 

ᠡᠨᠡ ᠵᠤᠨ ᠰᠢᠯᠢ ᠶᠢᠨ ᠭᠤᠤᠯ ᠤᠨ ᠲᠠᠯ᠎ᠠ ᠨᠤᠳᠤᠭ ᠤᠨ ᠡᠪᠡᠰᠦ ᠪᠡᠯᠴᠢᠭᠡᠷ ᠰᠠᠶᠢᠨ ᠪᠠᠶᠢᠨ᠎ᠠ

2019-07-08 21:55
  746
  0
    ᠰᠢᠯᠢ ᠶᠢᠨ ᠭᠤᠤᠯ ᠤᠨ ᠲᠠᠯ᠎ᠠ ᠨᠤᠳᠤᠭ ᠲᠤ ᠠᠮᠢᠳᠤᠷᠠᠵᠥ ᠪᠠᠶᠢᠭ᠎ᠠ ᠬᠦᠮᠥᠰ ᠲᠤ ᠠᠪᠴᠦ ᠬᠡᠯᠡᠪᠡᠯ᠂ ᠦᠨᠦᠳᠦᠷ ᠤᠨ ᠨᠤᠮᠢᠨ ᠨᠤᠭᠤᠭᠠᠨ ᠲᠠᠯ᠎ᠠ ᠨᠤᠳᠤᠭ ᠨᠡᠭᠡᠷᠡᠨ ᠬᠢᠯᠪᠠᠷᠬᠠᠨ ᠢᠷᠡᠭᠰᠡᠡ ᠪᠢᠰᠢ᠃ ᠡᠷᠢᠨ ᠵᠠᠭᠤᠨ ᠤ ᠠᠭᠤᠯᠵᠠᠷ ᠲᠠᠬᠢ ᠬᠡᠳᠤᠨ ᠵᠢᠯ ᠦᠷᠬᠦᠯᠵᠢᠯᠡᠭᠰᠡᠡ ᠪᠠᠶᠢᠭᠠᠯᠢ ᠶᠢᠨ ᠭᠠᠮᠰᠢᠭ ᠤᠨ ᠲᠠᠷᠠᠭᠠᠬᠢ ᠡᠯᠡᠰᠦᠨ ᠰᠢᠭᠤᠷᠭ᠎ᠠ ᠶᠢ ᠲᠡᠳᠡ ᠬᠡᠵᠢᠶᠡᠳᠡ ᠮᠠᠷᠳᠠᠬᠤ ᠦᠬᠡᠢ ᠶᠤᠮ︔ GDP ᠶᠢᠨ ᠨᠡᠮᠡᠭᠳᠡᠯ ᠢ ᠦᠷᠦᠭᠡᠰᠦᠭᠡᠯ ᠢᠶᠠᠷ ᠬᠦᠬᠡᠬᠡᠴᠡᠯᠳᠤᠬᠡᠳ ᠡᠮᠬᠢ ᠵᠢᠷᠤᠮ ‍ᠦᠬᠡᠢ ᠨᠡᠭᠡᠭᠡᠨ ᠬᠦᠭᠵᠢᠬᠦᠯᠥᠭᠰᠡᠡ ᠠᠴᠠ ᠪᠤᠯᠤᠭᠰᠠᠠ ᠰᠢᠷᠬ᠎ᠠ ᠰᠤᠷᠪᠢ ᠶᠢ ᠲᠡᠳᠡ ᠨᠡᠩ ᠴᠤ ᠮᠠᠷᠳᠠᠬᠤ ᠦᠬᠡᠢ ᠶᠤᠮ᠃ ᠲᠡᠭᠦᠨ ᠤ ᠲᠠᠷᠠᠭ᠎ᠠ ᠪᠠᠷ᠂ ᠰᠢᠯᠢ ᠶᠢᠨ ᠭᠤᠤᠯ ᠤᠨ ᠬᠦᠮᠥᠰ ᠡᠪᠡᠳᠬᠦ ᠵᠤᠭᠰᠤᠪᠠᠴᠦ ᠡᠪᠡᠷᠰᠢᠶᠡᠯ ᠢᠶᠠᠨ ᠦᠯᠦ ᠮᠠᠷᠳᠠᠵᠤ᠂ ᠨᠤᠳᠤᠭ ᠪᠡᠯᠴᠢᠬᠡᠷ ᠤᠨ ᠠᠮᠢ ᠠᠬᠤᠢ ᠪᠠᠨ ᠰᠡᠷᠬᠦᠬᠡᠬᠦ ᠲᠡᠮᠡᠴᠡᠯ ᠳᠤ ᠪᠦᠬᠦ ᠬᠦᠴᠦ ᠪᠠᠷ ᠢᠶᠠᠨ ᠤᠷᠤᠯᠴᠠᠪᠠ᠃ ᠤᠳᠤ ᠪᠤᠯᠳᠠᠯ᠎ᠠ᠂ ᠡᠨᠡ ᠬᠦ ᠲᠡᠮᠡᠴᠡᠯ ᠮᠥᠨ ᠦᠷᠬᠦᠯᠵᠢᠯᠡᠭᠰᠡᠭᠡᠷ ᠁
   ︽ᠠᠮᠢ ᠠᠬᠤᠢ ᠶᠢ ᠤᠷᠢᠳ ᠢᠶᠠᠷ ᠪᠤᠳᠤᠯᠬᠢᠯᠠᠵᠤ᠂ ᠪᠤᠬᠢᠷᠳᠤᠯ ᠦᠬᠡᠢ ᠬᠦᠭᠵᠢᠬᠦ ᠶᠢ ᠢᠮᠠᠬᠳᠠ ᠪᠠᠷᠢᠮᠳᠡᠯᠡᠵᠥ᠂ ᠠᠷᠭ᠎ᠠ ᠪᠦᠬᠦᠨ ᠢ ᠰᠦᠪᠡᠭᠴᠢᠯᠡᠵᠥ ᠪᠠᠶᠢᠭᠠᠳ ᠬᠡᠷ ᠤᠷᠤᠨ ᠢᠶᠠᠨ ᠰᠠᠶᠢᠳᠤᠷ ᠬᠠᠮᠠᠭᠠᠯᠠᠵᠥ᠂ ᠡᠬᠡ ᠤᠯᠤᠰ ᠤᠨ ᠤᠮᠠᠷᠠᠳᠤ ᠶᠢᠨ ᠨᠤᠮᠢᠨ ᠨᠤᠭᠤᠭᠠᠨ ᠤᠷᠳᠤ ᠴᠠᠭᠠᠨ ᠬᠡᠷᠡᠮ ᠢ ᠪᠡᠳᠤ ᠴᠤᠭᠴᠠᠯᠠᠬᠤ ᠳᠤ ᠨᠡᠩ ᠶᠡᠭᠡ ᠬᠤᠪᠢ ᠨᠡᠮᠡᠷᠢ ᠦᠵᠡᠬᠦᠯᠥᠨ᠎ᠡ︾᠃ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ ᠶᠢᠨ ᠲᠤᠮᠳᠠ᠂ ᠰᠢᠯᠢ ᠶᠢᠨ ᠭᠤᠤᠯ ᠤᠨ ᠤᠳᠤᠷᠢᠳᠬᠤ ᠺᠠᠳ᠋ᠷ ᠡᠶᠢᠨ ᠬᠦ ᠢᠯᠡᠳᠬᠡᠵᠡᠢ᠃ 
   ᠰᠠᠶᠢᠨ ᠰᠠᠶᠢᠬᠠᠨ ᠠᠮᠢ ᠠᠬᠤᠢ ᠶᠢᠨ ᠬᠤᠷᠢᠭ᠎ᠠ ᠱᠤᠭᠤᠮ ᠢ ᠪᠠᠳᠤ ᠰᠠᠬᠢᠵᠤ᠂ ᠨᠤᠮᠢᠨ ᠨᠤᠭᠤᠭᠠᠨ ᠢ ᠰᠢᠯᠢ ᠶᠢᠨ ᠭᠤᠤᠯ ᠤᠨ ᠲᠠᠯ᠎ᠠ ᠨᠤᠲᠤᠬ ᠤᠨ ᠬᠠᠮᠤᠬ ᠤᠨ ᠨᠢᠳᠦ ᠬᠢᠯᠠᠰᠤᠮ᠎ᠠ ᠳᠡᠪᠢᠰᠬᠡᠷ ᠦᠩᠭᠡ ᠪᠤᠯᠭᠠᠨ᠎ᠠ 
   ︽ᠪᠢᠳᠠ ᠠᠮᠢ ᠠᠬᠤᠢ ᠶᠢᠨ ᠪᠤᠯᠪᠠᠰᠤᠨ ᠤ ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠮᠠᠯ ᠪᠡᠯᠴᠢᠭᠡᠷ ᠤᠨ ᠲᠡᠩᠴᠡᠭᠦᠷᠢ᠂ ᠪᠡᠯᠴᠢᠭᠡᠷᠯᠡᠭᠦᠯᠬᠦ ᠶᠢ ᠵᠤᠭᠰᠤᠭᠠᠬᠤ ᠦᠨᠵᠢᠭᠦᠯᠦᠨ ᠮᠠᠯᠵᠢᠬᠤ ᠵᠡᠷᠭᠡ ᠳᠦᠷᠢᠮ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠢ ᠠᠬᠤᠢ ᠶᠢ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠰᠠᠶᠢᠳᠤᠷ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠠᠮᠢ ᠠᠬᠤᠢ ᠶᠢᠨ ᠪᠦᠲᠦᠭᠡᠭᠳᠡᠭᠦᠨ ᠤ ᠰᠢᠯᠢᠳᠡᠭ ᠨᠡᠷᠡᠳᠦ ᠲᠡᠮᠳᠡᠭ ᠢ ᠴᠤᠬᠴᠠᠯᠠᠵᠤ᠂ ᠲᠩᠷᠢ ᠨᠢ ᠬᠦᠭᠡ᠂ ᠲᠠᠯ᠎ᠠ ᠨᠢ ᠨᠤᠭᠤᠭᠠᠨ᠂ ᠤᠰᠤ ᠨᠢ ᠲᠤᠩᠭᠠᠯᠠᠬ᠂ ᠠᠭᠠᠷ ᠨᠢ ᠴᠡᠩᠬᠡᠭ ᠦᠵᠡᠰᠭᠦᠯᠡᠩᠳᠦ ᠰᠠᠶᠢᠬᠠᠨ ᠭᠡᠷ ᠤᠷᠤᠨ ᠢᠶᠠᠨ ᠦᠨᠡᠨ ᠬᠦ ᠰᠠᠶᠢᠳᠤᠷ ᠬᠠᠮᠠᠭᠠᠯᠠᠬᠤ ᠬᠡᠷᠡᠭᠲᠡᠢ︾ ᠭᠡᠵᠦ ᠰᠢᠯᠢ ᠶᠢᠨ ᠭᠤᠤᠯ ᠠᠶᠢᠮᠠᠬ ᠤᠨ ᠨᠠᠮ ᠤᠨ ᠬᠤᠷᠢᠶᠠᠨ ᠤ ᠱᠦᠵᠢ ᠯᠦᠸᠧ ᠬᠤ᠋ ᠽᠠᠢ ᠬᠡᠯᠡᠪᠡ᠃
   ᠰᠢᠯᠢ ᠶᠢᠨ ᠭᠤᠤᠯ ᠠᠶᠢᠮᠠᠬ ᠤᠨ ᠬᠢᠨ ︽ᠠᠷᠪᠢᠯᠠᠨ ᠭᠠᠮᠨᠠᠬᠤ ᠶᠢ ᠲᠡᠷᠢᠭᠦᠨ ᠳᠤ ᠲᠠᠯᠪᠢᠵᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠵᠤ᠂ ᠪᠠᠶᠢᠭᠠᠯᠢᠯᠢᠬ ᠢᠶᠠᠷ ᠰᠡᠷᠭᠦᠭᠡᠬᠦ ᠪᠠᠷ ᠭᠤᠤᠯ ᠪᠤᠯᠭᠠᠬᠤ︾ ᠱᠠᠭᠠᠷᠳᠠᠯᠭ᠎ᠠ ᠶᠤᠰᠤᠭᠠᠷ᠂ ᠪᠠᠶᠢᠭᠠᠯᠢᠯᠢᠬ ᠢᠶᠠᠷ ᠰᠡᠷᠭᠦᠭᠡᠬᠦ ᠪᠤᠯᠤᠨ ᠢᠨᠵᠧᠨᠧᠷᠢᠩ ᠤᠨ ᠵᠠᠰᠠᠯᠲᠠ ᠶᠢᠨ ᠠᠷᠭ᠎ᠠ ᠬᠡᠮᠵᠢᠶ᠎ᠡ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠨᠤᠲᠤᠬ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠱᠠᠩᠨᠠᠯ᠂ ᠵᠢᠵᠢᠭ ᠰᠠᠪᠠ ᠭᠠᠵᠠᠷ ᠤᠨ ᠵᠠᠰᠠᠯᠲᠠ ᠵᠡᠷᠭᠡ ᠲᠦᠷᠦᠯ ᠵᠦᠢᠯ ᠤᠨ ᠢᠨᠵᠧᠨᠧᠷᠢᠩ ᠳᠤ ᠲᠦᠰᠢᠭᠯᠡᠵᠦ᠂ ᠡᠯᠡᠰᠦᠷᠭᠡᠭ ᠭᠠᠵᠠᠷ ᠤᠨ ᠬᠠᠶᠢᠯᠠᠰᠦ᠂ ᠪᠤᠳᠠᠯᠢᠭ ᠪᠤᠷᠭᠠᠰᠤ᠂ ᠤᠰᠤᠨ ᠤ ᠰᠤᠷᠪᠤᠯᠵᠢ ᠶᠢ ᠬᠠᠳᠠᠭᠠᠯᠠᠬᠤ ᠤᠢ᠂ ᠦᠵᠡᠮᠵᠢ ᠶᠢᠨ ᠠᠵᠤ ᠠᠬᠤᠢ ᠶᠢᠨ ᠤᠷᠤᠨ ᠪᠦᠰᠡ᠂ ᠴᠢᠨᠠᠷ ᠮᠠᠭᠤᠳᠠᠢ ᠦᠷ᠎ᠠ ᠪᠦᠳᠦᠮᠵᠢ ᠠᠨᠠᠢ ᠤᠢ ᠶᠢ ᠦᠭᠡᠷᠡᠴᠢᠯᠡᠨ ᠰᠠᠶᠢᠵᠢᠷᠠᠭᠤᠯᠬᠤ᠂ ᠬᠦᠨᠳᠦ ᠨᠤᠴᠢᠳᠠᠢ ᠡᠯᠡᠰᠦᠷᠭᠡᠭᠵᠢᠭᠰᠡᠨ ᠤᠷᠤᠨ ᠢ ᠵᠠᠰᠠᠬᠤ ᠵᠡᠷᠭᠡ 6 ᠵᠠᠭᠤᠨ ᠲᠦᠮᠡᠨ ᠮᠦ ᠶᠢᠨ ᠢᠨᠵᠧᠨᠧᠷᠢᠩ ᠢᠶᠠᠷ ᠭᠠᠷᠳᠠᠴᠠ ᠪᠤᠯᠭᠠᠵᠦ᠂ ᠬᠤᠯᠠᠨ ᠰᠢᠷᠭ᠎ᠠ ᠳᠠᠭ᠎ᠠ᠂ ᠦᠵᠦᠮᠦᠴᠢᠨ ᠬᠤᠶᠠᠷ ᠶᠡᠭᠡ ᠡᠯᠡᠰᠦᠷᠭᠡᠭ ᠭᠠᠵᠠᠷ ᠤᠨ ᠶᠡᠷᠦᠩᠭᠡᠶᠢᠯᠡᠭᠰᠡᠨ ᠵᠠᠰᠠᠯᠳᠠ ᠪᠠ ᠤᠯᠠᠭᠠᠢ᠂ ᠰᠢᠯᠢ ᠶᠢᠨ ᠭᠤᠤᠯ᠂ ᠴᠠᠭᠠᠨᠨᠠᠭᠤᠷ᠂ ᠯᠤᠸᠠᠨ ᠾᠧ ᠭᠤᠤᠯ 4 ᠤᠰᠤᠨ ᠰᠢᠰᠲ᠋ᠧᠮ ᠢ ᠬᠠᠮᠠᠭᠠᠯᠠᠨ ᠵᠠᠰᠠᠬᠤ ᠵᠢᠴᠢ ᠭᠤᠤᠯᠳᠠᠯᠭ᠎ᠠ ᠲᠠᠢ ᠤᠷᠤᠨ ᠪᠦᠰᠡ ᠶᠢᠨ ᠨᠤᠭᠤᠭᠠᠷᠠᠭᠤᠯᠤᠯᠳᠠ ᠶᠢ ᠨᠢᠭᠡᠳᠦᠯᠳᠠᠢ ᠲᠦᠯᠦᠪᠵᠢᠬᠦᠯᠦᠨ ᠠᠬᠢᠭᠤᠯᠵᠠᠢ᠃ ᠤᠢᠢᠷ᠎ᠠ ᠶᠢᠨ ᠵᠢᠯ ᠠᠴᠠ᠂ ᠰᠢᠯᠢ ᠶᠢᠨ ᠭᠤᠤᠯ ᠠᠶᠢᠮᠠᠬ ᠨᠡᠶᠢᠳᠡ 80.3 ᠳ᠋ᠦᠩᠰᠢᠭᠤᠷ ᠲᠦᠬᠦᠷᠢᠭ ᠤᠨ ᠡᠯ᠎ᠠ ᠲᠦᠷᠦᠯ ᠤᠨ ᠪᠦᠳᠦᠭᠡᠨ ᠪᠠᠶᠢᠭᠤᠯᠤᠯᠳᠠ ᠶᠢᠨ ᠪᠡᠯᠡ ᠮᠦᠩᠬᠦ ᠤᠷᠤᠭᠤᠯᠵᠤ᠂ 484 ᠲᠦᠮᠡᠨ ᠮᠦ ᠶᠢᠨ ᠤᠢ ᠰᠢᠭᠤᠢ ᠶᠢᠨ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠬᠢᠵᠦ᠂ 169 ᠲᠡᠭᠰᠢ ᠲᠦᠷᠪᠡᠯᠵᠢᠨ ᠺᠢᠯᠦᠮᠧᠳ᠋ᠷ ᠤᠨ ᠠᠭᠤᠷᠬᠠᠢ ᠶᠢᠨ ᠤᠷᠤᠨ ᠤ ᠭᠠᠵᠠᠷ ᠰᠢᠷᠤᠢ ᠤᠷᠴᠢᠨ ᠲᠤᠭᠤᠷᠢᠨ ᠢ ᠴᠡᠭᠴᠡᠯᠡᠨ ᠵᠠᠰᠠᠵᠦ᠂ 1250 ᠲᠦᠮᠡᠨ ᠮᠦ ᠶᠢᠨ ᠨᠤᠳᠤᠭ ᠪᠡᠯᠴᠢᠭᠡᠷ ᠲᠤ ᠪᠦᠳᠦᠭᠡᠨ ᠪᠠᠶᠢᠭᠤᠯᠤᠯᠳᠠ ᠬᠢᠭᠰᠡᠨ ᠪᠠᠶᠢᠨ᠎ᠠ᠃
   ᠬᠦᠭᠵᠢᠯᠳᠠ ᠶᠢᠨ ᠠᠷᠭ᠎ᠠ ᠭᠡᠯᠪᠡᠷᠢ ᠪᠠᠨ ᠱᠠᠯᠠᠪᠳᠠᠨ ᠬᠤᠪᠢᠷᠠᠭᠤᠯᠵᠦ᠂ ᠴᠢᠨᠠᠷ ᠰᠠᠶᠢᠳᠠᠢ ᠬᠦᠭᠵᠢᠯᠳᠠ ᠶᠢᠨ ᠵᠠᠮ ᠢᠶᠠᠷ ᠯᠠᠪᠳᠠᠭᠤᠨ ᠢᠶᠠᠷ ᠠᠯᠤᠰ ᠢ ᠵᠤᠷᠢᠨ ᠤᠷᠤᠭᠰᠢᠯᠠᠨ᠎ᠠ
   ︽ᠶᠡᠷᠦᠩᠭᠡᠢ ᠱᠦᠵᠢ ᠰᠢ ᠶᠢᠨ ᠫᠢᠩ ᠮᠠᠨ ᠤ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠴᠢᠭᠯᠡᠯ ᠢ ᠳᠤᠳᠤᠷᠬᠠᠢᠢᠯᠠᠵᠦ ᠦᠭᠴᠠᠢ᠃ ᠪᠢᠳᠠ ᠡᠷᠭᠡᠪᠰᠢ ᠠᠮᠢ ᠠᠬᠤᠢ ᠶᠢ ᠤᠷᠢᠳ ᠢᠶᠠᠷ ᠪᠤᠳᠤᠯᠬᠢᠯᠠᠵᠤ᠂ ᠪᠤᠬᠢᠷᠳᠤᠯ ᠦᠭᠡᠢ ᠬᠦᠭᠵᠢᠬᠦ ᠤᠢᠢᠯᠠᠭᠠᠭᠳᠠᠬᠤᠨ ᠶᠤᠰᠤᠭᠠᠷ᠂ ᠲᠦᠷᠦᠯ ᠵᠦᠢᠯ ᠢ ᠠᠳᠬᠤᠵᠦ ᠪᠡᠯᠡ ᠤᠷᠤᠭᠤᠯᠤᠯᠳᠠ ᠪᠠᠨ ᠦᠷᠭᠡᠳᠭᠡᠬᠦ ᠪᠠᠷ ᠦᠨᠳᠦᠰᠦᠨ ᠬᠦᠳᠡᠯᠭᠡᠬᠦ ᠬᠦᠴᠦᠨ ᠪᠤᠯᠭᠠᠨ᠂ ᠤᠯᠠᠮᠵᠢᠯᠠᠯᠳᠦ ᠲᠠᠪᠠᠭᠤᠯᠢᠭ ᠤᠨᠴᠠᠯᠢᠬᠳᠤ ᠠᠵᠤ ᠦᠢᠯᠡᠰ ᠢᠶᠠᠨ ᠳᠠᠰᠤᠷᠠᠯᠳᠠ ᠦᠭᠡᠢ ᠰᠢᠯᠢᠳᠡᠭᠵᠢᠬᠦᠯᠦᠨ ᠬᠦᠴᠦᠷᠭᠡᠭᠵᠢᠬᠦᠯᠵᠦ᠂ ᠮᠠᠯ ᠤᠨ ᠠᠰᠢᠬ ᠰᠢᠮ᠎ᠠ ᠲᠠᠷᠢᠶᠠᠯᠠᠩ ᠤᠨ ᠪᠦᠳᠦᠭᠡᠭᠳᠡᠬᠦᠨ ᠤ ᠲᠦᠷᠦᠯ ᠵᠦᠢᠯ ᠢ ᠨᠡᠭᠡᠭᠡᠨ ᠬᠦᠭᠵᠢᠬᠦᠯᠬᠦ᠂ ᠶᠠᠰᠤ ᠴᠢᠨᠠᠷ ᠢᠶᠠᠨ ᠳᠡᠭᠡᠭᠰᠢᠯᠡᠬᠦᠯᠬᠦ ᠪᠠ ᠨᠡᠷᠡᠳᠦ ᠳᠡᠮᠳᠡᠭ ᠴᠤᠬᠴᠠᠯᠠᠬᠤ ᠠᠵᠢᠯ ᠢ ᠰᠠᠶᠢᠳᠤᠷ ᠠᠳᠬᠤᠨ᠂ ᠮᠠᠯᠳᠠᠬᠤ ᠰᠢᠯᠢᠬᠦ ᠬᠠᠶᠢᠯᠤᠭᠤᠯᠬᠤ ᠡᠳ᠋ᠰᠢᠭᠦᠯᠦᠨ ᠪᠤᠯᠪᠠᠰᠤᠷᠠᠭᠤᠯᠬᠤ ᠶᠢ ᠨᠢᠭᠡ ᠴᠤᠬᠴᠠᠵᠢᠭᠤᠯᠤᠭᠰᠠᠨ ᠬᠦᠭᠵᠢᠯᠳᠠ ᠶᠢ ᠠᠬᠢᠭᠤᠯᠵᠦ᠂ ᠨᠢᠭᠡ ᠪᠦᠯᠦᠭ ᠰᠢᠨ᠎ᠠ ᠮᠠᠶᠢᠭ ᠤᠨ ᠠᠵᠤ ᠦᠢᠯᠡᠰ ᠤᠨ ᠲᠦᠷᠦᠯ ᠵᠦᠢᠯ ᠢ ᠪᠠᠶᠢᠭᠤᠯᠵᠤ᠂ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠠ ᠶᠢ ᠳᠠᠰᠤᠷᠠᠯᠳᠠ ᠦᠭᠡᠢ ᠠᠬᠢᠭᠤᠯᠬᠤ ᠭᠡᠷᠡᠭᠲᠡᠢ︾ ᠭᠡᠵᠦ ᠰᠢᠯᠢ ᠶᠢᠨ ᠭᠤᠤᠯ ᠠᠶᠢᠮᠠᠬ ᠤᠨ ᠠᠵᠤ ᠦᠢᠯᠡᠳᠪᠤᠷᠢ ᠪᠠ ᠮᠡᠳᠡᠭᠡ ᠵᠠᠩᠬᠢᠵᠢᠯᠳᠠ ᠶᠢᠨ ᠲᠤᠪᠴᠢᠶᠠᠨ ᠤ ᠳᠠᠷᠤᠭ᠎ᠠ ᠸᠠᠩ ᠶᠠᠨ ᠭᠦᠩ ᠭᠡᠯᠡᠨ᠎ᠠ᠃
   ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ ᠦᠷᠨᠢᠭᠦᠯᠦᠭᠰᠡᠨ ᠠᠴᠠ ᠨᠠᠭᠠᠰᠢ᠂ ᠰᠢᠯᠢ ᠶᠢᠨ ᠭᠤᠤᠯ ᠠᠶᠢᠮᠠᠭ ᠤᠨ ᠰᠢᠢᠳᠪᠦᠷᠢᠳᠤ ᠪᠤᠳᠤᠯᠭ᠎ᠠ ᠳᠤᠭᠳᠠᠭᠠᠭᠴᠢᠳ ᠡᠬᠢ ᠪᠠᠶᠠᠯᠢᠭ ᠢᠶᠠᠨ ᠠᠭᠤᠳᠠᠯᠬᠤ᠂ ᠡᠬᠢ ᠪᠠᠶᠠᠯᠢᠭ ᠢᠶᠠᠨ ᠬᠤᠳᠠᠯᠳᠤᠬᠤ ᠬᠠᠭᠤᠴᠢᠨ ᠵᠠᠮ ᠠᠴᠠ ᠮᠤᠯᠳᠤᠷᠠᠵᠤ᠂ ᠤᠯᠤᠰ ᠤᠨ ᠴᠢᠬᠤᠯᠠ ᠨᠡᠭᠦᠷᠡᠰᠦ ᠴᠠᠬᠢᠯᠭᠠᠨ ᠤ ᠰᠠᠭᠤᠷᠢᠨ ᠪᠤᠯᠤᠨ ᠴᠡᠪᠡᠷ ᠡᠨᠧᠷᠭᠢ ᠭᠠᠷᠭᠠᠬᠤ ᠰᠠᠭᠤᠷᠢᠨ ᠢ ᠴᠤᠭᠴᠠᠯᠠᠬᠤ ᠪᠠᠷ ᠭᠤᠤᠯᠳᠠᠭᠤᠯᠵᠤ᠂ ᠨᠡᠭᠦᠷᠡᠰᠦ ᠶᠢ ᠠᠷᠢᠭᠤᠨ ᠴᠡᠪᠡᠷ ᠢᠶᠠᠷ ᠨᠡᠬᠡᠬᠡᠨ ᠠᠰᠢᠡᠡᠯᠠᠬᠤ ᠪᠤᠯᠤᠨ ᠠᠵᠤ ᠦᠢᠯᠡᠰ ᠤᠨ ᠬᠡᠯᠬᠢᠶ᠎ᠠ ᠪᠠᠨ ᠤᠷᠳᠤᠳᠬᠠᠬᠤ ᠬᠤᠶᠠᠷ ᠠᠵᠢᠯ ᠢ ᠨᠡᠩ ᠳᠤᠪᠤᠶᠢᠮ᠎ᠠ ᠰᠠᠶᠢᠳᠤᠷ ᠬᠢᠬᠦ ᠰᠠᠨᠠᠭ᠎ᠠ ᠤᠯᠠᠮ ᠪᠠᠳᠤᠵᠢᠪᠠ᠃
   ᠰᠢᠯᠢ ᠶᠢᠨ ᠭᠤᠤᠯ ᠠᠶᠢᠮᠠᠭ ᠤᠯᠤᠰ ᠤᠨ ᠮᠠᠯ ᠤᠨ ᠠᠰᠢᠭ ᠰᠢᠮ᠎ᠠ ᠦᠢᠯᠡᠳᠪᠦᠷᠢᠯᠡᠨ ᠪᠤᠯᠪᠠᠰᠤᠷᠠᠭᠤᠯᠵᠤ ᠭᠠᠷᠭᠠᠬᠤ ᠰᠠᠭᠤᠷᠢᠨ ᠪᠤᠯᠤᠨ ᠠᠮᠢ ᠠᠬᠤᠢ ᠶᠢᠨ ᠳᠡᠭᠡᠳᠤ ᠳᠡᠰ ᠤᠨ ᠮᠠᠯ ᠤᠨ ᠠᠰᠢᠭ ᠰᠢᠮ᠎ᠠ ᠶᠢᠨ ᠨᠤᠲᠤᠭ ᠢ ᠪᠦᠲᠦᠭᠡᠨ ᠪᠠᠶᠢᠭᠤᠯᠬᠤ ᠪᠠᠷ ᠭᠤᠤᠯᠳᠠᠭᠤᠯᠵᠤ᠂ ︽ᠬᠤᠨᠢ ᠶᠢ ᠴᠦᠭᠡᠳᠭᠡᠨ ᠦᠬᠡᠷ ᠢ ᠨᠡᠮᠡᠭᠳᠡᠭᠦᠯᠬᠦ︾᠂ ︽ᠲᠠᠷᠢᠶᠠᠯᠠᠬᠤ ᠤᠷᠤᠨ ᠳᠤ ᠮᠠᠯᠵᠢᠬᠤ ᠶᠢ ᠵᠤᠭᠰᠤᠭᠠᠬᠤ︾ ᠪᠤᠯᠤᠨ ︽ᠡᠯᠡᠰᠦᠷᠬᠡᠭ ᠤᠷᠤᠨ ᠳᠤ ᠬᠤᠨᠢ ᠬᠠᠷᠢᠭᠤᠯᠬᠤ ᠶᠢ ᠵᠤᠭᠰᠤᠭᠠᠬᠤ︾ ᠵᠡᠷᠭᠡ ᠠᠷᠭ᠎ᠠ ᠬᠡᠮᠵᠢᠶ᠎ᠠ ᠶᠢ ᠬᠡᠷᠡᠭᠵᠢᠭᠦᠯᠵᠤ᠂ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠳᠡ ᠶᠢᠨ ᠬᠡᠯᠪᠡᠷᠢ ᠶᠢ ᠶᠡᠭᠡ ᠪᠠᠷ ᠬᠤᠪᠢᠷᠠᠭᠤᠯᠵᠤ᠂ ᠤᠯᠠᠮᠵᠢᠯᠠᠯᠳᠤ ᠲᠠᠷᠢᠶᠠᠯᠠᠩ ᠮᠠᠯ ᠠᠵᠤ ᠠᠬᠤᠢ ᠶᠢ ᠤᠳᠤ ᠦᠶ᠎ᠠ ᠶᠢᠨ ᠲᠠᠷᠢᠶᠠᠯᠠᠩ ᠮᠠᠯ ᠠᠵᠤ ᠠᠬᠤᠢ ᠲᠡᠶᠢᠰᠢ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠵᠤ ᠪᠠᠶᠢᠨ᠎ᠠ᠃ ᠴᠢᠨᠠᠷ ᠰᠠᠶᠢᠳᠠᠢ ᠬᠦᠭᠵᠢᠯᠳᠡ ᠶᠢᠨ ᠱᠠᠭᠠᠷᠳᠠᠯᠭ᠎ᠠ ᠶᠢ ᠦᠨᠳᠦᠰᠦᠯᠡᠨ᠂ ᠵᠢᠭᠤᠯᠴᠢᠯᠠᠯ ᠤᠨ ᠦᠢᠯᠡᠰ ᠢ ᠬᠡᠯᠪᠡᠷᠢ ᠪᠠᠨ ᠬᠤᠪᠢᠷᠠᠭᠤᠯᠵᠤ᠂ ᠪᠦᠲᠦᠴᠡ ᠶᠢᠨ ᠲᠤᠬᠢᠷᠠᠭᠤᠯᠤᠯᠳᠠ ᠬᠢᠬᠦ ᠴᠢᠬᠤᠯᠠ ᠪᠠᠶᠢᠯᠳᠤᠬᠤ ᠪᠤᠳᠤᠯᠭ᠎ᠠ ᠶᠢᠨ ᠡᠭᠦᠷᠭᠡ ᠪᠤᠯᠭᠠᠵᠤ᠂ ᠤᠯᠤᠰ ᠤᠨ ᠪᠦᠬᠦ᠋ᠢᠯᠡ ᠤᠷᠤᠨ ᠪᠦᠰᠡ ᠶᠢᠨ ᠵᠢᠭᠤᠯᠴᠢᠯᠠᠯ ᠤᠨ ᠵᠢᠱᠢᠶ᠎ᠠ ᠦᠵᠡᠭᠦᠯᠬᠦ ᠤᠷᠤᠨ ᠪᠤᠯᠤᠨ ᠤᠯᠤᠰ ᠤᠨ ᠳᠤᠳᠤᠭᠠᠳᠤ ᠭᠠᠳᠠᠭᠠᠳᠤ ᠶᠢᠨ ᠵᠢᠭᠤᠯᠴᠢᠯᠠᠨ ᠰᠡᠯᠡᠭᠦᠴᠡᠬᠦ ᠬᠠᠷᠠᠯᠳᠠᠳᠤ ᠤᠷᠤᠨ ᠢ ᠪᠦᠬᠦ ᠬᠦᠴᠦ ᠪᠠᠷ ᠢᠶᠠᠨ ᠪᠦᠲᠦᠭᠡᠨ ᠪᠠᠶᠢᠭᠤᠯᠵᠤ ᠪᠠᠶᠢᠨ᠎ᠠ᠃
   ᠰᠢᠯᠢ ᠶᠢᠨ ᠭᠤᠤᠯ ᠠᠶᠢᠮᠠᠭ ᠰᠢᠨ᠎ᠠ ᠪᠠᠷ ᠮᠠᠨᠳᠤᠭᠰᠠᠨ ᠠᠵᠤ ᠦᠢᠯᠡᠰ ᠢ ᠬᠦᠭᠵᠢᠭᠦᠯᠬᠦ ᠲᠠᠯ᠎ᠠ ᠪᠠᠷ ᠨᠢᠭᠡ ᠶᠡᠭᠡ ᠠᠯᠬᠤᠮ ᠠᠯᠬᠤᠵᠤ᠂ ᠰᠢᠨ᠎ᠠ ᠪᠠᠷ ᠮᠠᠨᠳᠤᠭᠰᠠᠨ ᠠᠵᠤ ᠦᠢᠯᠡᠰ ᠤᠨ ᠡᠷᠡᠭᠦᠯ ᠬᠦᠭᠵᠢᠯᠳᠡ ᠨᠢ ᠰᠢᠯᠢ ᠶᠢᠨ ᠭᠤᠤᠯ ᠤᠨ ᠰᠢᠨ᠎ᠠ ᠨᠡᠮᠡᠭᠳᠡᠯ ᠤᠨ ᠲᠦᠢᠯ ᠢ ᠪᠤᠢ ᠪᠤᠯᠭᠠᠭᠰᠠᠨ ᠢᠶᠠᠷ ᠪᠠᠷᠠᠬᠤ ᠦᠭᠡᠢ ᠨᠡᠩ ᠴᠤ ᠠᠵᠤ ᠠᠬᠤᠢ ᠶᠢᠨ ᠬᠦᠭᠵᠢᠯᠳᠡ ᠶᠢᠨ ︽ᠪᠤᠬᠢᠷᠳᠤᠯ ᠦᠭᠡᠢ︾ ᠶᠢᠨ ᠬᠡᠮᠵᠢᠶ᠎ᠠ ᠶᠢ ᠳᠡᠭᠡᠭᠰᠢᠯᠡᠭᠦᠯᠪᠡ᠃
 ᠪᠤᠬᠢᠷᠳᠤᠯ ᠢ ᠰᠠᠷᠬᠡᠶᠢᠯᠠᠨ ᠵᠠᠰᠠᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠰᠠᠶᠢᠳᠤᠷ ᠬᠢᠵᠦ᠂ ᠠᠵᠦ ᠠᠬᠤᠢ ᠶᠢᠨ ᠴᠢᠨᠠᠷ ᠰᠠᠶᠢᠳᠠᠢ ᠬᠦᠭᠵᠢᠯᠳᠡ ᠳᠤ ᠪᠠᠳᠤᠯᠠᠭ᠎ᠠ ᠬᠠᠩᠭᠠᠨ᠎ᠠ
  ᠰᠢᠯᠢ ᠶᠢᠨ ᠭᠤᠤᠯ ᠠᠶᠢᠮᠠᠬ ᠤᠨ ᠠᠵᠦ ᠦᠢᠯᠡᠳᠪᠤᠷᠢ ᠬᠢᠬᠡᠳ ᠮᠡᠳᠡᠭᠡ ᠵᠠᠩᠬᠢᠵᠢᠯᠳᠠ ᠶᠢᠨ ᠳᠤᠪᠴᠢᠶᠠᠨ ᠤ ᠳᠠᠷᠤᠭ᠎ᠠ ᠸᠠᠩ ᠶᠠᠨ ᠬᠦᠩ᠂ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ ᠪᠠᠷ ᠳᠠᠮᠵᠢᠨ᠂ ᠬᠦᠬᠡᠮᠳᠦᠭ ᠨᠤᠭᠤᠭᠠᠨ ᠠᠭᠤᠯᠠ ᠤᠰᠤ ᠪᠤᠯ ᠠᠯᠳᠠ ᠮᠦᠩᠬᠦᠨ ᠠᠭᠤᠯᠠ ᠮᠦᠨ ᠬᠡᠬᠦ ᠬᠦᠭᠵᠢᠯᠳᠡ ᠶᠢᠨ ᠤᠢᠢᠯᠠᠭᠠᠬᠳᠠᠬᠤᠨ ᠤ ᠲᠤᠬᠠᠢ ᠨᠡᠩ ᠬᠦᠨᠵᠡᠬᠡᠢ ᠤᠢᠢᠯᠠᠭᠠᠯᠳᠠ ᠲᠠᠢ ᠪᠤᠯᠵᠠᠢ᠃ ᠪᠢᠳᠡ ᠬᠦᠬᠡᠮᠳᠦᠭ ᠨᠤᠭᠤᠭᠠᠨ ᠠᠭᠤᠯᠠ ᠤᠰᠤ ᠪᠠᠨ ᠰᠠᠶᠢᠳᠤᠷ ᠬᠠᠮᠠᠭᠠᠯᠠᠵᠦ᠂ ᠬᠦᠬᠡᠮᠳᠦᠭ ᠨᠤᠭᠤᠭᠠᠨ ᠠᠭᠤᠯᠠ ᠤᠰᠤ ᠪᠠᠨ ᠰᠠᠶᠢᠳᠤᠷ ᠰᠡᠷᠭᠦᠭᠡᠮᠡᠨᠵᠢᠨ ᠰᠠᠶ᠋ᠢ ᠬᠦᠬᠡᠮᠳᠦᠭ ᠨᠤᠭᠤᠭᠠᠨ ᠠᠭᠤᠯᠠ ᠤᠰᠤ ᠪᠠᠨ ᠠᠯᠳᠠ ᠮᠦᠩᠬᠦᠨ ᠠᠭᠤᠯᠠ ᠪᠤᠯᠭᠠᠨ ᠬᠤᠪᠢᠷᠠᠭᠤᠯᠵᠦ᠂ ᠡᠬᠦᠨ ᠤ ᠤᠯᠠᠮ ᠠᠴᠠ ᠴᠢᠨᠠᠷ ᠰᠠᠶᠢᠳᠠᠢ ᠬᠦᠭᠵᠢᠯᠳᠡ ᠶᠢᠨ ᠵᠠᠮ ᠢᠶᠠᠷ ᠯᠠᠪᠳᠠᠭᠤᠨ ᠢᠶᠠᠷ ᠠᠯᠤᠰ ᠢ ᠵᠤᠷᠢᠨ ᠤᠷᠤᠭᠰᠢᠯᠠᠵᠤ ᠴᠢᠳᠠᠬᠤ ᠶᠤᠮ ᠬᠡᠵᠦ ᠬᠡᠯᠡᠪᠡ᠃
