

ᠲᠡᠳᠭᠦᠮᠵᠢ ᠬᠦᠰᠡᠭᠦ ᠠᠴᠠ ᠲᠡᠩᠭᠡᠷᠡᠭᠦ ᠤᠬᠠᠭᠠᠨ ᠰᠣᠪᠢᠬᠤ ᠨᠢ ᠴᠢᠬᠤᠯᠠ

2019-11-20 11:32
  52
  0
ᠲᠡᠳᠭᠦᠮᠵᠢ ᠬᠦᠰᠡᠭᠦ ᠠᠴᠠ ᠲᠡᠩᠭᠡᠷᠡᠭᠦ ᠤᠬᠠᠭᠠᠨ ᠰᠣᠪᠢᠬᠤ ᠨᠢ ᠴᠢᠬᠤᠯᠠ

  ᠡᠨᠡ ᠵᠢᠯ ᠤᠨ ︽ᠬᠤᠤᠰ ᠠᠷᠪᠠᠨ ᠨᠢᠭᠡ︾ ᠶᠢᠨ ᠦᠶ᠎ᠠ ᠳᠤ᠂ ᠪᠦᠭᠦ ᠤᠯᠤᠰ ᠤᠨ ᠠᠷᠠᠳ ᠤᠨ ᠲᠦᠯᠦᠭᠡᠯᠡᠭᠴᠢ ᠡᠤ ᠶᠦᠨ ᠪᠦᠸᠧ ᠶᠢᠨ ᠮᠠᠯᠴᠢᠨ ᠠᠶᠢᠯ ᠬᠤᠷᠰᠢᠶ᠎ᠠ ᠨᠢ ᠲᠤᠮᠳᠠᠳᠤ ᠤᠯᠤᠰ ᠤᠨ ᠠᠵᠦ ᠠᠬᠤᠢ ᠶᠢᠨ ᠰᠦᠯᠵᠢᠶ᠎ᠠ ᠪᠠ ᠵᠢᠩ ᠳ᠋ᠦᠡᠭ ᠡᠯᠧᠺᠲᠷᠣᠨ ᠬᠤᠳᠠᠯᠳᠤᠭᠠᠨ ᠤ ᠲᠠᠪᠴᠠᠩ ᠤᠨ ᠠᠮᠢ ᠠᠬᠤᠢ ᠶᠢᠨ ᠬᠡᠯᠳᠡᠰ ᠲᠠᠢ ᠬᠠᠮᠳᠤᠷᠠᠨ ︽ᠪᠦᠭᠦ ᠦᠵᠡᠮᠵᠢ + ᠬᠤᠳᠠᠯᠳᠤᠭ᠎ᠠ︾ ᠶᠢᠨ ᠡᠵᠡᠩᠨᠡᠯᠳᠡ ᠶᠢᠨ ᠬᠡᠯᠪᠡᠷᠢ ᠪᠠᠷ᠂ ᠮᠠᠯᠴᠢᠨ ᠠᠶᠢᠯ ᠬᠤᠷᠰᠢᠶ᠎ᠠ ᠶᠢᠨ ᠦᠭᠡᠷ ᠤᠨ ᠮᠢᠬ᠎ᠠ ᠪᠠᠨ ᠵᠢᠩ ᠳ᠋ᠦᠡᠭ ᠡᠯᠧᠺᠲᠷᠣᠨ ᠬᠤᠳᠠᠯᠳᠤᠭᠠᠨ ᠤ ᠲᠠᠪᠴᠠᠩ ᠳᠤ ᠭᠠᠷᠭᠠᠵᠦ᠂ ᠮᠠᠯᠴᠢᠨ ᠠᠶᠢᠯ ᠤᠨ ᠦᠭᠡᠷ ᠤᠨ ᠮᠢᠬ᠎ᠠ ᠶᠢ ᠤᠯᠤᠰ ᠲᠠᠶᠠᠭᠠᠷ ᠲᠤ ᠪᠤᠷᠤᠯᠠᠭᠤᠯᠪᠠ᠃
