-
2144435
ᠬᠦᠳᠡᠭᠡ ᠨᠤᠳᠤᠭ ᠤᠨ ᠤᠷᠠᠨ ᠪᠦᠰᠡᠬᠦ᠋ᠢᠴᠤᠳ ᠦᠪ ᠰᠤᠶᠤᠯ ᠢᠶᠠᠨ ᠤᠯᠠᠮᠵᠢᠯᠠᠨ᠎ᠠ
2019-11-06 19:03
342
0
ᠤᠷᠳᠤ ᠨᠠᠮᠤᠷ ᠢᠶᠠᠷ ᠶᠠᠭᠠᠷᠠᠭᠰᠠᠨ ᠬᠦᠳᠡᠭᠡ ᠨᠤᠳᠤᠭ ᠤᠨ ᠤᠷᠠᠨ ᠪᠦᠰᠡᠬᠦ᠋ᠢᠴᠤᠳ ᠴᠠᠭ ᠵᠠᠢ ᠪᠠᠨ ᠰᠢᠪᠬᠠᠵᠦ ᠭᠠᠷ ᠤᠨ ᠡᠷᠳᠡᠮ ᠢᠶᠠᠨ ᠭᠠᠶᠢᠬᠠᠭᠤᠯᠤᠨ᠂ ᠦᠪ ᠰᠤᠶᠤᠯ ᠢᠶᠠᠷ ᠢᠶᠠᠨ ᠪᠠᠭ᠋ᠠᠷᠬᠠᠨ᠎ᠠ᠃
ᠤᠳᠠᠰᠤ ᠡᠭᠡᠷᠡᠬᠦ᠂ ᠳᠡᠭᠡᠰᠦ ᠳᠠᠮᠤᠬᠤ᠂ ᠢᠰᠡᠬᠡᠢ ᠰᠢᠷᠡᠵᠦ ᠤᠷᠠᠯᠠᠬᠤ ᠁ ᠮᠠᠯᠵᠢᠬᠤ ᠠᠮᠢᠳᠤᠷᠠᠯ ᠳᠤ ᠤᠯᠠᠮ ᠢᠶᠠᠷ ᠬᠤᠯᠠᠳᠴᠤ ᠪᠠᠶᠢᠭ᠎ᠠ ᠡᠳᠡᠭᠡᠷ ᠤᠷ᠎ᠠ ᠮᠡᠷᠭᠡᠵᠢᠯ ᠢᠶᠠᠨ ᠳᠡᠳᠡ ᠦᠪᠯᠡᠨ ᠵᠠᠯᠭᠠᠮᠵᠢᠯᠠᠬᠤ ᠪᠠᠷ ᠴᠢᠷᠮᠠᠶᠢᠨ᠎ᠠ᠃
ᠤᠢᠢᠷ᠎ᠠ ᠳᠤ᠂ ᠰᠢᠯᠢ ᠶᠢᠨ ᠭᠤᠤᠯ ᠠᠶᠢᠮᠠᠭ ᠤᠨ ᠰᠦᠨᠢᠳ ᠪᠠᠷᠠᠭᠤᠨ ᠬᠤᠰᠢᠭᠤᠨ ᠤ ᠰᠠᠶᠢᠬᠠᠬᠤᠢᠯᠵᠡᠢ ᠰᠤᠮᠤᠨ ᠤ ᠪᠠᠶᠠᠠᠬᠠᠷᠠᠭᠠᠳᠤ ᠭᠠᠴᠠᠭᠠᠨ ᠤ ᠡᠬᠡᠯ ᠵᠢᠷ ᠤᠨ ᠮᠠᠯᠴᠢᠨ ᠪᠦᠰᠡᠬᠦᠢ᠂ ᠨᠠᠮ ᠤᠨ ᠭᠡᠰᠢᠬᠦᠨ ᠤ ᠭᠤᠤᠯᠳᠠᠯᠭᠠᠲᠤ ᠡᠷᠦᠭᠡ᠂ ᠠᠷᠠᠳ ᠤᠨ ᠳᠦᠯᠦᠬᠡᠯᠡᠭᠴᠢ ᠶᠢᠨ ᠬᠠᠷᠢᠯᠴᠠᠬᠤ ᠦᠷᠳᠡᠭᠡ ᠠᠶᠢᠯ ᠪᠤᠯᠬᠤ ᠠᠯᠳᠠᠨᠳᠤᠶᠠᠭ᠎ᠠ ᠶᠢᠨ ᠬᠢᠨ ᠮᠠᠯᠵᠢᠬᠤ ᠠᠮᠢᠳᠤᠷᠠᠯ ᠤᠨ ᠤᠷ᠎ᠠ ᠮᠡᠷᠭᠡᠵᠢᠯ ᠢᠶᠠᠨ ᠤᠯᠠᠮᠵᠢᠯᠠᠨ ᠰᠤᠷᠬᠤ ᠠᠵᠢᠯᠯᠠᠭ᠎ᠠ ᠦᠷᠨᠢᠬᠦᠯᠦᠭᠰᠡᠨ ᠪᠠᠶᠢᠨ᠎ᠠ᠃
ᠤᠷᠠᠨ ᠬᠤᠷᠤᠭᠤᠨ ᠳᠠᠭᠠᠨ ᠡᠷᠳᠡᠮ ᠲᠠᠢ᠂ ᠤᠬᠠᠭᠠᠨ ᠪᠢᠯᠢᠭ ᠬᠤᠤᠰᠯᠠᠭᠰᠠᠨ ᠮᠠᠯᠴᠢᠨ ᠪᠦᠰᠡᠬᠦ᠋ᠢᠴᠤᠳ ᠮᠠᠨᠢ ᠡᠷᠳᠡᠮ ᠮᠡᠷᠭᠡᠵᠢᠯ ᠢᠶᠠᠨ ᠰᠤᠯᠢᠯᠴᠠᠭᠰᠠᠨ ᠪᠦᠭᠡᠳ ᠮᠠᠯᠴᠢᠨ ᠪᠤᠳᠢ᠂ ᠠᠯᠳᠠᠠᠬᠤᠸᠠᠷ ᠬᠤᠶᠠᠷ ᠠᠴᠠ ᠤᠷ᠎ᠠ ᠠᠪᠢᠶᠠᠰ ᠢᠶᠠᠨ ᠮᠠᠯᠴᠢᠨ ᠪᠦᠰᠡᠬᠦ᠋ᠢᠴᠤᠳ ᠲᠡᠭᠡᠨ ᠬᠠᠷᠠᠮᠨᠠᠯ ᠦᠬᠡᠢ ᠵᠢᠭᠠᠵᠦ ᠦᠭᠬᠦᠭᠰᠡᠨ ᠪᠠᠶᠢᠨ᠎ᠠ᠃
ᠠᠯᠳᠠᠨᠳᠤᠶᠠᠭ᠎ᠠ ᠠᠴᠠ ᠦᠪ ᠰᠤᠶᠤᠯ ᠳᠠᠭᠠᠨ ᠬᠠᠶᠢᠷᠠᠳᠠᠢ ᠪᠤᠳᠢ᠂ ᠠᠯᠳᠠᠠᠬᠤᠸᠠᠷ ᠬᠤᠶᠠᠭᠤᠯᠠ ᠳᠤ ᠲᠠᠯᠠᠷᠬᠠᠯ ᠤᠨ ᠪᠢᠴᠢᠭ ᠭᠠᠷᠳᠠᠭᠤᠯᠵᠠᠢ᠃ ᠵᠣᠬᠢᠶᠠᠭᠴᠢ᠄ ᠪ᠊ · ᠰᠡᠴᠡᠨᠳᠦ