

ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠬᠦᠴᠦᠲᠦ ᠪᠠᠲᠤᠯᠠᠭ᠎ᠠ ᠬᠠᠩᠭᠠᠰᠤᠭᠠᠶ

2019-11-02 19:34
  53
  0
ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠬᠦᠴᠦᠲᠦ ᠪᠠᠲᠤᠯᠠᠭ᠎ᠠ ᠬᠠᠩᠭᠠᠰᠤᠭᠠᠶ

   ᠨᠠᠯᠠᠭᠠᠷ ᠨᠠᠮᠤᠷ ᠤᠨ ᠤᠯᠠᠷᠢᠯ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠠᠮᠵᠢᠯᠳᠠ ᠲᠠᠢ ᠬᠤᠷᠠᠯᠳᠤᠪᠠ᠃ ᠪᠥᠬᠦᠳᠡ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠲᠥᠪ ᠬᠤᠷᠢᠶᠠᠨ ᠤ ᠤᠯᠤᠰ ᠲᠥᠷᠦ ᠶᠢᠨ ᠲᠣᠪᠴᠢᠶᠠᠨ ᠤ ᠨᠠᠶᠢᠳᠠᠯᠭ᠎ᠠ ᠪᠠᠷ ᠬᠢᠭᠰᠡᠨ ᠠᠵᠢᠯ ᠤᠨ ᠢᠯᠡᠳᠬᠡᠯ ᠢ ᠰᠣᠨᠣᠰᠤᠨ ᠶᠠᠷᠢᠯᠴᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠨᠠᠭᠠᠰᠢᠬᠢ ᠲᠥᠪ ᠬᠤᠷᠢᠶᠠᠨ ᠤ ᠤᠯᠤᠰ ᠲᠥᠷᠦ ᠶᠢᠨ ᠲᠣᠪᠴᠢᠶᠠᠨ ᠤ ᠠᠵᠢᠯ ᠢ ᠭᠦᠶ᠋ᠴᠡᠳ ᠨᠤᠲᠠᠯᠠᠪᠠ᠃ ᠪᠥᠬᠦᠳᠡ ᠬᠤᠷᠠᠯ ᠠᠴᠠ ︽ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠬᠦᠯᠬᠦ᠂ ᠤᠯᠤᠰ ᠤᠨ ᠵᠠᠰᠠᠯᠳᠠ ᠶᠢᠨ ᠰᠢᠰᠲ᠋ᠧᠮ ᠪᠠ ᠵᠠᠰᠠᠯᠳᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠶᠡᠭᠡ ᠠᠰᠠᠭᠤᠳᠠᠯ ᠤᠳ ᠤᠨ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠢ ᠬᠢᠨᠠᠨ ᠵᠦᠪᠯᠡᠵᠦ ᠪᠠᠲᠤᠯᠠᠪᠠ᠂ ᠡᠨᠡ ᠪᠣᠯ ᠮᠠᠨ ᠤ ᠤᠯᠤᠰ ᠤᠨ ᠤᠯᠤᠰ ᠤᠨ ᠪᠠᠶᠢᠭᠤᠯᠤᠯ ᠪᠠ ᠵᠠᠰᠠᠯᠳᠠ ᠶᠢᠨ ᠰᠢᠰᠲ᠋ᠧᠮ ᠢ ᠪᠦᠷᠢᠨᠰᠢᠬᠦᠯᠦᠨ ᠬᠥᠭᠵᠢᠭᠦᠯᠬᠦ ᠬᠦᠳᠦᠯᠪᠦᠷᠢ ᠶᠢᠨ ᠴᠢᠨᠠᠷᠳᠠᠢ ᠪᠢᠴᠢᠭ ᠮᠠᠲ᠋ᠧᠷᠢᠶᠠᠯ ᠮᠥᠨ᠃
   ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠵᠦ ᠪᠠᠶᠢᠭ᠎ᠠ ᠲᠠᠰᠢᠷᠠᠮ ᠳᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠠᠴᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠬᠦᠯᠬᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠠᠰᠠᠭᠤᠳᠠᠯ ᠢ ᠲᠤᠰᠬᠠᠶ ᠰᠡᠳᠦᠪ ᠢᠶᠠᠷ ᠰᠤᠳᠤᠯᠤᠭᠰᠠᠨ ᠪᠥᠭᠡᠳ ᠲᠣᠭᠲᠠᠭᠠᠯ ᠭᠠᠷᠭᠠᠭᠰᠠᠨ ᠨᠢ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠥᠨᠳᠥᠷ ᠲᠤ ᠵᠣᠭᠰᠣᠨ ᠠᠯᠤᠰ ᠢ ᠪᠠᠷᠠᠯᠠᠬᠤ ᠪᠠᠶᠢᠯᠳᠤᠬᠤ ᠪᠣᠳᠣᠯᠭ᠎ᠠ ᠶᠢᠨ ᠬᠠᠷᠠᠴᠠ ᠪᠣᠯᠤᠨ ᠲᠤᠯᠭᠠᠮ ᠴᠢᠩᠭ᠎ᠠ ᠲᠡᠤᠬᠡ ᠶᠢᠨ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠶ᠋ᠳᠪᠦᠷᠢᠲᠦ ᠢᠯᠠᠯᠲᠠ ᠶᠢ ᠣᠯᠬᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠨᠠᠮ ᠤᠨ ᠲᠥᠷᠥ ᠪᠠᠷᠢᠬᠤ ᠪᠠᠶᠢᠷᠢ ᠰᠠᠭᠤᠷᠢ ᠶᠢ ᠪᠠᠬᠢᠵᠢᠭᠦᠯᠬᠦ᠂ ᠨᠠᠮ ᠪᠣᠯᠤᠨ ᠤᠯᠤᠰ ᠤᠨ ᠥᠨᠢ ᠤᠳᠠᠭᠠᠨ ᠠᠮᠤᠷ ᠲᠤᠭᠲᠠᠭᠤᠨ ᠪᠠᠶᠢᠬᠤ ᠶᠢ ᠪᠠᠲᠤᠯᠠᠬᠤ ᠳᠤ ᠴᠢᠬᠤᠯᠠ ᠶᠡᠭᠡ ᠪᠥᠭᠡᠳ ᠠᠯᠤᠰ ᠬᠡᠲᠦ ᠶᠢᠨ ᠠᠴᠢ ᠬᠤᠯᠪᠣᠭᠳᠠᠯ ᠲᠠᠢ ᠶᠤᠮ᠃ ᠪᠥᠬᠦᠳᠡ ᠬᠤᠷᠠᠯ ᠠᠴᠠ ᠪᠠᠲᠤᠯᠠᠭᠰᠠᠨ ︽ᠲᠣᠭᠲᠠᠭᠠᠯ︾ ᠨᠢ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠪᠦᠬᠦ ᠲᠠᠯ᠎ᠠ ᠪᠠ ᠠᠯᠤᠰ ᠬᠡᠲᠦ ᠠᠴᠠ ᠡᠭᠦᠰᠴᠦ᠂ ᠮᠠᠨ ᠤ ᠤᠯᠤᠰ ᠤᠨ ᠤᠯᠤᠰ ᠤᠨ ᠪᠠᠶᠢᠭᠤᠯᠤᠯ ᠪᠠ ᠤᠯᠤᠰ ᠤᠨ ᠵᠠᠰᠠᠯᠳᠠ ᠶᠢᠨ ᠰᠢᠰᠲ᠋ᠧᠮ ᠤᠨ ᠬᠤᠪᠢᠰᠤᠯᠲᠠ ᠬᠦᠭᠵᠢᠯᠲᠡ ᠶᠢᠨ ᠴᠢᠭᠯᠡᠯ ᠪᠠ ᠵᠢᠮ᠎ᠡ ᠶᠣᠰᠣ ᠶᠢ ᠣᠨᠣᠪᠴᠢᠲᠠᠶ ᠡᠵᠡᠮᠳᠡᠵᠦ᠂ ︽ᠶᠠᠭᠤ ᠶᠢ ᠪᠠᠷᠢᠮᠲᠠᠯᠠᠨ ᠪᠠᠬᠢᠵᠢᠭᠦᠯᠬᠦ᠂ ᠶᠠᠭᠤ ᠶᠢ ᠲᠡᠭᠦᠯᠳᠡᠷᠵᠢᠬᠦᠯᠦᠨ ᠬᠥᠭᠵᠢᠭᠦᠯᠬᠦ︾ ᠡᠨᠡ ᠬᠦ ᠴᠢᠬᠤᠯᠠ ᠶᠡᠭᠡ ᠤᠯᠤᠰ ᠲᠥᠷᠦ ᠶᠢᠨ ᠠᠰᠠᠭᠤᠳᠠᠯ ᠳᠤ ᠭᠦᠨᠵᠡᠭᠡᠶ ᠬᠠᠷᠢᠭᠤᠯᠲᠠ ᠥᠭᠴᠦ᠂ ᠡᠷᠬᠡᠪᠰᠢ ᠪᠠᠲᠤ ᠪᠠᠷᠢᠮᠲᠠᠯᠠᠬᠤ ᠴᠢᠬᠤᠯᠠᠳᠠᠢ ᠴᠢᠬᠤᠯᠠ ᠶᠡᠭᠡ ᠳᠦᠷᠢᠮ ᠪᠠ ᠵᠠᠷᠴᠢᠮ ᠢ ᠲᠣᠳᠣᠷᠬᠠᠶᠢᠯᠠᠨ ᠥᠭᠦᠯᠡᠭᠰᠡᠨ ᠮᠥᠷᠲᠡᠭᠡᠨ ᠪᠠᠰᠠ ᠳᠦᠷᠢᠮ ᠤᠨ ᠪᠠᠶᠢᠭᠤᠯᠤᠯᠲᠠ ᠶᠢ ᠠᠬᠢᠭᠤᠯᠬᠤ ᠴᠢᠬᠤᠯᠠ ᠶᠡᠭᠡ ᠡᠭᠦᠷᠭᠡ ᠪᠠ ᠠᠷᠭ᠎ᠠ ᠬᠡᠮᠵᠢᠶ᠎ᠡ ᠶᠢ ᠪᠠᠶᠢᠷᠢᠯᠠᠭᠤᠯᠵᠤ᠂ ᠲᠡᠤᠬᠡ ᠶᠢ ᠳ᠋ᠦᠩᠨᠡᠬᠦ ᠪᠠ ᠢᠷᠡᠭᠡᠳᠦᠢ ᠳᠤ ᠬᠠᠨᠳᠤᠬᠤ ᠶᠢᠨ ᠨᠢᠭᠡᠳᠦᠯ᠂ ᠲᠣᠭᠲᠠᠯ ᠬᠦᠴᠦᠨ ᠢ ᠪᠠᠲᠤᠯᠠᠬᠤ ᠪᠠ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢᠨ ᠨᠢᠭᠡᠳᠦᠯ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢᠨ ᠨᠢᠭᠡᠳᠦᠯ ᠢ ᠢᠯᠡᠷᠡᠭᠦᠯᠵᠦ᠂ ᠡᠯ᠎ᠡ ᠲᠠᠯ᠎ᠠ ᠶᠢᠨ ᠳᠦᠷᠢᠮ ᠨᠠᠩ ᠪᠣᠯᠪᠠᠰᠤᠷᠠᠩᠭᠤᠶ ᠨᠠᠩ ᠬᠡᠪᠰᠢᠬᠦ ᠶᠢ ᠠᠭᠢᠭᠤᠯᠵᠤ᠂ ᠮᠠᠨ ᠤ ᠤᠯᠤᠰ ᠤᠨ ᠪᠠᠶᠢᠭᠤᠯᠤᠯ ᠤᠨ ᠳᠠᠪᠠᠭᠤᠯᠢᠭ ᠢ ᠨᠡᠩ ᠰᠠᠶᠢᠨ ᠤᠯᠤᠰ ᠤᠨ ᠵᠠᠰᠠᠯᠳᠠ ᠶᠢᠨ ᠴᠢᠳᠠᠮᠵᠢ ᠪᠣᠯᠭᠠᠨ ᠬᠤᠪᠢᠷᠠᠭᠤᠯᠬᠤ ᠳᠤ ᠴᠢᠬᠤᠯᠠ ᠶᠡᠭᠡ ᠪᠥᠭᠡᠳ ᠠᠯᠤᠰ ᠬᠡᠲᠦ ᠶᠢᠨ ᠨᠥᠯᠥᠭᠡ ᠦᠵᠡᠭᠦᠯᠬᠦ ᠨᠢ ᠯᠠᠪᠲᠠᠶ ᠶᠤᠮ᠃
   ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠪᠣᠯ ᠨᠠᠮ ᠪᠠ ᠠᠷᠠᠳ ᠲᠦᠮᠡᠨ ᠤ ᠤᠷᠳᠤ ᠬᠤᠭᠤᠴᠠᠭᠠᠨ ᠤ ᠦᠶ᠋ᠯᠡᠳᠦᠯᠭᠡ ᠶᠢᠨ ᠰᠦᠪᠡᠭᠴᠢᠯᠡᠯᠲᠡ ᠶᠢᠨ ᠳᠤᠮᠳᠠ ᠪᠦᠷᠢᠯᠳᠦᠭᠰᠡᠨ ᠰᠢᠨᠵᠢᠯᠡᠬᠦ ᠤᠬᠠᠭᠠᠨᠴᠢ ᠪᠠᠶᠢᠭᠤᠯᠤᠯ ᠤᠨ ᠰᠢᠰᠲ᠋ᠧᠮ ᠮᠥᠨ᠂ ᠮᠠᠨ ᠤ ᠤᠯᠤᠰ ᠤᠨ ᠤᠯᠤᠰ ᠤᠨ ᠵᠠᠰᠠᠯᠳᠠ ᠶᠢᠨ ᠠᠯᠢᠪᠠ ᠠᠵᠢᠯ ᠪᠠ ᠠᠵᠢᠯᠯᠠᠭ᠎ᠠ ᠪᠦ᠋ᠷ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠵᠢᠷᠤᠮᠯᠠᠨ ᠦᠷᠨᠢᠬᠦᠯᠦᠭᠰᠡᠨ ᠶᠤᠮ᠂ ᠮᠠᠨ ᠤ ᠤᠯᠤᠰ ᠤᠨ ᠤᠯᠤᠰ ᠤᠨ ᠵᠠᠰᠠᠯᠳᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠵᠢᠴᠢ ᠲᠡᠭᠦᠨ ᠤ ᠬᠡᠷᠡᠭᠵᠢᠭᠦᠯᠬᠦ ᠴᠢᠳᠠᠪᠤᠷᠢ ᠶᠢᠨ ᠲᠦᠪᠯᠡᠷᠡᠩᠬᠦᠢ ᠢᠯᠡᠷᠡᠯ ᠮᠦᠨ᠃ ᠰᠢᠨ᠎ᠡ ᠳᠤᠮᠳᠠᠳᠤ ᠤᠯᠤᠰ ᠤᠨ 70 ᠵᠢᠯ ᠳᠤ ᠣᠯᠤᠭᠰᠠᠨ ᠲᠡᠤᠬᠡᠲᠦ ᠴᠢᠨᠠᠷᠲᠠᠶ ᠠᠮᠵᠢᠯᠲᠠ ᠪᠦᠲᠦᠮᠵᠢ ᠨᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠬᠥᠭᠵᠢᠯᠲᠡ ᠳᠠᠪᠰᠢᠯᠲᠠ ᠶᠢᠨ ᠦᠨᠳᠦᠰᠦᠨ ᠪᠠᠲᠤᠯᠠᠭ᠎ᠠ ᠮᠥᠨ ᠭᠡᠳᠡᠭ ᠢ ᠬᠦᠢᠴᠡᠳ ᠭᠡᠷᠡᠴᠢᠯᠡᠵᠡᠢ᠃ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠪᠠ ᠤᠯᠤᠰ ᠤᠨ ᠵᠠᠰᠠᠯᠲᠠ ᠶᠢᠨ ᠰᠢᠰᠲ᠋ᠧᠮ ᠪᠣᠯ ᠮᠠᠷᠺᠰ ᠤᠨ ᠦᠵᠡᠯ ᠢᠶᠠᠷ ᠵᠢᠯᠣᠭᠤᠳᠤᠯᠭ᠎ᠠ ᠪᠣᠯᠭᠠᠭᠰᠠᠨ᠂ ᠳᠤᠮᠳᠠᠳᠤ ᠤᠯᠤᠰ ᠤᠨ ᠡᠬᠡ ᠭᠠᠵᠠᠷ ᠲᠤ ᠦᠨᠳᠦᠰᠦᠯᠡᠭᠰᠡᠨ᠂ ᠳᠤᠮᠳᠠᠳᠤ ᠶᠢᠨ ᠰᠣᠶᠣᠯ ᠤᠨ ᠭᠦᠨ ᠵᠤᠵᠠᠭᠠᠨ ᠰᠠᠭᠤᠷᠢ ᠲᠠᠢ᠂ ᠠᠷᠠᠳ ᠲᠦᠮᠡᠨ ᠤ ᠬᠦᠷᠢᠶᠡᠯᠡᠯ ᠢ ᠶᠡᠭᠡᠳᠠ ᠣᠯᠤᠭᠰᠠᠨ ᠪᠠᠶᠢᠭᠤᠯᠤᠯ ᠪᠠ ᠵᠠᠰᠠᠯᠲᠠ ᠶᠢᠨ ᠰᠢᠰᠲ᠋ᠧᠮ ᠮᠥᠨ᠂ ᠬᠦᠴᠦᠷᠬᠡᠭ ᠶᠡᠭᠡ ᠠᠮᠢᠵᠢᠷᠠᠯ ᠤᠨ ᠬᠦᠴᠦᠨ ᠪᠠ ᠯᠤᠲᠤ ᠶᠡᠭᠡ ᠳᠠᠪᠠᠭᠤᠯᠢᠭ ᠴᠢᠨᠠᠷ ᠲᠠᠢ ᠪᠠᠶᠢᠭᠤᠯᠤᠯ ᠪᠠ ᠵᠠᠰᠠᠯᠲᠠ ᠶᠢᠨ ᠰᠢᠰᠲ᠋ᠧᠮ ᠮᠥᠨ᠂ 14 ᠳ᠋ᠦᠩᠰᠢᠭᠤᠷ ᠰᠢᠬᠠᠮ ᠬᠥᠮᠦᠨ ᠠᠮᠠ ᠲᠠᠢ ᠶᠡᠭᠡ ᠤᠯᠤᠰ ᠤᠨ ᠳᠠᠪᠰᠢᠯᠲᠠ ᠪᠠ ᠬᠥᠭᠵᠢᠯᠲᠡ ᠶᠢ ᠦᠷᠭᠦᠯᠵᠢᠯᠡᠨ ᠠᠬᠢᠭᠤᠯᠬᠤ᠂ 5000 ᠭᠠᠷᠤᠶ ᠵᠢᠯ ᠤᠨ ᠪᠣᠯᠪᠠᠰᠤᠨ ᠲᠡᠤᠬᠡ ᠲᠠᠢ ᠳᠤᠮᠳᠠᠳᠤ ᠶᠢᠨ ᠦᠨᠳᠦᠰᠦᠲᠡᠨ ᠤ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠲᠠ ᠪᠠᠨ ᠪᠡᠶᠡᠯᠡᠭᠦᠯᠵᠦ ᠡᠬᠦᠨ ᠤ ᠤᠯᠠᠮ ᠢᠶᠠᠷ ᠠᠭᠤᠤ ᠶᠡᠭᠡ ᠰᠡᠷᠭᠦᠨ ᠮᠠᠨᠳᠤᠯᠲᠠ ᠪᠠᠨ ᠪᠡᠶᠡᠯᠡᠭᠦᠯᠬᠦ ᠶᠢ ᠪᠠᠳᠤᠯᠠᠬᠤ ᠪᠠᠶᠢᠭᠤᠯᠤᠯ ᠪᠠ ᠵᠠᠰᠠᠯᠲᠠ ᠶᠢᠨ ᠰᠢᠰᠲ᠋ᠧᠮ ᠮᠥᠨ᠃ ᠮᠠᠨ ᠤ ᠤᠯᠤᠰ ᠤᠨ ᠤᠯᠤᠰ ᠤᠨ ᠪᠠᠶᠢᠭᠤᠯᠤᠯ ᠪᠤᠯᠤᠨ ᠤᠯᠤᠰ ᠤᠨ ᠵᠠᠰᠠᠯᠳᠠ ᠶᠢᠨ ᠰᠢᠰᠲ᠋ᠧᠮ ᠨᠢ ᠤᠯᠠᠨ ᠲᠠᠯ᠎ᠠ ᠶᠢᠨ ᠢᠯᠡᠳᠲᠡ ᠲᠠᠪᠠᠭᠤᠯᠢᠭ ᠲᠠᠢ ᠶᠤᠮ᠂ ᠡᠳᠡᠭᠡᠷ ᠢᠯᠡᠳᠲᠡ ᠳᠠᠪᠠᠭᠤᠯᠢᠭ ᠪᠣᠯ ᠪᠢᠳᠡᠨ ᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠤᠨ ᠢᠲᠡᠭᠡᠯ᠂ ᠣᠨᠣᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢᠶᠠᠨ ᠪᠠᠲᠤᠳᠬᠠᠬᠤ ᠶᠢᠨ ᠦᠨᠳᠦᠰᠦᠨ ᠦᠨᠳᠦᠰᠦᠯᠡᠯ ᠮᠥᠨ ᠭᠡᠳᠡᠭ ᠢ ᠦᠶ᠋ᠯᠡᠳᠦᠯᠭᠡ ᠭᠦᠶ᠋ᠴᠡᠳ ᠬᠠᠷᠠᠭᠤᠯᠵᠤ ᠪᠠᠶᠢᠨ᠎ᠠ᠃
   ᠣᠳᠣᠬᠠᠨ ᠤ ᠳᠡᠯᠡᠬᠡᠶ ᠶᠢᠷᠲᠢᠨᠴᠦ ᠶᠠᠭ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠥᠩᠭᠡᠷᠡᠭᠡᠵᠦ᠂ ᠮᠠᠨ ᠤ ᠤᠯᠤᠰ ᠶᠠᠭ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ ᠪᠠᠶᠢᠨ᠎ᠠ᠃ ᠴᠠᠭ ᠦᠶ᠎ᠡ ᠶᠢᠨ ᠤᠷᠤᠰᠬᠠᠯ ᠢ ᠳᠠᠭᠠᠵᠤ᠂ ᠮᠠᠨ ᠤ ᠤᠯᠤᠰ ᠤᠨ ᠨᠡᠶᠢᠭᠡᠮ ᠤᠨ ᠭᠤᠤᠯ ᠵᠥᠷᠢᠴᠡᠯ ᠤᠨ ᠬᠤᠪᠢᠷᠠᠯᠲᠠ ᠳᠤ ᠵᠣᠬᠢᠴᠠᠵᠤ᠂ ᠠᠭᠤᠤ ᠶᠡᠭᠡ ᠲᠡᠮᠡᠴᠡᠯ᠂ ᠠᠭᠤᠤ ᠶᠡᠭᠡ ᠢᠨᠵᠧᠨᠧᠷᠢᠩ᠂ ᠠᠭᠤᠤ ᠶᠡᠭᠡ ᠦᠶ᠋ᠯᠡᠰ᠂ ᠠᠭᠤᠤ ᠶᠡᠭᠡ ᠬᠦᠰᠡᠯ ᠵᠡᠭᠦᠳᠦ ᠶᠢ ᠶᠡᠷᠦᠩᠭᠡᠶᠢᠯᠡᠨ ᠡᠵᠡᠮᠳᠡᠵᠦ᠂ ᠠᠷᠠᠳ ᠲᠦᠮᠡᠨ ᠤ ᠰᠠᠶᠢᠨ ᠰᠠᠢᠬᠠᠨ ᠠᠮᠢᠳᠤᠷᠠᠯ ᠤᠨ ᠲᠤᠬᠠᠶ ᠰᠢᠨ᠎ᠡ ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠬᠠᠩᠭᠠᠵᠤ᠂ ᠤᠷᠤᠭᠰᠢᠯᠠᠯᠲᠠ ᠶᠢᠨ ᠵᠠᠮ ᠳᠡᠭᠡᠷᠡᠬᠢ ᠡᠯ᠎ᠡ ᠵᠦᠶ᠋ᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠢᠯᠠᠨ ᠳᠠᠪᠠᠭ᠋ᠤ ᠳᠤ ᠡᠷᠬᠡᠪᠰᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠬᠦᠯᠬᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠲᠠᠯ᠎ᠠ ᠪᠠᠷ ᠨᠠᠩ ᠶᠡᠭᠡ ᠬᠦᠴᠦ ᠣᠷᠣᠭᠤᠯᠬᠤ ᠬᠡᠷᠡᠭᠲᠡᠶ᠃ ᠡᠨᠡ ᠤᠳᠠᠭᠠᠨ ᠤ ᠪᠥᠬᠦᠳᠡ ᠬᠤᠷᠠᠯ ᠠᠴᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠬᠦᠯᠬᠦ᠂ ᠤᠯᠤᠰ ᠤᠨ ᠵᠠᠰᠠᠯᠳᠠ ᠶᠢᠨ ᠰᠢᠰᠲ᠋ᠧᠮ ᠪᠠ ᠵᠠᠰᠠᠯᠳᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠠᠰᠠᠭᠤᠳᠠᠯ ᠢ ᠲᠤᠰᠬᠠᠶ ᠰᠡᠳᠦᠪ ᠢᠶᠠᠷ ᠰᠤᠳᠤᠯᠤᠭᠰᠠᠠ ᠨᠢ ᠳᠠᠷᠤᠢ᠂ ᠡᠨᠡ ᠪᠣᠯ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠶᠢᠨ ᠴᠢᠬᠤᠯᠠ ᠶᠡᠭᠡ ᠡᠭᠦᠷᠭᠡ ᠮᠥᠨ᠂ ᠡᠷᠬᠡᠪᠰᠢ ᠡᠭᠦᠨ ᠢ ᠰᠢᠰᠲ᠋ᠧᠮ ᠲᠠᠢ ᠪᠠᠷ ᠳ᠋ᠦᠩᠨᠡᠵᠦ᠂ ᠴᠠᠭ ᠦᠶ᠎ᠠ ᠲᠠᠢ ᠵᠡᠷᠭᠡᠪᠡᠷ ᠤᠷᠤᠭᠰᠢᠯᠠᠨ ᠲᠡᠭᠦᠯᠳᠡᠷᠵᠢᠬᠦᠯᠦᠨ ᠬᠥᠭᠵᠢᠭᠦᠯᠬᠦ ᠤᠷᠤᠬᠰᠢᠯᠠᠯᠳᠠ ᠶᠢᠨ ᠴᠢᠭᠯᠡᠯ ᠪᠠ ᠠᠵᠢᠯ ᠤᠨ ᠱᠠᠭᠠᠷᠳᠠᠯᠭ᠎ᠠ ᠶᠢ ᠳᠤᠷᠠᠳᠤᠨ ᠭᠠᠷᠭᠠᠬᠤ ᠬᠡᠷᠡᠭᠲᠡᠶ︔ ᠡᠨᠡ ᠪᠣᠯ ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠨᠡᠭᠡᠭᠡᠯᠲᠡ ᠶᠢ ᠤᠷᠤᠬᠰᠢ ᠠᠬᠢᠭᠤᠯᠬᠤ ᠦᠨᠳᠦᠰᠦᠨ ᠱᠠᠭᠠᠷᠳᠠᠯᠭ᠎ᠠ ᠮᠥᠨ᠂ ᠡᠷᠬᠡᠪᠰᠢ ᠡᠭᠦᠨ ᠢᠶᠠᠷ ᠭᠤᠤᠯ ᠲᠡᠩᠭᠡᠯᠢᠭ ᠪᠣᠯᠭᠠᠵᠤ᠂ ᠲᠦᠷᠢᠮ ᠤᠨ ᠪᠠᠶᠢᠭᠤᠯᠤᠯᠲᠠ ᠪᠠ ᠵᠠᠰᠠᠯᠳᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠨᠠᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠡᠯ᠎ᠡ ᠲᠠᠯ᠎ᠠ ᠶᠢᠨ ᠳᠦᠷᠢᠮ ᠨᠠᠩ ᠪᠣᠯᠪᠠᠰᠤᠷᠠᠩᠭᠤᠶ ᠨᠠᠩ ᠬᠡᠪᠰᠢᠬᠦ ᠶᠢ ᠠᠬᠢᠭᠤᠯᠵᠤ᠂ ᠤᠯᠤᠰ ᠤᠨ ᠵᠠᠰᠠᠯᠳᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠬᠡᠷᠡᠭᠲᠡᠶ︔ ᠡᠨᠡ ᠪᠣᠯ ᠠᠶᠤᠯ ᠲᠦᠭᠰᠢᠭᠦᠷᠢ ᠥᠷᠢᠰᠥᠯᠳᠦᠭᠡᠨ ᠢ ᠠᠷᠭᠠᠴᠠᠭᠠᠬᠤ᠂ ᠰᠠᠨᠠᠭᠠᠴᠢᠯᠠᠭᠠᠲᠤ ᠡᠷᠬᠡ ᠶᠢ ᠣᠯᠬᠤ ᠶᠢᠨ ᠬᠦᠴᠦᠲᠦ ᠪᠠᠲᠤᠯᠠᠭ᠎ᠠ ᠮᠥᠨ᠂ ᠡᠷᠬᠡᠪᠰᠢ ᠪᠠᠶᠢᠭᠤᠯᠤᠯ ᠤᠨ ᠰᠦᠷ ᠬᠦᠴᠦᠨ ᠢ ᠬᠡᠷᠡᠭᠯᠡᠨ ᠠᠶᠤᠯ ᠲᠦᠭᠰᠢᠭᠦᠷᠢ ᠥᠷᠢᠰᠥᠯᠳᠦᠭᠡᠨ ᠤ ᠳᠠᠭᠠᠷᠢᠯᠲᠠ ᠶᠢ ᠠᠷᠭᠠᠴᠠᠭᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠨᠠᠮᠳᠠᠭᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠬᠡᠷᠡᠭᠲᠡᠶ ᠪᠠᠶᠢᠭ᠎ᠠ ᠵᠡᠷᠭᠡ ᠶᠢ ᠪᠤᠳᠤᠯᠬᠢᠯᠠᠭᠰᠠᠨ ᠶᠤᠮ᠃
   ︽ᠤᠯᠤᠰ ᠢ ᠵᠠᠰᠠᠵᠤ ᠠᠷᠠᠳ ᠢ ᠠᠮᠤᠷ ᠲᠦᠪᠰᠢᠨ ᠡᠮᠬᠢ ᠵᠢᠷᠤᠮ ᠲᠠᠢ ᠪᠤᠯᠭᠠᠬᠤᠢ ᠳᠤᠷ᠂ ᠡᠯ᠎ᠡ ᠲᠠᠯ᠎ᠠ ᠶᠢᠨ ᠲᠦᠷᠢᠮ ᠲᠤᠭᠲᠠᠭᠠᠯ ᠢ ᠪᠦᠷᠢᠨ ᠲᠡᠭᠦᠯᠳᠡᠷ ᠲᠥᠪ ᠭᠤᠤᠯᠴᠢ ᠪᠣᠯᠭᠠᠮᠤᠶ︾᠃ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠬᠦᠯᠵᠤ᠂ ᠤᠯᠤᠰ ᠤᠨ ᠵᠠᠰᠠᠯᠳᠠ ᠶᠢᠨ ᠰᠢᠰᠲ᠋ᠧᠮ ᠪᠠ ᠵᠠᠰᠠᠯᠳᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠡᠷᠦᠩᠬᠡᠶ ᠬᠠᠷᠠᠯᠲᠠ ᠪᠣᠯ ᠮᠠᠨ ᠤ ᠨᠠᠮ ᠪᠠᠶᠢᠭᠤᠯᠤᠭᠳᠠᠭᠰᠠᠨ 100 ᠵᠢᠯ ᠤᠨ ᠣᠢ ᠪᠣᠯᠬᠤ ᠦᠶ᠎ᠡ ᠳᠤ᠂ ᠡᠯ᠎ᠡ ᠲᠠᠯ᠎ᠠ ᠶᠢᠨ ᠳᠦᠷᠢᠮ ᠢ ᠨᠠᠩ ᠪᠣᠯᠪᠠᠰᠤᠷᠠᠩᠭᠤᠶ ᠨᠠᠩ ᠬᠡᠪᠰᠢᠭᠰᠡᠨ ᠲᠦᠷᠢᠮ ᠪᠤᠯᠭᠠᠬᠤ ᠳᠠᠯ᠎ᠠ ᠪᠠᠷ ᠮᠡᠳᠡᠭᠳᠡᠮ᠎ᠡ ᠠᠮᠵᠢᠯᠲᠠ ᠪᠦᠲᠦᠮᠵᠢ ᠤᠯᠤᠨ᠎ᠠ︔ 2035 ᠣᠨ ᠪᠣᠯᠬᠤ ᠳᠤ᠂ ᠡᠯ᠎ᠡ ᠲᠠᠯ᠎ᠠ ᠶᠢᠨ ᠳᠦᠷᠢᠮ ᠢ ᠨᠠᠩ ᠲᠡᠭᠦᠯᠳᠡᠷᠵᠢᠭᠦᠯᠵᠦ᠂ ᠤᠯᠤᠰ ᠤᠨ ᠵᠠᠰᠠᠯᠳᠠ ᠶᠢᠨ ᠰᠢᠰᠲ᠋ᠧᠮ ᠪᠠ ᠵᠠᠰᠠᠯᠳᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠤᠨ᠎ᠡ︔ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 100 ᠵᠢᠯ ᠤᠨ ᠣᠢ ᠪᠣᠯᠬᠤ ᠦᠶ᠎ᠡ ᠳᠤ᠂ ᠤᠯᠤᠰ ᠤᠨ ᠵᠠᠰᠠᠯᠳᠠ ᠶᠢᠨ ᠰᠢᠰᠲ᠋ᠧᠮ ᠪᠠ ᠵᠠᠰᠠᠯᠳᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠡᠶᠡᠯᠡᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠨᠠᠩ ᠪᠠᠬᠢᠵᠢᠭᠦᠯᠵᠦ᠂ ᠳᠠᠪᠠᠭᠤᠯᠢᠭ ᠴᠢᠨᠠᠷ ᠢ ᠭᠦᠶ᠋ᠴᠡᠳ ᠢᠯᠡᠷᠡᠭᠦᠯᠤᠨ᠎ᠠ᠃ ᠭᠠᠭᠴᠠ ᠬᠦ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ ᠪᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠭᠡᠬᠦ ᠶᠢ ᠪᠠᠷᠢᠮᠲᠠᠯᠠᠵᠤ᠂ ᠦᠵᠡᠯ ᠰᠠᠨᠠᠭ᠎ᠠ ᠪᠠᠨ ᠴᠢᠯᠥᠭᠡᠯᠡᠬᠦ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠲᠤᠯᠭᠠᠭᠤᠷᠢᠯᠠᠬᠤ ᠦᠨᠳᠦᠰᠦᠨ ᠳᠦᠷᠢᠮ᠂ ᠰᠠᠭᠤᠷᠢ ᠳᠦᠷᠢᠮ᠂ ᠴᠢᠬᠤᠯᠠ ᠳᠦᠷᠢᠮ ᠢ ᠳᠤᠪᠤᠶᠢᠮ᠎ᠠ ᠪᠠᠶᠢᠷᠢᠨ ᠳᠤ ᠲᠠᠯᠪᠢᠨ ᠪᠠᠷᠢᠮᠲᠠᠯᠠᠨ ᠲᠡᠭᠦᠯᠳᠡᠷᠵᠢᠭᠦᠯᠵᠥ᠂ ᠦᠨᠳᠦᠰᠦ ᠰᠠᠭᠤᠷᠢ ᠶᠢ ᠪᠠᠬᠢᠵᠢᠭᠦᠯᠬᠦ᠂ ᠳᠠᠪᠠᠭᠤᠯᠢᠭ ᠢ ᠪᠠᠳᠠᠷᠠᠭᠤᠯᠬᠤ᠂ ᠳᠤᠲᠠᠭᠤᠳᠠᠯ ᠢ ᠨᠥᠬᠦᠪᠥᠷᠢᠯᠡᠬᠦ᠂ ᠪᠠᠭᠤᠷᠠᠢ ᠳᠠᠯ᠎ᠠ ᠶᠢ ᠬᠦᠴᠦᠷᠬᠡᠭᠵᠢᠬᠦᠯᠬᠦ ᠲᠠᠯ᠎ᠠ ᠪᠠᠷ ᠬᠦᠴᠦᠯᠡᠵᠥ᠂ ᠰᠢᠰᠲ᠋ᠧᠮ ᠪᠦᠷᠢᠨ ᠲᠡᠭᠦᠯᠳᠡᠷ᠂ ᠰᠢᠨᠵᠢᠯᠡᠬᠦ ᠤᠬᠠᠭᠠᠨᠴᠢ ᠵᠢᠷᠤᠮᠵᠢᠯ ᠲᠠᠢ᠂ ᠠᠵᠢᠯᠯᠠᠭ᠎ᠠ ᠪᠦᠲᠦᠮᠵᠢᠲᠡᠶ ᠳᠦᠷᠢᠮ ᠤᠨ ᠰᠢᠰᠲ᠋ᠧᠮ ᠢ ᠪᠠᠶᠢᠭᠤᠯᠵᠤ᠂ ᠰᠢᠰᠲ᠋ᠧᠮ ᠲᠠᠢ ᠵᠠᠰᠠᠬᠤ᠂ ᠬᠠᠤᠯᠢ ᠪᠠᠷ ᠵᠠᠰᠠᠬᠤ᠂ ᠶᠡᠷᠦᠩᠬᠡᠶᠢᠯᠡᠨ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠮᠠᠨ ᠤ ᠤᠯᠤᠰ ᠤᠨ ᠪᠠᠶᠢᠭᠤᠯᠤᠯ ᠤᠨ ᠳᠠᠪᠠᠭᠤᠯᠢᠭ ᠢ ᠤᠯᠤᠰ ᠤᠨ ᠵᠠᠰᠠᠯᠳᠠ ᠶᠢᠨ ᠴᠢᠳᠠᠮᠵᠢ ᠪᠤᠯᠭᠠᠨ ᠨᠠᠩ ᠰᠠᠶᠢᠲᠤᠷ ᠬᠤᠪᠢᠷᠠᠭᠤᠯᠪᠠᠯ ᠰᠠᠶᠢ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠬᠦᠴᠦᠳᠦ ᠪᠠᠲᠤᠯᠠᠭ᠎ᠠ ᠬᠠᠩᠭᠠᠵᠦ ᠴᠢᠳᠠᠨ᠎ᠠ᠃
   ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠠ ᠲᠡᠭᠦᠯᠲᠡᠷᠵᠢᠭᠦᠯᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠤᠯᠤᠨ ᠵᠠᠰᠠᠯᠲᠠ ᠶᠢᠨ ᠴᠢᠲᠠᠪᠤᠷᠢ ᠶᠢᠨ ᠤᠲᠤᠬᠢᠴᠢᠯᠠᠯᠲᠠ ᠶᠢ ᠠᠬᠢᠭᠤᠯᠬᠤ ᠪᠤᠯ ᠪᠦᠬᠦ ᠨᠠᠮ ᠤᠨ ᠨᠢᠭᠡ ᠴᠢᠬᠤᠯᠠ ᠶᠡᠭᠡ ᠪᠠᠶᠢᠯᠲᠤᠬᠤ ᠪᠤᠲᠤᠯᠭ᠎ᠠ ᠶᠢᠨ ᠡᠬᠦᠷᠭᠡ ᠪᠤᠯᠤᠨ᠎ᠠ᠃ ᠡᠷᠭᠡᠪᠰᠢ ᠨᠠᠮ ᠤᠨ ᠲᠦᠪ ᠬᠤᠷᠢᠶᠠᠨ ᠤ ᠨᠢᠭᠡᠳᠦᠯᠳᠠᠢ ᠤᠳᠤᠷᠢᠳᠤᠯᠭ᠎ᠠ ᠲᠤᠤᠷ᠎ᠠ ᠶᠠᠪᠤᠭᠲᠠᠭᠤᠯᠵᠤ᠂ ᠰᠢᠨᠵᠢᠯᠡᠬᠦ ᠤᠬᠠᠭᠠᠨᠴᠢ ᠪᠠᠷ ᠲᠦᠰᠦᠪᠯᠡᠨ᠂ ᠨᠠᠷᠢᠯᠢᠬ ᠵᠤᠬᠢᠶᠠᠨ ᠪᠠᠶᠢᠭᠤᠯᠵᠦ᠂ ᠬᠤᠯᠠ ᠤᠢᠢᠷ᠎ᠠ ᠶᠢ ᠤᠶᠠᠯᠳᠤᠭᠤᠯᠤᠨ᠂ ᠪᠦᠬᠦ᠋ᠢᠯᠡ ᠴᠤᠬᠴᠠ ᠪᠠᠷ ᠨᠢ ᠠᠬᠢᠭᠤᠯᠵᠦ᠂ ᠲᠤᠰ ᠤᠳᠠᠭᠠᠨ ᠤ ᠪᠦᠬᠦᠳᠠ ᠬᠤᠷᠠᠯ ᠠᠴᠠ ᠲᠤᠭᠳᠠᠭᠠᠭᠰᠠᠨ ᠡᠯ᠎ᠠ ᠵᠦᠢᠯ ᠤᠨ ᠬᠠᠷᠠᠯᠳᠠ ᠡᠬᠦᠷᠭᠡ ᠪᠦᠬᠦ ᠲᠠᠯ᠎ᠠ ᠪᠠᠷ ᠪᠤᠳᠠᠳᠠᠢ ᠨᠠᠶᠢᠳᠠᠪᠤᠷᠢᠵᠢᠬᠳᠠᠬᠤ ᠶᠢ ᠪᠠᠳᠤᠯᠠᠬᠤ ᠭᠡᠷᠡᠭᠲᠡᠢ᠃ ᠡᠯ᠎ᠠ ᠱᠠᠳᠤᠨ ᠤ ᠨᠠᠮ ᠤᠨ ᠬᠤᠷᠢᠶ᠎ᠠ ᠪᠠ ᠵᠠᠰᠠᠭ ᠤᠨ ᠤᠷᠳᠤᠨ ᠵᠢᠴᠢ ᠡᠯ᠎ᠠ ᠱᠠᠳᠤᠨ ᠤ ᠤᠳᠤᠷᠢᠳᠬᠤ ᠺᠠᠳ᠋ᠷ ᠪᠠᠶᠢᠭᠤᠯᠤᠯ ᠤᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠪᠠᠶᠢᠭᠤᠯᠤᠯ ᠤᠨ ᠡᠷᠭᠡ ᠰᠦᠷ ᠢ ᠲᠦᠷᠦᠬᠦᠯᠡᠨ ᠬᠠᠮᠠᠭᠠᠯᠠᠵᠦ᠂ ᠪᠠᠶᠢᠭᠤᠯᠤᠯ ᠢ ᠭᠡᠷᠡᠭᠵᠢᠬᠦᠯᠬᠦ ᠶᠢᠨ ᠳᠠᠭᠤᠷᠢᠶᠠᠯ ᠪᠤᠯᠵᠦ᠂ ᠪᠦᠬᠦ ᠨᠠᠮ ᠪᠦᠬᠦ ᠨᠡᠶᠢᠭᠡᠮ ᠢ ᠳᠠᠭᠠᠭᠤᠯᠤᠨ ᠰᠠᠨᠠᠭᠠᠴᠢᠯᠠᠭ᠎ᠠ ᠠᠴᠠ ᠪᠠᠨ ᠪᠠᠶᠢᠭᠤᠯᠤᠯ ᠢ ᠬᠦᠨᠳᠦᠳᠭᠡᠵᠦ᠂ ᠪᠠᠶᠢᠭᠤᠯᠤᠯ ᠢ ᠴᠢᠩᠭ᠎ᠠ ᠭᠡᠷᠡᠭᠵᠢᠬᠦᠯᠦᠨ᠂ ᠪᠠᠶᠢᠭᠤᠯᠤᠯ ᠢ ᠡᠷᠡᠰ ᠬᠠᠮᠠᠭᠠᠯᠠᠬᠤ ᠭᠡᠷᠡᠭᠲᠡᠢ᠃ ᠪᠢᠳᠡ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠡᠷᠡᠮᠡᠭᠡᠶᠢᠯᠡᠨ ᠲᠠᠪᠰᠢᠵᠦ᠂ ᠵᠠᠮ ᠨᠡᠭᠡᠭᠡᠨ ᠰᠢᠨ᠎ᠡ ᠶᠢ ᠡᠭᠦᠳᠴᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠬᠦᠯᠬᠦ᠂ ᠤᠯᠤᠰ ᠤᠨ ᠵᠠᠰᠠᠯᠳᠠ ᠶᠢᠨ ᠰᠢᠰᠲ᠋ᠧᠮ ᠪᠠ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠬᠤ᠂ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠳᠠ ᠶᠢ ᠪᠡᠶᠡᠯᠡᠬᠦᠯᠬᠦ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠳᠤᠮᠳᠠᠳᠤ ᠶᠢᠨ ᠵᠡᠬᠦᠳᠦ ᠶᠢ ᠳᠡᠷᠭᠡᠯᠰᠢᠬᠦᠯᠬᠦ ᠶᠢᠨ ᠲᠦᠯᠦᠭᠡ ᠴᠢᠷᠮᠠᠶᠢᠨ ᠲᠡᠮᠡᠴᠡᠰᠦᠭᠡᠢ᠃
   ︵ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 31 ᠤ ᠴᠠᠬᠢᠯᠭᠠᠨ ᠮᠡᠳᠡᠭᠡ︶



  
     
     