 

ᠠᠷᠭᠠᠯ ᠬᠤᠷᠭᠤᠯ ᠢ ᠲᠠᠸᠠᠷ ᠪᠤᠯᠭᠠᠭᠰᠠ ᠬᠤᠶᠠᠷ ᠺᠣᠮᠫᠠᠨᠢ

2019-05-10 15:21
  320
  0
     ᠡᠨᠡ ᠵᠢᠯ᠂ ᠪᠠᠷᠠᠭᠤᠨ ᠦᠵᠦᠮᠦᠴᠢᠨ ᠬᠤᠰᠢᠭᠤᠨ ᠤ ᠬᠤᠤ ᠰᠢᠨ ᠠᠮᠢᠳᠤ ᠪᠤᠳᠠᠰ ᠤᠨ ᠪᠤᠬᠢᠷᠳᠤᠯ ᠦᠭᠡᠢ ᠮᠦᠭᠦᠯᠢᠭ ᠦᠢᠯᠡᠳᠪᠦᠷᠢᠯᠡᠬᠦ ᠬᠢᠵᠠᠭᠠᠷᠲᠤ ᠺᠤᠮᠫᠠᠨᠢ ᠲᠤᠰ ᠬᠤᠰᠢᠭᠤᠨ ᠤ ᠪᠠᠶᠠᠨᠬᠤᠰᠢᠭᠤ ᠰᠤᠮᠤᠨ ᠤ ᠰᠠᠶᠢᠬᠠᠨᠨᠠᠭᠤᠷ ᠭᠠᠴᠠᠭᠠᠨ ᠤ ᠮᠠᠯᠴᠢᠨ ᠰᠠᠷᠠᠨᠴᠢᠮᠡᠭ ᠤᠨ ᠠᠷᠭᠠᠯ ᠬᠤᠷᠭᠤᠯ ᠬᠦᠷᠵᠡᠩ ᠢ ᠪᠤᠰᠤᠭ᠎ᠠ ᠲᠦᠷᠪᠡᠯᠵᠢᠨ ᠮᠧᠳ᠋ᠷ ᠪᠦᠷᠢ ᠳᠤ 30 ᠲᠦᠭᠦᠷᠢᠭ ᠤᠨ ᠦᠨ᠎ᠡ ᠪᠠᠷ ᠬᠤᠳᠠᠯᠳᠤᠨ ᠠᠪᠬᠤ ᠬᠡᠯᠡᠯᠴᠡᠭᠡᠷ ᠲᠤᠬᠢᠷᠠᠯᠴᠠᠭᠰᠠᠨ ᠨᠢ ᠲᠤᠬᠠᠢ ᠶᠢᠨ ᠭᠠᠵᠠᠷ ᠤᠨ ᠤᠯᠠᠨ ᠲᠦᠮᠡᠨ ᠤ ᠲᠤᠮᠳᠠ ᠠᠮᠠ ᠲᠠᠮᠵᠢᠨ ᠶᠠᠷᠢᠬᠳᠠᠬᠤ ᠵᠤᠭᠤᠭ ᠪᠤᠯᠵᠠᠢ᠃ ᠤᠢᠢᠷ᠎ᠠ ᠶᠢᠨ ᠵᠢᠯ ᠤᠳ ᠲᠤ ᠠᠷᠭᠠᠯ ᠬᠤᠷᠭᠤᠯ ᠢᠶᠠᠷ ᠬᠦᠵᠢ ᠬᠢᠬᠦ᠂ ᠠᠷᠭᠠᠯ ᠬᠦᠷᠵᠡᠩ ᠢᠶᠠᠷ ᠤᠷᠭᠠᠨᠢᠭ ᠪᠤᠷᠳᠤᠭᠤᠷ ᠪᠤᠯᠪᠠᠰᠤᠷᠠᠭᠤᠯᠬᠤ ᠵᠡᠷᠭᠡ ᠰᠢᠨ᠎ᠡ ᠮᠡᠷᠭᠡᠵᠢᠯ ᠢᠶᠠᠷ ᠬᠠᠶᠠᠭᠳᠠᠮᠠᠯ ᠪᠤᠳᠠᠰ ᠢ ᠲᠠᠸᠠᠷᠵᠢᠭᠤᠯᠬᠤ ᠰᠢᠨ᠎ᠡ ᠡᠭᠦᠳᠦᠯᠳᠡ ᠶᠢᠨ ᠵᠠᠮ ᠢ ᠨᠡᠭᠡᠭᠡᠬᠦ ᠪᠠᠷ ᠲᠠᠮᠵᠢᠨ ᠮᠠᠯᠴᠢᠳ ᠤᠨ ᠤᠷᠤᠯᠭ᠎ᠠ ᠶᠢᠨ ᠨᠡᠮᠡᠭᠳᠡᠯ ᠤᠨ ᠰᠢᠨ᠎ᠡ ᠦᠰᠦᠯᠳᠡ ᠶᠢᠨ ᠴᠡᠭ ᠪᠤᠯᠵᠦ᠂ ᠤᠯᠠᠮᠵᠢᠯᠠᠯᠳᠤ ᠮᠠᠯ ᠠᠵᠤ ᠠᠬᠤᠢ ᠪᠠᠷ ᠭᠤᠤᠯᠯᠠᠭᠰᠠᠨ ᠮᠠᠯᠵᠢᠬᠤ ᠤᠷᠤᠨ ᠤ ᠠᠮᠢ ᠠᠬᠤᠢ ᠶᠢᠨ ᠪᠤᠬᠢᠷᠳᠤᠯ ᠦᠭᠡᠢ ᠬᠦᠭᠵᠢᠯᠳᠡ ᠶᠢ ᠠᠬᠢᠭᠤᠯᠪᠠ᠃
      ᠪᠠᠷᠠᠭᠤᠨ ᠦᠵᠦᠮᠦᠴᠢᠨ ᠬᠤᠰᠢᠭᠤᠨ ᠤ ᠬᠤᠤ ᠰᠢᠨ ᠠᠮᠢᠳᠤ ᠪᠤᠳᠠᠰ ᠤᠨ ᠪᠤᠬᠢᠷᠳᠤᠯ ᠦᠭᠡᠢ ᠮᠦᠭᠦᠯᠢᠭ ᠦᠢᠯᠡᠳᠪᠦᠷᠢᠯᠡᠬᠦ ᠬᠢᠵᠠᠭᠠᠷᠲᠤ ᠺᠤᠮᠫᠠᠨᠢ ᠪᠤᠯ ᠨᠠᠮ ᠤᠨ ᠲᠦᠷᠦ ᠶᠢᠨ ᠪᠤᠳᠤᠯᠭ᠎ᠠ ᠶᠢᠨ ᠵᠢᠯᠤᠭᠤᠳᠤᠯᠭ᠎ᠠ ᠪᠠᠷ ᠲᠤᠬᠠᠢ ᠶᠢᠨ ᠭᠠᠵᠠᠷ ᠤᠨ ᠡᠬᠢ ᠰᠤᠷᠪᠤᠯᠵᠢ ᠶᠢ ᠪᠦᠲᠦᠭᠡᠯᠴᠢ ᠪᠠᠷ ᠠᠰᠢᠭᠯᠠᠭᠰᠡᠨ ᠲᠡᠭᠡᠲᠤ ᠰᠢᠨ᠎ᠡ ᠮᠡᠷᠭᠡᠵᠢᠯ ᠤᠨ ᠵᠢᠱᠢᠶᠡᠴᠢ ᠠᠵᠤ ᠠᠬᠤᠢᠢᠯᠠᠯ ᠶᠤᠮ᠃ ᠲᠤᠰ ᠺᠤᠮᠫᠠᠨᠢ ᠪᠠᠶᠢᠭᠤᠯᠤᠭᠳᠠᠭᠰᠠᠨ ᠠᠴᠠ ᠨᠠᠭᠠᠰᠢᠬᠢ ᠬᠤᠶᠠᠷ ᠵᠢᠯ ᠭᠠᠷᠤᠢ ᠶᠢᠨ ᠲᠤᠷᠰᠢᠳᠠ ᠬᠠᠶᠠᠭᠳᠠᠮᠠᠯ ᠦᠯᠦ ᠭᠠᠳᠠᠭᠰᠢᠯᠠᠭᠤᠯᠬᠤ ᠪᠠᠷᠢᠮᠵᠢᠶ᠎ᠠ ᠶᠢ ᠪᠡᠶᠡᠯᠡᠭᠦᠯᠵᠦ᠂ ᠮᠠᠯᠴᠢᠳ ᠤᠨ ᠭᠠᠷ ᠠᠴᠠ ᠠᠷᠭᠠᠯ ᠬᠤᠷᠭᠤᠯ ᠵᠡᠷᠭᠡ ᠬᠠᠶᠠᠭᠳᠠᠮᠠᠯ ᠲᠦᠭᠦᠬᠡᠢ ᠡᠳ ᠢ ᠬᠤᠷᠢᠶᠠᠨ ᠠᠪᠴᠤ᠂ ᠬᠠᠳᠠᠭᠤ ᠲᠦᠯᠦᠪᠲᠤ ᠪᠤᠬᠢᠷᠳᠤᠯ ᠦᠭᠡᠢ ᠲᠦᠯᠡᠰᠢ ᠶᠢ ᠰᠤᠳᠤᠯᠤᠨ ᠤᠢᠢᠯᠡᠳᠪᠦᠷᠢᠯᠡᠪᠡ᠃ ᠠᠷᠭᠠᠯ ᠬᠤᠷᠭᠤᠯ ᠬᠦᠷᠵᠡᠩ ᠢ ᠮᠠᠰᠢᠨ ᠢᠶᠠᠷ ᠬᠡᠮᠬᠡᠯᠤᠨ ᠨᠤᠨᠳᠠᠭᠯᠠᠵᠤ᠂ ᠲᠠᠬᠢᠨ ᠦᠨᠳᠦᠷ ᠲᠤᠯᠠᠭᠠᠨ ᠳᠤ ᠬᠠᠭᠰᠠᠭᠠᠭᠰᠠᠨ ᠤ ᠲᠠᠷᠠᠭ᠎ᠠ ᠦᠨᠳᠦᠷ ᠲᠠᠷᠤᠴᠠ ᠪᠠᠷ ᠲᠡᠭᠡᠲᠤ ᠨᠢᠭᠳᠠᠴᠠ ᠳᠤ ᠬᠡᠪᠰᠢᠭᠦᠯᠦᠨ ᠲᠦᠯᠦᠪᠰᠢᠭᠦᠯᠤᠭᠡᠳ ᠰᠢᠨ᠎ᠡ ᠮᠠᠶ᠋ᠢᠭ ᠤᠨ ᠲᠤᠯᠠᠭᠠᠯᠠᠭ᠎ᠠ ᠶᠢᠨ ᠲᠦᠯᠡᠰᠢ ᠪᠤᠯᠪᠠᠰᠤᠷᠠᠭᠤᠯᠳᠠᠭ᠃ ᠡᠨᠡ ᠬᠦ ᠲᠦᠯᠡᠰᠢ ᠨᠢ ᠰᠢᠳᠠᠬᠤ ᠳᠤ ᠬᠢᠯᠪᠠᠷ᠂ ᠡᠯᠳᠡᠪ ᠬᠤᠤᠷᠳᠤ ᠤᠳᠤᠭ᠎ᠠ ᠬᠡᠢ ᠢᠯᠭᠠᠷᠠᠭᠤᠯᠬᠤ ᠦᠭᠡᠢ᠂ ᠲᠡᠭᠡᠳᠤ ᠨᠢᠭᠳᠠᠴᠠ ᠲᠠᠢ ᠪᠤᠯᠬᠤᠷ ᠵᠦᠭᠡᠭᠡᠪᠦᠷᠢᠯᠡᠬᠦ ᠳᠤ ᠴᠤ ᠠᠮᠠᠷᠬᠠᠨ᠂ ᠬᠠᠮᠤᠭ ᠤᠨ ᠴᠢᠬᠤᠯᠠ ᠨᠢ ᠦᠪᠡᠷ ᠤᠨ ᠦᠷᠳᠡᠭ ᠲᠤᠤᠷ᠎ᠠ ᠪᠦᠭᠡᠳ ᠪᠤᠬᠢᠷᠳᠤᠯ ᠦᠭᠡᠢ ᠪᠠᠶᠢᠳᠠᠭ ᠵᠡᠷᠭᠡ ᠲᠠᠪᠠᠭᠤᠯᠢᠭ ᠲᠠᠯ᠎ᠠ ᠲᠠᠢ᠃ ᠺᠤᠮᠫᠠᠨᠢ ᠶᠢᠨ ᠵᠠᠬᠢᠷᠤᠯ ᠼᠦᠢ ᠱᠤ᠋ ᠴᠢᠩ ᠤᠨ ᠲᠠᠨᠢᠯᠴᠠᠭᠤᠯᠬᠤ ᠪᠠᠷ᠂ ᠤᠳᠤ ᠲᠤᠰ ᠺᠤᠮᠫᠠᠨᠢ ᠤᠯᠤᠰ ᠤᠨ ᠲᠤᠰᠬᠠᠢ ᠠᠰᠢᠬ ᠤᠨ ᠲᠤᠪᠴᠢᠶ᠎ᠠ ᠳᠤ ᠬᠤᠷᠭᠤᠯ ᠢᠶᠠᠷ ᠠᠮᠢᠳᠤ ᠪᠤᠳᠠᠰ ᠤᠨ ᠮᠦᠬᠦᠯᠢᠭᠲᠦ ᠲᠦᠯᠡᠰᠢ ᠬᠢᠬᠦ ᠠᠷᠭ᠎ᠠ᠎ ᠶᠢᠨ ᠡᠭᠦᠳᠦᠯᠳᠡ ᠶᠢᠨ ᠲᠤᠰᠬᠠᠢ ᠠᠰᠢᠬ ᠤᠨ ᠡᠷᠬᠡ ᠶᠢ ᠭᠤᠶᠤᠴᠢᠯᠠᠭᠰᠠᠨ ᠪᠠᠶᠢᠨ᠎ᠠ᠃ ᠤᠳᠤᠬᠠᠨ ᠳᠤ ᠲᠤᠷᠰᠢᠨ ᠦᠢᠯᠡᠤᠡᠪᠦᠷᠢᠯᠡᠬᠦ ᠱᠠᠲᠤ ᠶᠢ ᠦᠡᠭᠭᠡᠷᠡᠭᠦᠯᠦᠭᠡᠳ᠂ ᠮᠦᠬᠦᠯᠢᠭ ᠪᠠ ᠬᠡᠰᠡᠭᠲᠤ ᠬᠤᠶᠠᠷ ᠲᠦᠷᠦᠯ ᠤᠨ ᠦᠢᠯᠡᠳᠪᠦᠷᠢᠯᠡᠯ ᠤᠨ ᠱᠤᠭᠤᠮ ᠢ ᠵᠡᠷᠭᠡ ᠪᠠᠷ ᠪᠠᠶᠢᠭᠤᠯᠵᠤ᠂ ᠲᠦᠰᠦᠪᠯᠡᠭᠰᠡᠨ ᠢᠶᠠᠷ ᠵᠢᠯ ᠳᠤ 3᠎ ᠠᠴᠠ 7 ᠲᠦᠮᠡᠨ ᠲᠤᠨ ᠬᠠᠳᠠᠭᠤ ᠲᠦᠯᠦᠪᠲᠤ ᠲᠦᠯᠡᠰᠢ ᠦᠢᠯᠡᠳᠪᠦᠷᠢᠯᠡᠬᠦ ᠴᠢᠳᠠᠮᠵᠢ ᠶᠢ ᠨᠢᠭᠡᠨᠳᠡ ᠪᠦᠷᠢᠯᠳᠦᠬᠦᠯᠪᠡ᠃
      ᠠᠵᠤ ᠦᠢᠯᠡᠳᠪᠦᠷᠢ ᠪᠤᠯ ᠠᠵᠤ ᠠᠬᠤᠢ ᠶᠢᠨ ᠦᠰᠦᠯᠳᠡ ᠶᠢᠨ ᠠᠮᠢᠨ ᠰᠤᠳᠠᠰᠤ ᠮᠦᠨ᠃ ᠭᠡᠬᠦ ᠳᠡᠭᠡᠨ ᠪᠤᠬᠢᠷᠳᠤᠯ ᠦᠭᠡᠢ ᠬᠦᠭᠵᠢᠯᠳᠡ ᠪᠤᠯ ᠮᠠᠨ ᠤ ᠤᠯᠤᠰ ᠤᠨ ᠠᠵᠤ ᠦᠢᠯᠡᠳᠪᠦᠷᠢ ᠶᠢᠨ ᠬᠦᠭᠵᠢᠯᠳᠡ ᠶᠢᠨ ᠶᠡᠭᠡ ᠬᠠᠨᠳᠤᠰᠢ ᠪᠤᠯᠤᠭᠰᠠᠨ ᠭᠡᠳᠡᠭ ᠨᠢ ᠭᠠᠷᠴᠠᠭ᠎ᠠ ᠦᠭᠡᠢ᠃ ᠡᠨᠡ ᠲᠤᠬᠠᠢ ᠮᠠᠯᠴᠢᠨ ᠵᠠᠯᠠᠭᠤ ᠵᠠᠮᠪᠠᠯ ᠤᠨ ᠵᠠᠮᠨᠠᠯ ᠶᠠᠭᠤ ᠨᠢᠭᠡ ᠶᠢ ᠦᠬᠦᠯᠡᠨ᠎ᠡ᠃ ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠸᠠ ᠪᠠᠯᠭᠠᠰᠦ ᠪᠠᠷ ᠨᠤᠳᠤᠭᠲᠠᠢ ᠮᠠᠯᠴᠢᠨ ᠵᠠᠮᠪᠠᠯ 2014 ᠤᠨ ᠳᠤ ᠦᠪᠦᠷ ᠮᠤᠩᠭᠤᠯ ᠤᠨ ᠨᠤᠮᠢᠨᠳᠠᠯ᠎ᠠ ᠡᠬᠢ ᠪᠠᠶᠠᠯᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠭᠵᠢᠭᠦᠯᠦᠯᠳᠡ ᠶᠢᠨ ᠬᠢᠵᠠᠭᠠᠷᠲᠤ ᠺᠤᠮᠫᠠᠨᠢ ᠶᠢ ᠡᠭᠦᠰᠭᠡᠨ ᠪᠠᠶᠢᠭᠤᠯᠵᠤ᠂ ᠭᠤᠤᠯᠳᠠᠭᠤ ᠠᠷᠭᠠᠯ ᠬᠤᠷᠭᠤᠯ ᠵᠡᠷᠭᠡ ᠠᠰᠢᠬᠯᠠᠮᠵᠢ ᠪᠠᠷ ᠲᠤᠤᠷ᠎ᠠ ᠬᠠᠶᠠᠭᠳᠠᠮᠠᠯ ᠪᠤᠳᠠᠰ ᠢᠶᠠᠷ ᠤᠷᠭᠠᠨᠢᠭ ᠪᠤᠷᠳᠤᠭᠤᠷ ᠦᠢᠯᠡᠳᠪᠦᠷᠢᠯᠡᠵᠦ᠂ ᠤᠳᠤ ᠲᠤᠰ ᠺᠤᠮᠫᠠᠨᠢ ᠶᠢᠨ ᠦᠢᠯᠡᠤᠡᠪᠦᠷᠢᠯᠡᠭᠰᠡᠨ ᠤᠷᠭᠠᠨᠢᠭ ᠪᠤᠷᠳᠤᠭᠤᠷ ᠪᠡᠭᠡᠵᠢᠩ᠂ ᠲᠢᠶᠠᠨᠵᠢᠨ᠂ ᠹᠦᠵᠢᠶᠠᠨ ᠵᠡᠷᠭᠡ ᠮᠤᠵᠢ ᠬᠤᠳᠠ ᠳᠤ ᠪᠤᠷᠤᠯᠠᠭᠤᠯᠤᠭᠳᠠᠵᠤ᠂ ᠺᠤᠮᠫᠠᠨᠢ ᠶᠢᠨ ᠦᠢᠯᠡᠳᠪᠦᠷᠢᠯᠡᠯ ᠤᠨ ᠴᠢᠳᠠᠮᠵᠢ ᠢᠵᠢ ᠪᠦᠷᠢᠳᠴᠤ᠂ ᠡᠵᠡᠩᠨᠡᠯᠳᠡ ᠨᠢ ᠨᠡᠯᠢᠶᠡᠳ ᠲᠦᠯᠦᠪᠰᠢᠷᠡᠭᠰᠡᠨ ᠰᠢᠰᠲ᠋ᠧᠮ ᠲᠠᠢ ᠪᠤᠯᠵᠠᠢ᠃ ᠨᠤᠮᠢᠨᠳᠠᠯ᠎ᠠ ᠺᠤᠮᠫᠠᠨᠢ ᠶᠢᠨ ᠵᠠᠬᠢᠷᠤᠯ ᠵᠠᠮᠪᠠᠯ᠄ ᠰᠢᠨ᠎ᠡ ᠮᠡᠷᠭᠡᠵᠢᠯ᠂ ᠰᠢᠨ᠎ᠡ ᠡᠨᠧᠷᠬᠢ᠂ ᠪᠤᠬᠢᠷᠳᠤᠯ ᠦᠭᠡᠢ ᠬᠦᠭᠵᠢᠯᠳᠡ ᠪᠤᠯ ᠮᠠᠨ ᠤ ᠤᠯᠤᠰ ᠤᠨ ᠤᠳᠤᠬᠠᠨ ᠤ ᠪᠠ ᠬᠤᠶᠢᠰᠢᠳᠠ ᠶᠢᠨ ᠠᠵᠤ ᠦᠢᠯᠡᠳᠪᠦᠷᠢ ᠶᠢᠨ ᠬᠦᠭᠵᠢᠯᠳᠡ ᠶᠢᠨ ᠰᠢᠨ᠎ᠡ ᠭᠠᠷᠬᠤ ᠵᠠᠮ ᠶᠤᠮ᠂ ᠤᠳᠤᠬᠠᠨ ᠳᠤ ᠮᠠᠨ ᠤ ᠺᠤᠮᠫᠠᠨᠢ ᠵᠢᠯ ᠳᠤ 2 ᠲᠦᠮᠡᠨ ᠲᠤᠨ ᠤᠷᠭᠠᠨᠢᠭ ᠪᠤᠷᠳᠤᠭᠤᠷ ᠦᠢᠯᠡᠳᠪᠦᠷᠢᠯᠡᠬᠦ ᠴᠢᠳᠠᠮᠵᠢ ᠲᠠᠢ ᠪᠤᠯᠵᠤ᠂ ᠡᠷᠭᠢᠨ ᠲᠤᠭᠤᠷᠢᠨ ᠤ 18 ᠭᠠᠴᠠᠭᠠᠨ ᠠᠴᠠ ᠲᠦᠭᠦᠭᠡᠢ ᠡᠳ᠋ ᠲᠠᠳᠠᠪᠤᠷᠢᠯᠠᠵᠤ ᠪᠤᠢ
ᠭᠡᠯ᠎ᠠ᠃
      2018 ᠤᠨ ᠪᠤᠯ ᠲᠤᠰ ᠺᠤᠮᠫᠠᠨᠢ ᠵᠢᠴᠢ ᠡᠷᠭᠢᠨ ᠲᠤᠭᠤᠷᠢᠨ ᠤ ᠮᠠᠯᠴᠢᠳ ᠲᠤ ᠠᠪᠴᠤ ᠬᠡᠯᠡᠪᠡᠯ ᠦᠢᠯᠡᠳᠪᠦᠷᠢᠯᠡᠯ ᠡᠵᠡᠩᠨᠡᠯᠳᠡ ᠶᠢᠨ ᠲᠠᠯ᠎ᠠ ᠪᠠᠷ ᠪᠠᠰᠠ ᠨᠢᠭᠡᠨ ᠠᠬᠢᠯᠳᠡ ᠲᠠᠪᠠᠯᠳᠠ ᠶᠢ ᠪᠡᠶᠡᠯᠡᠭᠦᠯᠦᠭᠰᠡᠨ ᠵᠢᠯ ᠪᠢᠯᠡ᠃ ᠲᠤᠬᠠᠢ ᠶᠢᠨ ᠵᠢᠯ ᠳᠤ ᠵᠠᠨ᠎ᠠ᠂ ᠰᠡᠴᠡᠨ᠂ ᠢᠤᠢ ᠷᠦᠡᠭ᠂ ᠪᠦᠷᠢᠨ ᠵᠡᠷᠭᠡ ᠵᠢᠷᠭᠤᠭᠠᠨ ᠮᠠᠯᠴᠢᠨ ᠵᠠᠯᠠᠭᠤ ᠵᠠᠮᠪᠠᠯ ᠤᠨ ᠺᠤᠮᠫᠠᠨᠢ ᠳᠤ ᠮᠡᠷᠭᠡᠵᠢᠯ ᠪᠤᠶᠤ ᠪᠡᠯᠡ ᠮᠦᠡᠭᠭᠦ ᠪᠠᠷ ᠬᠤᠪᠢ ᠤᠷᠤᠵᠤ᠂ ᠤᠷᠢᠳ ᠬᠤᠵᠢᠳ 400 ᠭᠠᠷᠤᠢ ᠲᠦᠮᠡᠨ ᠲᠦᠭᠦᠷᠢᠭ ᠤᠨ ᠪᠡᠯᠡ ᠤᠷᠤᠭᠤᠯᠵᠤ᠂ ᠦᠢᠯᠡᠳᠪᠦᠷᠢ ᠶᠢᠨ ᠭᠡᠷ ᠪᠠᠶᠢᠰᠢᠩ ᠢᠶᠠᠨ ᠦᠷᠭᠡᠳᠭᠡᠨ ᠪᠠᠶᠢᠭᠤᠯᠵᠠᠢ᠃ ᠤᠳᠤᠬᠠᠨ ᠳᠤ ᠲᠤᠰ ᠺᠤᠮᠫᠠᠨᠢ ᠶᠢᠨ ᠦᠢᠯᠡᠳᠪᠦᠷᠢ ᠶᠢᠨ ᠭᠡᠷ ᠪᠠᠶᠢᠰᠢᠩ ᠤᠨ ᠡᠵᠡᠯᠡᠬᠦ ᠲᠠᠯᠠᠪᠠᠢ 1700 ᠲᠡᠭᠰᠢ ᠲᠦᠷᠪᠡᠯᠵᠢᠨ  ᠲᠤ ᠬᠦᠷᠴᠤ᠂ ᠵᠢᠯ ᠪᠦᠷᠢ ᠶᠢᠨ ᠲᠡᠭᠰᠢᠳᠭᠡᠭᠰᠡᠨ ᠴᠡᠪᠡᠷ ᠤᠷᠤᠯᠭ᠎ᠠ ᠨᠢ 200 ᠭᠠᠷᠤᠢ ᠲᠦᠮᠡᠨ ᠲᠦᠭᠦᠷᠢᠭ ᠲᠤ ᠬᠦᠷᠴᠤ ᠪᠤᠢ᠃ ᠡᠭᠦᠨ ᠠᠴᠠ ᠭᠠᠳᠠᠨ᠎ᠠ ᠲᠤᠰ ᠺᠤᠮᠫᠠᠨᠢ ᠪᠠᠰᠠ ᠤᠢᠢᠷ᠎ᠠ ᠬᠠᠪᠢ ᠶᠢᠨ ᠰᠤᠮᠤ ᠭᠠᠴᠠᠭᠠᠨ ᠤ 12 ᠮᠠᠯᠴᠢᠨ ᠯᠤᠭ᠎ᠠ ᠤᠷᠳᠤ ᠬᠤᠭᠤᠴᠠᠭᠠᠨ ᠤ ᠬᠦᠳᠡᠯᠮᠦᠷᠢ ᠶᠢᠨ ᠭᠡᠷ᠎ᠡ ᠲᠤᠭᠳᠠᠵᠤ᠂ ᠲᠤᠬᠠᠢ ᠶᠢᠨ ᠭᠠᠵᠠᠷ ᠤᠷᠤᠨ ᠤ ᠬᠦᠳᠡᠯᠮᠦᠷᠢ ᠬᠦᠴᠤ ᠶᠢ ᠲᠠᠶᠢᠴᠢᠯᠠᠵᠤ ᠪᠠᠶᠢᠨ᠎ᠠ᠃ ᠬᠤᠶᠢᠰᠢᠳᠠ ᠶᠢᠨ ᠲᠦᠯᠦᠪᠯᠡᠭᠡ ᠶᠢᠨ ᠲᠤᠬᠠᠢ ᠵᠠᠮᠪᠠᠯ ᠤᠨ᠄ ᠪᠦᠲᠦᠭᠡᠭᠳᠡᠬᠦᠨ ᠤ ᠪᠠᠨ ᠶᠠᠰᠤ ᠴᠢᠨᠠᠷ᠂ ᠪᠤᠷᠤᠯᠠᠭᠤᠯᠭ᠎ᠠ ᠶᠢᠨ ᠲᠤᠭᠳᠠᠭᠤᠨ ᠨᠡᠮᠡᠭᠳᠡᠯ ᠢ ᠪᠠᠲᠤᠯᠠᠭᠰᠠᠨ ᠤᠷᠢᠳᠠᠯ ᠲᠤᠤᠷ᠎ᠠ ᠪᠤᠰᠤᠳ ᠬᠤᠰᠢᠭᠤᠨ ᠤ ᠰᠠᠨᠠᠭᠠᠴᠢᠯᠠᠭ᠎ᠠ ᠲᠠᠢ ᠵᠠᠯᠠᠭᠤᠴᠤᠳ ᠲᠠᠢ ᠬᠤᠷᠰᠢᠨ ᠬᠤᠪᠢᠶᠠᠷᠢ ᠺᠤᠮᠫᠠᠨᠢ ᠪᠠᠶᠢᠭᠤᠯᠬᠤ ᠰᠠᠨᠠᠭ᠎ᠠ ᠪᠤᠢ᠂ ᠪᠤᠬᠢᠷᠳᠤᠯ ᠦᠭᠡᠢ ᠬᠦᠭᠵᠢᠯᠳᠡ ᠪᠤᠯ ᠶᠡᠭᠡ ᠬᠠᠨᠳᠤᠰᠢ᠂ ᠤᠳᠤᠬᠠᠨ ᠳᠤ ᠪᠢᠳᠡ ᠡᠨᠡ ᠶᠡᠭᠡ ᠬᠠᠨᠳᠤᠰᠢ ᠰᠢᠨ᠎ᠡ ᠵᠠᠮ ᠢ ᠲᠠᠨᠢᠵᠤ ᠤᠯᠤᠭᠰᠠᠨ ᠡ᠂ ᠬᠤᠶᠢᠰᠢᠳᠠ ᠡᠨᠡ ᠶᠡᠭᠡ ᠬᠠᠨᠳᠤᠰᠢ ᠶᠢ ᠲᠠᠭᠠᠵᠤ ᠠᠮᠵᠢᠬᠤ ᠨᠢ ᠶᠠᠭᠤᠨ ᠠᠴᠠ ᠴᠤ ᠴᠢᠬᠤᠯᠠ ᠭᠡᠬᠦ ᠶᠠᠷᠢᠶᠠᠨ ᠳᠤ ᠵᠠᠯᠠᠭᠤ ᠬᠦᠮᠦᠨ ᠤ ᠬᠢᠷᠠᠬᠠᠢ ᠬᠠᠷᠠᠴᠠ ᠵᠤᠷᠢᠮᠠᠭ ᠰᠢᠢᠳᠪᠦᠷᠢ ᠢᠯᠡᠳᠳᠡ ᠬᠠᠷᠠᠭᠳᠠᠨ᠎ᠠ᠃ ᠲᠡᠭᠡᠷᠡᠬᠢ ᠬᠤᠶᠠᠷ ᠺᠤᠮᠫᠠᠨᠢ ᠪᠤᠯ ᠴᠦᠮ ᠪᠠᠷᠠᠭᠤᠨ ᠦᠵᠦᠮᠦᠴᠢᠨ ᠬᠤᠰᠢᠭᠤᠨ ᠳᠤ ᠪᠤᠢ ᠪᠤᠯᠵᠤ ᠠᠭᠠᠵᠢᠮ ᠢᠶᠠᠷ ᠪᠤᠵᠠᠭᠠᠢᠢᠷᠠᠵᠤ ᠪᠦᠬᠦᠢ ᠪᠤᠬᠢᠷᠳᠤᠯ ᠦᠭᠡᠢ ᠦᠢᠯᠡᠳᠪᠦᠷᠢᠯᠡᠯ ᠤᠨ ᠠᠵᠤ ᠠᠬᠤᠢᠢᠯᠠᠯ ᠤᠳ ᠤᠨ ᠲᠤᠳᠤᠷᠠᠬᠢ ᠨᠡᠯᠢᠶᠡᠳ ᠨᠡᠶᠢᠳᠡᠯᠢᠭ ᠴᠢᠨᠠᠷᠲᠠᠢ ᠲᠦᠯᠦᠭᠡᠯᠡᠭᠴᠢ ᠶᠤᠮ᠃
       ᠪᠠᠷᠠᠭᠤᠨ ᠦᠵᠦᠮᠦᠴᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠪᠴᠢᠶᠠᠨ ᠠᠴᠠ ᠤᠢᠢᠯᠠᠭᠠᠭᠰᠠᠨ ᠢᠶᠠᠷ᠂ ᠨᠢᠳᠤᠨᠤᠨ ᠠᠴᠠ ᠨᠠᠭᠠᠰᠢ ᠲᠤᠰ ᠬᠤᠰᠢᠭᠤ ᠠᠷᠠᠳ ᠠᠴᠠ ᠡᠷᠬᠢᠯᠡᠭᠰᠡᠨ ᠠᠵᠤ ᠠᠬᠤᠢᠢᠯᠠᠯ ᠢ ᠲᠡᠮᠵᠢᠬᠦ᠂ ᠪᠤᠬᠢᠷᠳᠤᠯ ᠦᠭᠡᠢ ᠠᠵᠤ ᠦᠢᠯᠡᠳᠪᠦᠷᠢ ᠶᠢ ᠬᠦᠭᠵᠢᠭᠦᠯᠬᠦ ᠲᠦᠷᠦ ᠶᠢᠨ ᠪᠤᠳᠤᠯᠭ᠎ᠠ ᠶᠢ ᠲᠤᠭᠳᠠᠭᠠᠵᠦ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ 33 ᠲᠦᠮᠡᠨ ᠲᠦᠭᠦᠷᠢᠭ ᠤᠨ ᠲᠤᠰᠬᠠᠢ ᠲᠦᠷᠦᠯ ᠵᠦᠢᠯ ᠤᠨ ᠪᠡᠯᠡ ᠮᠦᠡᠭᠭᠦ ᠶᠢ ᠪᠦᠲᠦᠭᠡᠭᠳᠡᠭᠦᠨ ᠤ ᠰᠤᠳᠤᠯᠭᠠᠨ ᠤ ᠲᠠᠰᠤᠭ ᠤᠨ ᠪᠠᠶᠢᠭᠤᠯᠤᠯᠳᠠ ᠳᠤ ᠬᠡᠷᠡᠭᠯᠡᠬᠦ ᠪᠠᠷ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠲᠡᠪᠰᠢᠭᠦᠯᠦᠨ ᠭᠤᠶᠤᠴᠢᠯᠠᠵᠤ᠂ ᠤᠳᠤ ᠶᠠᠭ ᠰᠠᠶ᠋ᠢᠬᠠᠨ ᠬᠠᠮᠢᠶ᠎ᠠ ᠪᠦᠬᠦᠢ ᠭᠠᠷ ᠭᠦᠢᠴᠡᠳᠭᠡᠯ ᠢᠶᠠᠨ ᠬᠢᠵᠦ  ᠪᠤᠢ᠃ ᠲᠤᠰ ᠲᠤᠪᠴᠢᠶ᠎ᠠ ᠪᠠᠰᠠ ᠲᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠤᠯᠪᠤᠭᠠᠯᠠᠨ ᠰᠤᠳᠤᠯᠭᠠᠨ ᠤ ᠲᠠᠰᠤᠭ ᠤᠨ ᠪᠠᠶᠢᠭᠤᠯᠤᠯᠳᠠ ᠳᠤ ᠮᠡᠷᠭᠡᠵᠢᠯ ᠤᠨ ᠲᠡᠮᠵᠢᠯᠭᠡ ᠬᠠᠨᠭ᠍ᠭᠠᠵᠤ ᠪᠠᠶᠢᠨ᠎ᠡ᠂ ᠡᠨᠡ ᠨᠢ ᠨᠢᠭᠡ ᠲᠠᠯ᠎ᠠ ᠪᠠᠷ ᠲᠤᠬᠠᠢ ᠶᠢᠨ ᠭᠠᠵᠠᠷ ᠤᠨ ᠠᠵᠤ ᠠᠬᠤᠢᠢᠯᠠᠯ ᠤᠨ ᠦᠪᠡᠷ ᠤᠨ ᠦᠷᠳᠡᠭ ᠢ ᠵᠤᠬᠢᠬᠤ ᠬᠡᠮᠵᠢᠶᠡᠨ᠎ᠡ ᠠᠷᠪᠢᠯᠠᠭᠰᠠᠨ ᠪᠦᠭᠡᠳ ᠨᠦᠭᠦᠭᠡ ᠲᠠᠯ᠎ᠠ ᠪᠠᠷ ᠭᠠᠵᠠᠷ ᠤᠷᠤᠨ ᠤ ᠪᠤᠬᠢᠷᠳᠤᠯ ᠦᠭᠡᠢ ᠠᠵᠤ ᠦᠢᠯᠡᠰ ᠤᠨ ᠬᠦᠭᠵᠢᠯᠳᠡ ᠶᠢ ᠲᠦᠷᠭᠡᠳᠭᠡᠭᠰᠡᠨ ᠪᠠᠶᠢᠨ᠎ᠠ᠃  ᠤᠷᠳᠤᠨᠠᠰᠤᠲᠤ ᠪᠤᠶᠠᠨᠲᠤ ᠪᠢᠯᠢᠭᠪᠡᠭᠠᠲᠤᠷ ᠰᠣᠷᠣᠨ᠎ᠠ 



  
     
     