 

ᠠᠪᠤᠷᠭᠤ ᠪᠦᠬᠡᠴᠢᠨ ᠬᠠᠳᠠ ᠠᠬᠠᠮᠠᠳ ᠢᠷᠦᠬᠡᠯᠴᠢ ᠰ᠊ ᠲᠠᠯᠬᠡᠷ ᠤᠯᠤᠰ  ᠤᠨ ᠲᠠᠰ   ᠦᠪ ᠤᠯᠠᠮᠵᠢᠯᠠᠭᠴᠢ  ᠪᠤᠯᠪᠠ

2018-05-19 14:52
  214
  1
     ᠡᠨᠡ ᠡᠳᠤᠷ ᠠᠯᠪᠠᠨ ᠠᠴᠠ ᠤᠯᠤᠰ ᠤᠨ ᠲᠠᠰ ᠤᠨ ᠤᠯᠠᠮᠵᠢᠯᠠᠭᠴᠢ ᠪᠤᠯᠤᠭᠰᠠᠠ ᠴᠢᠮᠡᠭᠡ ᠶᠢ ᠤᠯᠵᠤ ᠰᠤᠨᠤᠰᠤᠯ᠎ᠠ᠂ ᠴᠤᠬᠤᠮ ᠶᠢᠰᠤᠨ ᠵᠡᠬᠦᠳᠤᠨ ᠳᠤ ᠪᠠᠶᠢᠬᠰᠠᠠ ᠦᠬᠡᠢ᠂ ᠪᠢ ᠵᠦᠪᠬᠡᠨ ᠮᠤᠩᠭᠤᠯ ᠦᠨᠳᠤᠰᠤᠳᠠᠨ ᠤ ᠤᠯᠠᠮᠵᠢᠯᠠᠯᠳᠤ ᠰᠤᠶᠤᠯ ᠪᠤᠯᠬᠤ ᠢᠷᠤᠬᠡᠯ ᠢ ᠬᠠᠮᠠᠭᠠᠯᠠᠵᠤ ᠬᠦᠭᠵᠢᠬᠦᠯᠵᠤ ᠶᠠᠪᠤᠶ᠎ᠠ ᠬᠡᠵᠤ ᠪᠤᠳᠤᠳᠠᠭ ᠮᠠᠯᠴᠢᠨ ᠶᠤᠮ  ᠬᠡᠵᠤ 5 ᠰᠠᠷ᠎ᠠ ᠶᠢᠨ 18᠎ ᠤ ᠡᠳᠤᠷ᠂ ᠲᠠᠯᠠᠨ ᠨᠠᠰᠤ ᠶᠢ ᠵᠤᠭᠤᠭᠯᠠᠵᠤ ᠶᠠᠪᠤᠭ᠎ᠠ ᠰ᠊ · ᠲᠡᠯᠬᠡᠷ ᠰᠤᠷᠪᠤᠯᠵᠢᠯᠠᠭᠴᠢ ᠳᠤ ᠪᠠᠶᠠᠷᠯᠠᠵᠤ ᠳᠤᠭᠳᠤᠯᠤᠭᠰᠠᠠ ᠰᠡᠳᠬᠢᠯᠬᠡ ᠪᠠᠨ ᠲᠠᠷᠤᠵᠤ ᠶᠠᠳᠠᠨ ᠶᠠᠷᠢᠨ᠎ᠠ᠃ ᠰ᠊ · ᠲᠡᠯᠬᠡᠷ ᠪᠤᠯᠤᠨ ᠬᠠᠳᠠ ᠳᠤᠰ ᠪᠦᠷᠢ ᠲᠠᠪᠤᠳᠤᠭᠠᠷ ᠪᠦᠯᠦᠭ ᠤᠨ ᠤᠯᠤᠰ ᠤᠨ ᠲᠠᠰ ᠤᠨ ᠪᠤᠳᠠᠰ ᠤᠨ ᠪᠤᠰᠤ ᠰᠤᠶᠤᠯ ᠤᠨ ᠦᠪ ᠤᠨ ᠦᠵᠤᠮᠤᠴᠢᠨ ᠢᠷᠤᠬᠡᠯ ᠮᠠᠭᠳᠠᠭᠠᠯ ᠤᠨ ᠤᠯᠠᠮᠵᠢᠯᠠᠭᠴᠢ᠂ ᠮᠤᠩᠭᠤᠯ ᠪᠦᠬᠡ ᠶᠢᠨ ᠤᠯᠠᠮᠵᠢᠯᠠᠬᠴᠢ ᠪᠠᠷ ᠴᠤᠯᠠᠯᠠᠭᠳᠠᠵᠤ᠂ ᠦᠵᠤᠮᠤᠴᠢᠨ ᠨᠤᠳᠤᠭ ᠲᠤ ᠤᠯᠤᠰ ᠤᠨ ᠲᠠᠰ ᠤᠨ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢ ᠦᠬᠡᠢ ᠪᠠᠶᠢᠬᠰᠠᠠ ᠲᠡᠤᠬᠡ ᠶᠢ ᠡᠴᠦᠰᠯᠡᠬᠦᠯᠪᠠ᠃
     ᠠᠬᠠᠮᠠᠳ ᠢᠷᠤᠬᠡᠯᠴᠢ ᠰ᠊ · ᠲᠡᠯᠬᠡᠷ ᠪᠤᠯ ᠵᠡᠬᠦᠨ ᠦᠵᠤᠮᠤᠴᠢᠨ ᠬᠤᠰᠢᠭᠤᠨ ᠤ ᠰᠠᠮᠠᠢ ᠰᠤᠮᠤ ᠶᠢᠨ ᠪᠠᠶ᠋ᠬᠠᠤᠪᠤᠭ᠎ᠠ ᠭᠠᠴᠠᠭᠠᠠ ᠳᠤ ᠨᠤᠳᠤᠭᠳᠠᠢ᠃ ᠭᠤᠤᠯᠳᠠᠭᠤ ᠡᠪᠦᠭᠡ ᠲᠡᠬᠡᠳᠤᠰ ᠠᠴᠠ ᠠᠮᠠ ᠲᠠᠮᠵᠢᠨ ᠤᠯᠠᠮᠵᠢᠯᠠᠭᠳᠠᠭᠰᠠᠠ ᠢᠷᠤᠬᠡᠯ ᠪᠠ ᠠᠷᠠᠳ ᠤᠨ ᠤᠷᠠᠯᠢᠬᠴᠢᠳ ᠤᠨ ᠬᠠᠮᠢᠶ᠎ᠠ ᠪᠦᠬᠦᠢ ᠮᠠᠲᠧᠷᠢᠶᠠᠯ ᠢ ᠰᠤᠷᠤᠯᠴᠠᠵᠤ᠂ ᠠᠮᠢᠳᠤᠷᠠᠯ ᠤᠢᠢᠯᠠᠳᠤᠯᠬᠡ ᠲᠠᠢ ᠪᠠᠨ ᠤᠶᠠᠯᠳᠤᠭᠤᠯᠤᠨ ᠦᠪᠡᠷᠲᠡᠬᠡᠨ ᠲᠠᠬᠢᠨ ᠵᠤᠬᠢᠶᠠᠨ ᠪᠦᠳᠤᠬᠡᠬᠦ ᠶᠢᠨ ᠬᠠᠮᠳᠤ ᠠᠷᠠᠳ ᠤᠨ ᠳᠤᠮᠳᠠ ᠤᠯᠠᠮᠵᠢᠯᠠᠬᠳᠠᠵᠤ ᠢᠷᠡᠭᠰᠡᠡ ᠢᠷᠤᠬᠡᠯ ᠢ ᠡᠮᠬᠢᠳᠬᠡᠨ ᠨᠠᠶᠢᠷᠠᠭᠤᠯᠵᠤ ᠨᠤᠮ ᠪᠤᠯᠭᠠᠨ ᠬᠡᠪᠯᠡᠬᠦᠯᠬᠦ ᠵᠡᠷᠬᠡ ᠤᠢᠢᠯᠠ ᠠᠵᠢᠯᠯᠠᠭ᠎ᠠ ᠪᠠᠷ ᠢᠶᠠᠨ ᠮᠤᠩᠭᠤᠯ ᠦᠨᠳᠤᠰᠤᠳᠠᠨ ᠤ ᠤᠯᠠᠮᠵᠢᠯᠠᠯᠳᠤ ᠢᠷᠤᠬᠡᠯ ᠤᠨ ᠤᠢᠢᠯᠠᠰ ᠲᠤ 40 ᠰᠢᠬᠠᠮ ᠵᠢᠯ ᠵᠢᠳᠬᠦᠵᠤ ᠢᠷᠡᠵᠠᠢ᠃ 1992 ᠤᠨ ᠳᠤ ᠲᠦᠪ ᠤᠨ ᠦᠨᠳᠤᠰᠤᠳᠠᠨ ᠤ ᠶᠡᠭᠡ ᠰᠤᠷᠭᠠᠭᠤᠯᠢ ᠶᠢᠨ ᠴᠦᠬᠡᠨ ᠳᠤᠭᠠᠳᠦ ᠦᠨᠳᠤᠰᠤᠳᠠᠨ ᠤ ᠦᠬᠡ ᠬᠡᠯᠡ ᠦᠰᠦᠭ ᠪᠢᠴᠢᠭ ᠤᠨ ᠰᠠᠯᠪᠤᠷᠢ ᠶᠢᠨ ᠮᠤᠩᠭᠤᠯ ᠦᠨᠳᠤᠰᠤᠳᠠᠨ ᠤ ᠠᠷᠠᠳ ᠤᠨ ᠰᠤᠶᠤᠯ ᠤᠷᠠᠯᠢᠬ ᠤᠨ ᠮᠡᠷᠬᠡᠵᠢᠯ ᠢ ᠲᠡᠬᠡᠭᠰᠢᠯᠡᠬᠦᠯᠬᠦ ᠠᠩᠬᠢ ᠳᠤ ᠰᠤᠷᠤᠯᠴᠠᠵᠤ᠂ 2009 ᠤᠨ ᠳᠤ ᠪᠦᠬᠦ ᠤᠷᠤᠨ ᠤ ᠮᠤᠩᠭᠤᠯ ᠬᠡᠯᠡᠠ ᠤ ᠰᠢ ᠵᠦᠴᠦᠬᠡ ᠳᠠᠭᠤᠤᠷᠢᠯᠢᠬ ᠤᠷᠠᠯᠢᠬ ᠤᠨ ᠪᠤᠯᠪᠠᠰᠤᠷᠠᠯ ᠤᠨ ᠠᠩᠬᠢ ᠳᠤ ᠰᠤᠷᠤᠯᠴᠠᠵᠤ ᠦᠩᠬᠡᠷᠡᠪᠡ᠃
      ᠠᠪᠤᠷᠭᠤ ᠪᠦᠬᠡᠴᠢᠨ ᠬᠠᠳᠠ ᠵᠡᠬᠦᠨ ᠦᠵᠤᠮᠤᠴᠢᠨ ᠬᠤᠰᠢᠭᠤᠨ ᠤ ᠲᠠᠭᠤᠳᠤᠨᠠᠭᠤᠷ ᠪᠠᠯᠭᠠᠰᠤ ᠶᠢᠨ ᠵᠢᠷᠭᠠᠯᠠᠩᠳᠤ ᠭᠠᠴᠠᠭᠠᠨ ᠳᠤ ᠨᠤᠳᠤᠭᠳᠠᠢ᠃ 1986 ᠤᠨ ᠳᠤ ᠵᠠᠬᠦᠨ ᠦᠵᠤᠮᠤᠴᠢᠨ ᠬᠤᠰᠢᠭᠤᠨ ᠤ ᠲᠠᠮᠢᠷ ᠤᠨ ᠵᠦᠪᠯᠡᠯ ᠶᠢᠨ ᠪᠦᠬᠡ ᠶᠢᠨ ᠪᠤᠯᠪᠠᠰᠤᠷᠠᠯ ᠤᠨ ᠠᠩᠬᠢ ᠳᠤ ᠰᠤᠩᠭᠤᠭᠳᠠᠵᠤ᠂ 1987 ᠤᠨ ᠳᠤ ᠦᠪᠤᠷ ᠮᠤᠩᠭᠤᠯ ᠤᠨ ᠲᠠᠮᠢᠷ ᠤᠨ ᠰᠤᠷᠭᠠᠭᠤᠯᠢ ᠳᠤ ᠲᠤᠮᠳᠠᠳᠤ ᠮᠠᠶ᠋ᠢᠭ ᠤᠨ ᠪᠦᠬᠡ ᠶᠢ ᠰᠤᠷᠤᠯᠴᠠᠬᠰᠠᠠ ᠪᠠᠶᠢᠨ᠎ᠠ᠃ 2002 ᠤᠨ ᠠᠴᠠ ᠤᠳᠤ ᠪᠤᠯᠳᠠᠯ᠎ᠠ᠂ ᠵᠡᠬᠦᠨ ᠦᠵᠤᠮᠤᠴᠢᠨ ᠬᠤᠰᠢᠭᠤᠨ ᠤ ᠰᠤᠶᠤᠯ ᠪᠠᠶ᠎ᠠ ᠶᠢᠨ ᠲᠠᠮᠢᠷ ᠷᠠᠳᠢᠣ᠋ ᠲᠧᠯᠸᠢᠰ ᠤᠨ ᠳᠤᠪᠴᠢᠶ᠎ᠠ ᠶᠢᠨ ᠠᠵᠢᠯ ᠤᠨ ᠴᠢᠯᠦᠬᠡᠨ ᠤ ᠲᠠᠮᠢᠷ ᠤᠨ ᠰᠤᠷᠭᠠᠭᠤᠯᠢ ᠶᠢᠨ ᠵᠠᠬᠢᠷᠤᠯ ᠤᠨ ᠳᠤᠰᠢᠶᠠᠯ ᠢ ᠡᠬᠦᠷᠬᠡᠯᠡᠵᠤ ᠪᠠᠶᠢᠨ᠎ᠠ᠃ ᠬᠠᠳᠠ ᠪᠦᠬᠦ ᠤᠯᠤᠰ ᠤᠨ ᠤᠷᠤᠯᠳᠤᠭᠠᠨ ᠳᠤ 13 ᠠᠯᠳᠠᠨ ᠮᠧᠳᠡᠯ᠂ 3 ᠮᠦᠩᠬᠦᠨ ᠮᠧᠳᠡᠯ᠂ 2 ᠬᠦᠷᠠᠯ ᠮᠧᠳᠡᠯ ᠬᠦᠷᠳᠡᠵᠤ᠂ ᠡᠩᠬᠡᠷ ᠢᠶᠠᠨ ᠮᠢᠯᠢᠶᠠᠯᠭᠠᠵᠤ ᠶᠠᠪᠤᠵᠠᠢ᠃ ᠡᠬᠦᠨ ᠤ ᠬᠠᠮᠳᠤ ᠤᠯᠤᠰ ᠤᠷᠤᠨ ᠳᠤ 120 ᠭᠠᠷᠤᠢ ᠪᠦᠬᠡᠴᠢᠨ ᠢ ᠬᠦᠮᠤᠵᠢᠬᠦᠯᠪᠠ᠃ ᠤᠢᠢᠯᠠᠭᠠᠭᠰᠠᠨ ᠢᠶᠠᠷ᠂ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢ ᠶᠢᠨ ᠡᠩᠨᠡᠭᠡ ᠶᠢᠨ ᠪᠠᠶᠢᠭᠤᠯᠤᠯᠳᠠ ᠶᠢ ᠴᠢᠩᠭᠠᠳᠬᠠᠵᠤ᠂ ᠤᠯᠤᠰ ᠤᠨ ᠲᠠᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠯᠦᠬᠡᠯᠡᠬᠦ ᠴᠢᠨᠠᠷᠳᠡᠢ ᠲᠦᠷᠤᠯ ᠵᠦᠢᠯ ᠢ ᠤᠯᠠᠮᠵᠢᠯᠠᠨ ᠬᠦᠭᠵᠢᠬᠦᠯᠬᠦ ᠶᠢ ᠠᠬᠢᠭᠤᠯᠬᠤ ᠶᠢᠨ ᠲᠦᠯᠦᠬᠡ᠂ ᠡᠯ᠎ᠠ ᠭᠠᠵᠡᠷ ᠤᠷᠤᠨ ᠠᠴᠠ ᠲᠡᠬᠡᠭᠰᠢ ᠮᠡᠳᠡᠬᠦᠯᠬᠦ᠂ ᠮᠡᠷᠬᠡᠵᠢᠯᠳᠠᠨ ᠤ ᠳᠤᠭᠤᠢᠢᠯᠠᠩ ᠠᠴᠠ ᠠᠩᠬᠠᠨ ᠤ ᠬᠢᠨᠠᠯᠳᠠ ᠬᠢᠬᠦ᠂ ᠨᠠᠶᠢᠬᠡᠮ ᠨᠠᠶᠢᠳᠠ ᠳᠤ ᠵᠠᠷᠯᠠᠬᠤ᠂ ᠬᠢᠨᠠᠨ ᠳᠤᠭᠳᠠᠭᠠᠬᠤ ᠵᠦᠪᠯᠡᠯ ᠠᠴᠠ ᠬᠢᠨᠠᠨ ᠵᠦᠪᠯᠡᠬᠦ ᠵᠡᠷᠬᠡ ᠠᠯᠬᠤᠮ ᠢᠶᠠᠷ ᠲᠠᠮᠵᠢᠵᠤ᠂ ᠰᠤᠶᠤᠯ ᠪᠤᠯᠤᠨ ᠵᠤᠭᠠᠴᠠᠯ ᠤᠨ ᠶᠠᠮᠤᠨ ᠠᠴᠠ ᠲᠠᠪᠤᠳᠤᠭᠠᠷ ᠪᠦᠯᠦᠭ ᠤᠨ 1082 ᠨᠡᠷ᠎ᠠ ᠤᠯᠤᠰ ᠤᠨ ᠲᠠᠰ ᠤᠨ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠬᠴᠢ ᠶᠢ ᠳᠤᠭᠳᠠᠭᠠᠨ ᠵᠠᠷᠯᠠᠭᠰᠠᠨ ᠪᠠᠶᠢᠨ᠎ᠠ᠃  ᠬᠤᠱᠤᠳ· ᠨᠤᠮᠢᠨ ᠬᠦᠨᠪᠢᠯᠢᠭ ᠤᠢᠢᠯᠠᠰ 



  
     
     