 ᠰᠢᠯᠢ ᠶᠢᠨ ᠭᠤᠤᠯ ᠠᠶᠢᠮᠠᠬ ᠤᠨ 124 ᠭᠤᠤᠯ ᠮᠦᠷᠡᠨ 129 ᠨᠠᠭᠤᠷ ᠴᠦᠬᠦᠷᠦᠮ ᠳᠤ ᠭᠤᠤᠯ ᠮᠦᠷᠡᠨ ᠤ ᠳᠠᠷᠤᠭ᠎ᠠ᠂ ᠠᠭᠤᠷ ᠴᠦᠬᠦᠷᠦᠮ ᠤᠨ ᠳᠠᠷᠤᠭ᠎ᠠ ᠶᠢᠨ ᠳᠦᠷᠢᠮ ᠢ ᠬᠡᠷᠡᠭᠵᠢᠬᠦᠯᠵᠦ᠂ ᠠᠶᠢᠮᠠᠬ᠂ ᠬᠤᠰᠢᠭᠤ᠂ ᠰᠤᠮᠤ ᠰᠢᠶᠠᠩ ᠪᠠᠯᠭᠠᠰᠤ᠂ ᠭᠠᠴᠠᠭ᠎ᠠ ᠳᠤᠰᠬᠤᠨ ᠳᠦᠷᠪᠡᠨ ᠱᠠᠳᠤᠨ ᠤ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠪᠠ︔ ᠤᠰᠤᠨ ᠤ ᠪᠤᠬᠢᠷᠳᠤᠯ ᠢ ᠰᠠᠷᠬᠡᠶᠢᠯᠡᠨ ᠵᠠᠰᠠᠬᠤ ᠠᠵᠢᠯᠯᠠᠭᠠᠨ ᠤ ᠳᠦᠯᠦᠪᠯᠡᠭᠡ ᠶᠢ ᠬᠦᠨᠵᠡᠬᠡᠢ ᠬᠡᠷᠡᠭᠵᠢᠬᠦᠯᠵᠦ᠂ ᠤᠰᠤᠨ ᠤ ᠡᠬᠢ ᠰᠤᠷᠪᠤᠯᠵᠢ ᠶᠢᠨ ᠤᠷᠤᠨ ᠢ ᠬᠠᠮᠠᠭᠠᠯᠠᠬᠤ ᠠᠵᠢᠯ ᠢ ᠰᠠᠶᠢᠳᠤᠷ ᠠᠳᠬᠤᠵᠦ᠂ ᠭᠠᠵᠠᠷ ᠳᠤᠤᠷᠠᠬᠢ ᠤᠰᠤᠨ ᠤ ᠪᠤᠬᠢᠷᠳᠤᠯ ᠢ ᠰᠡᠷᠬᠡᠶᠢᠯᠡᠨ ᠵᠠᠰᠠᠬᠤ ᠠᠵᠢᠯ ᠢ ᠴᠢᠩᠭᠠᠳᠬᠠᠵᠦ᠂ ᠳᠤᠰᠤ ᠨᠡᠮᠡᠬᠦ ᠦᠷᠳᠡᠬᠡᠨ ᠤ ᠭᠠᠵᠠᠷ ᠳᠤᠤᠷᠠᠬᠢ ᠳᠤᠰᠤᠨ ᠰᠠᠪᠠ ᠠᠴᠠ ᠳᠤᠰᠤ ᠨᠡᠪᠴᠢᠵᠦ ᠭᠠᠷᠬᠤ ᠶᠢ ᠰᠡᠷᠬᠡᠶᠢᠯᠡᠨ ᠵᠠᠰᠠᠬᠤ ᠠᠵᠢᠯ ᠢ ᠠᠬᠢᠭᠤᠯᠵᠦ ᠪᠠᠶᠢᠨ᠎ᠠ᠃ ᠡᠭᠦᠨ ᠤ ᠵᠡᠷᠭᠡᠪᠡᠷ᠂ ᠭᠠᠵᠠᠷ ᠳᠤᠤᠷᠠᠬᠢ ᠤᠰᠤᠨ ᠤ ᠬᠠᠮᠢᠶᠠᠷᠤᠯᠲᠠ ᠪᠤᠯᠤᠨ ᠬᠠᠮᠠᠭᠠᠯᠠᠯᠲᠠ ᠶᠢ ᠴᠢᠩᠭᠠᠳᠬᠠᠵᠤ᠂ ᠪᠦᠬᠦ ᠠᠶᠢᠮᠠᠭ ᠤᠨ 20 ᠲᠦᠮᠡᠨ ᠪᠤᠰᠤᠭ᠎ᠠ ᠳᠦᠷᠪᠡᠯᠵᠢᠨ ᠮᠧᠳ᠋ᠷ ᠠᠴᠠ ᠳᠡᠭᠡᠭᠰᠢᠬᠢ ᠤᠰᠤ ᠬᠡᠷᠡᠭᠯᠡᠬᠦ ᠡᠷᠦᠬᠡ ᠶᠢ ᠪᠦᠭᠦᠨ ᠢ ᠠᠯᠤᠰ ᠠᠴᠠ ᠬᠢᠨᠠᠨ ᠬᠡᠮᠵᠢᠬᠦ ᠶᠢ ᠬᠡᠷᠡᠭᠵᠢᠬᠦᠯᠵᠦ᠂ ᠲᠤᠰᠤᠯᠭᠠᠨ ᠤᠰᠤᠯᠠᠬᠤ ᠪᠠᠷ ᠭᠤᠤᠯ ᠪᠤᠯᠭᠠᠬᠰᠠᠨ ᠤᠰᠤ ᠠᠷᠪᠢᠯᠠᠬᠤ ᠤᠰᠤᠯᠠᠯᠳᠠ ᠶᠢᠨ ᠦᠭᠡᠷᠡᠴᠢᠯᠡᠯᠲᠠ ᠶᠢ ᠢᠳᠡᠪᠬᠢᠲᠡᠢ ᠦᠷᠨᠢᠭᠦᠯᠵᠦ᠂ ᠲᠠᠷᠢᠶᠠᠯᠠᠩ ᠤᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠠ ᠪᠤᠯᠤᠨ ᠤᠰᠤ ᠬᠡᠷᠡᠭᠯᠡᠬᠦ ᠡᠷᠴᠢᠮ ᠢ ᠴᠦᠮ ᠡᠵᠡᠮᠰᠢᠯ ᠳᠡᠭᠡᠨ ᠤᠷᠤᠭᠤᠯᠪᠠ᠃ ᠤᠷᠴᠢᠨ ᠲᠤᠭᠤᠷᠢᠨ ᠤ ᠬᠠᠮᠠᠭᠠᠯᠠᠯᠲᠠ ᠶᠢᠨ ᠭᠠᠶᠢᠯᠢ ᠪᠤᠯᠤᠨ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠵᠤ᠂ 2018 ᠤᠨ ᠳᠤ ᠪᠦᠬᠦ ᠠᠶᠢᠮᠠᠭ ᠠᠴᠠ ᠨᠡᠶᠢᠲᠡ 2 ᠳ᠋ᠦᠡᠭᠰᠢᠭᠤᠷ ᠲᠦᠭᠦᠷᠢᠭ ᠤᠨ ᠭᠠᠶᠢᠯᠢ ᠬᠤᠷᠢᠶᠠᠪᠠ᠃
