-
2153947
ᠮᠠᠨ ᠤ ᠣᠷᠣᠨ 10 ᠵᠤᠷᠪᠤᠰ ᠠᠳᠤᠭᠤᠨ ᠰᠣᠶᠣᠯ ᠤᠨ ᠵᠢᠭᠤᠯᠴᠢᠯᠠᠯ ᠤᠨ ᠵᠠᠮ ᠱᠤᠭᠤᠮ ᠢ ᠨᠡᠶᠢᠲᠡᠯᠡᠪᠡ
2019-06-15 16:32
577
0
6 ᠰᠠᠷ᠎ᠠ ᠶᠢᠨ 12 ᠤᠨ ᠡᠳᠦᠷ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠭᠤᠣᠯᠯᠠᠨ ᠡᠷᠬᠢᠯᠡᠭᠰᠡᠨ ︽ᠬᠦᠯᠦᠭ ᠤᠨ ᠨᠢᠷᠤᠭᠤᠨ ᠳᠤ ᠮᠣᠷᠳᠠᠵᠤ ᠥᠪᠥᠷ ᠮᠣᠩᠭᠤᠯ ᠢᠶᠠᠷ ᠵᠢᠭᠤᠯᠴᠢᠯᠠᠶ᠎ᠠ︾ ᠭᠤᠣᠯ ᠰᠡᠳᠦᠪᠲᠦ ᠥᠪᠥᠷ ᠮᠣᠩᠭᠤᠯ ᠤᠨ ᠠᠳᠤᠭᠤᠨ ᠰᠣᠶᠣᠯ ᠤᠨ ᠵᠢᠭᠤᠯᠴᠢᠯᠠᠯ ᠤᠨ ᠦᠢᠯᠡᠳᠬᠦᠨ ᠢ ᠨᠡᠶᠢᠲᠡᠯᠡᠬᠦ ᠬᠤᠷᠠᠯ ᠬᠥᠬᠡᠬᠤᠲᠠ ᠳᠤ ᠶᠠᠪᠤᠭᠳᠠᠪᠠ᠃ ᠬᠤᠷᠠᠯ ᠳᠤ 2019 ᠣᠨ ᠤ ︽ᠠᠳᠤᠭᠤᠨ ᠬᠡᠶᠢᠮᠣᠷᠢ ᠲᠠᠢ ᠥᠪᠥᠷ ᠮᠣᠩᠭᠤᠯ︾ ᠤᠨ 10 ᠵᠤᠷᠪᠤᠰ ᠠᠳᠤᠭᠤᠨ ᠰᠣᠶᠣᠯ ᠤᠨ ᠵᠢᠭᠤᠯᠴᠢᠯᠠᠯ ᠤᠨ ᠵᠠᠮ ᠱᠤᠭᠤᠮ ᠢ ᠨᠡᠶᠢᠲᠡᠯᠡᠪᠡ᠃
︽ᠬᠦᠯᠦᠭ ᠤᠨ ᠨᠢᠷᠤᠭᠤᠨ ᠳᠤ ᠮᠣᠷᠳᠠᠵᠤ ᠥᠪᠥᠷ ᠮᠣᠩᠭᠤᠯ ᠢᠶᠠᠷ ᠵᠢᠭᠤᠯᠴᠢᠯᠠᠶ᠎ᠠ︾ ᠭᠤᠣᠯ ᠰᠡᠳᠦᠪᠲᠦ ᠦᠢᠯᠡᠳᠬᠦᠨ ᠨᠢ ᠮᠣᠷᠢ ᠪᠠᠷ ᠠᠴᠢᠶᠠᠯᠠᠪᠤᠷᠢ ᠪᠣᠯᠭᠠᠨ᠂ ᠮᠠᠨ ᠤ ᠣᠷᠣᠨ ᠤ ᠣᠯᠠᠨ ᠡᠰᠢᠲᠦ ᠲᠡᠦᠬᠡ ᠰᠣᠶᠣᠯ ᠪᠣᠯᠤᠨ ᠤᠤᠭᠠᠯ ᠠᠮᠢ ᠠᠬᠤᠢ ᠶᠢᠨ ᠮᠠᠯ ᠠᠵᠤ ᠠᠬᠤᠢ᠂ ᠳᠠᠶᠢᠯᠠᠯᠭ᠎ᠠ᠂ ᠳᠠᠭᠤᠤ ᠬᠥᠭᠵᠢᠮ ᠵᠡᠷᠭᠡ ᠦᠨᠳᠦᠰᠦᠲᠡᠨ ᠤ ᠣᠨᠴᠠᠯᠢᠭ ᠲᠠᠢ ᠠᠮᠢᠳᠤᠷᠠᠯ ᠤᠨ ᠠᠷᠭ᠎ᠠ ᠬᠡᠯᠪᠡᠷᠢ ᠶᠢ ᠠᠭᠤᠰᠤᠯᠴᠠᠭᠤᠯᠤᠨ ᠬᠤᠯᠪᠣᠵᠤ᠂ ᠵᠢᠭᠤᠯᠴᠢᠯᠠᠭᠴᠢᠳ ᠢ ᠪᠡᠶᠡᠳᠡᠨ ᠣᠷᠣᠯᠴᠠᠭᠤᠯᠤᠨ᠎ᠠ᠃ ᠡᠨᠡ ᠬᠦ 10 ᠵᠤᠷᠪᠤᠰ ᠭᠤᠣᠯ ᠰᠡᠳᠦᠪᠲᠦ ᠵᠢᠭᠤᠯᠴᠢᠯᠠᠯ ᠤᠨ ᠵᠠᠮ ᠱᠤᠭᠤᠮ ᠪᠤᠯ᠄ ᠬᠥᠯᠥᠨ ᠪᠤᠶᠢᠷ ᠤᠨ ᠨᠡᠭᠦᠳᠡᠯ ᠮᠠᠯᠵᠢᠯ ᠤᠨ ᠰᠣᠶᠣᠯ ᠢ ᠪᠡᠶᠡᠳᠡᠨ ᠣᠶᠢᠯᠠᠭᠠᠬᠤ ᠵᠠᠮ ᠱᠤᠭᠤᠮ᠂ ᠤᠯᠠᠭᠠᠨᠪᠣᠳᠣᠩ ᠤᠨ ᠨᠢᠭᠤᠴᠠ ᠶᠢ ᠬᠠᠶᠢᠬᠤ ᠵᠠᠮ ᠱᠤᠭᠤᠮ᠂ ᠬᠥᠬᠡᠬᠤᠲᠠ ᠶᠢᠨ ᠮᠣᠷᠢᠨ ᠮᠡᠷᠭᠡᠵᠢᠯ ᠤᠨ ᠤᠷᠤᠯᠳᠤᠭᠠᠨ ᠢ ᠰᠣᠨᠢᠷᠬᠠᠬᠤ ᠵᠠᠮ ᠱᠤᠭᠤᠮ᠂ ᠳᠤᠮᠳᠠᠳᠤ ᠤᠯᠤᠰ ᠤᠨ ᠠᠳᠤᠭᠤᠳᠤ ᠨᠤᠲᠤᠭ ᠰᠢᠯᠢ ᠶᠢᠨ ᠭᠤᠣᠯ ᠤᠨ ᠲᠠᠯ᠎ᠠ ᠨᠤᠲᠤᠭ ᠢᠶᠠᠷ ᠵᠢᠭᠤᠯᠴᠢᠯᠠᠨ ᠰᠡᠭᠦᠳᠡᠷᠯᠡᠬᠦ ᠵᠠᠮ ᠱᠤᠭᠤᠮ᠂ ᠰᠢᠯᠢ ᠶᠢᠨ ᠭᠤᠣᠯ ᠤᠨ ᠲᠠᠯ᠎ᠠ ᠨᠤᠲᠤᠭ ᠲᠤ ᠮᠤᠷᠢ ᠪᠠᠷ ᠵᠢᠭᠤᠯᠴᠢᠯᠠᠬᠤ ᠵᠠᠮ ᠱᠤᠭᠤᠮ᠂ ᠲᠦᠩᠯᠢᠶᠣᠣ + ᠬᠢᠩᠭᠠᠨ ᠠᠶᠢᠮᠠᠭ ᠤᠨ ᠠᠳᠤᠭᠤᠨ ᠰᠣᠶᠣᠯ ᠢ ᠰᠤᠳᠤᠯᠤᠨ ᠰᠤᠷᠤᠯᠴᠠᠬᠤ ᠵᠠᠮ ᠱᠤᠭᠤᠮ᠂ ᠤᠯᠠᠭᠠᠨᠴᠠᠪ ᠤᠨ ᠤᠯᠠᠮᠵᠢᠯᠠᠯᠲᠤ ᠵᠠᠩ ᠦᠢᠯᠡ ᠶᠢ ᠣᠶᠢᠯᠠᠭᠠᠬᠤ ᠵᠠᠮ ᠱᠤᠭᠤᠮ᠂ ᠬᠥᠯᠥᠨ ᠪᠤᠶᠢᠷ ᠲᠠᠬᠢ ᠮᠣᠩᠭᠤᠯ ᠤᠨ ᠡᠬᠢ ᠡᠭᠦᠰᠦᠯ ᠤᠨ ᠰᠣᠶᠣᠯ ᠢ ᠮᠥᠷᠳᠡᠨ ᠬᠠᠶᠢᠬᠤ ᠵᠠᠮ ᠱᠤᠭᠤᠮ᠂ ᠣᠷᠳᠣᠰ ᠤᠨ ᠠᠳᠤᠭᠤᠨ ᠰᠣᠶᠣᠯ ᠢ ᠦᠢᠯᠠᠭᠠᠬᠤ ᠭᠡᠷ ᠪᠦᠯᠢ ᠶᠢᠨ ᠵᠢᠭᠤᠯᠴᠢᠯᠠᠯ ᠤᠨ ᠵᠠᠮ ᠱᠤᠭᠤᠮ᠂ ᠬᠥᠬᠡᠬᠤᠲᠠ + ᠣᠷᠳᠣᠰ ᠤᠨ ᠪᠣᠳᠠᠰ ᠤᠨ ᠪᠤᠰᠤ ᠰᠣᠶᠣᠯ ᠤᠨ ᠥᠪ ᠢ ᠬᠠᠶᠢᠨ ᠰᠢᠨᠵᠢᠯᠡᠬᠦ ᠵᠠᠮ ᠱᠤᠭᠤᠮ ᠵᠡᠷᠭᠡ ᠪᠣᠯᠤᠨ᠎ᠠ᠃
︽ᠡᠨᠡ ᠪᠣᠯ ᠮᠠᠨ ᠤ ᠣᠷᠣᠨ ᠤ ᠠᠳᠤᠭᠤᠨ ᠰᠣᠶᠣᠯ ᠤᠨ ᠵᠢᠭᠤᠯᠴᠢᠯᠠᠯ ᠤᠨ ᠰᠠᠯᠠᠭ᠎ᠠ ᠮᠥᠴᠢᠷ ᠤᠨ ᠠᠮᠢ ᠠᠬᠤᠢ ᠶᠢ ᠤᠷᠢᠳ ᠢᠶᠠᠷ ᠪᠤᠲᠤᠯᠬᠢᠯᠠᠵᠤ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠬᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠭᠤᠶᠢᠪᠢᠰᠢ ᠦᠭᠡᠢ ᠪᠠᠷᠢᠮᠲᠠᠯᠠᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠦᠲᠦᠭᠡᠨ ᠪᠠᠶᠢᠭᠤᠯᠬᠤ᠂ ᠪᠦᠬᠦ ᠣᠷᠣᠨ ᠪᠦᠰᠡ ᠶᠢᠨ ᠵᠢᠭᠤᠯᠴᠢᠯᠠᠯ ᠪᠠ ᠳᠥᠷᠪᠡᠨ ᠤᠯᠠᠷᠢᠯ ᠤᠨ ᠵᠢᠭᠤᠯᠴᠢᠯᠠᠯ ᠤᠨ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠪᠠᠷᠢᠯ ᠪᠣᠯᠤᠨ᠎ᠠ︾ ᠭᠡᠵᠦ ᠥᠪᠥᠷ ᠮᠣᠩᠭᠤᠯ ᠤᠨ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠲᠢᠩᠬᠢᠮ ᠤᠨ ᠳᠠᠷᠤᠭ᠎ᠠ ᠡᠾᠧ ᡁᠢ ᠯᠢᠶᠠᠩ ᠶᠠᠷᠢᠯ᠎ᠠ᠃ ( ᠵᠣᠬᠢᠶᠠᠭᠴᠢ᠄ ᠳᠡᠯᠭᠡᠷᠬᠦᠦ )