-
2134660
ᠢᠳᠡᠷᠡᠭᠦᠨ ᠠᠯᠬᠤᠭ᠎ᠠ ᠪᠠᠷ ᠰᠢᠨ᠎ᠠ ᠠᠶᠠᠨ ᠳᠠᠭᠠᠨ ᠮᠤᠷᠳᠠᠵᠦ ᠡᠷᠡᠮᠡᠭᠡᠶᠢᠯᠡᠨ ᠲᠡᠮᠡᠴᠡᠵᠤ ᠠᠭᠤᠤ ᠦᠢᠯᠡᠰ ᠢ ᠪᠦᠳᠦᠬᠡᠰᠦᠬᠡᠢ
2019-10-03 17:10
398
0
ᠤᠯᠤᠰ ᠤᠨ ᠳᠤᠭ ᠨᠠᠮᠢᠷᠠᠵᠦ᠂ ᠤᠯᠤᠰ ᠤᠨ ᠰᠦᠯᠳᠡ ᠳᠠᠭᠤᠤ ᠬᠠᠩᠬᠢᠨᠠᠨ᠎ᠠ᠃ ᠦᠴᠦᠬᠡᠳᠦᠷ᠂ ᠦᠪᠦᠷ ᠮᠤᠩᠭᠤᠯ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠬᠡᠯᠡᠬᠦ ᠤᠯᠤᠰ ᠤᠨ ᠲᠤᠭ ᠮᠠᠨᠳᠤᠭᠤᠯᠬᠤ ᠶᠤᠰᠤᠯᠠᠯ ᠢ ᠦᠪᠡᠳᠡᠭᠰᠢ ᠶᠡᠭᠡ ᠪᠠᠷ ᠶᠠᠪᠤᠭᠳᠠᠭᠤᠯᠪᠠ᠃ ᠤᠯᠤᠰ ᠤᠨ ᠳᠤᠭ ᠲᠠᠭᠠᠨ ᠬᠦᠨᠳᠦᠳᠬᠡᠯ ᠳᠡᠪᠰᠢᠬᠦᠯᠵᠦ᠂ ᠡᠬᠡ ᠤᠯᠤᠰ ᠤᠨ ᠢᠶᠠᠨ ᠴᠡᠴᠡᠭᠯᠡᠨ ᠬᠦᠭᠵᠢᠬᠦ ᠶᠢ ᠵᠦᠡᠭᠨᠡᠨᠠ᠂ ᠡᠨᠡ ᠪᠤᠯ ᠳᠠᠯ᠎ᠠ ᠨᠤᠳᠤᠭ ᠤᠨ ᠬᠦᠪᠡᠬᠦᠳ ᠦᠬᠢᠳ ᠤᠨ ᠥᠷᠥᠴᠡ ᠵᠢᠷᠦᠬᠡᠨ ᠤ ᠦᠴᠢᠯ᠃
ᠴᠠᠬ ᠮᠦᠴᠡ ᠪᠤᠯ ᠳᠡᠦᠬᠡ ᠶᠢ ᠬᠡᠷᠡᠴᠢᠯᠡᠭᠴᠢ᠂ ᠮᠦᠨ ᠴᠦ ᠠᠭᠤᠤ ᠶᠡᠭᠡ ᠶᠢ ᠪᠢᠴᠢᠭᠯᠡᠭᠴᠢ᠃ 70 ᠵᠢᠯ ᠤᠨ ᠲᠤᠷᠰᠢ᠂ ᠮᠠᠨ ᠤ ᠨᠠᠮ ᠤᠬ ᠰᠠᠨᠠᠭ᠎ᠠ ᠪᠠᠨ ᠦᠯᠦ ᠮᠠᠷᠳᠠᠨ᠂ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠵᠦ᠂ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠳᠦᠮᠡᠨ ᠢ ᠪᠦᠯᠬᠦᠮᠳᠡᠬᠦᠯᠦᠨ ᠳᠠᠭᠠᠭᠤᠯᠵᠦ ᠠᠯᠢ ᠤᠯᠠᠨ ᠪᠡᠷᠬᠡ ᠪᠠᠷᠳᠠᠭ᠎ᠠ ᠬᠠᠷᠰᠢ ᠰᠠᠭᠠᠳ ᠢ ᠢᠯᠠᠨ ᠳᠠᠪᠠᠵᠦ᠂ ᠠᠯᠢ ᠤᠯᠠᠨ ᠳᠡᠦᠬᠡᠨ ᠳᠤ ᠲᠡᠮᠳᠡᠭᠯᠡᠭᠦᠰᠢᠳᠡᠢ ᠬᠦᠮᠦᠨ ᠤ ᠶᠢᠷᠳᠢᠨᠴᠤ ᠶᠢᠨ ᠭᠠᠶᠢᠬᠠᠮᠰᠢᠬ ᠢ ᠡᠬᠦᠳᠴᠡᠢ᠃ ᠳᠠᠪᠤᠨ ᠤᠳᠤᠳᠤ ᠤᠯᠠᠭᠠᠨ ᠲᠤᠭ ᠦᠨᠳᠦᠷ ᠲᠤ ᠨᠠᠮᠢᠷᠠᠭᠰᠠᠨ ᠦᠷᠬᠡᠨ ᠠᠭᠤᠳᠠᠮ ᠨᠤᠳᠤᠭ ᠳᠡᠪᠢᠰᠬᠡᠷ ᠳᠡᠬᠡᠷ᠎ᠠ᠂ ᠳᠤᠮᠳᠠᠳᠤ ᠶᠢᠨ ᠦᠨᠳᠦᠰᠦᠳᠡᠨ ᠪᠤᠰᠴᠤ ᠵᠤᠭᠰᠤᠭᠰᠠᠨ᠂ ᠪᠠᠶᠠᠵᠢᠨ ᠴᠢᠨᠡᠬᠡᠯᠢᠭᠵᠢᠭᠰᠡᠨ ᠠᠴᠠ ᠪᠠᠨ ᠬᠦᠴᠦᠷᠭᠡᠭᠵᠢᠨ ᠮᠠᠨᠳᠤᠭᠰᠠᠨ ᠠᠭᠤᠤ ᠶᠡᠭᠡ ᠳᠠᠪᠠᠯᠳᠠ ᠶᠢ ᠪᠡᠶᠡᠯᠡᠬᠦᠯᠪᠡ᠃ 70 ᠵᠢᠯ ᠤᠨ ᠲᠤᠷᠰᠢ᠂ ᠨᠠᠮ ᠤᠨ ᠳᠦᠪ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠪᠠ ᠳᠤᠳᠤᠨᠤ ᠬᠠᠯᠠᠮᠵᠢᠯᠠᠯ ᠳᠤᠤᠷ᠎ᠠ᠂ ᠡᠬᠡ ᠤᠯᠤᠰ ᠤᠨ ᠶᠡᠭᠡ ᠬᠡᠷ ᠪᠦᠯᠢ ᠶᠢᠨ ᠳᠤᠯᠠᠭᠠᠨ ᠡᠯᠢᠭᠡᠨ ᠳᠤ᠂ ᠦᠪᠦᠷ ᠮᠤᠩᠭᠤᠯ ᠤᠨ ᠦᠨᠳᠦᠰᠦᠳᠡᠨ ᠨᠦᠭᠦᠳ ᠤᠨ ᠠᠷᠠᠳ ᠳᠦᠮᠡᠨ ᠡᠷᠡᠰ ᠭᠤᠶᠢᠪᠢᠰᠢ ᠦᠬᠡᠢ ᠪᠠᠷ ᠨᠠᠮ ᠤᠨ ᠦᠭᠡ ᠶᠢ ᠰᠤᠨᠤᠰᠴᠤ᠂ ᠨᠠᠮ ᠢᠶᠠᠨ ᠲᠠᠭᠠᠵᠤ᠂ ᠨᠡᠶᠢᠬᠡᠮ ᠵᠢᠷᠤᠮ ᠤᠨ ᠴᠢᠨᠡᠬᠡᠯᠢᠭᠵᠢᠯ ᠤᠨ ᠳᠠᠷᠳᠠᠩ ᠵᠠᠮ ᠢᠶᠠᠷ ᠢᠳᠡᠷᠠᠭᠦᠨ ᠠᠯᠬᠤᠭ᠎ᠠ ᠪᠠᠷ ᠤᠷᠤᠭᠰᠢᠯᠠᠵᠦ᠂ ᠪᠠᠯᠠᠷᠠᠰᠢ ᠦᠬᠡᠢ ᠰᠢᠨ᠎ᠠ ᠬᠠᠭᠤᠳᠠᠰᠦ ᠶᠢ ᠤᠯᠠᠨ ᠪᠢᠴᠢᠭᠯᠡᠵᠠᠢ᠃ ᠦᠪᠦᠷ ᠮᠤᠩᠭᠤᠯ ᠤᠨ ᠯᠤᠳᠤ ᠶᠡᠭᠡ ᠬᠤᠪᠢᠷᠠᠯᠳᠠ ᠪᠤᠯ ᠰᠢᠨ᠎ᠠ ᠳᠤᠮᠳᠠᠳᠤ ᠤᠯᠤᠰ ᠪᠠᠶᠢᠭᠤᠯᠤᠬᠳᠠᠭᠰᠠᠨ ᠠᠴᠠ ᠨᠠᠭᠠᠰᠢᠬᠢ 70 ᠵᠢᠯ ᠤᠨ ᠬᠦᠭᠵᠢᠯᠳᠡ ᠶᠢᠨ ᠬᠡᠷᠡᠯ ᠰᠠᠴᠤᠷᠠᠩᠭᠤᠢ ᠠᠮᠵᠢᠯᠳᠠ ᠶᠢᠨ ᠠᠮᠢᠳᠤ ᠪᠤᠳᠠᠳᠠᠢ ᠬᠤᠷᠢᠶᠠᠩᠭᠤᠢ ᠳᠦᠷᠢ ᠪᠤᠯᠬᠤ ᠶᠤᠮ᠃ ᠪᠢᠳᠡ ᠠᠭᠤᠤ ᠶᠡᠭᠡ ᠡᠬᠡ ᠤᠯᠤᠰ ᠤᠨ ᠢᠶᠠᠨ ᠬᠡᠷᠡᠯ ᠰᠠᠴᠤᠷᠠᠩᠭᠤᠢ ᠠᠮᠵᠢᠯᠳᠠ ᠳᠤ ᠬᠢᠵᠠᠭᠠᠯᠠᠰᠢ ᠦᠬᠡᠢ ᠤᠮᠤᠭᠰᠢᠨ ᠵᠤᠷᠢᠭᠵᠢᠵᠤ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠲᠤᠮᠳᠠᠳᠤ ᠶᠢᠨ ᠵᠡᠭᠦᠳᠤ ᠶᠢ ᠪᠡᠶᠡᠯᠡᠬᠦᠯᠬᠦ ᠳᠤ ᠢᠳᠡᠬᠡᠯ ᠵᠤᠷᠢᠭ ᠲᠦᠭᠦᠷᠡᠩ᠃
︽ᠡᠬᠡ ᠤᠯᠤᠰ ᠮᠢᠨᠢ ᠶᠤᠰᠤᠳᠠᠢ ᠪᠤᠯᠵᠦ ᠪᠠᠶᠢᠨ᠎ᠠ︕︾ ᠰᠢᠨ᠎ᠠ ᠵᠠᠭᠤᠨ ᠤ ᠪᠤᠱᠤᠭᠠᠨ ᠳᠡᠬᠡᠷ᠎ᠠ ᠮᠡᠨᠳᠦᠯᠡᠭᠰᠡᠨ ᠵᠠᠯᠠᠭᠤᠰ ᠢᠩᠬᠢᠵᠦ ᠡᠷᠡᠬᠡᠢ ᠭᠠᠷᠭᠠᠨ᠎ᠠ᠃ ︽ᠤᠯᠤᠰ ᠬᠡᠷ ᠮᠢᠨᠢ ᠦᠨᠡᠬᠡᠷ ᠬᠦᠴᠦᠷᠬᠡᠭᠵᠢᠯᠠ︕︾ ᠡᠯ᠎ᠡ ᠬᠠᠯᠠ ᠶᠢ ᠳᠤᠭᠤᠯᠤᠭᠰᠠᠨ ᠬᠦᠮᠦᠰ ᠢᠩᠬᠢᠵᠦ ᠰᠡᠳᠬᠢᠯ ᠳᠡᠭᠡᠨ ᠪᠠᠭ᠋ᠠᠳᠤᠨ᠎ᠠ᠃ ᠦᠨᠦᠳᠦᠷ ᠪᠢᠳᠡ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢ ᠪᠡᠶᠡᠯᠡᠬᠦᠯᠬᠦ ᠬᠠᠷᠠᠯᠳᠠ ᠳᠤ ᠤᠢᠢᠷᠠᠳᠤᠭᠰᠠᠨ ᠵᠠᠢ᠂ ᠪᠡᠶᠡᠯᠡᠬᠦᠯᠬᠦ ᠢᠳᠡᠬᠡᠯ ᠵᠤᠷᠢᠭ ᠪᠤᠯᠤᠨ ᠴᠢᠳᠠᠪᠤᠷᠢ ᠲᠡᠦᠬᠡᠨ ᠳᠡᠬᠡᠷᠡᠬᠢ ᠠᠯᠢ ᠴᠤ ᠴᠠᠭ ᠦᠶ᠎ᠠ ᠠᠴᠠ ᠳᠠᠪᠠᠨ᠎ᠠ᠃ ᠡᠨᠡ ᠮᠦᠴᠡ ᠳᠤ ᠠᠯᠢ ᠴᠤ ᠦᠶ᠎ᠠ ᠠᠴᠠ ᠢᠯᠡᠬᠦᠦ ᠢᠳᠡᠬᠡᠯ ᠪᠢᠰᠢᠷᠡᠯ ᠪᠤᠯᠤᠨ ᠳᠡᠮᠡᠴᠡᠯ ᠤᠨ ᠬᠦᠴᠦᠨ ᠱᠠᠭᠠᠷᠳᠠᠭᠳᠠᠨ᠎ᠠ᠃ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠳᠠ ᠶᠢᠨ ᠠᠭᠤᠯᠵᠠᠪᠤᠷᠢ ᠶᠢᠨ ᠳᠡᠦᠬᠡᠳᠦ ᠴᠠᠭ ᠮᠦᠴᠡ ᠳᠤ᠂ ᠠᠵᠠ ᠳᠤᠬᠢᠶᠠᠯ ᠬᠦᠰᠡᠯ ᠵᠡᠭᠦᠳᠤ ᠪᠠᠷ ᠲᠦᠬᠦᠷᠡᠩ ᠰᠢᠨ᠎ᠠ ᠴᠠᠬ ᠦᠶ᠎ᠠ ᠳᠤ᠂ ᠤᠯᠤᠰ ᠢᠶᠠᠨ ᠬᠠᠶᠢᠷᠠᠯᠠᠬᠤ ᠦᠵᠡᠯ ᠰᠠᠨᠠᠭ᠎ᠠ ᠪᠠᠷ ᠬᠦᠰᠡᠯ ᠵᠡᠭᠦᠳᠤ ᠪᠠᠨ ᠬᠡᠷᠡᠯᠳᠦᠬᠦᠯᠵᠤ᠂ ᠬᠦᠮᠦᠨ ᠤ ᠠᠮᠢᠳᠤᠷᠠᠯ ᠤᠨ ᠬᠦᠰᠡᠯ ᠵᠡᠭᠦᠳᠤ ᠪᠠ ᠤᠯᠤᠰ ᠭᠡᠷ ᠢᠶᠠᠨ ᠬᠠᠶᠢᠷᠠᠯᠠᠬᠤ ᠶᠢ ᠬᠠᠮᠳᠤᠳᠬᠠᠵᠤ᠂ ᠡᠬᠡ ᠤᠷᠤᠨᠴᠢ ᠬᠠᠶᠢᠷ᠎ᠠ ᠰᠡᠳᠬᠢᠯᠭᠡ᠂ ᠤᠯᠤᠰ ᠲᠠᠭᠠᠨ ᠠᠴᠢ ᠬᠠᠷᠢᠭᠤᠯᠠᠬᠤ ᠶᠢ ᠦᠭᠡᠷᠡᠴᠢᠯᠡᠯᠳᠡ ᠬᠦᠭᠵᠢᠯᠳᠡ ᠶᠢᠨ ᠠᠭᠤᠤ ᠶᠡᠭᠡ ᠦᠢᠯᠡᠰ ᠪᠠ ᠲᠡᠤᠭᠡ ᠶᠢ ᠡᠭᠦᠳᠦᠨ ᠪᠦᠳᠦᠭᠡᠬᠦ ᠠᠭᠤᠤ ᠶᠡᠭᠡ ᠲᠡᠮᠡᠴᠡᠯ ᠳᠤ ᠠᠭᠤᠰᠤᠯᠴᠠᠭᠤᠯᠬᠤ ᠶᠢ ᠨᠡᠩ ᠱᠠᠭᠠᠷᠳᠠᠨ᠎ᠠ︔ ᠬᠦᠮᠦᠨ ᠨᠢᠭᠡ ᠪᠥᠷᠢ ᠲᠡᠮᠡᠴᠡᠯ ᠤᠨ ᠰᠡᠯᠢᠭᠦᠷ ᠢᠶᠠᠨ ᠪᠠᠳᠤ ᠡᠵᠡᠮᠳᠡᠨ᠂ ᠲᠡᠮᠡᠴᠡᠯ ᠤᠨ ᠲᠠᠷᠪᠠᠭᠤᠯ ᠢᠶᠠᠨ ᠦᠨᠳᠦᠷ ᠲᠤ ᠮᠠᠨᠳᠤᠭᠤᠯᠵᠤ᠂ ᠦᠪᠡᠷ ᠦᠪᠡᠷ ᠤᠨ ᠬᠠᠷᠢᠭᠤᠴᠠᠯᠭ᠎ᠠ ᠪᠠᠨ ᠬᠦᠢᠴᠡᠳᠭᠡᠵᠤ᠂ ᠰᠢᠷᠭᠠᠭᠤ ᠪᠤᠳᠠᠳᠠᠢ ᠠᠵᠢᠯᠯᠠᠨ᠂ ᠵᠤᠷᠢᠭᠰᠠᠨ ᠳᠠᠭᠠᠨ ᠬᠦᠷᠬᠦ ᠪᠠᠷ ᠴᠤᠴᠠᠯᠳᠠ ᠦᠭᠡᠢ ᠴᠢᠷᠮᠠᠶᠢᠬᠤ ᠬᠦᠴᠦᠷᠭᠡᠭ ᠶᠡᠭᠡ ᠬᠦᠴᠦᠨ ᠲᠠᠢ ᠪᠠᠶᠢᠬᠤ ᠶᠢ ᠨᠠᠩ ᠱᠠᠭᠠᠷᠳᠠᠨ᠎ᠠ᠃
70 ᠵᠢᠯ ᠤᠨ ᠡᠮᠦᠨ᠎ᠠ᠂ ᠮᠠᠤ ᠽᠧ ᠳ᠋ᠦᠩ ᠨᠦᠬᠦᠷ ᠬᠡᠯᠡᠭᠰᠡᠨᠴᠢᠯᠡᠨ ︽ᠵᠦᠴᠦᠬᠡ ᠵᠠᠪᠠᠯ ᠬᠦᠰᠢᠬᠡ ᠢᠷᠠᠬᠤ ᠠᠴᠠ ᠡᠬᠢᠯᠡᠬᠦ ᠶᠤᠰᠤᠳᠠᠢ᠂ ᠬᠡᠳᠡᠯ᠎ᠠ ᠬᠦᠰᠢᠬᠡ ᠨᠢ ᠠᠷᠠᠢ ᠤᠷᠬᠢᠯ ᠪᠢᠰᠢ︾᠃ ᠦᠨᠦᠳᠦᠷ᠂ ᠰᠢᠨ᠎ᠠ ᠴᠠᠬ ᠦᠶ᠎ᠠ ᠶᠢᠨ ᠠᠤᠭ᠎ᠠ ᠬᠠᠭᠤᠳᠠᠰᠤ ᠶᠠᠭ ᠰᠠᠶᠢᠬᠠᠨ ᠡᠮᠦᠨ᠎ᠠ ᠳᠡᠯᠬᠡᠭᠳᠡᠵᠦ᠂ ᠬᠦᠰᠡᠯ ᠵᠡᠭᠦᠳᠤ ᠪᠠᠨ ᠬᠦᠬᠡᠭᠡᠴᠡᠯᠳᠦᠭᠰᠡᠳ ᠤᠨ ᠢᠷᠡᠭᠡᠳᠦᠢ ᠬᠢᠵᠠᠭᠠᠯᠠᠰᠢ ᠦᠭᠡᠢ ᠭᠡᠭᠡᠨ ᠰᠠᠷᠠᠭᠤᠯ᠃ ᠭᠠᠭᠴᠡ ᠬᠦ ᠪᠢᠳᠠ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠳᠦᠪ ᠬᠤᠷᠢᠶᠠᠨ ᠤ ᠳᠤᠭᠤᠷᠢᠨ ᠳᠤ ᠨᠢᠬᠳᠠ ᠪᠦᠯᠬᠦᠮᠳᠡᠵᠤ᠂ ᠤᠬ ᠰᠠᠨᠠᠭ᠎ᠠ ᠪᠠᠨ ᠦᠯᠦ ᠮᠠᠷᠳᠠᠨ᠂ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠵᠦ᠂ ᠮᠤᠩᠭᠤᠯ ᠮᠤᠷᠢᠨ ᠤ ᠵᠤᠷᠢᠬ ᠰᠠᠨᠠᠭ᠎ᠠ ᠶᠢ ᠪᠠᠳᠠᠷᠠᠭᠤᠯᠤᠨ᠂ ᠴᠠᠬ ᠦᠶ᠎ᠠ ᠪᠠ ᠬᠦᠮᠦᠨ ᠤ ᠠᠮᠢᠳᠤᠷᠠᠯ ᠳᠤ ᠤᠰᠤᠯᠳᠠᠬᠤ ᠦᠬᠡᠢ ᠲᠡᠮᠡᠴᠡᠯ ᠤᠨ ᠵᠤᠷᠢᠭ ᠰᠠᠨᠠᠭ᠎ᠠ᠂ ᠤᠯᠤᠰ ᠬᠡᠷ ᠲᠠᠢ ᠴᠤᠭᠭᠠᠷ ᠦᠰᠦᠨ ᠪᠤᠶᠢᠵᠢᠵᠤ᠂ ᠦᠨᠳᠦᠰᠦᠳᠡᠨ ᠲᠠᠢ ᠪᠠᠨ ᠬᠤᠪᠢ ᠵᠠᠶᠠᠭ᠎ᠠ ᠪᠠᠨ ᠬᠠᠮᠳᠤᠳᠬᠠᠬᠤ ᠡᠭᠦᠷᠭᠡᠯᠡᠯ ᠢᠶᠠᠷ᠂ ᠭᠠᠷ ᠢᠶᠠᠨ ᠬᠤᠯᠪᠤᠨ ᠴᠢᠷᠮᠠᠶᠢᠨ ᠲᠡᠮᠡᠴᠡᠵᠤ ᠤᠷᠤᠭᠰᠢᠯᠠᠨ ᠲᠡᠪᠰᠢᠳᠠᠭ ᠯᠡ ᠶᠤᠮ ᠪᠤᠯ ᠮᠠᠨ ᠤ ᠭᠡᠷ ᠤᠷᠤᠨ ᠯᠠᠪᠳᠠᠢ ᠨᠠᠩ ᠰᠠᠶᠢᠨ ᠰᠠᠶᠢᠬᠠᠨ ᠡᠶ᠎ᠡ ᠵᠤᠬᠢᠴᠠᠩᠭᠤᠢ ᠪᠤᠯᠵᠤ᠂ ᠮᠠᠨ ᠤ ᠤᠯᠤᠰ ᠭᠡᠷ ᠯᠠᠪᠳᠠᠢ ᠨᠠᠩ ᠬᠦᠭᠵᠢᠨ ᠴᠡᠴᠡᠭᠯᠡᠵᠤ ᠬᠦᠴᠦᠷᠭᠡᠭᠵᠢᠨ ᠴᠢᠨᠡᠭᠡᠯᠢᠭᠵᠢᠬᠦ ᠪᠤᠯᠤᠨ᠎ᠠ᠃