  ᠬᠦᠳᠡᠭᠡ ᠲᠤᠰᠬᠤᠨ ᠢ ᠬᠦᠭᠵᠢᠭᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠬᠢᠭᠡᠳ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠡᠷᠴᠢᠨ ᠳᠤ᠂ ᠦᠷᠭᠡᠨ ᠠᠭᠤᠳᠠᠮ ᠬᠦᠳᠡᠭᠡ ᠨᠣᠳᠤᠭ ᠡᠳᠦᠷ ᠠᠴᠠ ᠡᠳᠦᠷ ᠦᠭᠡᠳᠡᠯᠡᠨ ᠲᠠᠪᠰᠢᠵᠦ᠂ ᠵᠢᠯ ᠠᠴᠠ ᠵᠢᠯ ᠰᠢᠨᠡᠳᠤᠨ ᠬᠤᠪᠢᠷᠠᠵᠦ ᠪᠤᠢ᠃ ᠤᠯᠠᠨ ᠲᠦᠮᠡᠨ ᠤ ᠠᠮᠢᠳᠤᠷᠠᠯ ᠤᠨ ᠲᠦᠪᠰᠢᠨ ᠨᠡᠶᠢᠳᠡᠮ ᠳᠡᠭᠡᠨ ᠲᠡᠭᠡᠭᠰᠢᠯᠡᠵᠦ᠂ ᠢᠳᠡᠵᠦ ᠡᠮᠦᠰᠭᠦ ᠶᠢᠨ ᠢᠶᠠᠨ ᠲᠦᠯᠦᠭᠡ ᠰᠠᠨᠠᠭᠠᠰᠢᠷᠠᠬᠤ ᠨᠢ ᠴᠦᠭᠡᠨ ᠪᠤᠯᠵᠠᠢ᠃ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠦᠷ᠎ᠠ ᠪᠦᠲᠦᠮᠵᠢ ᠶᠢ ᠪᠠᠬᠢᠵᠢᠭᠦᠯᠵᠦ ᠦᠷᠭᠦᠯᠵᠢᠳᠠ ᠶᠢᠨ ᠬᠦᠭᠵᠢᠯᠳᠠ ᠶᠢ ᠤᠯᠬᠤ ᠳᠤ᠂ ᠦᠨᠳᠦᠰᠦᠨ ᠱᠠᠳᠤᠨ ᠳᠤ ᠡᠤ ᠶᠦᠨ ᠪᠦᠸᠧ ᠰᠢᠭ ᠠᠵᠦ ᠦᠢᠯᠡᠰ ᠡᠷᠬᠢᠯᠡᠭᠦ ᠵᠠᠮ ᠢ ᠵᠤᠷᠢᠬᠳᠠᠢ ᠰᠦᠪᠡᠭᠴᠢᠯᠡᠵᠦ᠂ ᠵᠠᠬ᠎ᠠ ᠲᠡᠯᠭᠡᠭᠦᠷ ᠤᠨ ᠠᠵᠠ ᠲᠤᠬᠢᠶᠠᠯ ᠢ ᠰᠡᠷᠭᠡᠭ ᠢᠶᠠᠷ ᠲᠠᠨᠢᠵᠦ᠂ ᠮᠠᠯᠴᠢᠨ ᠲᠦᠮᠡᠨ ᠲᠠᠢ ᠪᠠᠨ ᠬᠠᠮᠳᠤ ᠪᠠᠷ ᠢᠶᠠᠨ ᠲᠠᠪᠰᠢᠬᠤ ᠬᠠᠯᠠᠭᠤᠨ ᠰᠡᠳᠭᠢᠯ ᠲᠠᠢ ᠲᠠᠭᠠᠭᠤᠯᠤᠬᠴᠢ ᠢᠯᠡᠭᠦᠭᠡᠨ ᠴᠤᠯᠭᠤᠷᠠᠬᠤ ᠶᠢ ᠱᠠᠭᠠᠷᠳᠠᠨ᠎ᠠ᠃ ᠭᠠᠴᠠᠭ᠎ᠠ ᠲᠤᠰᠬᠤᠨ ᠠᠵᠦ ᠦᠢᠯᠡᠰ ᠲᠠᠢ ᠪᠤᠯᠵᠦ᠂ ᠮᠠᠯᠴᠢᠨ ᠲᠠᠷᠢᠶᠠᠴᠢᠨ ᠬᠢᠳᠠᠯ ᠲᠠᠢ ᠪᠠᠶᠢᠪᠠᠯ ᠬᠦᠳᠡᠭᠡ ᠨᠣᠳᠤᠭ ᠤᠨ ᠤᠯᠠᠨ ᠲᠦᠮᠡᠨ ᠤ ᠦᠪᠡᠷ ᠤᠨ ᠬᠦᠴᠦ ᠪᠠᠷ ᠢᠶᠠᠨ ᠲᠡᠭᠵᠢᠷᠡᠭᠦ ᠢᠳᠡᠪᠬᠢᠵᠢᠯ ᠪᠠ ᠡᠷᠴᠢ ᠬᠦᠴᠦᠨ ᠰᠠᠶ᠋ᠢ ᠲᠠᠰᠤᠷᠠᠰᠢ ᠦᠭᠡᠢ ᠤᠨᠳᠤᠷᠴᠦ ᠴᠢᠳᠠᠨ᠎ᠠ᠃
  ᠡᠤ ᠶᠦᠨ ᠪᠦᠸᠧ ᠶᠢᠨ ᠬᠤᠷᠰᠢᠶ᠎ᠠ ᠡᠷᠬᠢᠯᠡᠭᠰᠡᠨ ᠴᠠᠬ ᠨᠢ ᠤᠷᠳᠤ ᠪᠢᠰᠢ᠂ ᠵᠦᠪᠭᠡᠨ 6 ᠵᠢᠯ ᠭᠠᠷᠤᠢ ᠶᠢᠨ ᠨᠢᠭᠤᠷ ᠢ ᠦᠵᠡᠵᠦ ᠪᠠᠶᠢᠨ᠎ᠠ᠃ ᠬᠡᠲᠦᠨ ᠵᠢᠯ ᠤᠨ ᠬᠤᠭᠤᠷᠤᠨᠳᠤ᠂ ᠬᠤᠪᠢ ᠬᠤᠪᠢ ᠪᠠᠨ ᠬᠦᠭᠡᠭᠡᠵᠦ ᠪᠠᠶᠢᠬᠰᠠᠨ ᠮᠠᠯᠴᠢᠨ ᠠᠶᠢᠯ ᠤᠳ ᠲᠡᠭᠦᠨ ᠤ ᠲᠠᠭᠠᠭᠤᠯᠭ᠎ᠠ ᠪᠠᠷ ᠲᠦᠷᠦᠯ ᠲᠡᠮᠳᠡᠭ ᠲᠡᠩᠰᠠᠯᠠᠵᠦ᠂ ᠵᠠᠬ᠎ᠠ ᠲᠡᠯᠭᠡᠭᠦᠷ ᠲᠤ ᠬᠦᠯ ᠲᠦᠷᠦᠵᠦ᠂ ᠦᠭᠡᠷ ᠤᠨ ᠮᠢᠬ᠎ᠠ ᠪᠠᠨ ᠭᠠᠴᠠᠭ᠎ᠠ ᠠᠴᠠ ᠪᠠᠨ ᠬᠤᠳᠠ ᠳᠤ᠂ ᠲᠡᠯᠭᠡᠭᠦᠷ ᠠᠴᠠ ᠡᠯᠧᠺᠲᠷᠣᠨ ᠲᠠᠪᠴᠠᠩ ᠳᠤ ᠭᠠᠷᠭᠠᠵᠦ᠂ ᠲᠤᠭ᠎ᠠ ᠬᠢᠭᠡᠳ ᠴᠢᠨᠠᠷ ᠤᠨ ᠦᠰᠦᠷᠦᠯᠳᠡ ᠶᠢ ᠪᠡᠶᠡᠯᠡᠭᠦᠯᠵᠦ ᠴᠢᠳᠠᠯ᠎ᠠ᠃ ᠡᠭᠦᠨ ᠳᠤ ᠬᠠᠮᠤᠭ ᠤᠨ ᠶᠡᠭᠡ ᠠᠰᠢᠭ ᠬᠦᠷᠳᠡᠭᠴᠢ ᠪᠤᠯ ᠡᠤ ᠶᠦᠨ ᠪᠦᠸᠧ ᠶᠢᠨ ᠲᠤᠭᠤᠷᠢᠨ ᠳᠠᠬᠢ ᠤᠯᠠᠨ ᠲᠦᠮᠡᠨ ᠪᠣᠯᠣᠨ᠎ᠠ᠃ ᠵᠡᠭᠦᠨ ᠰᠠᠯᠠᠭ᠎ᠠ ᠭᠠᠴᠠᠭ᠎ᠠ ᠶᠢᠨ ᠤᠯᠠᠨ ᠲᠦᠮᠡᠨ ᠨᠢᠭᠡᠨᠳᠡ ᠤᠯᠤᠰ ᠤᠨ ᠲᠡᠳᠭᠦᠮᠵᠢ ᠶᠢ ᠬᠠᠷᠠᠬᠤ ᠪᠠᠨ ᠪᠠᠶᠢᠵᠦ᠂ ᠦᠪᠡᠷ ᠤᠨ ᠢᠶᠠᠨ ᠬᠦᠭᠵᠢᠯᠳᠡ ᠶᠢᠨ ᠵᠠᠮ ᠢᠶᠠᠨ ᠤᠯᠵᠦ᠂ ᠬᠤᠯᠠ ᠤᠢᠢᠷ᠎ᠠ ᠶᠢᠨ ᠠᠩᠬᠠᠷᠤᠯ ᠵᠤᠭᠤᠭ ᠤᠨ ᠬᠠᠯᠠᠮᠰᠢᠯ ᠲᠦᠪᠯᠡᠷᠡᠯ ᠪᠤᠯᠤᠬᠰᠠᠨ ᠠᠵᠢ᠃
  ᠤᠳᠤᠬᠠᠨ ᠳᠤ᠂ ᠭᠠᠴᠠᠭ᠎ᠠ ᠲᠤᠰᠬᠤᠨ ᠢᠶᠠᠷ ᠨᠢᠭᠡᠴᠢ ᠪᠤᠯᠭᠠᠬᠰᠠᠨ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠠ ᠳᠤ᠂ ᠡᠤ ᠶᠦᠨ ᠪᠦᠸᠧ ᠰᠢᠭ ᠠᠵᠦ ᠦᠢᠯᠡᠰ ᠡᠷᠬᠢᠯᠡᠭᠦ ᠲᠠᠭᠠᠭᠤᠯᠤᠬᠴᠢ ᠮᠦᠨ ᠭᠦ ᠮᠠᠰᠢ ᠲᠤᠳᠠᠬᠳᠠᠵᠦ ᠪᠠᠶᠢᠨ᠎ᠠ᠃ ᠶᠠᠷᠢᠶᠠᠨ ᠦᠭᠡᠢ᠂ ᠴᠠᠬ ᠤᠨ ᠪᠠᠶᠢᠳᠠᠯ ᠢ ᠲᠠᠨᠢᠵᠦ᠂ ᠵᠠᠬ᠎ᠠ ᠲᠡᠯᠭᠡᠭᠦᠷ ᠤᠨ ᠵᠢᠮ᠎ᠠ ᠶᠢ ᠤᠬᠠᠵᠦ ᠶᠠᠪᠤᠭ᠎ᠠ ᠵᠠᠯᠠᠭᠤ ᠴᠢᠳᠠᠪᠤᠷᠢᠳᠠᠨ ᠴᠤ ᠪᠠᠭ᠎ᠠ ᠪᠤᠰᠤ ᠴᠤᠯᠭᠤᠷᠠᠵᠦ ᠪᠤᠢ᠃ ᠵᠢᠱᠢᠶᠡᠯᠡᠪᠡᠯ᠂ ᠵᠠᠯᠠᠶᠢᠳ ᠬᠤᠰᠢᠭᠤᠨ ᠤ ᠠᠷᠪᠡᠨᠭᠡᠷ ᠪᠠᠯᠭᠠᠰᠦ ᠶᠢᠨ ᠵᠦᠯᠡᠭᠡᠨ᠎ᠠ ᠭᠠᠴᠠᠭ᠎ᠠ ᠬᠢᠭᠡᠳ ᠡᠷᠬᠢᠨ ᠲᠤᠭᠤᠷᠢᠨ ᠤ ᠭᠠᠴᠠᠭ᠎ᠠ ᠪᠠᠯᠭᠠᠰᠦ ᠶᠢᠨ ᠬᠢᠨ ᠮᠠ ᠾᠧ ᠫᠢᠡᠭ ᠤᠨ ᠲᠠᠭᠠᠭᠤᠯᠭ᠎ᠠ ᠪᠠᠷ ᠬᠠᠷ᠎ᠠ ᠲᠡᠯᠳᠡᠤ ᠲᠠᠷᠢᠵᠦ ᠠᠮᠢᠳᠤᠷᠠᠯ ᠦᠢᠯᠡᠳᠪᠤᠷᠢᠯᠡᠯ ᠤᠨ ᠠᠷᠭ᠎ᠠ ᠬᠡᠯᠪᠡᠷᠢ ᠳᠡᠭᠡᠨ ᠵᠤᠷᠢᠬᠳᠠᠢ ᠪᠠᠷ ᠦᠭᠡᠷᠡᠴᠢᠯᠡᠯᠳᠡ ᠬᠢᠵᠦ ᠶᠠᠪᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠳᠤ ᠬᠤᠰᠢᠭᠤᠨ ᠤ ᠴᠢ ᠰᠢᠶᠤᠤ ᠵᠢᠩ ᠤᠶᠤᠳᠠᠨ ᠤ ᠦᠢᠯᠡᠰ ᠪᠤᠰᠬᠠᠬᠤ ᠲᠦᠷᠦᠯ ᠵᠦᠢᠯ ᠡᠷᠬᠢᠯᠡᠵᠤ᠂ ᠦᠷᠭᠡᠨ ᠤᠯᠠᠨ ᠦᠢᠯᠡᠰ ᠪᠤᠰᠬᠠᠬᠤ ᠬᠦᠰᠡᠯ ᠲᠠᠢ ᠤᠶᠤᠳᠠᠳ ᠤᠨ ᠲᠠᠭᠤᠷᠢᠶᠠᠯ ᠪᠤᠯᠵᠦ ᠪᠠᠶᠢᠭ᠎ᠠ ᠭᠡᠭᠦ ᠮᠡᠳᠤ ᠶᠢᠨ ᠵᠢᠱᠢᠶ᠎ᠠ ᠮᠤᠩᠳᠠᠬᠤ ᠦᠭᠡᠢ᠃ ᠡᠨᠡ ᠨᠢ ᠨᠢᠭᠡ ᠲᠠᠯ᠎ᠠ ᠪᠠᠷ ᠬᠦᠳᠡᠭᠡ ᠨᠣᠳᠤᠭ ᠤᠨ ᠮᠤᠨᠳᠠᠬ ᠶᠡᠭᠡ ᠬᠦᠭᠵᠢᠯᠳᠠ ᠶᠢᠨ ᠤᠷᠤᠨ ᠵᠠᠢ ᠬᠢᠭᠡᠳ ᠨᠦᠭᠡᠴᠡ ᠬᠦᠴᠦᠨ ᠲᠠᠢ ᠬᠡᠳᠡᠭ ᠢ ᠬᠠᠷᠠᠭᠤᠯᠵᠦ ᠪᠠᠶᠢᠨ᠎ᠠ᠃ ᠠᠷᠭ᠎ᠠ ᠤᠬᠠᠭᠠᠨ ᠢᠶᠠᠨ ᠨᠡᠶᠢᠴᠡᠭᠦᠯᠵᠦ᠂ ᠦᠪᠡᠷ ᠦᠪᠡᠷ ᠤᠨ ᠢᠶᠠᠨ ᠤᠨᠴᠠᠯᠢᠭ ᠲᠠᠢ ᠨᠤᠳᠤᠬ ᠨᠤᠳᠤᠭ ᠤᠨ ᠭᠠᠷᠤᠯᠳᠠ ᠪᠦᠲᠦᠭᠡᠭᠳᠡᠭᠦᠨ ᠢᠶᠠᠨ ᠵᠠᠬ᠎ᠠ ᠲᠡᠯᠭᠡᠭᠦᠷ ᠤᠨ ᠬᠠᠨᠳᠤᠰᠢ ᠳᠤ ᠵᠤᠬᠢᠴᠠᠭᠤᠯᠤᠨ ᠡᠵᠡᠩᠨᠡᠵᠦ ᠴᠢᠳᠠᠳᠠᠬ ᠯᠡ ᠶᠤᠮ ᠪᠤᠯ᠂ ᠤᠯᠤᠰ ᠠᠴᠠ ᠭᠠᠷ ᠰᠤᠩᠭᠠᠬᠤ ᠪᠠᠨ ᠪᠠᠶᠢᠵᠦ᠂ ᠦᠪᠡᠷ ᠤᠨ ᠬᠦᠴᠦ ᠪᠠᠷ ᠢᠶᠠᠨ ᠲᠡᠭᠵᠢᠷᠡᠵᠦ ᠪᠤᠯᠬᠤ ᠨᠢ ᠶᠠᠷᠢᠶᠠᠨ ᠦᠭᠡᠢ᠃
ᠵᠣᠬᠢᠶᠠᠭᠴᠢ᠄  ᠶᠣᠸᠠᠢ ᠶᠢᠩ 



  
     
     