-
2144418
ᠬᠥᠬᠡᠬᠤᠳᠠ ᠶᠢᠨ ᠭᠤᠷᠪᠠᠳᠤᠭᠠᠷ ᠬᠤᠭᠤᠴᠠᠭᠠᠨ ᠤ ᠪᠡᠶ᠎ᠠ ᠶᠢᠨ ᠲᠠᠮᠢᠷ ᠤᠨ ᠤᠷᠤᠯᠳᠤᠭᠠᠨ ᠡᠬᠢᠯᠠᠯ᠎ᠠ
2019-10-13 20:25
354
0
10 ᠰᠠᠷ᠎ᠠ ᠶᠢᠨ 12 ᠤᠨ ᠥᠳᠠ ᠶᠢᠨ ᠡᠮᠥᠨ᠎ᠠ᠂ ᠬᠥᠬᠡᠬᠤᠳᠠ ᠶᠢᠨ ᠭᠤᠷᠪᠠᠳᠤᠭᠠᠷ ᠬᠤᠭᠤᠴᠠᠭᠠᠨ ᠤ ᠪᠡᠶ᠎ᠠ ᠶᠢᠨ ᠲᠠᠮᠢᠷ ᠤᠨ ᠤᠷᠤᠯᠳᠤᠭᠠᠨ ᠤ ᠡᠬᠢᠯᠡᠯᠳᠠ ᠶᠢᠨ ᠶᠤᠰᠤᠯᠠᠯ ᠬᠥᠬᠡᠬᠤᠳᠠ ᠶᠢᠨ ᠪᠡᠶ᠎ᠠ ᠶᠢᠨ ᠲᠠᠮᠢᠷ ᠤᠨ ᠤᠷᠳᠤᠨ ᠳᠤ ᠶᠠᠪᠤᠬᠳᠠᠪᠠ᠃
ᠲᠤᠰ ᠬᠤᠭᠤᠴᠠᠭᠠᠨ ᠤ ᠤᠷᠤᠯᠳᠤᠭᠠᠨ ᠢ ᠬᠥᠬᠡᠬᠤᠳᠠ ᠶᠢᠨ ᠠᠷᠠᠳ ᠤᠨ ᠵᠠᠰᠠᠬ ᠤᠨ ᠤᠷᠳᠤᠨ ᠭᠤᠤᠯᠯᠠᠨ ᠡᠷᠬᠢᠯᠡᠵᠥ᠂ ᠵᠢᠭᠠᠰᠤ ᠬᠥᠬᠢᠳᠡᠬᠦ᠂ ᠭᠤᠸᠠᠵᠢᠯ ᠤᠨ ᠪᠠᠶ᠎ᠠ ᠶᠢᠨ ᠲᠠᠮᠢᠷ᠂ ᠬᠥᠷᠳᠤᠳᠤ ᠲᠠᠰᠢᠬᠦᠷ᠂ ᠰᠢᠳᠠᠷ᠎ᠠ ᠵᠡᠷᠭᠡ 8 ᠶᠡᠭᠡ ᠢᠯᠡ ᠤᠷᠤᠯᠳᠤᠭᠠᠨ ᠢ ᠳᠤᠬᠢᠷᠠᠭᠤᠯᠤᠭᠰᠠᠨ ᠠᠴᠠ ᠭᠠᠳᠠᠨ᠎ᠠ᠂ ᠬᠥᠯ ᠪᠥᠮᠪᠦᠭᠡ᠂ ᠠᠯᠠᠭᠠᠳᠠᠬᠤ ᠪᠥᠮᠪᠦᠭᠡ᠂ ᠰᠤᠷ ᠬᠠᠷᠪᠤᠯᠳᠠ᠂ ᠲᠤᠤᠷ ᠪᠥᠮᠪᠦᠭᠡ᠂ ᠥᠳᠤᠨ ᠪᠥᠮᠪᠦᠭᠡ ᠵᠡᠷᠭᠡ 17 ᠥᠷᠢᠰᠤᠯᠳᠥᠬᠡᠨᠳᠤ ᠤᠷᠤᠯᠳᠤᠭᠠᠨ ᠤ ᠲᠥᠷᠥᠯ ᠢ ᠲᠤᠬᠢᠷᠠᠭᠤᠯᠵᠥ᠂ 6700 ᠭᠠᠷᠤᠢ ᠲᠠᠮᠢᠷᠴᠢᠨ ᠪᠠ ᠲᠠᠰᠬᠠᠯᠵᠢᠭᠤᠯᠤᠬᠴᠢ ᠤᠷᠤᠯᠳᠤᠭᠠᠨ ᠳᠤ ᠤᠷᠤᠯᠴᠠᠵᠥ᠂ 3000 ᠭᠠᠷᠤᠢ ᠬᠥᠮᠥᠨ ᠡᠯ᠎ᠠ ᠵᠦᠢᠯ ᠤᠨ ᠪᠠᠳᠤᠯᠠᠭ᠎ᠠ ᠶᠢᠨ ᠠᠵᠢᠯ ᠢ ᠬᠥᠢᠴᠡᠳᠭᠡᠬᠦ ᠪᠤᠯᠤᠨ᠎ᠠ᠃
ᠥᠢᠯᠠᠭᠠᠬᠰᠠᠨ ᠢᠶᠠᠷ᠂ ᠲᠤᠰ ᠬᠤᠭᠤᠴᠠᠭᠠᠨ ᠤ ᠪᠡᠶ᠎ᠠ ᠶᠢᠨ ᠲᠠᠮᠢᠷ ᠤᠨ ᠤᠷᠤᠯᠳᠤᠭᠠᠨ ᠨᠢ ︽ᠪᠡᠶ᠎ᠠ ᠶᠢᠨ ᠲᠠᠮᠢᠷ ᠤᠨ ᠤᠷᠤᠯᠳᠤᠭᠠᠨ ᠳᠤ ᠪᠥᠬᠦ ᠠᠷᠠᠳ ᠢᠶᠠᠷ ᠢᠶᠠᠨ ᠤᠷᠤᠯᠴᠠᠨ ᠪᠡᠶ᠎ᠠ ᠶᠢᠨ ᠲᠠᠮᠢᠷ ᠤᠨ ᠵᠤᠯ ᠵᠢᠷᠭᠠᠯ ᠢ ᠬᠠᠮᠳᠤ ᠪᠠᠷ ᠡᠳ᠋ᠯᠡᠬᠦ︾ ᠬᠥᠭᠵᠢᠯᠳᠠ ᠶᠢᠨ ᠰᠡᠳᠬᠢᠴᠡ ᠶᠢ ᠪᠠᠷᠢᠮᠳᠠᠯᠠᠨ᠂ ᠬᠥᠬᠡᠬᠤᠳᠠ ᠶᠢᠨ ᠥᠷᠢᠰᠥᠯᠳᠥᠭᠡᠨᠳᠤ ᠪᠡᠶ᠎ᠠ ᠶᠢᠨ ᠲᠠᠮᠢᠷ᠂ ᠤᠯᠠᠨ ᠲᠥᠮᠡᠨᠴᠢ ᠪᠡᠶ᠎ᠠ ᠶᠢᠨ ᠲᠠᠮᠢᠷ ᠪᠠ ᠪᠡᠶ᠎ᠠ ᠶᠢᠨ ᠲᠠᠮᠢᠷ ᠤᠨ ᠠᠵᠤ ᠥᠢᠯᠡᠰ ᠤᠨ ᠬᠥᠭᠵᠢᠯᠳᠠ ᠶᠢᠨ ᠥᠷ᠎ᠠ ᠪᠥᠳᠥᠭᠡᠯ ᠢ ᠲᠥᠪᠯᠡᠷᠡᠬᠦᠯᠥᠨ ᠲᠡᠯᠬᠡᠨ ᠥᠵᠡᠬᠦᠯᠵᠥ᠂ ᠤᠯᠠᠨ ᠲᠥᠮᠡᠨ ᠤ ᠡᠷᠡᠬᠦᠯ ᠴᠢᠬᠢᠷᠠᠬ ᠢ ᠲᠠᠰᠤᠷᠠᠯᠳᠠ ᠥᠬᠡᠢ ᠲᠡᠰ ᠲᠡᠪᠰᠢᠬᠦᠯᠵᠥ᠂ ᠬᠥᠬᠡᠬᠤᠳᠠ ᠶᠢᠨ ᠰᠢᠨ᠎ᠠ ᠴᠠᠬ ᠥᠶ᠎ᠠ ᠶᠢᠨ ᠰᠢᠨ᠎ᠠ ᠲᠥᠷᠢ ᠲᠥᠷᠬᠦ ᠶᠢ ᠬᠥᠢᠴᠡᠳ ᠢᠯᠡᠷᠡᠬᠦᠯᠬᠦ ᠪᠤᠯᠤᠨ᠎ᠠ᠃