  ᠰᠤᠷᠪᠤᠯᠵᠢᠯᠠᠬᠴᠢ ᠶᠢᠨ ᠡᠪᠤᠷ ᠲᠡᠮᠳᠡᠭᠯᠡᠯ
   2001 ᠤᠨ ᠪᠤᠯ ᠰᠢᠯᠢ ᠶᠢᠨ ᠭᠤᠤᠯ ᠤᠨ ᠲᠠᠯ᠎ᠠ ᠨᠤᠲᠤᠭ ᠤᠨ ᠠᠮᠢ ᠠᠬᠤᠢ ᠬᠠᠮᠤᠭ ᠤᠨ ᠬᠦᠨᠳᠦ ᠨᠤᠴᠢᠲᠠᠢ ᠮᠠᠭᠤᠲᠠᠬᠰᠠᠨ ᠨᠢᠭᠡ ᠵᠢᠯ ᠪᠤᠯᠤᠨ᠎ᠠ᠃ ᠡᠭᠦᠨ ᠠᠴᠠ ᠳᠠᠷᠠᠭᠠᠬᠢ 18 ᠵᠢᠯ ᠳᠤ᠂ ᠰᠢᠯᠢ ᠶᠢᠨ ᠭᠤᠤᠯ ᠤᠨ ᠬᠦᠮᠦᠰ ᠤᠨ ᠲᠠᠯ᠎ᠠ ᠨᠤᠲᠤᠭ ᠤᠨ ᠠᠮᠢ ᠠᠬᠤᠢ ᠪᠠᠨ ᠰᠡᠷᠭᠦᠭᠡᠬᠦ ᠶᠢᠨ ᠲᠦᠯᠦᠭᠡ ᠭᠠᠷᠭᠠᠬᠰᠠᠨ ᠳᠡᠰᠪᠤᠷᠢ ᠬᠠᠳᠠᠭᠤᠵᠢᠯᠳᠠᠢ ᠪᠦᠭᠡᠳ ᠭᠠᠷᠮᠠᠭᠠᠢ ᠴᠢᠷᠮᠠᠶᠢᠯᠭ᠎ᠠ ᠶᠢ ᠰᠤᠷᠪᠤᠯᠵᠢᠯᠠᠬᠴᠢ ᠪᠡᠶ᠎ᠠ ᠪᠠᠷ ᠢᠶᠠᠨ ᠬᠠᠷᠠᠪᠠ᠃ ᠦᠨᠦᠳᠦᠷ ᠪᠤᠯᠬᠤ ᠳᠤ᠂ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ ᠪᠠᠷ ᠳᠠᠮᠵᠢᠨ᠂ ᠪᠤᠬᠢᠷᠲᠤᠯ ᠦᠭᠡᠢ ᠬᠦᠭᠵᠢᠯᠲᠡ ᠨᠢᠭᠡᠨᠲᠡ ᠰᠢᠯᠢ ᠶᠢᠨ ᠭᠤᠤᠯ ᠤᠨ ᠤᠯᠠᠨ ᠲᠦᠮᠡᠨ ᠤ ᠬᠠᠮᠲᠤ ᠶᠢᠨ ᠲᠠᠨᠢᠯᠲᠠ ᠪᠤᠯᠵᠠᠢ᠃
   ᠦᠵᠡᠯ ᠰᠠᠨᠠᠭᠠᠨ ᠤ ᠶᠡᠭᠡ ᠴᠢᠯᠦᠭᠡᠯᠡᠯᠲᠡ ᠨᠢ ᠯᠠᠪᠳᠠᠢ ᠠᠵᠢᠯ ᠦᠢᠯᠡᠰ ᠤᠨ ᠶᠡᠭᠡ ᠬᠦᠭᠵᠢᠯᠲᠡ ᠶᠢ ᠠᠬᠢᠭᠤᠯᠬᠤ ᠶᠤᠮ᠃ ᠶᠡᠭᠡ ᠰᠤᠷᠤᠯᠴᠠᠭ᠎ᠠ ᠶᠡᠭᠡ ᠶᠠᠷᠢᠯᠴᠠᠭ᠎ᠠ ᠪᠠᠷ ᠳᠤᠮᠲᠠ᠂ ᠰᠢᠯᠢ ᠶᠢᠨ ᠭᠤᠤᠯ ᠤᠨ ᠺᠠᠳ᠋ᠷ ᠤᠯᠠᠨ ᠲᠦᠮᠡᠨ ᠦᠵᠡᠯ ᠰᠠᠨᠠᠭ᠎ᠠ ᠤᠢᠢᠯᠠᠭᠠᠬᠳᠠᠬᠤᠨ ᠢᠶᠠᠨ ︽ᠬᠦᠯᠢᠶᠡᠬᠦ᠂ ᠳᠤᠭᠳᠠᠭᠤᠨ ᠪᠠᠶᠢᠬᠤ᠂ ᠲᠦᠰᠢᠬᠦ᠂ ᠠᠶᠤᠬᠤ︾ ᠪᠤᠭᠤᠮᠢ ᠠᠴᠠ ᠦᠨᠡᠨ ᠬᠦ ᠮᠤᠯᠳᠤᠷᠠᠵᠤ᠂ ᠰᠡᠳᠭᠢᠯ ᠲᠠᠯᠪᠢᠨ ᠠᠵᠢᠯ ᠦᠢᠯᠡᠰ ᠪᠦᠲᠦᠭᠡᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠡᠷᠴᠢᠮ ᠪᠤᠯᠤᠨ ᠴᠤᠴᠠᠯᠲᠠ ᠦᠭᠡᠢ ᠴᠢᠷᠮᠠᠶᠢᠬᠤ ᠤᠳᠠᠭᠠᠨ ᠳᠠᠭᠠᠭᠠᠮᠠᠭᠠᠢ ᠵᠤᠷᠢᠭ ᠢᠶᠠᠷ᠂ ᠰᠢᠨ᠎ᠠ ᠴᠠᠭ ᠦᠶ᠎ᠠ ᠳᠤ ᠠᠷᠠᠳ ᠲᠦᠮᠡᠨ ᠤ ᠰᠢᠯᠭᠠᠯᠲᠠ ᠶᠢ ᠳᠠᠭᠠᠭᠠᠵᠤ ᠳᠡᠶᠢᠯᠬᠦ ︽ᠪᠤᠬᠢᠷᠲᠤᠯ ᠦᠭᠡᠢ︾ ᠬᠠᠷᠢᠭᠤᠯᠲᠠ ᠶᠢᠨ ᠬᠠᠭᠤᠳᠠᠰᠤ ᠪᠠᠨ ᠲᠤᠰᠢᠶᠠᠬᠤ ᠪᠠᠷ ᠵᠤᠷᠢᠭ ᠰᠢᠭᠤᠳᠪᠠ᠃ ᠵᠣᠬᠢᠶᠠᠭᠴᠢ᠄ ᠪᠠᠶᠠᠰᠬᠤᠯᠠᠩ 



  
     
     