠦᠴᠤᠳ ᠤᠨ ᠬᠤᠷᠠᠯ ᠬᠤᠷᠠᠯᠳᠤᠭᠤᠯᠪᠠ᠃ ᠳᠤᠮᠳᠠᠳᠤ ᠤᠯᠤᠰ ᠤᠨ ᠤᠯᠤᠰ ᠤᠨ ᠲᠡᠷᠢᠬᠦᠯᠡᠭᠴᠢ ᠰᠢ ᠶᠢᠨ ᠫᠢᠩ ᠬᠤᠷᠠᠯ ᠢ ᠡᠷᠬᠢᠯᠡᠬᠦ ᠶᠢᠨ ᠬᠠᠮᠲᠤ ᠬᠤᠷᠠᠯ ᠡᠬᠢᠯᠡᠬᠦ ᠦᠭᠡ ᠭᠡᠯᠡᠵᠡᠢ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠮᠠ ᠵᠠᠨ ᠴᠧᠩ ᠰᠡᠭᠦᠳᠡᠷᠯᠡᠪᠡ 


 
      05.16



  
     
     