

︽ᠤᠮᠠᠷᠠᠳᠦ ᠬᠢᠯᠢ ᠶᠢᠨ ᠦᠯᠢᠭᠡᠷ ᠲᠠᠭᠤᠷᠢᠶᠠᠯ︾ ᠢᠷᠠᠭᠤ ᠠᠯᠳᠠᠷ ᠤᠨ ᠴᠤᠯᠠ ᠶᠢ ᠨᠡᠭᠡᠮᠵᠢᠯᠡᠨ ᠤᠯᠭᠤᠪᠠ

2019-09-12 17:27
  284
  0
  9 ᠰᠠᠷ᠎ᠠ ᠶᠢᠨ 10 ᠤ ᠤᠷᠤᠢ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠬᠠᠭᠤᠯᠬᠤ ᠭᠡᠯᠳᠡᠰ ᠬᠦᠬᠡᠬᠤᠳᠠ ᠳᠤ ᠥᠪᠦᠷ ᠮᠤᠩᠭᠤᠯ ᠤᠨ ᠡᠳᠦᠷ ᠤᠨ ᠰᠤᠨᠢᠨ ᠤ ᠬᠤᠷᠢᠶᠠᠨ ᠤ ᠤᠤᠯ ᠤᠨ ᠲᠡᠷᠢᠬᠦᠨ ᠰᠤᠷᠪᠤᠯᠵᠢᠯᠠᠬᠴᠢ ᠯᠢᠦ ᠱᠤᠤ ᠬᠤᠸᠠ ᠨᠦᠬᠦᠷ ᠤᠨ ᠲᠡᠷᠢᠬᠦᠨ ᠤ ᠦᠢᠯᠡ ᠠᠵᠢᠯᠯᠠᠭ᠎ᠠ ᠶᠢ ᠨᠡᠶᠢᠳᠡᠯᠡᠬᠦ ᠬᠤᠷᠠᠯ ᠬᠤᠷᠠᠯᠳᠤᠭᠤᠯᠵᠦ᠂ ᠲᠡᠬᠦᠨ ᠳᠤ ︽ᠤᠮᠠᠷᠠᠳᠦ ᠬᠢᠯᠢ ᠶᠢᠨ ᠦᠯᠢᠭᠡᠷ ᠲᠠᠭᠤᠷᠢᠶᠠᠯ︾ ᠢᠷᠠᠭᠤ ᠠᠯᠳᠠᠷ ᠤᠨ ᠴᠤᠯᠠ ᠶᠢ ᠨᠡᠭᠡᠮᠵᠢᠯᠡᠨ ᠤᠯᠭᠤᠪᠠ᠃
  ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠤᠮᠠᠷᠠᠳᠦ ᠬᠢᠯᠢ ᠶᠢᠨ ᠦᠯᠢᠭᠡᠷ ᠲᠠᠭᠤᠷᠢᠶᠠᠯ ᠤᠨ ᠦᠨᠡᠮᠯᠡᠯ ᠪᠠ ᠱᠠᠩᠨᠠᠯ ᠤᠨ ᠳᠡᠮᠳᠡᠭ ᠢ ᠤᠯᠭᠤᠵᠤ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠤᠬᠠᠭᠤᠯᠬᠤ ᠭᠡᠯᠳᠡᠰ ᠤᠨ ᠳᠠᠷᠤᠭ᠎ᠠ ᠪᠠᠢ ᠢᠤᠢ ᠭᠠᠩ᠂ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ ᠵᠧᠩ ᠬᠤᠩ ᠹᠠᠨ ᠨᠡᠶᠢᠳᠡᠯᠡᠬᠦ ᠬᠤᠷᠠᠯ ᠳᠤ ᠤᠷᠤᠯᠴᠠᠵᠠᠢ᠃
  ᠨᠡᠶᠢᠳᠡᠯᠡᠬᠦ ᠬᠤᠷᠠᠯ ᠤᠨ ᠠᠬᠤᠢ ᠲᠠᠯᠠᠪᠠᠢ ᠳᠤ᠂ ᠯᠢᠦ ᠱᠤᠤ ᠬᠤᠸᠠ ᠨᠦᠬᠦᠷ ᠤᠨ ᠲᠡᠷᠢᠬᠦᠨ ᠤ ᠦᠢᠯᠡ ᠠᠵᠢᠯᠯᠠᠭ᠎ᠠ ᠶᠢᠨ ᠤᠬᠤᠷ ᠹᠢᠯᠢᠮ ᠢ ᠲᠠᠯᠪᠢᠵᠦ᠂ ᠲᠡᠬᠦᠨ ᠤ ᠰᠤᠩᠭᠤᠳᠠᠭ ᠪᠦᠳᠦᠭᠡᠯ ᠪᠠ ᠲᠡᠬᠦᠨ ᠢ ᠲᠤᠷᠠᠰᠬᠠᠬᠰᠠᠨ ᠵᠤᠬᠢᠶᠠᠯ ︽ᠡᠷᠡᠮᠡᠭᠡᠶᠢᠯᠡᠨ ᠲᠡᠮᠡᠴᠡᠭᠴᠢᠳ ᠲᠡᠭᠡᠨ ᠬᠦᠨᠳᠦᠳᠭᠡᠯ ᠲᠡᠪᠰᠢᠬᠦᠯᠦᠶ᠎ᠠ︾ ᠶᠢ ᠤᠶᠠᠩᠭᠠᠯᠠᠨ ᠤᠩᠰᠢᠪᠠ᠃ ᠯᠢᠦ ᠱᠤᠤ ᠬᠤᠸᠠ ᠨᠦᠬᠦᠷ ᠤᠨ ᠰᠤᠷᠪᠤᠯᠵᠢᠯᠠᠭᠰᠠᠨ ᠬᠦᠮᠦᠰ᠂ ᠬᠠᠮᠳᠤ ᠠᠵᠢᠯᠯᠠᠭᠰᠠᠳ᠂ ᠰᠠᠶᠢᠨ ᠨᠠᠶᠢᠵᠠ᠂ ᠰᠠᠳᠤᠨ ᠲᠦᠷᠦᠯ ᠨᠠᠷ ᠠᠵᠢᠯ᠂ ᠠᠮᠢᠳᠤᠷᠠᠯ ᠵᠡᠷᠭᠡ ᠲᠠᠯ᠎ᠠ ᠪᠠᠷ ᠲᠡᠬᠦᠨ ᠤ ᠰᠡᠳᠬᠢᠯ ᠬᠦᠳᠡᠯᠭᠡᠮ᠎ᠠ ᠦᠯᠢᠭᠡᠷ ᠢ ᠡᠷᠬᠢᠴᠡᠬᠦᠯᠦᠨ ᠶᠠᠷᠢᠪᠠ᠃ ᠦᠨᠡᠲᠦ ᠨᠠᠨᠳᠢᠨ ᠭᠡᠷᠡᠯ ᠵᠢᠷᠤᠭ ᠤᠳ᠂ ᠰᠡᠳᠬᠢᠯᠭᠡ ᠪᠢᠯᠬᠠᠭᠰᠠᠨ ᠢᠷᠠᠭᠤ ᠤᠩᠰᠢᠯᠭ᠎ᠠ᠂ ᠡᠯᠢᠭᠡ ᠵᠢᠷᠦᠬᠡᠨ ᠠᠴᠠ ᠨᠢ ᠤᠨᠳᠤᠷᠤᠭᠰᠠᠨ ᠦᠨᠡᠨ ᠰᠡᠳᠬᠢᠯ ᠤᠨ ᠲᠤᠭᠠᠴᠢᠯᠲᠠ ᠨᠢ ᠯᠢᠦ ᠱᠤᠤ ᠬᠤᠸᠠ ᠨᠦᠬᠦᠷ ᠤᠨ ᠠᠵᠢᠯ ᠳᠤᠮᠳᠠ ᠪᠠᠨ ᠤᠬ ᠰᠠᠨᠠᠭ᠎ᠠ ᠪᠠᠨ ᠰᠠᠬᠢᠵᠦ᠂ ᠲᠡᠮᠡᠴᠡᠯ ᠳᠤᠮᠳᠠ ᠪᠠᠨ ᠡᠬᠦᠷᠭᠡ ᠬᠠᠷᠢᠭᠤᠴᠠᠯᠭ᠎ᠠ ᠪᠠᠨ ᠵᠤᠷᠢᠬᠳᠠᠢ ᠡᠬᠦᠷᠭᠡᠯᠡᠭᠰᠡᠨ ᠵᠤᠷᠢᠭ ᠰᠠᠨᠠᠭ᠎ᠠ ᠶᠢ ᠲᠤᠰᠬᠠᠵᠦ᠂ ᠲᠤᠬᠠᠢ ᠶᠢᠨ ᠲᠠᠯᠠᠪᠠᠢ ᠶᠢᠨ ᠦᠵᠡᠭᠴᠢᠳ ᠢ ᠶᠡᠭᠡᠳᠠ ᠲᠤᠬᠳᠤᠯᠤᠭᠤᠯᠤᠭᠰᠠᠨ ᠪᠠᠶᠢᠨ᠎ᠠ᠃ ᠨᠡᠶᠢᠳᠡᠯᠡᠬᠦ ᠬᠤᠷᠠᠯ ᠨᠢ ᠯᠢᠦ ᠱᠤᠤ ᠬᠤᠸᠠ ᠨᠦᠬᠦᠷ ᠤᠨ ᠵᠤᠬᠢᠶᠠᠭᠰᠠᠨ ᠳᠠᠭᠤᠤ ᠶᠢᠨ ᠦᠭᠡ ︽ᠥᠪᠦᠷ ᠮᠤᠩᠭᠤᠯ ᠢᠶᠠᠨ ᠤᠶᠠᠩᠭᠠᠯᠠᠨ ᠲᠠᠭᠤᠯᠠᠶ᠎ᠠ︾ ᠭᠡᠬᠦ ᠲᠠᠭᠤᠤ ᠶᠢᠨ ᠳᠤᠮᠳᠠ ᠦᠨᠳᠦᠷᠯᠡᠵᠡᠢ᠃
  ᠯᠢᠦ ᠱᠤᠤ ᠬᠤᠸᠠ ᠨᠦᠬᠦᠷ 1953 ᠤᠨ ᠤ 1 ᠰᠠᠷ᠎ᠠ ᠳᠤ ᠲᠦᠷᠦᠵᠡᠢ᠂ ᠳᠤᠮᠳᠠᠳᠤ ᠤᠯᠤᠰ ᠤᠨ ᠡᠪ ᠬᠠᠮᠳᠦ ᠨᠠᠮ ᠤᠨ ᠭᠡᠰᠢᠬᠦᠨ᠂ ᠤᠷᠢᠳ ᠬᠤᠵᠢᠳ ᠦᠪᠡᠷᠲᠡᠭᠡᠨ ᠵᠠᠰᠠᠬᠤ ᠤᠷᠤᠨ ᠤ ᠠᠷᠪᠡᠨ ᠰᠤᠳᠤᠨ ᠰᠤᠷᠪᠤᠯᠵᠢᠯᠠᠬᠴᠢ᠂ ᠦᠪᠡᠷᠲᠡᠭᠡᠨ ᠵᠠᠰᠠᠬᠤ ᠤᠷᠤᠨ ᠤ ᠬᠦᠳᠡᠯᠮᠦᠷᠢ ᠶᠢᠨ ᠵᠢᠱᠢᠶᠡᠴᠢ᠂ ᠦᠪᠡᠷᠲᠡᠭᠡᠨ ᠵᠠᠰᠠᠬᠤ ᠤᠷᠤᠨ ᠤ ᠭᠠᠷᠮᠠᠭᠠᠢ ᠴᠢᠳᠠᠪᠤᠷᠢᠳᠠᠨ᠂ ᠪᠦᠬᠦ ᠤᠯᠤᠰ ᠤᠨ ᠵᠠᠭᠤᠨ ᠰᠤᠳᠤᠨ ᠰᠤᠨᠢᠨ ᠮᠡᠳᠡᠭᠡᠨ ᠤ ᠠᠵᠢᠯᠳᠠᠨ ᠵᠡᠷᠭᠡ ᠢᠷᠠᠭᠤ ᠠᠯᠳᠠᠷ ᠢ ᠬᠦᠷᠳᠡᠵᠦ ᠦᠩᠭᠡᠷᠡᠪᠡ᠂ ᠲᠡᠷᠡ ᠪᠤᠯ ᠥᠪᠦᠷ ᠮᠤᠩᠭᠤᠯ ᠤᠨ ᠤᠳᠬ᠎ᠠ ᠵᠤᠬᠢᠶᠠᠯ ᠤᠨ ︽ᠰᠤᠯᠤᠩᠭ᠎ᠠ︾ ᠱᠠᠩᠨᠠᠯ ᠪᠠ ᠲᠤᠯᠤᠳᠤᠭᠠᠷ ᠬᠤᠭᠤᠴᠠᠭᠠᠨ ᠤ ᠹᠠᠨ ᠴᠠᠩ ᠵᠢᠶᠠᠩ ᠰᠤᠨᠢᠨ ᠮᠡᠳᠡᠭᠡᠨ ᠤ ᠱᠠᠩᠨᠠᠯ ᠢ ᠬᠦᠷᠳᠡᠭᠴᠢ᠂ ᠲᠦᠷᠦ ᠶᠢᠨ ᠶᠠᠪᠤᠳᠠᠯ ᠤᠨ ᠬᠤᠷᠢᠶᠠᠨ ᠤ ᠤᠨᠴᠠᠭᠠᠢ ᠨᠦᠬᠦᠪᠦᠷᠢ ᠬᠦᠷᠳᠡᠭᠴᠢ ᠮᠦᠨ᠃ 2019 ᠤᠨ ᠤ 1 ᠰᠠᠷ᠎ᠠ ᠶᠢᠨ 24 ᠤ ᠡᠳᠦᠷ᠂ ᠡᠪᠡᠳᠴᠢᠯᠡᠭᠡᠳ ᠡᠮᠨᠡᠬᠦᠯᠦᠭᠰᠡᠨ ᠪᠤᠯᠪᠠᠴᠦ ᠢᠯᠠᠷᠢ ᠪᠤᠯᠤᠭᠰᠠᠨ ᠦᠭᠡᠢ ᠨᠠᠰᠤ ᠪᠠᠷᠠᠵᠠᠢ᠃ ᠲᠡᠷᠡᠪᠡᠷ ᠤᠷᠳᠤ ᠬᠤᠭᠤᠴᠠᠭᠠᠨ ᠤ ᠲᠤᠷᠰᠢ ᠰᠤᠨᠢᠨ ᠮᠡᠳᠡᠭᠡᠨ ᠤ ᠹᠷᠤᠨᠲ ᠲᠤ ᠠᠵᠢᠯᠯᠠᠵᠦ᠂ 40 ᠭᠠᠷᠤᠢ ᠵᠢᠯ ᠤᠨ ᠲᠤᠷᠰᠢ ᠲᠠᠯ᠎ᠠ ᠨᠤᠳᠤᠭ ᠲᠤ ᠦᠨᠳᠦᠰᠦᠯᠡᠨ᠂ ᠬᠢᠯᠢ ᠬᠢᠵᠠᠭᠠᠷ ᠢᠶᠠᠷ ᠬᠦᠷᠴᠦ᠂ ᠤᠬ ᠰᠠᠨᠠᠭ᠎ᠠ ᠪᠠᠨ ᠦᠯᠦ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠦ᠂ ᠬᠦᠯ ᠤᠨ ᠬᠦᠴᠦᠨ ᠢᠶᠠᠷ ᠢᠶᠠᠨ ᠲᠠᠯ᠎ᠠ ᠨᠤᠳᠤᠭ ᠢ ᠭᠡᠮᠵᠢᠵᠦ᠂ ᠭᠢᠷᠠᠬᠠᠢ ᠬᠠᠷᠠᠴᠠ ᠪᠠᠷ ᠢᠶᠠᠨ ᠦᠯᠢᠭᠡᠷ ᠢ ᠢᠯᠡᠷᠡᠬᠦᠯᠦᠨ᠂ ᠰᠡᠴᠡᠨ ᠤᠬᠠᠭᠠᠨ ᠢᠶᠠᠷ ᠢᠶᠠᠨ ᠰᠤᠶᠤᠯ ᠢ ᠤᠯᠠᠮᠵᠢᠯᠠᠵᠦ᠂ ᠦᠵᠦᠭ ᠪᠢᠷ ᠢᠶᠠᠷ ᠢᠶᠠᠨ ᠠᠮᠵᠢᠯᠳᠠ ᠶᠢ ᠪᠢᠴᠢᠭᠯᠡᠵᠦ᠂ ᠮᠢᠩᠭ᠎ᠠ ᠭᠠᠷᠤᠢ ᠮᠡᠳᠡᠭᠡ᠂ ᠴᠢᠮᠡᠭᠡᠯᠡᠯ᠂ ᠰᠢᠬᠦᠮᠵᠢ ᠪᠢᠴᠢᠵᠦ᠂ ᠵᠠᠭᠤ ᠰᠢᠬᠠᠮ ᠪᠦᠳᠦᠭᠡᠯ ᠨᠢ ᠪᠦᠬᠦ ᠤᠯᠤᠰ᠂ ᠦᠪᠡᠷᠲᠡᠭᠡᠨ ᠵᠠᠰᠠᠬᠤ ᠤᠷᠤᠨ᠂ ᠰᠤᠨᠢᠨ ᠤ ᠬᠤᠷᠢᠶ᠎ᠠ ᠪᠠ ᠠᠵᠢᠯ ᠲᠦᠷᠦᠯ ᠤᠨ ᠰᠠᠶᠢᠨ ᠰᠤᠨᠢᠨ ᠮᠡᠳᠡᠭᠡᠨ ᠤ ᠱᠠᠩᠨᠠᠯ ᠢ ᠬᠦᠷᠳᠡᠵᠦ᠂ ᠮᠠᠰᠢ ᠤᠯᠠᠨ ᠴᠢᠬᠤᠯᠠ ᠶᠡᠭᠡ ᠮᠡᠳᠡᠭᠡᠯᠡᠯ ᠤᠨ ᠡᠬᠦᠷᠭᠡ ᠶᠢ ᠲᠡᠬᠦᠰ ᠠᠮᠵᠢᠯᠳᠠ ᠲᠠᠢ ᠪᠡᠶᠡᠯᠡᠬᠦᠯᠪᠠ᠃ ᠲᠡᠷᠡ ᠪᠤᠯ ᠰᠤᠨᠢᠨ ᠮᠡᠳᠡᠭᠡᠨ ᠤ ᠹᠷᠤᠨᠲ ᠤᠨ ︽ᠦᠨᠳᠦᠰᠦᠨ ᠱᠠᠳᠤᠨ ᠳᠤ ᠬᠦᠨᠵᠡᠭᠡᠶᠢᠷᠡᠵᠦ ᠠᠵᠢᠯ ᠤᠨ ᠰᠤᠷᠳᠠᠯ ᠵᠤᠬᠢᠶᠠᠯ ᠤᠨ ᠰᠤᠷᠳᠠᠯ ᠢᠶᠠᠨ ᠰᠠᠶᠢᠵᠢᠷᠠᠭᠤᠯᠤᠭᠰᠠᠠ︾ ᠦᠯᠢᠭᠡᠷ ᠲᠠᠭᠤᠷᠢᠶᠠᠯ᠂ ︽ᠭᠤᠤᠯ ᠬᠦᠭ ᠠᠶᠠᠰ ᠢ ᠴᠢᠪᠬᠠᠲᠠᠵᠤ᠂ ᠢᠳᠡᠪᠬᠢ ᠬᠦᠴᠦᠨ ᠢ ᠮᠠᠬᠳᠠᠨ ᠳᠠᠭᠤᠯᠠᠭᠰᠠᠠ︾ ᠭᠠᠷᠮᠠᠭᠠᠢ ᠲᠦᠯᠦᠭᠡᠯᠡᠭᠴᠢ ᠮᠦᠨ᠂ ᠲᠡᠬᠦᠨ ᠤ ᠪᠡᠶ᠎ᠠ ᠳᠡᠭᠡᠷ᠎ᠠ ᠰᠤᠨᠢᠨ ᠮᠡᠳᠡᠭᠡᠨ ᠤ ᠬᠦᠮᠦᠰ ᠤᠨ ᠦᠨᠡᠨ ᠶᠤᠰᠤ ᠶᠢ ᠬᠦᠭᠡᠭᠡᠴᠡᠯᠳᠦᠵᠦ᠂ ᠠᠵᠢᠯ ᠦᠢᠯᠡᠰ ᠢᠶᠠᠨ ᠳᠡᠭᠡᠳᠦᠯᠡᠨ ᠰᠢᠷᠭᠠᠭᠤ ᠬᠠᠳᠠᠭᠤᠵᠢᠯᠳᠠᠢ ᠠᠵᠢᠯᠯᠠᠵᠦ᠂ ᠴᠤᠴᠠᠰᠢ ᠦᠭᠡᠢ ᠤᠷᠤᠬᠰᠢᠯᠠᠬᠤ ᠡᠷᠬᠢᠮ ᠳᠡᠭᠡᠳᠦ ᠵᠤᠷᠢᠭ ᠰᠠᠨᠠᠭ᠎ᠠ ᠶᠢ ᠢᠯᠡᠷᠡᠬᠦᠯᠦᠭᠰᠡᠨ ᠶᠤᠮ᠃
  ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠬᠠᠭᠤᠯᠬᠤ ᠭᠡᠯᠳᠡᠰ ᠠᠴᠠ ᠪᠦᠬᠦ ᠤᠷᠤᠨ ᠤ ᠦᠷᠭᠡᠨ ᠤᠯᠠᠨ ᠺᠠᠳ᠋ᠷ ᠤᠯᠠᠨ  ᠲᠦᠮᠡᠨ᠂ ᠢᠯᠠᠩᠭᠤᠶ᠎ᠠ ᠦᠷᠭᠡᠨ ᠤᠯᠠᠨ ᠰᠤᠨᠢᠨ ᠮᠡᠳᠡᠭᠡᠨ ᠤ ᠠᠵᠢᠯᠳᠠᠳ ᠢ ᠯᠢᠦ ᠱᠤᠤ ᠬᠤᠸᠠ ᠨᠦᠬᠦᠷ ᠰᠢᠭ ᠢᠶᠠᠷ ︽ᠲᠤᠬ ᠢ ᠮᠠᠨᠳᠤᠭᠤᠯᠬᠤ᠂ ᠠᠷᠠᠳ ᠤᠨ ᠰᠡᠳᠬᠢᠯ ᠢ ᠨᠢᠬᠳᠠᠷᠠᠭᠤᠯᠬᠤ᠂ ᠰᠢᠨ᠎ᠠ ᠬᠦᠮᠦᠨ ᠢ ᠬᠦᠮᠦᠵᠢᠬᠦᠯᠬᠦ᠂ ᠰᠤᠶᠤᠯ ᠢ ᠴᠡᠴᠡᠭᠯᠡᠬᠦᠯᠬᠦ᠂ ᠲᠦᠷᠢ ᠲᠦᠷᠬᠦ ᠶᠢ ᠱᠤᠭᠤᠬᠤ︾ ᠡᠬᠦᠷᠭᠡ ᠬᠠᠷᠢᠭᠤᠴᠠᠯᠭ᠎ᠠ ᠶᠢᠨ ᠨᠢᠭᠳᠠ ᠲᠤᠭᠤᠷᠢᠨ ᠳᠤ᠂ ᠤᠬ ᠰᠠᠨᠠᠭ᠎ᠠ ᠪᠠᠨ ᠪᠠᠳᠤ ᠰᠠᠬᠢᠵᠦ᠂ ᠵᠤᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ᠂ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠬᠦᠯᠬᠦ ᠪᠠᠷ ᠦᠨᠳᠦᠰᠦ ᠪᠤᠯᠭᠠᠵᠦ᠂ ᠲᠤᠰᠬᠠᠢ ᠮᠡᠷᠭᠡᠵᠢᠯ ᠤᠨ ᠴᠢᠳᠠᠪᠤᠷᠢ ᠪᠠᠨ ᠴᠢᠩᠭᠠᠷᠠᠭᠤᠯᠬᠤ ᠪᠠᠷ ᠵᠠᠩᠬᠢᠯᠠᠭ᠎ᠠ ᠪᠤᠯᠭᠠᠵᠦ᠂ ᠵᠤᠷᠢᠭᠲᠠᠢ ᠪᠠᠷ ᠰᠢᠨ᠎ᠠ ᠶᠢ ᠡᠬᠦᠳᠦᠨ ᠪᠦᠳᠦᠭᠡᠬᠦ ᠪᠠᠷ ᠴᠢᠬᠤᠯᠠ ᠵᠦᠢᠯ ᠪᠤᠯᠭᠠᠨ᠂ ᠰᠢᠯᠢᠳᠡᠭ ᠰᠤᠷᠳᠠᠯ ᠢ ᠪᠤᠶᠢᠵᠢᠭᠤᠯᠬᠤ ᠪᠠᠷ ᠰᠠᠭᠤᠷᠢ ᠪᠤᠯᠭᠠᠵᠦ᠂ ᠤᠬᠠᠮᠰᠠᠷ ᠠᠴᠠ ᠪᠠᠨ ︽ᠦᠨᠳᠦᠰᠦᠨ ᠱᠠᠳᠤᠨ ᠳᠤ ᠬᠦᠨᠵᠡᠭᠡᠶᠢᠷᠡᠵᠦ ᠠᠵᠢᠯ ᠤᠨ ᠰᠤᠷᠳᠠᠯ ᠵᠤᠬᠢᠶᠠᠯ ᠤᠨ ᠰᠤᠷᠳᠠᠯ ᠢᠶᠠᠨ ᠰᠠᠶᠢᠵᠢᠷᠠᠭᠤᠯᠬᠤ︾ ᠶᠢᠨ ᠦᠯᠢᠭᠡᠷ ᠳᠠᠭᠤᠷᠢᠶᠠᠯ ᠪᠤᠯᠵᠦ᠂ ︽ᠲᠦᠷᠪᠡᠨ ᠴᠢᠳᠠᠪᠤᠷᠢ︾ ᠶᠢᠨ ᠶᠡᠷᠦᠩᠭᠡᠢ ᠱᠠᠭᠠᠷᠳᠠᠯᠭ᠎ᠠ ᠶᠢ ᠦᠢᠯᠡᠳᠦᠯᠭᠡᠵᠢᠬᠦᠯᠬᠦ ᠦᠯᠢᠭᠡᠷ ᠳᠠᠭᠤᠷᠢᠶᠠᠯ ᠪᠤᠯᠵᠦ᠂ ᠪᠦᠬᠦ ᠤᠷᠤᠨ ᠤ ᠰᠤᠷᠳᠠᠯ ᠤᠬᠠᠭᠤᠯᠭ᠎ᠠ ᠦᠵᠡᠯ ᠰᠠᠨᠠᠭ᠎ᠠ ᠰᠤᠶᠤᠯ ᠤᠨ ᠠᠵᠢᠯ ᠤᠨ ᠰᠢᠨ᠎ᠠ ᠲᠦᠷᠰᠦ ᠪᠠᠶᠢᠳᠠᠯ ᠢ ᠨᠡᠭᠡᠭᠡᠨ ᠡᠬᠦᠳᠴᠦ᠂ ᠦᠵᠡᠰᠬᠦᠯᠡᠩᠳᠦ ᠰᠠᠶᠢᠬᠠᠨ ᠥᠪᠦᠷ ᠮᠤᠩᠭᠤᠯ ᠢᠶᠠᠨ ᠪᠦᠳᠦᠭᠡᠨ ᠪᠠᠶᠢᠭᠤᠯᠵᠦ᠂ ᠠᠭᠤᠤ ᠶᠡᠭᠡ ᠳᠤᠮᠳᠠᠳᠤ ᠶᠢᠨ ᠵᠡᠬᠦᠳᠦ ᠪᠠᠨ ᠬᠠᠮᠳᠤ ᠪᠠᠷ ᠳᠡᠷᠭᠡᠯᠰᠢᠬᠦᠯᠬᠦ ᠶᠢᠨ ᠲᠦᠯᠦᠭᠡ ᠨᠡᠩ ᠶᠡᠭᠡ ᠬᠤᠪᠢ ᠨᠡᠮᠡᠷᠢ ᠦᠵᠡᠬᠦᠯᠳᠦᠭᠡᠢ ᠭᠡᠵᠦ ᠤᠷᠢᠶᠠᠯᠠᠵᠠᠢ᠃   ᠵᠣᠬᠢᠶᠠᠭᠴᠢ᠄  ᠳ᠋ᠠᠢ ᠬᠤᠩ  



  
     
     